7 ᠰᠠᠷ᠎ᠠ᠎ᠶ᠋ᠢᠨ 31 ᠤ ᠦᠳᠡ᠎ᠶ᠋ᠢᠨ ᠬᠤᠢᠨ᠎ᠠ ᠬᠤᠤᠯᠢᠩᠭᠤᠤᠯ ᠬᠤᠳᠠ᠎ᠶ᠋ᠢᠨ ᠱᠢᠬᠦᠬᠦ᠌ ᠬᠤᠷᠢᠶ᠎ᠠ ᠬᠠᠤᠯᠢ ᠶᠤᠰᠤᠭᠠᠷ ᠳ᠋ᠤᠸᠠᠨ ᠯᠢᠶᠠᠨ ᠴᠢᠶᠠᠩ ᠵᠡᠷᠬᠡ 17 ᠬᠦᠮᠦᠨ᠎ᠤ ᠬᠠᠷ᠎ᠠ ᠪᠦᠯᠦᠭ᠌ᠳᠡᠨ᠎ᠤ ᠱᠢᠨᠵᠢᠳᠡᠢ ᠵᠤᠬᠢᠶᠠᠨ ᠪᠠᠢᠭᠤᠯᠤᠯᠳᠠ᠎ᠶ᠋ᠢ ᠵᠤᠬᠢᠶᠠᠨ ᠪᠠᠢᠭᠤᠯᠤᠨ ᠤᠳᠤᠷᠢᠳᠴᠤ᠌ ᠤᠷᠤᠯᠴᠠᠬ᠍ᠰᠠᠨ ᠶᠠᠯ᠎ᠠ ᠵᠡᠷᠬᠡ ᠶᠠᠯ᠎ᠠ᠎ᠶ᠋ᠢᠨ ᠬᠡᠷᠡᠭ᠎ᠢ ᠠᠩᠬᠠᠨ᠎ᠤ ᠱᠢᠬᠦᠯᠳᠡᠪᠠᠷ ᠱᠢᠬᠦᠨ ᠲᠠᠰᠤᠯᠵᠤ᠂ ᠵᠠᠭᠠᠯᠳᠤᠬ᠍ᠳᠠᠬ᠍ᠴᠢ ᠳ᠋ᠤᠸᠠᠨ ᠯᠢᠶᠠᠨ ᠴᠢᠶᠠᠩ ᠬᠠᠷ᠎ᠠ ᠪᠦᠯᠦᠭ᠌ᠳᠡᠨ᠎ᠤ ᠱᠢᠨᠵᠢᠳᠡᠢ ᠵᠤᠬᠢᠶᠠᠨ ᠪᠠᠢᠭᠤᠯᠤᠯᠳᠠ᠎ᠶ᠋ᠢ ᠵᠤᠬᠢᠶᠠᠨ ᠪᠠᠢᠭᠤᠯᠵᠤ ᠤᠳᠤᠷᠢᠳᠤᠬ᠍ᠰᠠᠨ ᠶᠠᠯ᠎ᠠ᠂ ᠬᠡᠷ᠎ᠡ᠎ᠶ᠋ᠢᠨ ᠮᠡᠬᠡᠯᠡᠯ᠎ᠤᠨ ᠶᠠᠯ᠎ᠠ᠂ ᠠᠯᠪᠠᠳᠠᠯᠭ᠎ᠠ᠎ᠪᠠᠷ ᠠᠷᠠᠯᠵᠢᠶᠠᠯᠠᠭᠤᠯᠤᠬ᠍ᠰᠠᠨ ᠶᠠᠯ᠎ᠠ᠂ ᠵᠤᠷᠢᠭᠤᠳᠠ ᠱᠢᠷᠠᠬ᠍ᠳᠤᠭᠤᠯᠤᠬ᠍ᠰᠠᠨ ᠶᠠᠯ᠎ᠠ᠂ ᠬᠠᠤᠯᠢ ᠪᠤᠰᠤ᠎ᠪᠠᠷ ᠬᠤᠷᠢᠬ᠍ᠰᠠᠨ ᠶᠠᠯ᠎ᠠ᠂ ᠬᠢᠬᠠᠵᠤ ᠮᠦᠯᠵᠢᠭ᠌ᠰᠡᠨ ᠶᠠᠯ᠎ᠠ᠂ ᠦᠳᠦᠬᠡᠵᠦ᠍ ᠬᠡᠷᠡᠭ ᠡᠳᠦᠭ᠌ᠰᠡᠨ ᠶᠠᠯ᠎ᠠ ᠬᠢᠵᠦ᠍᠂ ᠡᠮᠦᠨᠡᠬᠢ ᠲᠠᠰᠤᠯᠵᠤ ᠱᠢᠢᠳᠭᠡᠭ᠌ᠰᠡᠨ ᠬᠤᠶᠠᠷ ᠡᠷᠡᠬᠦᠦ ᠲᠤᠷᠭᠠᠭᠤᠯᠢ᠎ᠶ᠋ᠢ ᠨᠡᠢᠯᠡᠬᠦᠯᠦᠨ ᠲᠤᠷᠭᠠᠵᠤ᠂ ᠬᠤᠷᠢᠨ ᠨᠢᠬᠡᠨ ᠵᠢᠯ᠎ᠤᠨ ᠭᠠᠳᠠᠨ᠎ᠠ ᠵᠢᠷᠭᠤᠭᠠᠨ ᠰᠠᠷ᠎ᠠ᠎ᠶ᠋ᠢᠨ ᠬᠤᠭᠤᠴᠠᠭ᠎ᠠ᠎ᠲᠠᠢ ᠬᠤᠷᠢᠬᠤ᠎ᠪᠠᠷ ᠱᠢᠢᠳᠭᠡᠬᠦ᠌᠎ᠶ᠋ᠢᠨ ᠬᠠᠮᠳᠤ ᠬᠤᠪᠢ ᠬᠦᠮᠦᠨ᠎ᠤ ᠪᠦᠬᠦ᠌ ᠡᠳ᠋ ᠬᠦᠷᠦᠩᠬᠡ᠎ᠶ᠋ᠢ᠎ᠨᠢ ᠬᠤᠷᠢᠶᠠᠨ ᠠᠪᠴᠤ᠌ ᠤᠯᠤᠰ ᠲᠦᠷᠦ᠎ᠶ᠋ᠢᠨ ᠡᠷᠬᠡ᠎ᠶ᠋ᠢ᠎ᠨᠢ ᠲᠠᠪᠤᠨ ᠵᠢᠯ ᠬᠠᠰᠤᠬᠤ᠎ᠪᠠᠷ ᠱᠢᠢᠳᠭᠡᠪᠡ᠃ ᠪᠤᠰᠤᠳ 16 ᠵᠠᠭᠠᠯᠳᠤᠬ᠍ᠳᠠᠬ᠍ᠴᠢ᠎ᠶ᠋ᠢ ᠲᠤᠰᠪᠤᠷᠢ ᠠᠷᠪᠠᠨ ᠲᠤᠯᠤᠭᠠᠨ ᠵᠢᠯ᠎ᠤᠨ ᠭᠠᠳᠠᠨ᠎ᠠ ᠵᠢᠷᠭᠤᠭᠠᠨ ᠰᠠᠷ᠎ᠠ᠎ᠠᠴᠠ ᠨᠢᠬᠡ ᠵᠢᠯ᠎ᠤᠨ ᠭᠠᠳᠠᠨ᠎ᠠ ᠭᠤᠷᠪᠠᠨ ᠰᠠᠷ᠎ᠠ᠎ᠶ᠋ᠢᠨ ᠬᠤᠭᠤᠴᠠᠭ᠎ᠠ᠎ᠲᠠᠢ ᠬᠤᠷᠢᠬᠤ᠎ᠪᠠᠷ ᠱᠢᠬᠦᠨ ᠲᠠᠰᠤᠯᠤᠬ᠍ᠰᠠᠨ ᠪᠦᠬᠡᠳ ᠬᠤᠪᠢ ᠬᠦᠮᠦᠨ᠎ᠤ ᠪᠦᠬᠦ᠌ ᠡᠳ᠋ ᠬᠦᠷᠦᠩᠬᠡ᠎ᠶ᠋ᠢ᠎ᠨᠢ ᠬᠤᠷᠢᠶᠠᠨ ᠠᠪᠬᠤ᠂ 17 ᠲᠦᠮᠡᠨ ᠲᠦᠬᠦᠷᠢᠭ᠎ᠠᠴᠠ 8000 ᠲᠦᠬᠦᠷᠢᠭ᠎ᠤᠨ ᠠᠳᠠᠯᠢ ᠪᠤᠰᠤ᠎ᠪᠠᠷ ᠱᠢᠢᠳᠭᠡᠵᠡᠢ᠃
ᠲᠡᠭᠡᠷ᠎ᠡ ᠵᠠᠭᠤᠨ᠎ᠤ ᠨᠠᠶᠠᠭᠠᠳ ᠤᠨ᠎ᠠᠴᠠ ᠡᠬᠢᠯᠡᠬᠡᠳ ᠳ᠋ᠤᠸᠠᠨ ᠯᠢᠶᠠᠨ ᠴᠢᠶᠠᠩ᠎ᠤᠨ ᠡᠬᠡᠴᠢ ᠳ᠋ᠤᠸᠠᠨ ᠹᠧᠩ ᠵᠢᠶᠦ᠋ᠨ᠂ ᠳ᠋ᠤᠸᠠᠨ ᠹᠧᠩ ᠶᠢᠩ ᠠᠶᠠᠨᠴᠢᠳ᠎ᠤᠨ ᠲᠡᠭᠡᠭᠡᠪᠦᠷᠢ᠎ᠶ᠋ᠢᠨ ᠵᠠᠮ ᠱᠤᠭᠤᠮ᠎ᠢ ᠡᠵᠡᠩᠨᠡᠵᠦ᠍ ᠡᠬᠢᠯᠡᠪᠡ᠃ ᠵᠤᠬᠢᠶᠠᠨ ᠪᠠᠢᠭᠤᠯᠤᠯᠳᠠ᠎ᠶ᠋ᠢᠨ ᠬᠦᠭ᠌ᠵᠢᠯᠳᠡ᠎ᠶ᠋ᠢᠨ ᠡᠬᠢᠨ᠎ᠤ ᠬᠤᠭᠤᠴᠠᠭᠠᠨ᠎ᠳᠤ ᠳ᠋ᠤᠸᠠᠨ ᠯᠢᠶᠠᠨ ᠴᠢᠶᠠᠩ ᠵᠤᠬᠢᠶᠠᠨ ᠪᠠᠢᠭᠤᠯᠤᠯᠳᠠ᠎ᠶ᠋ᠢᠨ ᠪᠦᠷᠢᠯᠳᠦᠬᠦᠨ᠎ᠢᠶᠠᠨ ᠤᠳᠤᠷᠢᠳᠤᠨ ᠲᠠᠭᠠᠭᠤᠯᠵᠤ᠂ ᠠᠶᠠᠨᠴᠢᠳ᠎ᠤᠨ ᠲᠡᠭᠡᠭᠡᠪᠦᠷᠢ᠎ᠶ᠋ᠢᠨ ᠵᠠᠮ ᠱᠤᠭᠤᠮ᠎ᠢ ᠭᠠᠭ᠍ᠴᠠᠭᠠᠷ ᠡᠵᠡᠷᠬᠡᠵᠦ᠍ ᠡᠵᠡᠮᠳᠡᠬᠦ᠂ ᠪᠠᠷᠢᠯᠭ᠎ᠠ ᠲᠠᠭᠠᠭᠠᠴᠢᠯᠠᠬᠤ᠂ ᠬᠦᠮᠦᠨ᠎ᠢ ᠬᠠᠪᠰᠤᠷᠤᠨ ᠦᠷᠢ ᠨᠡᠬᠡᠬᠦ᠌᠎ᠪᠠᠷ ᠲᠠᠮᠵᠢᠭᠤᠯᠤᠨ ᠠᠵᠤ ᠠᠬᠤᠢ᠎ᠶ᠋ᠢᠨ ᠠᠱᠢᠬ ᠲᠤᠰᠠ ᠤᠯᠵᠤ᠂ ᠲᠤᠰ ᠵᠤᠬᠢᠶᠠᠨ ᠪᠠᠢᠭᠤᠯᠤᠯᠳᠠ᠎ᠶ᠋ᠢᠨ ᠬᠦᠭ᠌ᠵᠢᠯ ᠪᠤᠵᠠᠭᠠᠢᠷᠠᠯᠳᠤ ᠬᠦᠷᠦᠩᠬᠡ᠎ᠶ᠋ᠢᠨ ᠠᠩᠬᠠᠨ᠎ᠤ ᠬᠤᠷᠠᠮᠳᠤᠯ ᠬᠢᠪᠡ᠃ ᠲᠡᠭᠡᠷ᠎ᠡ ᠵᠠᠭᠤᠨ᠎ᠤ ᠶᠡᠷᠡᠬᠡᠳ ᠤᠨ᠎ᠤ ᠰᠡᠬᠦᠯᠴᠢ᠎ᠠᠴᠠ ᠲᠤᠰ ᠵᠠᠭᠤᠨ᠎ᠤ ᠡᠬᠢᠨ ᠪᠤᠯᠳᠠᠯ᠎ᠠ ᠳ᠋ᠤᠸᠠᠨ ᠯᠢᠶᠠᠨ ᠴᠢᠶᠠᠩ ᠲᠤᠭ᠍ᠳᠠᠭ᠍ᠰᠠᠨ ᠠᠵᠢᠯ ᠦᠭᠡᠢ ᠨᠢᠭᠡ ᠪᠦᠯᠦᠭ ᠬᠦᠮᠦᠰ᠎ᠢ ᠴᠤᠬ᠍ᠯᠠᠭᠤᠯᠵᠤ᠂ ᠴᠤᠬᠢᠯᠳᠤᠵᠤ ᠬᠡᠷᠡᠭ ᠡᠳᠦᠵᠦ᠍᠂ ᠳ᠋ᠤᠸᠠᠨ ᠯᠢᠶᠠᠨ ᠴᠢᠶᠠᠩ᠎ᠢᠶᠠᠷ ᠲᠤᠯᠤᠭᠠᠢᠯᠠᠭᠤᠯᠤᠬ᠍ᠰᠠᠨ ᠬᠠᠷ᠎ᠠ ᠪᠦᠯᠦᠭ᠌ᠳᠡᠨ᠎ᠤ ᠱᠢᠨᠵᠢᠳᠡᠢ ᠵᠤᠬᠢᠶᠠᠨ ᠪᠠᠢᠭᠤᠯᠤᠯᠳᠠ ᠠᠯᠭᠤᠷ ᠠᠭᠠᠵᠢᠮ᠎ᠢᠶᠠᠷ ᠪᠦᠷᠢᠯᠳᠦᠪᠡ᠃
2001 ᠤᠨ᠎ᠠᠴᠠ 2013 ᠤᠨ ᠪᠤᠯᠳᠠᠯᠠᠬᠢ ᠬᠤᠭᠤᠴᠠᠭᠠᠨ᠎ᠳᠤ ᠳ᠋ᠤᠸᠠᠨ ᠯᠢᠶᠠᠨ ᠴᠢᠶᠠᠩ ᠤᠯᠠᠨᠳᠠ ᠬᠠᠤᠯᠢ᠎ᠶ᠋ᠢ ᠵᠦᠷᠢᠴᠡᠭ᠌ᠰᠨᠨ ᠶᠠᠯᠠᠳᠤ ᠠᠵᠢᠯᠯᠠᠭ᠎ᠠ᠎ᠬᠢᠨ ᠡᠷᠡᠬᠦᠦ᠎ᠶ᠋ᠢᠨ ᠬᠡᠷᠡᠭ᠎ᠤᠨ ᠲᠤᠷᠭᠠᠭᠤᠯᠢ᠎ᠶ᠋ᠢ ᠬᠦᠯᠢᠶᠡᠵᠦ᠍᠂ ᠰᠤᠯᠠᠯᠠᠬ᠍ᠳᠠᠬ᠍ᠰᠠᠨᠤᠪᠠᠨ ᠲᠠᠷᠠᠭ᠎ᠠ ᠪᠤᠷᠤᠭᠤ᠎ᠪᠠᠨ ᠮᠡᠳᠡᠷᠡᠵᠤ ᠵᠦᠪ ᠵᠠᠮ᠎ᠢᠶᠠᠷ ᠶᠠᠪᠤᠭ᠍ᠰᠠᠨ ᠦᠬᠡᠢ ᠮᠦᠷᠳᠡᠭᠡᠨ ᠨᠡᠩ ᠬᠦᠨᠳᠦ ᠨᠤᠴᠢᠳᠠᠢ ᠨᠡᠢᠬᠡᠮ᠎ᠢ ᠬᠦᠨᠦᠬᠡᠬᠦ᠌ ᠬᠠᠤᠯᠢ᠎ᠶ᠋ᠢ ᠵᠦᠷᠢᠴᠡᠭ᠌ᠰᠡᠨ ᠶᠠᠯᠠᠳᠤ ᠠᠵᠢᠯᠯᠠᠭ᠎ᠠ ᠬᠢᠪᠡ᠃
ᠰᠡᠬᠦᠯ᠎ᠤᠨ ᠬᠤᠭᠤᠴᠠᠭᠠᠨ᠎ᠳᠤ ᠵᠤᠬᠢᠬᠤ ᠠᠵᠤ ᠠᠬᠤᠢ᠎ᠶ᠋ᠢᠨ ᠪᠤᠳᠠᠳᠤ ᠬᠦᠴᠦᠨ᠎ᠲᠠᠢ ᠪᠤᠯᠤᠬ᠍ᠰᠠᠨ ᠳ᠋ᠤᠸᠠᠨ ᠯᠢᠶᠠᠨ ᠴᠢᠶᠠᠩ ᠲᠦᠩᠯᠢᠶᠤᠤ ᠬᠤᠳᠠ᠎ᠶ᠋ᠢᠨ ᠼᠢᠶ᠋ᠢᠨ ᠠᠷᠠᠯᠵᠢᠶ᠎ᠠ ᠬᠤᠳᠠᠯᠳᠤᠭᠠᠨ᠎ᠤ ᠺᠤᠮᠫᠠᠨᠢ ᠪᠠᠢᠭᠤᠯᠵᠤ᠂ ᠠᠮᠵᠢᠯᠳᠠ᠎ᠲᠠᠢ᠎ᠪᠠᠷ ᠺᠤᠮᠫᠠᠨᠢ᠎ᠶ᠋ᠢᠨ ᠬᠠᠤᠯᠢ᠎ᠶ᠋ᠢᠨ ᠡᠷᠬᠡᠳᠡᠨ ᠪᠤᠯᠪᠠ᠃ ᠰᠦᠷ ᠬᠦᠴᠦᠲᠠᠢ ᠪᠤᠯᠵᠤ ᠠᠵᠤ ᠠᠬᠤᠢ᠎ᠶ᠋ᠢᠨ ᠠᠱᠢᠬ ᠲᠤᠰᠠ ᠤᠯᠬᠤ᠎ᠶ᠋ᠢᠨ ᠲᠤᠯᠠᠳᠠ ᠵᠤᠬᠢᠶᠠᠨ ᠪᠠᠢᠭᠤᠯᠤᠯᠳᠠ᠎ᠲᠠᠢ᠎ᠪᠠᠷ ᠠᠯᠪᠠᠳᠠᠯᠭ᠎ᠠ᠎ᠪᠠᠷ ᠠᠷᠠᠯᠵᠢᠶᠠᠯᠠᠭᠤᠯᠬᠤ᠂ ᠵᠤᠷᠢᠭᠤᠳᠠ ᠱᠢᠷᠠᠬ᠍ᠳᠤᠭᠤᠯᠬᠤ᠂ ᠬᠠᠤᠯᠢ ᠪᠤᠰᠤ᠎ᠪᠠᠷ ᠬᠤᠷᠢᠬᠤ᠂ ᠬᠢᠬᠠᠵᠤ ᠮᠦᠯᠵᠢᠬᠦ᠂ ᠦᠳᠦᠬᠡᠵᠦ᠍ ᠬᠡᠷᠡᠭ ᠡᠳᠦᠬᠦ᠌ ᠵᠡᠷᠬᠡ ᠬᠠᠤᠯᠢ᠎ᠶ᠋ᠢ ᠵᠦᠷᠢᠴᠡᠭ᠌ᠰᠡᠨ ᠶᠠᠯᠠᠳᠤ ᠠᠵᠢᠯᠯᠠᠭ᠎ᠠ ᠬᠢᠵᠦ᠍᠂ ᠱᠢᠷᠠᠬ᠍ᠳᠤᠭᠤᠯᠬᠤ᠂ ᠴᠤᠬᠢᠵᠤ ᠪᠠᠯᠪᠠᠯᠠᠬᠤ᠂ ᠬᠤᠷᠢᠬᠤ᠂ ᠠᠶᠤᠯᠭᠠᠵᠤ ᠰᠦᠷᠳᠡᠬᠦᠯᠬᠦ᠌ ᠵᠡᠷᠬᠡ ᠬᠠᠳᠠᠭᠤ ᠵᠦᠬᠡᠯᠡᠨ ᠠᠷᠭ᠎ᠠ᠎ᠪᠠᠷ ᠠᠷᠠᠳ ᠤᠯᠠᠨ᠎ᠢ ᠠᠶᠤᠯᠭᠠᠨ ᠰᠦᠷᠳᠡᠬᠦᠯᠵᠦ᠍᠂ ᠵᠤᠬᠢᠬᠤ ᠤᠷᠤᠨ ᠪᠦᠰᠡ᠂ ᠠᠵᠢᠯ ᠲᠦᠷᠦᠯ᠎ᠤᠨ ᠲᠤᠳᠤᠷ᠎ᠠ ᠬᠠᠤᠯᠢ ᠪᠤᠰᠤ᠎ᠪᠠᠷ ᠡᠵᠡᠮᠳᠡᠬᠦ᠌ ᠪᠠᠢᠳᠠᠯ᠎ᠢ ᠪᠤᠢ ᠪᠤᠯᠭᠠᠵᠤ᠂ ᠠᠵᠤ ᠠᠬᠤᠢ ᠨᠡᠢᠬᠡᠮ᠎ᠤᠨ ᠡᠮᠬᠢ ᠲᠢᠭ᠌ᠯᠢᠮ᠎ᠢ ᠬᠦᠨᠳᠦ ᠨᠤᠴᠢᠳᠠᠢ ᠰᠠᠮᠠᠭᠤᠷᠠᠭᠤᠯᠪᠠ᠃
ᠱᠢᠬᠦᠬᠦ᠌ ᠬᠤᠷᠢᠶ᠎ᠠ᠎ᠶ᠋ᠢᠨ᠎ᠬᠢᠨ ᠱᠢᠬᠦᠨ ᠲᠠᠰᠤᠯᠤᠯᠳᠠ᠎ᠪᠠᠷ ᠲᠠᠮᠵᠢᠨ᠂ ᠳ᠋ᠤᠸᠠᠨ ᠯᠢᠶᠠᠨ ᠴᠢᠶᠠᠩ᠎ᠢᠶᠠᠷ ᠲᠤᠯᠤᠭᠠᠢᠯᠠᠭᠤᠯᠤᠬ᠍ᠰᠠᠨ ᠬᠠᠷ᠎ᠠ ᠪᠦᠯᠦᠭ᠌ᠳᠡᠨ᠎ᠤ ᠱᠢᠨᠵᠢᠳᠡᠢ ᠵᠤᠬᠢᠶᠠᠨ ᠪᠠᠢᠭᠤᠯᠤᠯᠳᠠ᠎ᠶ᠋ᠢᠨ ᠲᠤᠳᠤᠭᠠᠳᠤᠬᠢ ᠲᠡᠰ ᠲᠠᠪᠬᠤᠷᠭ᠎ᠠ ᠲᠤᠳᠤᠷᠬᠠᠢ ᠪᠠᠢᠳᠠᠬ ᠬᠡᠪᠡ᠃ ᠳ᠋ᠤᠸᠠᠨ ᠯᠢᠶᠠᠨ ᠴᠢᠶᠠᠩ ᠪᠤᠯ ᠲᠤᠰ ᠵᠤᠬᠢᠶᠠᠨ ᠪᠠᠢᠭᠤᠯᠤᠯᠳᠠ᠎ᠶ᠋ᠢᠨ ᠡᠬᠦᠰᠭᠡᠨ ᠪᠠᠢᠭᠤᠯᠤᠬ᠍ᠴᠢ ᠪᠠᠢᠵᠤ᠂ ᠤᠯᠠᠨ ᠤᠳᠠᠭ᠎ᠠ᠎ᠶ᠋ᠢᠨ ᠬᠠᠤᠯᠢ᠎ᠶ᠋ᠢ ᠵᠦᠷᠢᠴᠡᠭ᠌ᠰᠡᠨ ᠶᠠᠯᠠᠳᠤ ᠠᠵᠢᠯᠯᠠᠭ᠎ᠠ᠎ᠶ᠋ᠢ ᠵᠤᠬᠢᠶᠠᠨ ᠪᠠᠢᠭᠤᠯᠤᠨ ᠬᠢᠵᠦ᠍᠂ ᠳ᠋ᠤᠸᠠᠨ ᠯᠢᠶᠠᠨ ᠴᠢᠶᠠᠩ᠎ᠤᠨ ᠶᠠᠯᠠᠳᠤ ᠵᠤᠬᠢᠶᠠᠨ ᠪᠠᠢᠭᠤᠯᠤᠯᠳᠠ ᠬᠦᠯ ᠲᠤᠬ᠍ᠳᠠᠬ᠍ᠰᠨᠨᠤ ᠬᠤᠢᠨ᠎ᠠ ᠱᠢᠷᠢᠰ ᠵᠤᠬᠢᠶᠠᠨ ᠪᠠᠢᠭᠤᠯᠤᠯᠳᠠ᠎ᠲᠠᠢ ᠲᠦᠯᠦᠪᠯᠡᠭᠡ᠎ᠲᠠᠢ ᠬᠠᠤᠯᠢ᠎ᠶ᠋ᠢ ᠵᠦᠷᠢᠴᠡᠭ᠌ᠰᠡᠨ ᠶᠠᠯᠠᠳᠤ ᠠᠵᠢᠯᠯᠠᠭ᠎ᠠ᠎ᠪᠠᠷ ᠲᠠᠮᠵᠢᠭᠤᠯᠤᠨ ᠡᠳ᠋ ᠬᠦᠷᠦᠩᠬᠡ ᠬᠢᠬᠠᠨ ᠴᠦᠯᠪᠡᠵᠦ᠍᠂ ᠤᠯᠠᠨ ᠲᠦᠮᠡᠨ᠎ᠢ ᠠᠶᠤᠯᠭᠠᠨ ᠰᠦᠷᠳᠡᠬᠦᠯᠵᠦ᠍᠂ ᠬᠠᠤᠯᠢ ᠪᠤᠰᠤ ᠡᠷᠬᠡ ᠰᠦᠷ᠎ᠢ ᠪᠤᠢ ᠪᠤᠯᠭᠠᠵᠤ᠂ ᠵᠤᠬᠢᠶᠠᠨ ᠪᠠᠢᠭᠤᠯᠤᠯᠳᠠ᠎ᠶ᠋ᠢᠨ ᠬᠦᠴᠦᠳᠡᠢ ᠪᠠᠢᠷᠢ ᠰᠠᠭᠤᠷᠢ᠎ᠪᠠᠷ᠎ᠢᠶᠠᠨ ᠠᠵᠤ ᠠᠬᠤᠢ᠎ᠶ᠋ᠢᠨ ᠠᠱᠢᠭ ᠲᠤᠰᠠ ᠤᠯᠪᠠ᠃ ᠲᠤᠰ ᠵᠤᠬᠢᠶᠠᠨ ᠪᠠᠢᠭᠤᠯᠤᠯᠳᠠ᠎ᠨᠢ ᠤᠷᠳᠤ ᠬᠤᠭᠤᠴᠠᠭ᠎ᠠ᠎ᠪᠠᠷ ᠤᠯᠠᠨ ᠲᠦᠮᠡᠨ᠎ᠢ ᠲᠠᠷᠤᠯᠠᠨ ᠬᠤᠤᠷᠯᠠᠵᠤ᠂ ᠵᠤᠬᠢᠶᠠᠨ ᠪᠠᠢᠭᠤᠯᠤᠯᠳᠠ᠎ᠲᠠᠢ᠎ᠪᠠᠷ ᠠᠯᠪᠠᠳᠠᠯᠭ᠎ᠠ᠎ᠪᠠᠷ ᠠᠷᠠᠯᠵᠢᠶᠠᠯᠠᠭᠤᠯᠬᠤ᠂ ᠬᠠᠤᠯᠢ ᠪᠤᠰᠤ᠎ᠪᠠᠷ ᠬᠤᠷᠢᠬᠤ᠂ ᠬᠢᠬᠠᠵᠤ ᠮᠦᠯᠵᠢᠬᠦ᠌ ᠵᠡᠷᠬᠡ ᠱᠢᠷᠢᠰ ᠬᠠᠤᠯᠢ᠎ᠶ᠋ᠢ ᠵᠦᠷᠢᠴᠡᠭ᠌ᠰᠡᠨ ᠶᠠᠯᠠᠳᠤ ᠠᠵᠢᠯᠯᠠᠭ᠎ᠠ ᠬᠢᠵᠦ᠍᠂ ᠡᠷᠬᠡ᠎ᠳᠦ ᠠᠷᠠᠳ᠎ᠤᠨ ᠪᠡᠶ᠎ᠡ ᠮᠠᠬᠠᠪᠤᠳ᠎ᠤᠨ ᠡᠷᠬᠡ ᠠᠱᠢᠬ᠂ ᠡᠳ᠋ ᠬᠦᠷᠦᠩᠬᠡ᠎ᠶ᠋ᠢᠨ ᠡᠷᠬᠡ᠎ᠳᠤ ᠬᠠᠯᠳᠠᠵᠤ᠂ ᠨᠡᠢᠬᠡᠮ᠎ᠤᠨ ᠬᠠᠮᠢᠶᠠᠷᠤᠯᠳᠠ᠎ᠶ᠋ᠢᠨ ᠡᠮᠬᠢ ᠲᠢᠭ᠌ᠯᠢᠮ᠎ᠢ ᠬᠦᠨᠳᠦ ᠨᠤᠴᠢᠳᠠᠢ ᠡᠪᠳᠡᠪᠡ᠃
ᠳ᠋ᠤᠸᠠᠨ ᠯᠢᠶᠠᠨ ᠴᠢᠶᠠᠩ᠎ᠤᠨ ᠶᠡᠭᠡ ᠡᠬᠡᠴᠢ ᠳ᠋ᠤᠸᠠᠨ ᠹᠧᠩ ᠵᠢᠶᠦ᠋ᠨ ᠲᠤᠰ ᠵᠤᠬᠢᠶᠠᠨ ᠪᠠᠢᠭᠤᠯᠤᠯᠳᠠ᠎ᠶ᠋ᠢᠨ ᠪᠤᠰᠤᠳ ᠪᠦᠷᠢᠯᠳᠦᠬᠦᠨ᠎ᠢ ᠵᠢᠭᠠᠨ ᠲᠤᠬᠢᠵᠤ ᠬᠠᠤᠯᠢ ᠪᠤᠰᠤ᠎ᠪᠠᠷ ᠬᠤᠷᠢᠬᠤ ᠶᠠᠯᠠᠳᠤ ᠠᠵᠢᠯᠯᠠᠭ᠎ᠠ ᠬᠢᠵᠦ᠍᠂ ᠳ᠋ᠤᠸᠠᠨ ᠯᠢᠶᠠᠨ ᠴᠢᠶᠠᠩ᠎ᠢ ᠬᠠᠪᠰᠤᠷᠤᠨ ᠬᠠᠤᠯᠢ ᠴᠠᠭᠠᠵᠠ᠎ᠶ᠋ᠢᠨ ᠨᠡᠬᠡᠮᠵᠢᠯᠡᠯ᠎ᠠᠴᠠ ᠲᠤᠳᠠᠭᠠᠯᠭᠠᠨ ᠵᠠᠢᠯᠠᠭᠤᠯᠬᠤ ᠠᠵᠢᠯᠯᠠᠭ᠎ᠠ᠎ᠶ᠋ᠢ ᠤᠬᠠᠭᠠᠯᠠᠪᠠ᠃ ᠬᠤᠶᠠᠳᠤᠭᠠᠷ ᠡᠬᠡᠴᠢ ᠳ᠋ᠤᠸᠠᠨ ᠹᠧᠩ ᠶᠢᠩ᠎ᠨᠢ ᠳ᠋ᠤᠸᠠᠨ ᠯᠢᠶᠠᠨ ᠴᠢᠶᠠᠩ᠎ᠤᠨ ᠦᠮᠦᠭ᠌ᠯᠡᠯ ᠲᠤᠤᠷ᠎ᠠ ᠲᠤᠰ ᠵᠤᠬᠢᠶᠠᠨ ᠪᠠᠢᠭᠤᠯᠤᠯᠳᠠ᠎ᠶ᠋ᠢᠨ ᠪᠤᠰᠤᠳ ᠪᠦᠷᠢᠯᠳᠦᠬᠦᠨ᠎ᠢ ᠵᠢᠭᠠᠨ ᠲᠤᠬᠢᠵᠤ ᠠᠶᠠᠨᠴᠢᠳ᠎ᠤᠨ ᠲᠡᠭᠡᠭᠡᠪᠦᠷᠢ᠎ᠶ᠋ᠢᠨ ᠵᠠᠮ ᠱᠤᠭᠤᠮ᠎ᠢ ᠭᠠᠭ᠍ᠴᠠᠭᠠᠷ ᠡᠵᠡᠷᠬᠡᠵᠦ᠍᠂ ᠤᠷᠳᠤ ᠬᠤᠭᠤᠴᠠᠭ᠎ᠠ᠎ᠪᠠᠷ ᠡᠳ᠋ ᠬᠦᠷᠦᠩᠬᠡ ᠬᠢᠬᠠᠨ ᠴᠦᠯᠪᠡᠪᠡ᠃ ᠳ᠋ᠤᠸᠠᠨ ᠹᠧᠩ ᠵᠢᠶᠦ᠋ᠨ᠂ ᠳ᠋ᠤᠸᠠᠨ ᠹᠧᠩ ᠶᠢᠩ᠎ᠤᠨ ᠲᠤᠰ ᠵᠤᠬᠢᠶᠠᠨ ᠪᠠᠢᠭᠤᠯᠤᠯᠳᠠ᠎ᠳᠠᠬᠢ ᠦᠢᠯᠡᠳᠦᠯ ᠨᠡᠯᠢᠶᠡᠳ ᠶᠡᠭᠡ ᠪᠦᠬᠡᠳ ᠶᠠᠯ᠎ᠠ᠎ᠪᠠᠨ ᠮᠡᠳᠡᠷᠡᠬᠦ᠌᠎ᠶ᠋ᠢ ᠲᠡᠪᠴᠢᠭ᠌ᠰᠡᠨ᠎ᠠᠴᠠ ᠬᠤᠪᠢ ᠬᠦᠮᠦᠨ᠎ᠤ ᠪᠦᠬᠦ᠌ ᠡᠳ᠋ ᠬᠦᠷᠦᠩᠬᠡ᠎ᠶ᠋ᠢ᠎ᠨᠢ ᠬᠤᠷᠢᠶᠠᠨ ᠠᠪᠬᠤ᠎ᠪᠠᠷ ᠱᠢᠢᠳᠭᠡᠪᠡ᠃