《ᠲᠠᠩᠰᠤᠬ ᠰᠠᠢᠬᠠᠨ ᠬᠦᠬᠡᠬᠤᠳᠠ᠂ ᠳᠠᠯ᠎ᠠ ᠨᠤᠳᠤᠭ᠎ᠤᠨ ᠬᠤᠳᠠ》 ᠎ᠶ᠋ᠢᠨ ᠳᠠᠨᠢᠯᠴᠠᠭᠤᠯᠭ᠎ᠠ᠎ᠶ᠋ᠢᠨ ᠬᠤᠷᠠᠯ ᠶᠠᠪᠣᠭ᠍ᠳᠠᠪᠠ
2020-08-13 11:05:17
ᠵᠣᠬᠢᠶᠠᠭ᠍ᠴᠢ᠄
ᠪᠤᠤ ᠰᠠᠷᠠᠭᠤᠯ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠦᠪᠡᠷᠳᠡᠭᠡᠨ ᠵᠠᠰᠠᠬᠤ ᠤᠷᠤᠨ᠎ᠤ ᠰᠤᠶᠤᠯ ᠬᠢᠬᠡᠳ ᠵᠢᠭᠤᠯᠴᠢᠯᠠᠯ᠎ᠤᠨ ᠳᠢᠩᠬᠢᠮ᠎ᠠᠴᠠ ᠤᠢ᠍ᠢᠯᠠᠭᠠᠭ᠍ᠰᠠᠨ᠎ᠢᠶᠠᠷ᠂ 8 ᠰᠠᠷ᠎ᠠ᠎ᠶ᠋ᠢᠨ 9 ᠎ᠤ ᠡᠳᠤᠷ 《ᠲᠠᠩᠰᠤᠬ ᠰᠠᠢᠬᠠᠨ ᠬᠦᠬᠡᠬᠤᠳᠠ᠂ ᠳᠠᠯ᠎ᠠ ᠨᠤᠳᠤᠭ᠎ᠤᠨ ᠬᠤᠳᠠ》 — ᠬᠦᠬᠡᠬᠤᠳᠠ᠎ᠶ᠋ᠢᠨ ᠰᠤᠶᠤᠯ ᠵᠢᠭᠤᠯᠴᠢᠯᠠᠯ᠎ᠤᠨ ᠳᠠᠨᠢᠯᠴᠠᠭᠤᠯᠭ᠎ᠠ᠎ᠶ᠋ᠢᠨ ᠬᠤᠷᠠᠯ ᠱᠠᠨᠳᠦ᠋ᠡᠭ ᠮᠤᠵᠢ᠎ᠶ᠋ᠢᠨ ᠴᠢᠩᠳᠤᠤ ᠬᠤᠳᠠ᠎ᠶ᠋ᠢᠨ ᠤᠯᠠᠨ ᠤᠯᠤᠰ᠎ᠤᠨ ᠬᠤᠷᠠᠯ᠎ᠤᠨ ᠲᠦᠪ᠎ᠲᠤ ᠶᠠᠪᠤᠭ᠍ᠳᠠᠪᠠ᠃ ᠱᠠᠨᠳᠦ᠋ᠩ ᠮᠤᠵᠢ᠎ᠶ᠋ᠢᠨ 200 ᠭᠠᠷᠤᠢ ᠠᠵᠤ ᠠᠬᠤᠢ᠍ᠢᠯᠠᠯ ᠬᠢᠬᠡᠳ 50 ᠭᠠᠷᠤᠢ ᠱᠠᠨᠳᠦ᠋ᠩ ᠮᠤᠵᠢ᠎ᠳᠠᠬᠢ ᠦᠪᠦᠷ ᠮᠤᠩᠭᠤᠯ᠎ᠤᠨ ᠠᠵᠤ ᠠᠬᠤᠢ᠍ᠢᠯᠠᠯ᠎ᠤᠨ ᠲᠦᠯᠦᠭᠡᠯᠡᠭ᠌ᠴᠢ ᠬᠤᠷᠠᠯ᠎ᠳᠤ ᠤᠷᠤᠯᠴᠠᠪᠠ᠃

ᠲᠤᠰ ᠬᠤᠷᠠᠯ᠎ᠨᠢ 《ᠦᠵᠡᠰᠭᠦᠯᠡᠩᠳᠤ ᠰᠠᠢᠬᠠᠨ ᠮᠢᠨᠦ᠍ ᠨᠤᠳᠤᠭ》 ᠬᠡᠬᠦ᠌ ᠳᠠᠭᠤᠤ ᠪᠦᠵᠢᠭ᠎ᠢᠶᠠᠷ ᠬᠦᠱᠢᠭᠡ᠎ᠪᠠᠨ ᠢᠷᠠᠵᠤ᠂ ᠬᠦᠬᠡᠬᠤᠳᠠ᠎ᠶ᠋ᠢᠨ ᠲᠦᠷᠢ ᠲᠦᠷᠬᠦ᠌᠎ᠶ᠋ᠢᠨ ᠹᠢᠯᠢᠮ 《ᠰᠠᠢᠨᠠᠦ! ᠬᠦᠬᠡᠬᠤᠳᠠ》 ᠎ᠨᠢ ᠬᠦᠮᠦᠰ᠎ᠢ ᠴᠡᠯᠡᠭᠡᠷ ᠳᠠᠯ᠎ᠠ᠎ᠳᠤ ᠬᠦᠳᠦᠯᠦᠨ ᠤᠷᠤᠭᠤᠯᠵᠤ᠂ ᠴᠢᠩᠳᠤᠤ ᠬᠤᠳᠠ᠎ᠶ᠋ᠢᠨ ᠠᠷᠠᠳ ᠲᠦᠮᠡᠨ᠎ᠢ ᠬᠠᠯᠠᠭᠤᠨ᠎ᠢᠶᠠᠷ ᠤᠭ᠍ᠳᠤᠵᠤ ᠪᠠᠢᠭ᠎ᠠ ᠰᠡᠳᠭᠢᠯᠭᠡ᠎ᠪᠠᠨ ᠢᠯᠡᠳᠭᠡᠵᠤ᠂ 《ᠤᠷᠳᠤ ᠴᠠᠭᠠᠨ ᠬᠡᠷᠡᠮ ᠬᠢᠬᠡᠳ ᠬᠠᠳᠤᠨ ᠭᠤᠤᠯ᠎ᠤᠨ ᠠᠭᠤᠯᠵᠠᠷ》 ᠬᠡᠬᠦ᠌ ᠭᠤᠤᠯ ᠰᠡᠳᠦᠪ᠎ᠢᠶᠠᠷ ᠬᠠᠷ᠎ᠠ ᠤᠰᠤ ᠦᠵᠡᠮᠵᠢ᠎ᠶ᠋ᠢᠨ ᠤᠷᠤᠨ᠎ᠢ ᠨᠠᠷᠢᠨ ᠳᠠᠨᠢᠯᠴᠠᠭᠤᠯᠪᠠ᠃ ᠬᠤᠷᠠᠯ ᠳᠡᠭᠡᠷ᠎ᠡ ᠬᠦᠬᠡᠬᠤᠳᠠ ᠬᠢᠬᠡᠳ ᠴᠢᠩᠳᠤᠤ ᠬᠤᠳᠠ᠎ᠨᠢ 7 ᠲᠦᠷᠦᠯ ᠵᠦᠢᠯ᠎ᠤᠨ ᠬᠠᠮᠵᠢᠯᠴᠠᠭ᠎ᠠ ᠦᠷᠨᠢᠭᠦᠯᠬᠦ᠌᠎ᠪᠠᠷ ᠳᠤᠭ᠍ᠳᠠᠪᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号