ᠳᠠᠭᠤᠴᠢᠨ ᠶᠦᠨ ᠹᠸᠢ᠎ᠶ᠋ᠢᠨ ᠳᠠᠭᠤᠤ᠎ᠶ᠋ᠢᠨ ᠦᠳᠡᠱᠢᠯᠡᠭᠡ ᠶᠠᠪᠤᠭ᠍ᠳᠠᠯ᠎ᠠ
2020-08-13 10:04:33
ᠵᠣᠬᠢᠶᠠᠭ᠍ᠴᠢ᠄
ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 12 ᠎ᠤᠨ ᠤᠷᠤᠢ᠂ ᠠᠷᠪᠠᠨ ᠳᠤᠯᠤᠳᠤᠭᠠᠷ ᠬᠤᠭᠤᠴᠠᠭᠠᠨ᠎ᠤ ᠳᠤᠮᠳᠠᠳᠤ ᠤᠯᠤᠰ • ᠦᠪᠦᠷ ᠮᠤᠩᠭᠤᠯ᠎ᠤᠨ ᠲᠠᠯ᠎ᠠ ᠨᠤᠲᠤᠭ᠎ᠤᠨ ᠰᠤᠶᠤᠯ᠎ᠤᠨ ᠨᠠᠢᠷ᠎ᠤᠨ ᠠᠭᠤᠳᠠᠮ ᠲᠠᠯᠠᠪᠠᠢ᠎ᠶ᠋ᠢᠨ ᠲᠤᠭ᠍ᠯᠠᠯᠲᠠ᠎ᠶ᠋ᠢᠨ ᠠᠩᠬᠠᠨ᠎ᠤ ᠲᠠᠯᠠᠪᠠᠢ ᠲᠤᠭ᠍ᠯᠠᠯᠲᠠ ᠪᠤᠯᠤᠭ᠍ᠰᠠᠨ ᠳᠠᠭᠤᠴᠢᠨ ᠶᠦᠨ ᠹᠸᠢ᠎ᠶ᠋ᠢᠨ ᠬᠤᠪᠢ ᠬᠦᠮᠦᠨ᠎ᠤ ᠳᠠᠭᠤᠤ᠎ᠶ᠋ᠢᠨ ᠦᠳᠡᠱᠢᠯᠡᠭᠡ ᠬᠦᠬᠡᠬᠤᠲᠠ᠎ᠶ᠋ᠢᠨ ᠶᠡᠭᠡ ᠵᠤᠤ᠎ᠶ᠋ᠢᠨ ᠦᠵᠡᠮᠵᠢ᠎ᠶ᠋ᠢᠨ ᠤᠷᠤᠨ᠎ᠤ ᠠᠯᠲᠠᠨ ᠬᠠᠭᠠᠨ ᠠᠭᠤᠳᠠᠮ ᠲᠠᠯᠠᠪᠠᠢ᠎ᠳᠤ ᠨᠢᠵᠢᠭᠢᠷ ᠰᠠᠢᠬᠠᠨ ᠶᠠᠪᠤᠭ᠍ᠳᠠᠯ᠎ᠠ᠃

ᠳᠠᠭᠤᠴᠢᠨ ᠶᠦᠨ ᠹᠸᠢ ᠲᠦᠪ ᠲᠧᠯᠸᠢᠰ᠎ᠤᠨ 2012 ᠤᠨ᠎ᠤ 《ᠤᠳᠤᠳ᠎ᠤᠨ ᠭᠢᠯᠪᠠᠭ᠎ᠠ》 ᠎ᠶ᠋ᠢᠨ ᠤᠨ᠎ᠤ ᠬᠤᠶᠠᠳᠤᠭᠠᠷ ᠨᠡᠷᠡᠰ᠎ᠲᠤ ᠲᠤᠳᠤᠷᠠᠭ᠍ᠰᠠᠨ᠎ᠠᠴᠠ ᠨᠠᠭᠠᠰᠢ ᠰᠤᠨᠤᠰᠤᠭ᠍ᠴᠢ ᠤᠯᠠᠨ᠎ᠤ᠎ᠪᠠᠨ ᠬᠠᠯᠠᠭᠤᠨ ᠬᠦᠷᠢᠶᠡᠯᠡᠯ᠎ᠢ ᠤᠯᠤᠭ᠍ᠰᠠᠭᠠᠷ ᠢᠷᠡᠵᠡᠢ᠃ ᠦᠳᠡᠱᠢᠯᠡᠭᠡ᠎ᠨᠢ 《ᠲᠠᠯ᠎ᠠ ᠨᠤᠲᠤᠭ᠎ᠤᠨ ᠰᠠᠷᠠ》 ᠭᠡᠳᠡᠭ ᠳᠠᠭᠤᠤ᠎ᠪᠠᠷ ᠬᠦᠱᠢᠭᠡ᠎ᠪᠠᠨ ᠰᠡᠭᠦᠵᠦ᠍᠂ 《ᠡᠭᠦᠷᠢᠲᠡ᠎ᠶ᠋ᠢᠨ ᠮᠠᠭ᠍ᠲᠠᠭᠠᠯ ᠳᠠᠭᠤᠤ》᠂ 《ᠤᠪᠤᠭᠠᠨ᠎ᠳᠠᠬᠢ ᠠᠭᠤᠯᠵᠠᠯᠲᠠ》᠂ 《ᠬᠠᠳᠠᠭ》᠂ 《ᠠᠪᠤ ᠡᠵᠢ᠎ᠪᠠᠨ ᠠᠴᠢᠯᠠᠨ ᠬᠦᠨᠳᠦᠯᠡᠶ᠎ᠡ》 ᠵᠡᠷᠭᠡ ᠤᠯᠠᠨ᠎ᠳᠤ ᠲᠠᠭᠠᠯᠠᠭ᠍ᠳᠠᠭ᠍ᠰᠠᠨ 10 ᠭᠠᠷᠤᠢ ᠳᠠᠭᠤᠤ ᠬᠦᠭ᠌ᠵᠢᠮ᠎ᠢᠶᠠᠷ᠎ᠢᠶᠠᠨ ᠬᠦᠷᠦᠯᠴᠡᠨ ᠢᠷᠡᠭ᠌ᠰᠡᠨ ᠰᠤᠨᠤᠰᠤᠭ᠍ᠴᠢ ᠤᠯᠠᠨ᠎ᠢᠶᠠᠨ ᠪᠠᠶᠠᠰᠭᠠᠵᠤ᠂ ᠬᠠᠯᠠᠭᠤᠨ ᠠᠯᠠᠭ᠎ᠠ ᠲᠠᠱᠢᠯᠲᠠ᠎ᠶ᠋ᠢ ᠤᠯᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号