ᠤᠯᠠᠭᠠᠨᠴᠠᠪ ᠬᠤᠲᠠ᠎ᠶ᠋ᠢᠨ ᠮᠤᠷᠢᠨ ᠤᠷᠤᠯᠳᠤᠭᠠᠨ᠎ᠤ ᠰᠤᠶᠤᠯ ᠤᠷᠠᠯᠢᠭ᠎ᠤᠨ ᠨᠠᠢᠷ ᠨᠢᠵᠢᠭᠢᠷ ᠶᠠᠪᠤᠭ᠍ᠳᠠᠪᠠ
2020-08-11 09:53:14
ᠵᠣᠬᠢᠶᠠᠭ᠍ᠴᠢ᠄
ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 9 ᠎ᠤ ᠡᠳᠦᠷ᠂ 《ᠮᠣᠷᠢ᠎ᠪᠠᠷ ᠵᠠᠭᠤᠴᠢ ᠪᠣᠯᠭᠠᠵᠤ᠂ ᠰᠣᠶᠣᠯ ᠵᠢᠭᠤᠯᠴᠢᠯᠠᠯ᠎ᠤᠨ ᠥᠯᠢᠭᠡᠷ᠎ᠢ ᠶᠠᠷᠢᠶ᠎ᠠ》 ᠭᠡᠬᠦ᠌ ᠭᠤᠤᠯ ᠰᠡᠳᠦᠪᠲᠦ ᠤᠯᠠᠭᠠᠨᠴᠠᠪ ᠬᠤᠲᠠ᠎ᠶ᠋ᠢᠨ ᠮᠣᠷᠢᠨ ᠤᠷᠤᠯᠳᠤᠭᠠᠨ᠎ᠤ ᠰᠣᠶᠣᠯ ᠤᠷᠠᠯᠢᠭ᠎ᠤᠨ ᠨᠠᠢᠷ ᠵᠦᠸᠧᠽᠢ ᠱᠢᠶᠠᠨ᠎ᠤ ᠬᠤᠩ ᠱ᠌ᠢ ᠶᠠ ᠠᠮᠢ ᠠᠬᠤᠶ᠎ᠶ᠋ᠢᠨ ᠴᠡᠴᠡᠷᠯᠢᠭ᠎ᠲᠤ ᠶᠠᠪᠤᠭ᠍ᠳᠠᠪᠠ᠃ ᠡᠨᠡ ᠪᠤᠯ ᠦᠪᠦᠷ ᠮᠤᠩᠭᠤᠯ᠎ᠤᠨ ᠮᠤᠷᠢᠨ ᠤᠷᠤᠯᠳᠤᠭᠠᠨ᠎ᠤ ᠤᠯᠠᠭᠠᠨᠴᠠᠪ ᠬᠤᠲᠠ᠎ᠶ᠋ᠢᠨ ᠤᠷᠤᠯᠳᠤᠭᠠᠨ᠎ᠤ ᠠᠵᠢᠯᠯᠠᠭ᠎ᠠ ᠪᠤᠯᠤᠨ᠎ᠠ᠃


downLoad-20200811103647.jpg


ᠲᠣᠰ ᠤᠳᠠᠭᠠᠨ᠎ᠤ ᠠᠵᠢᠯᠯᠠᠭ᠎ᠠ᠎ᠶ᠋ᠢ ᠤᠯᠠᠭᠠᠨᠴᠠᠪ ᠬᠤᠲᠠ᠎ᠶ᠋ᠢᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠤᠯᠠᠭᠠᠨᠴᠠᠪ ᠬᠤᠲᠠ᠎ᠶ᠋ᠢᠨ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠵᠦᠸᠧᠽᠢ ᠱᠢᠶᠠᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠭᠤᠤᠯᠯᠠᠨ ᠡᠷᠭᠢᠯᠡᠪᠡ᠃ ᠠᠵᠢᠯᠯᠠᠭ᠎ᠠ᠎ᠳᠤ ᠤᠯᠠᠭᠠᠨᠴᠠᠪ ᠬᠤᠲᠠ᠎ᠶ᠋ᠢᠨ ᠠᠳᠤᠭᠤᠨ᠎ᠤ ᠠᠵᠤ ᠦᠢᠯᠡᠰ᠎ᠤᠨ ᠡᠬᠢ ᠪᠠᠶᠠᠯᠢᠭ᠎ᠢ ᠭᠦᠨᠵᠡᠭᠡᠶ ᠠᠭᠤᠳᠠᠯᠵᠤ᠂ ᠮᠣᠷᠢᠨ᠎ᠤ ᠭᠤᠤᠯ ᠰᠡᠳᠦᠪᠲᠦ ᠰᠣᠶᠣᠯ ᠵᠢᠭᠤᠯᠴᠢᠯᠠᠯ᠎ᠢ ᠬᠥᠭ᠌ᠵᠢᠭᠦᠯᠬᠦ᠌᠎ᠪᠠᠷ ᠵᠤᠷᠢᠯᠭ᠎ᠠ ᠪᠤᠯᠭᠠᠵᠤ᠂ ᠡᠬᠢᠯᠡᠯᠲᠡ᠎ᠶ᠋ᠢᠨ ᠶᠣᠰᠣᠯᠠᠯ᠂ ᠮᠤᠷᠢᠨ ᠤᠷᠤᠯᠳᠤᠭᠠᠨ᠂ ᠬᠤᠪᠴᠠᠰᠤ ᠵᠠᠰᠠᠯ᠎ᠤᠨ ᠦᠵᠡᠭᠦᠯᠭᠡ᠂ ᠤᠷᠠᠨ ᠰᠠᠢᠬᠠᠨ᠎ᠤ ᠲᠣᠭ᠍ᠯᠠᠯᠲᠠ ᠵᠡᠷᠭᠡ ᠪᠠᠶᠠᠯᠢᠭ ᠠᠭᠤᠯᠭ᠎ᠠ᠎ᠶ᠋ᠢ ᠲᠤᠬᠢᠷᠡᠭᠤᠯᠵᠡᠢ᠃

ᠡᠬᠢᠯᠡᠯᠲᠡ᠎ᠶ᠋ᠢᠨ ᠶᠣᠰᠣᠯᠠᠯ᠎ᠤᠨ ᠠᠬᠤᠢ ᠲᠠᠯᠠᠪᠠᠢ᠎ᠳᠤ᠂ ᠥᠩᠭᠡᠲᠦ ᠲᠤᠭ ᠨᠠᠮᠢᠷᠠᠵᠤ᠂ ᠤᠶᠠᠩᠭᠠᠳᠤ ᠲᠠᠭᠤᠤ ᠬᠠᠨᠭ᠌ᠬᠢᠨᠠᠨ᠂ ᠬᠦᠷ ᠬᠦᠭ᠌ᠵᠢᠶᠠᠨ᠎ᠢᠶᠠᠷ ᠪᠢᠯᠠᠬ᠍ᠨ᠎ᠠ᠃ ᠮᠠᠯᠴᠢᠳ ᠠᠳᠤᠭᠤᠨ ᠰᠦᠷᠦᠭ᠂ ᠲᠡᠮᠡᠭᠡᠨ ᠰᠦᠷᠦᠭ᠂ ᠰᠠᠷᠯᠤᠭ᠎ᠤᠨ ᠰᠦᠷᠦᠭ᠎ᠢᠶᠠᠨ ᠲᠠᠭᠤᠭᠠᠳ ᠲᠠᠯᠠᠪᠠᠢ᠎ᠳᠤ ᠣᠷᠣᠵᠤ ᠢᠷᠡᠬᠦ᠌ ᠭᠱᠠᠨ᠎ᠠ ᠲᠠᠯ᠎ᠠ ᠨᠤᠲᠤᠭ᠎ᠤᠨ ᠮᠠᠯᠴᠢᠳ᠎ᠤᠨ ᠲᠠᠩᠰᠤᠭ ᠠᠮᠢᠳᠤᠷᠠᠯ᠎ᠤᠨ ᠵᠢᠷᠤᠭ ᠲᠡᠯᠭᠡᠭ᠌ᠳᠡᠨ᠎ᠡ᠃ 3000 ᠮᠧᠲᠷ᠎ᠤᠨ ᠬᠤᠷᠳᠤᠨ ᠮᠤᠷᠢᠨ᠎ᠤ ᠤᠷᠤᠯᠳᠤᠭᠠᠨ ᠡᠬᠢᠯᠡᠵᠥ᠍᠂ ᠤᠷᠤᠯᠳᠤᠭᠠᠨ᠎ᠤ ᠮᠣᠷᠢᠳ ᠬᠠᠷᠪᠤᠭ᠍ᠰᠠᠨ ᠰᠤᠮᠤ ᠮᠡᠲᠦ ᠲᠤᠪᠳᠤᠯᠵᠦ᠍ ᠲᠤᠭᠤᠰᠤ ᠲᠠᠳᠠᠭᠤᠯᠤᠨ ᠳᠠᠪᠬᠢᠭᠤᠯᠤᠨ ᠭᠠᠷᠬᠤ᠎ᠳᠤ ᠲᠤᠬᠠᠢ᠎ᠶ᠋ᠢᠨ ᠲᠠᠯᠠᠪᠠᠢ᠎ᠶ᠋ᠢᠨ ᠦᠵᠡᠭ᠌ᠴᠢᠳ ᠤᠤᠬᠠᠢᠯᠠᠵᠠᠭᠠᠵᠤ ᠨᠠᠢᠷ᠎ᠲᠤ ᠬᠦᠭ ᠨᠡᠮᠡᠨ᠎ᠠ᠃ ᠰᠦᠨᠢᠳ ᠪᠠᠷᠠᠭᠤᠨ ᠬᠤᠱᠢᠭᠤ᠂ ᠳᠠᠷᠬᠠᠨ ᠮᠤᠤᠮᠢᠩᠭᠠᠨ ᠬᠤᠯᠪᠤᠭᠠᠳᠤ ᠬᠤᠱᠢᠭᠤ᠂ ᠳᠥᠷᠪᠡᠳ ᠬᠤᠱᠢᠭᠤ᠂ ᠵᠦᠸᠧᠽᠢ ᠱᠢᠶᠠᠨ᠂ ᠴᠠᠬᠠᠷ ᠪᠠᠷᠠᠭᠤᠨ ᠭᠠᠷᠤᠨ ᠬᠤᠢᠲᠤ ᠬᠤᠱᠢᠭᠤᠠ᠎ᠤ 60 ᠭᠠᠷᠤᠢ ᠮᠣᠷᠢ ᠤᠷᠤᠯᠳᠤᠭᠠᠨ᠎ᠳᠤ ᠣᠷᠣᠯᠴᠠᠪᠠ᠃ ᠡᠭᠦᠨ᠎ᠳᠤ᠂ ᠬᠦᠬᠡᠬᠤᠲᠠ᠎ᠶ᠋ᠢᠨ ᠤᠶᠠᠭᠠᠴᠢᠨ ᠰᠠᠢᠨᠪᠠᠶᠠᠷ᠎ᠤᠨ ᠮᠤᠷᠢ ᠲᠦᠷᠦᠭᠦᠯᠡᠵᠤ᠂ ᠲᠦᠡᠭ᠌ᠯᠢᠶᠤᠤ ᠬᠤᠲᠠ᠎ᠶ᠋ᠢᠨ ᠴᠤᠯᠮᠤᠨ ᠵᠡᠷᠭᠡ 3 ᠤᠶᠠᠭᠠᠴᠢᠠ᠎ᠤ ᠮᠤᠷᠢ ᠲᠡᠳ᠋ᠯᠠᠵᠤ᠂ ᠲᠦᠡᠭ᠌ᠯᠢᠶᠤᠤ ᠬᠤᠲᠠ᠎ᠶ᠋ᠢᠨ ᠪᠠᠲᠤ ᠵᠡᠷᠭᠡ 4 ᠤᠶᠠᠭᠠᠴᠢᠠ᠎ᠤ ᠮᠤᠷᠢ ᠭᠤᠳᠠᠭᠠᠷ᠎ᠲᠤ ᠤᠷᠤᠪᠠ᠃

ᠮᠣᠷᠢᠨ ᠤᠷᠤᠯᠳᠤᠭᠠᠠ ᠤᠷᠮ᠎ᠠ᠎ᠶ᠋ᠢ ᠬᠥᠭ᠌ᠵᠢᠬᠡᠬᠦ᠌᠎ᠳᠤ ᠤᠷᠠᠨ ᠰᠠᠢᠬᠠᠨ᠎ᠤ ᠲᠣᠭ᠍ᠯᠠᠯᠲᠠ ᠬᠠᠷᠠᠭ᠎ᠠ ᠰᠤᠨᠤᠷ᠎ᠢ ᠪᠠᠶᠠᠰᠭᠠᠨ᠎ᠠ᠃ 《ᠬᠡᠭᠡᠷ᠎ᠡ ᠲᠠᠯ᠎ᠠ᠎ᠳᠤ ᠲᠠᠪᠬᠢᠨ᠎ᠠ》 ᠭᠡᠮᠡᠬᠦ᠌ ᠪᠦᠵᠢᠭ᠎ᠢᠶᠠᠷ ᠬᠥᠱᠢᠭᠡ᠎ᠪᠠᠨ ᠰᠡᠬᠦᠵᠦ᠍᠂ 《ᠮᠣᠩᠭᠤᠯ ᠮᠣᠷᠢ》᠂ 《ᠤᠭᠠᠯᠵᠠᠨ ᠬᠡ᠎ᠲᠠᠢ ᠡᠮᠡᠭᠡᠯ》 ᠵᠡᠷᠭᠡ 10 ᠭᠠᠷᠤᠶ ᠲᠣᠭ᠍ᠯᠠᠯᠲᠠ᠎ᠶ᠋ᠢ ᠠᠬᠤᠶ ᠲᠠᠯᠠᠪᠠᠶ᠎ᠶ᠋ᠢᠨ ᠦᠵᠡᠭ᠌ᠴᠢᠳ ᠪᠣᠯᠤᠨ ᠰᠦᠯᠵᠢᠶᠡᠨ᠎ᠤ ᠠᠨᠳᠠ ᠨᠠᠷ᠎ᠲᠤ ᠡᠷᠭᠦᠪᠡ᠃ ᠬᠥᠬᠡᠬᠤᠲᠠ᠎ᠶ᠋ᠢᠨ ᠵᠢᠭᠤᠯᠴᠢᠯᠠᠭ᠍ᠴᠢ ᠮᠧᠩ ᠱᠢᠶᠠ᠄ 《ᠠᠳᠡᠬᠢ ᠠᠭᠤᠷ ᠠᠮᠢᠰᠭᠤᠯ ᠰᠠᠢᠬᠠᠠ᠂ ᠲᠠᠯ᠎ᠠ ᠨᠤᠲᠤᠭ ᠭᠤᠶᠤ᠂ ᠶᠠᠭ ᠭᠠᠷᠠᠭ᠎ᠤᠨ ᠰᠡᠭᠦᠯᠴᠢ ᠲᠠᠭᠠᠷᠠᠵᠦ᠍ ᠮᠣᠷᠢᠨ ᠤᠷᠤᠯᠳᠤᠭᠠᠨ ᠤᠯᠵᠥ᠍ ᠰᠤᠨᠢᠷᠬᠠᠭ᠍ᠰᠠᠠ᠎ᠳᠠᠭᠠᠨ ᠮᠠᠰᠢ ᠪᠠᠶᠠᠷᠯᠠᠵᠥ᠍ ᠪᠠᠢᠨ᠎ᠠ》 ᠬᠡᠵᠤ ᠰᠤᠷᠪᠤᠯᠵᠢᠯᠠᠭ᠍ᠴᠢ᠎ᠳᠤ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号