ᠡᠭᠦᠯᠡᠨ ᠬᠦᠯᠦᠭ᠎ᠲᠡᠭᠡᠨ ᠮᠤᠷᠳᠠᠨ ᠠᠷᠠᠳ᠎ᠤᠨ ᠳᠠᠭᠤᠤ᠎ᠪᠠᠨ ᠳᠠᠭᠤᠯᠠᠨ᠎ᠠ
2020-08-15 10:07:04
ᠵᠣᠬᠢᠶᠠᠭ᠍ᠴᠢ᠄
ᠪᠤᠤ ᠰᠠᠷᠠᠭᠤᠯ
ᠣᠩᠱᠢᠭ᠍ᠰᠠᠨ ᠣᠳᠠᠭ᠎ᠠ᠄
★★★☆☆

ᠠᠭᠤᠳᠠᠮ ᠲᠠᠯ᠎ᠠ᠎ᠳᠠᠭᠠᠨ ᠬᠠᠨᠭ᠌ᠭᠢᠨᠠᠭ᠍ᠰᠠᠨ ᠠᠷᠠᠳ᠎ᠤᠨ ᠰᠠᠢᠬᠠᠨ ᠲᠠᠭᠤᠤ ᠮᠢᠨᠢ

ᠤᠳᠤᠮᠳᠤ ᠲᠦᠮᠡᠨ᠎ᠢᠶᠠᠨ ᠪᠠᠶᠠᠰᠭᠠᠭ᠍ᠰᠠᠨ ᠤᠶᠠᠩᠭ᠎ᠠ᠎ᠶ᠋ᠢᠨ ᠰᠠᠢᠬᠠᠨ ᠡᠭᠡᠱᠢᠭ ᠮᠢᠨᠢ

ᠠᠷᠠᠳ᠎ᠤᠨ ᠲᠠᠭᠤᠤ᠎ᠪᠠᠨ ᠭᠡᠵᠦ᠍ ᠬᠦᠷᠦᠯᠴᠡᠨ ᠢᠷᠡᠭ᠌ᠰᠡᠨ ᠨᠤᠳᠤᠭ᠎ᠤᠨ ᠠᠷᠠᠳ ᠲᠦᠮᠡᠨ ᠵᠡᠭᠦᠨ ᠦᠵᠦᠮᠦᠴᠢᠨ ᠬᠤᠱᠢᠭᠤᠨ᠎ᠤ ᠤᠯᠢᠶᠠᠰᠤᠳᠠᠢ ᠪᠠᠯᠭᠠᠰᠤ᠎ᠶ᠋ᠢᠨ ᠦᠵᠦᠮᠦᠴᠢᠨ ᠠᠭᠤᠳᠠᠮ ᠳᠠᠯᠠᠪᠠᠢ᠎ᠳᠤ ᠮᠤᠩᠭᠤᠯ᠎ᠢᠶᠠᠷ᠎ᠢᠶᠠᠨ ᠭᠤᠶᠤᠯᠠᠵᠤ᠂ ᠮᠤᠩᠭᠤᠯ᠎ᠢᠶᠠᠷ᠎ᠢᠶᠠᠨ ᠪᠠᠭ᠍ᠠᠷᠬᠠᠵᠤ᠂ ᠮᠤᠩᠭᠤᠯ᠎ᠢᠶᠠᠷ᠎ᠢᠶᠠᠨ ᠳᠠᠭᠤᠯᠠᠵᠠᠭᠠᠨ᠎ᠠ᠃


3640159_lity_1597423891136_m.jpg


8 ᠰᠠᠷ᠎ᠠ᠎ᠶ᠋ᠢᠨ 14 ᠎ᠤ ᠦᠳᠡ᠎ᠶ᠋ᠢᠨ ᠬᠤᠢᠨ᠎ᠠ᠂ ᠠᠷᠪᠠᠨ ᠳᠤᠯᠤᠳᠤᠭᠠᠷ ᠬᠤᠭᠤᠴᠠᠭᠠᠨ᠎ᠤ ᠳᠤᠮᠳᠠᠳᠤ ᠤᠯᠤᠰ • ᠦᠪᠦᠷ ᠮᠤᠩᠭᠤᠯ᠎ᠤᠨ ᠳᠠᠯ᠎ᠠ ᠨᠤᠳᠤᠭ᠎ᠤᠨ ᠰᠤᠶᠤᠯ᠎ᠤᠨ ᠨᠠᠢᠷ᠎ᠤᠨ ᠴᠢᠬᠤᠯᠠ ᠨᠢᠭᠡᠨ ᠲᠦᠷᠦᠯ ᠵᠦᠢᠯ ᠪᠤᠯᠬᠤ ᠡᠭᠦᠯᠡᠨ ᠬᠦᠯᠦᠭ •2020 ᠦᠪᠦᠷ ᠮᠤᠩᠭᠤᠯ᠎ᠤᠨ ᠠᠷᠠᠳ᠎ᠤᠨ ᠳᠠᠭᠤᠤ᠎ᠶ᠋ᠢᠨ ᠤᠷᠤᠯᠳᠤᠭᠠᠨ᠎ᠤ ᠤᠬᠠᠭᠤᠯᠭ᠎ᠠ᠎ᠶ᠋ᠢᠨ ᠳᠤᠭ᠍ᠯᠠᠯᠳᠠ ᠵᠡᠭᠦᠨ ᠦᠵᠦᠮᠦᠴᠢᠨ ᠬᠤᠱᠢᠭᠤᠨ᠎ᠤ ᠤᠯᠢᠶᠠᠰᠤᠳᠠᠢ ᠪᠠᠯᠭᠠᠰᠤ᠎ᠶ᠋ᠢᠨ ᠦᠵᠦᠮᠦᠴᠢᠨ ᠠᠭᠤᠳᠠᠮ ᠳᠠᠯᠠᠪᠠᠢ᠎ᠳᠤ ᠨᠢᠵᠢᠬᠢᠷ ᠰᠠᠢᠬᠠᠨ ᠶᠠᠪᠤᠭ᠍ᠳᠠᠭ᠍ᠰᠠᠨ ᠪᠢᠯᠡ᠃ ᠵᠡᠭᠦᠨ ᠦᠵᠦᠮᠦᠴᠢᠨ ᠬᠤᠱᠢᠭᠤ 《ᠨᠡᠭᠦᠳᠡᠯ ᠰᠤᠶᠤᠯ᠎ᠤᠨ ᠲᠠᠷᠬᠠᠨ ᠭᠤᠯᠤᠮᠳᠠ᠂ ᠨᠠᠢ᠍ᠮᠠᠨ ᠱᠢᠷᠭ᠎ᠠ᠎ᠶ᠋ᠢᠨ ᠤᠨᠠᠭᠠᠨ ᠨᠤᠳᠤᠭ᠂ ᠠᠪᠤᠷᠭᠤ ᠪᠦᠬᠡ᠎ᠶ᠋ᠢᠨ ᠠᠯᠳᠠᠨ ᠦᠯᠦᠭᠡᠢ᠂ ᠤᠷᠳᠤ᠎ᠶ᠋ᠢᠨ ᠲᠠᠭᠤᠤ᠎ᠶ᠋ᠢᠨ ᠤᠶᠠᠩᠭᠠᠳᠤ ᠬᠦᠳᠡᠭᠡ᠂ ᠤᠷᠠᠨ ᠦᠢᠯᠡ᠎ᠶ᠋ᠢᠨ ᠤᠯᠠᠮᠵᠢᠯᠠᠯᠳᠤ ᠤᠷᠤᠨ》 ᠵᠡᠷᠭᠡ ᠢᠷᠠᠭᠤ ᠠᠯᠳᠠᠷ᠎ᠢᠶᠠᠷ ᠬᠤᠱᠢᠭᠤ ᠨᠤᠳᠤᠭ᠎ᠢᠶᠠᠨ ᠴᠢᠮᠡᠵᠦ᠍ ᠪᠠᠢᠳᠠᠭ᠃ ᠲᠤᠰ ᠤᠳᠠᠭᠠᠨ᠎ᠤ ᠤᠷᠤᠯᠳᠤᠭᠠᠨ᠎ᠢ ᠨᠡᠩ ᠰᠠᠢᠳᠤᠷ ᠤᠬᠠᠭᠤᠯᠤᠨ ᠰᠤᠷᠳᠠᠯᠴᠢᠯᠠᠵᠦ᠍᠂ ᠨᠡᠩ ᠤᠯᠠᠨ ᠬᠦᠮᠦᠰ᠎ᠲᠤ ᠡᠨᠡ ᠠᠯᠳᠠᠨ ᠪᠤᠯᠤᠮᠵᠢ᠎ᠶ᠋ᠢ ᠬᠠᠨᠭ᠌ᠭᠠᠬᠤ᠎ᠶ᠋ᠢᠨ ᠲᠦᠯᠦᠭᠡ᠂ ᠤᠬᠠᠭᠤᠯᠭ᠎ᠠ᠎ᠶ᠋ᠢᠨ ᠳᠤᠭ᠍ᠯᠠᠯᠳᠠ᠎ᠶ᠋ᠢ ᠦᠨᠢᠷ ᠪᠠᠶᠠᠯᠢᠭ ᠵᠡᠭᠦᠨ ᠦᠵᠦᠮᠦᠴᠢᠨ ᠬᠤᠱᠢᠭᠤᠨ᠎ᠳᠤ ᠶᠠᠪᠤᠭ᠍ᠳᠠᠭᠤᠯᠵᠤ᠂ ᠠᠷᠠᠳ᠎ᠤᠨ ᠰᠠᠢᠬᠠᠨ ᠲᠠᠭᠤᠤ᠎ᠪᠠᠨ ᠠᠯᠳᠠ ᠴᠡᠩᠬᠡᠷ ᠬᠠᠳᠠᠭ ᠪᠤᠯᠭᠠᠨ ᠤᠯᠠᠨ ᠲᠦᠮᠡᠨ᠎ᠲᠠᠢ᠎ᠪᠠᠨ ᠠᠭᠤᠯᠵᠠᠨ ᠤᠴᠠᠷᠠᠭ᠍ᠰᠠᠨ ᠪᠠᠢᠨ᠎ᠠ᠃


3640176_lity_1597425620497_m.jpg


ᠦᠵᠦᠮᠦᠴᠢᠨ ᠨᠤᠳᠤᠭ᠎ᠢ ᠶᠠᠷᠢᠬᠤ᠎ᠳᠤ ᠵᠦᠭ ᠵᠦᠭ᠎ᠤᠨ ᠰᠠᠯᠬᠢ᠎ᠠᠴᠠ᠎ᠨᠢ ᠮᠤᠩᠭᠤᠯ᠎ᠤᠨ ᠦᠨᠦᠷ ᠬᠠᠨᠭ᠌ᠬᠤᠯᠵᠤ᠂ ᠵᠦᠢᠯ᠎ᠤᠨ ᠱᠢᠪᠠᠭᠤᠳ ᠵᠢᠷᠭᠢᠨ ᠲᠤᠩᠭᠤᠳᠴᠤ᠌ ᠵᠢᠷᠭᠠᠯᠳᠤ ᠠᠮᠢᠳᠤᠷᠠᠯ᠎ᠤᠨ ᠠᠶᠠᠰ ᠬᠦᠭ᠌ᠯᠡᠭ᠌ᠳᠡᠨ᠎ᠡ᠃ 《ᠦᠵᠡᠰᠭᠦᠯᠡᠩᠳᠤ ᠰᠠᠢᠬᠠᠨ ᠦᠵᠦᠮᠦᠴᠢᠨ ᠨᠤᠲᠤᠭ》᠂ 《ᠴᠠᠭᠠᠨ ᠳᠤᠬᠤᠢ ᠨᠤᠳᠤᠭ》᠂ 《ᠴᠡᠩᠬᠡᠷ ᠬᠠᠩᠭᠠᠢ ᠨᠤᠳᠤᠭ》 ᠬᠡᠳ ᠨᠤᠳᠤᠭ ᠤᠰᠤᠨ᠎ᠤ᠎ᠪᠠᠨ ᠴᠡᠩᠬᠡᠷ ᠳᠤᠩᠭᠠᠯᠠᠭ ᠲᠡᠭ᠌ᠷᠢ᠂ ᠳᠠᠢᠪᠤᠩ ᠠᠮᠤᠭᠤᠯᠠᠩ ᠬᠦᠳᠡᠭᠡ᠂ ᠬᠦᠭ᠌ᠵᠢᠶᠡᠨ ᠨᠠᠷᠭᠢᠶᠠᠨᠳᠤ ᠠᠮᠢᠳᠤᠷᠠᠯ᠎ᠢᠶᠠᠨ ᠮᠠᠭ᠍ᠳᠠᠨ ᠮᠠᠭ᠍ᠳᠠᠨ ᠳᠠᠭᠤᠯᠠᠨ᠎ᠠ᠃


3640178_lity_1597425642065_m.jpg


ᠦᠵᠦᠮᠦᠴᠢᠨ ᠨᠤᠳᠤᠭ᠎ᠲᠤ ᠭᠤᠷᠪᠠᠨ ᠬᠦᠮᠦᠨ ᠬᠠᠮᠲᠤ ᠪᠠᠢᠪᠠᠯ ᠨᠢᠭᠡ᠎ᠨᠢ ᠲᠠᠭᠤᠴᠢᠨ᠂ ᠨᠢᠭᠡ᠎ᠨᠢ ᠪᠦᠬᠡᠴᠢᠨ᠂ ᠨᠢᠭᠡ᠎ᠨᠢ ᠤᠷᠭᠠᠴᠢᠨ ᠭᠡᠵᠦ᠍ ᠬᠡᠯᠡᠳᠡᠭ᠂ ᠲᠠᠢᠮᠦ᠍ ᠪᠤᠯᠬᠤᠷ ᠡᠨᠡ ᠨᠤᠳᠤᠭ᠎ᠠᠴᠠ ᠠᠪᠤᠷᠭᠤ ᠴᠤᠤᠳᠤ ᠪᠦᠬᠡᠴᠢᠳ᠎ᠠᠴᠠ ᠠᠪᠤᠭᠠᠳ ᠠᠷᠠᠳ᠎ᠤᠨ ᠰᠠᠢᠬᠠᠨ ᠲᠠᠭᠤᠤ᠎ᠪᠠᠨ ᠦᠪᠯᠡᠨ ᠤᠯᠠᠮᠵᠢᠯᠠᠭ᠍ᠰᠠᠨ ᠮᠠᠰᠢ ᠤᠯᠠᠨ ᠤᠷᠠᠯᠢᠭ᠍ᠴᠢᠨ ᠲᠠᠭᠤᠴᠢᠳ ᠴᠤᠯᠭᠤᠷᠠᠨ ᠭᠠᠷᠤᠭ᠍ᠰᠠᠨ ᠪᠦᠬᠡᠳ ᠠᠷᠠᠳ᠎ᠤᠨ ᠳᠤᠮᠳᠠ᠎ᠪᠠᠨ ᠳᠠᠭᠤᠯᠠᠭ᠍ᠳᠠᠵᠤ᠂ ᠤᠨᠴᠠᠯᠠᠨ ᠳᠤᠷᠠᠳᠤᠭᠤᠱᠢᠳᠠᠢ᠎ᠨᠢ 《ᠳᠦᠭᠦᠷᠡᠩᠵᠠᠭᠠᠨ᠎ᠠ》 ᠪᠢᠯᠡ᠃ ᠬᠠᠭᠤᠴᠢᠳ ᠬᠠᠮᠳᠤᠯᠢᠭ ᠡᠨᠡ ᠬᠦ᠌ ᠰᠠᠢᠬᠠᠨ ᠤᠷᠳᠤ᠎ᠶ᠋ᠢᠨ ᠳᠠᠭᠤᠤ᠎ᠪᠠᠨ ᠱᠢᠨ᠎ᠡ᠎ᠪᠠᠷ ᠨᠠᠢᠷᠠᠭᠤᠯᠤᠨ᠂ ᠬᠦᠬᠡᠮᠠᠢ ᠬᠠᠪᠰᠤᠷᠭᠠᠨ ᠳᠠᠭᠤᠯᠠᠵᠤ᠂ ᠤᠯᠠᠮᠵᠢᠯᠠᠯᠳᠤ ᠠᠷᠠᠳ᠎ᠤᠨ ᠳᠠᠭᠤᠤ᠎ᠪᠠᠨ ᠱᠢᠨ᠎ᠡ᠎ᠪᠠᠷ ᠬᠦᠭ᠌ᠵᠢᠭᠦᠯᠦᠨ ᠤᠯᠠᠮᠵᠢᠯᠠᠵᠤ ᠶᠠᠪᠤᠨ᠎ᠠ᠃


3640180_lity_1597425662054_m.jpg


ᠠᠷᠠᠳ᠎ᠤᠨ ᠦᠭᠡᠨ᠎ᠳᠤ 《ᠨᠠᠷᠠ᠎ᠪᠠᠨ ᠲᠠᠭᠠᠪᠠᠯ ᠲᠠᠭᠠᠷᠠᠬᠤ ᠦᠭᠡᠢ᠂ ᠨᠠᠮ᠎ᠢᠶᠠᠨ ᠲᠠᠭᠠᠪᠠᠯ ᠪᠤᠷᠤᠭᠤᠳᠠᠬᠤ ᠦᠭᠡᠢ》 ᠭᠡᠵᠦ᠍ ᠶᠠᠷᠢᠳᠠᠭ᠃ ᠡᠨᠡ ᠨᠤᠳᠤᠭ᠎ᠤᠨ ᠬᠦᠮᠦᠨ ᠠᠷᠠᠳ ᠴᠦ᠍ ᠭᠡᠰᠡᠨ ᠨᠠᠮ ᠠᠷᠠᠳ ᠲᠦᠮᠡᠨ᠎ᠢᠶᠠᠨ ᠮᠠᠭ᠍ᠳᠠᠨ ᠲᠠᠭᠤᠯᠠᠵᠦ᠍᠂ 《ᠠᠮᠤᠭᠤᠯᠠᠩᠳᠤ ᠲᠦᠷᠦ᠎ᠶ᠋ᠢᠨ ᠳᠤᠪᠴᠢᠶᠠᠨ》᠂ 《ᠬᠦᠬᠡ ᠳᠤᠷᠭᠠᠨ ᠳᠡᠪᠡᠯ》᠂ 《ᠮᠠᠯᠴᠢᠨ ᠲᠦᠮᠡᠨ ᠡᠪ ᠬᠠᠮᠳᠤ ᠨᠠᠮ᠎ᠢᠶᠠᠨ ᠮᠠᠭ᠍ᠳᠠᠨ ᠲᠠᠭᠤᠯᠠᠨ᠎ᠠ》 ᠵᠡᠷᠭᠡ ᠲᠠᠭᠤᠤ᠎ᠪᠠᠷ᠎ᠢᠶᠠᠨ ᠰᠡᠳᠭᠢᠯ᠎ᠢᠶᠠᠨ ᠢᠯᠡᠳᠭᠡᠨ᠎ᠡ᠃


3640182_lity_1597425679326_m.jpg


ᠠᠷᠠᠳ᠎ᠤᠨ ᠳᠠᠭᠤᠤ ᠦᠵᠦᠮᠦᠴᠢᠨ ᠠᠭᠤᠳᠠᠮ ᠳᠠᠯᠠᠪᠠᠢ᠎ᠶ᠋ᠢ ᠬᠠᠩᠬᠢᠨᠠᠭᠤᠯᠤᠨ᠂ ᠠᠭᠠᠷ᠎ᠤᠨ ᠳᠤᠯᠬᠢᠶᠠᠨ ᠰᠦᠯᠵᠢᠶᠠᠨ᠎ᠤ ᠴᠤᠤᠷᠢᠶ᠎ᠠ᠎ᠪᠠᠷ ᠬᠦᠯᠦᠨ ᠪᠦᠢᠷ᠎ᠠᠴᠠ ᠠᠯᠠᠱᠠ᠂ ᠦᠪᠦᠷ ᠮᠤᠩᠭᠤᠯ᠎ᠠᠴᠠ ᠪᠦᠮᠪᠦᠷᠴᠡᠭ᠎ᠤᠨ ᠴᠠᠭᠠᠨ᠎ᠠ ᠬᠦᠷᠳᠡᠯ᠎ᠡ ᠳᠠᠮᠵᠢᠭ᠍ᠳᠠᠵᠤ᠂ ᠦᠵᠦᠮᠦᠴᠢᠨ ᠠᠷᠠᠳ᠎ᠤᠨ ᠳᠠᠭᠤᠤ᠂ ᠬᠤᠷᠴᠢᠨ ᠠᠷᠠᠳ᠎ᠤᠨ ᠳᠠᠭᠤᠤ᠂ ᠪᠠᠷᠭᠤ ᠠᠷᠠᠳ᠎ᠤᠨ ᠳᠠᠭᠤᠤ᠂ ᠤᠷᠠᠳ ᠠᠷᠠᠳ᠎ᠤᠨ ᠳᠠᠭᠤᠤ᠂ ᠤᠷᠳᠤᠰ ᠠᠷᠠᠳ᠎ᠤᠨ ᠳᠠᠭᠤᠤ ᠁ ᠬᠡᠭᠦᠴᠢᠯᠡᠨ 《ᠡᠭᠦᠯᠡᠨ ᠬᠦᠯᠦᠭ》 ᠠᠷᠠᠳ᠎ᠤᠨ ᠳᠠᠭᠤᠤ᠎ᠶ᠋ᠢᠨ ᠤᠷᠤᠯᠳᠤᠭᠠᠨ᠎ᠤ ᠰᠠᠢᠬᠠᠨ ᠴᠢᠮᠡᠭᠡ᠎ᠶ᠋ᠢ ᠬᠦᠮᠦᠨ ᠠᠷᠠᠳ᠎ᠲᠠᠭᠠᠨ ᠲᠤᠭᠤᠯᠭᠠᠯ᠎ᠠ᠃ ᠡᠭᠦᠯᠡᠨ ᠬᠦᠯᠦᠭ ᠱᠢᠯᠵᠢᠶ᠎ᠡ ᠪᠠ ᠳᠠᠯ ᠨᠤᠳᠤᠭ᠎ᠤᠨ ᠡᠭᠦᠯᠡ ᠱᠢᠯᠵᠢᠶ᠎ᠡ᠎ᠪᠠᠷ ᠱᠢᠭᠤᠳ ᠨᠡᠪᠳᠡᠷᠡᠭᠦᠯᠭᠡ᠎ᠶ᠋ᠢ ᠬᠦᠯᠢᠶᠡᠨ ᠰᠤᠨᠢᠷᠬᠠᠭ᠍ᠰᠠᠨ ᠬᠦᠮᠦᠨ᠎ᠤ ᠳᠤᠭ᠎ᠠ 15 ᠲᠦᠮᠡ᠎ᠶ᠋ᠢ ᠳᠠᠪᠠᠵᠤ᠂ ᠤᠬᠠᠭᠤᠯᠭ᠎ᠠ᠎ᠶ᠋ᠢᠨ ᠲᠤᠭ᠍ᠯᠠᠯᠳᠠ ᠦᠯᠵᠡᠢᠳᠠᠢ ᠰᠠᠢᠬᠠᠨ ᠦᠨᠳᠦᠷᠯᠡᠵᠦ᠍ ᠪᠢᠯᠡ᠃


3640184_lity_1597425694314_m.jpg


ᠠᠷᠠᠳ᠎ᠤᠨ ᠲᠠᠭᠤᠤ᠎ᠶ᠋ᠢᠨ ᠱᠢᠷᠤᠩᠬᠠᠢ ᠤᠶᠠᠩᠭᠠᠷᠠᠨ ᠤᠶᠠᠩᠭᠠᠷᠠᠬᠤ ᠪᠤᠯᠳᠤᠭᠠᠢ!

ᠠᠷᠠᠳ᠎ᠤᠨ ᠲᠠᠭᠤᠤ᠎ᠶ᠋ᠢᠨ ᠢᠷᠡᠭᠡᠳᠦᠢ ᠤᠯᠠᠮ ᠰᠠᠷᠠᠭᠤᠯ ᠪᠠᠢᠬᠤ ᠪᠤᠯᠳᠤᠭᠠᠢ!


3640186_lity_1597425716671_m.jpg


3640191_lity_1597425998491_m.jpg


3640193_lity_1597426158272_m.jpg


(ᠭᠡᠷᠡᠯ ᠵᠢᠷᠤᠭ᠎ᠤᠳ᠎ᠢ ᠳᠤᠰ ᠰᠤᠨᠢᠨ᠎ᠤ ᠰᠤᠷᠪᠤᠯᠵᠢᠯᠠᠭ᠍ᠴᠢ ᠮᠠ ᠵᠢᠶᠠᠨ ᠴᠢᠤᠸᠠᠨ ᠪᠤᠤ ᠰᠠᠷᠠᠭᠤᠯ ᠪᠢᠯᠢᠭ᠍ᠪᠠᠭᠠᠳᠤᠷ ᠰᠡᠭᠦᠳᠡᠷᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号