2020 ᠦᠪᠦᠷ ᠮᠤᠩᠭᠤᠯ᠎ᠤᠨ ᠮᠤᠷᠢᠨ ᠤᠷᠤᠯᠳᠤᠭᠠᠨ ᠱᠢᠯᠢᠩᠬᠤᠳᠠ᠎ᠳᠤ ᠡᠬᠢᠯᠡᠯ᠎ᠠ
2020-08-02 11:22:23
ᠵᠣᠬᠢᠶᠠᠭ᠍ᠴᠢ᠄
ᠪᠢᠯᠢᠭ᠌ᠪᠡᠭᠠᠳᠤᠷ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 1 ᠎ᠤ ᠦᠳᠡ᠎ᠶ᠋ᠢᠨ ᠡᠮᠦᠨ᠎ᠡ᠂ 《ᠮᠤᠩᠭᠤᠯ ᠮᠤᠷᠢ ᠪᠤᠯᠤᠨ ᠲᠡᠯᠡᠬᠡᠢ᠎ᠶ᠋ᠢᠨ ᠠᠳᠤᠭᠤᠨ᠎ᠤ ᠦᠢᠯᠡᠰ》 ᠭᠤᠤᠯ ᠰᠡᠳᠤᠪᠳᠤ 2020 ᠦᠪᠦᠷ ᠮᠤᠩᠭᠤᠯ᠎ᠤᠨ ᠮᠤᠷᠢᠨ ᠤᠷᠤᠯᠳᠤᠭᠠᠨ᠎ᠤ ᠡᠬᠢᠯᠡᠯᠳᠡ᠎ᠶ᠋ᠢᠨ ᠶᠤᠰᠤᠯᠠᠯ ᠱᠢᠯᠢᠩᠬᠤᠳᠠ᠎ᠶ᠋ᠢᠨ 《ᠲᠤᠮᠳᠠᠳᠤ ᠤᠯᠤᠰ᠎ᠤᠨ ᠠᠳᠤᠭᠤᠨ ᠰᠤᠶᠤᠯ᠎ᠤᠨ ᠲᠦᠪ》 ᠎ᠤᠨ ᠭᠤᠤᠯᠳᠠᠯᠭᠠᠳᠤ ᠤᠷᠤᠨ ᠲᠤᠭᠤᠷᠢᠭ᠎ᠤᠨ ᠰᠤᠶᠤᠯ ᠵᠢᠭᠤᠯᠴᠢᠯᠠᠯ᠎ᠤᠨ ᠭᠠᠵᠠᠷ᠎ᠲᠤ ᠶᠠᠪᠤᠭ᠍ᠳᠠᠪᠠ᠃ ᠲᠤᠯᠤᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠤᠯᠠᠨ ᠤᠯᠤᠰ᠎ᠤᠨ ᠮᠤᠷᠢᠨ ᠮᠡᠷᠭᠡᠵᠢᠯ᠎ᠤᠨ ᠨᠠᠢᠷ ᠴᠦ᠍ ᠴᠤᠬ᠎ᠲᠤᠨᠢ ᠡᠬᠢᠯᠠᠵᠠᠢ᠃

TIM图片20200802102220.png

 

ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢᠡᠭ᠌ᠭᠤ᠎ᠶ᠋ᠢᠨ ᠭᠡᠱᠢᠭᠦᠨ᠂ ᠤᠬᠠᠭᠤᠯᠬᠤ ᠬᠡᠯᠳᠡᠰ᠎ᠤᠨ ᠲᠠᠷᠤᠭ᠎ᠠ ᠪᠠᠢ ᠢᠤᠢ ᠭᠠᠨᠭ᠌ ᠡᠬᠢᠯᠠᠯᠳᠡ᠎ᠶ᠋ᠢᠨ ᠶᠤᠰᠤᠯᠠᠯ᠎ᠳᠤ ᠤᠷᠤᠯᠴᠠᠵᠦ᠍᠂ ᠤᠷᠤᠯᠳᠤᠭᠠᠨ ᠡᠬᠢᠯᠡᠭ᠌ᠰᠡᠨ᠎ᠢ ᠵᠠᠷᠯᠠᠪᠠ᠃

2020 ᠦᠪᠦᠷ ᠮᠤᠩᠭᠤᠯ᠎ᠤᠨ ᠮᠤᠷᠢᠨ ᠤᠷᠤᠯᠳᠤᠭᠠᠨ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠦᠪᠡᠷᠲᠡᠭᠡᠨ ᠵᠠᠰᠠᠬᠤ ᠤᠷᠤᠨ᠎ᠤ ᠢᠨᠲ᠋ᠧᠷ ᠰᠦᠯᠵᠢᠶᠡᠨ᠎ᠤ ᠮᠡᠳᠡᠭᠡ ᠵᠠᠩᠭᠢ᠎ᠶ᠋ᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠭᠤᠤᠯᠯᠠᠨ ᠡᠷᠬᠢᠯᠡᠵᠦ᠍᠂ ᠰᠢ᠎ᠶ᠋ᠢᠨ ᠫᠢᠡᠭ᠎ᠤᠨ ᠱᠢᠨ᠎ᠡ ᠴᠠᠭ ᠦᠶ᠎ᠡ᠎ᠶ᠋ᠢᠨ ᠲᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠮᠠᠨ᠎ᠤ ᠤᠷᠤᠨ᠎ᠤ ᠴᠦᠬᠡᠨ ᠲᠤᠭᠠᠳᠤ ᠦᠨᠳᠦᠰᠦᠳᠡᠨ᠎ᠤ ᠤᠯᠠᠮᠵᠢᠯᠠᠯᠳᠤ ᠲᠠᠮᠢᠷ᠎ᠤᠨ ᠬᠦᠳᠡᠯᠭᠡᠭᠡᠨ᠎ᠤ ᠲᠠᠪᠠᠭᠤᠯᠢᠭ᠎ᠢ ᠬᠦᠭ᠌ᠵᠢᠭᠦᠯᠤᠨ᠂ 《ᠬᠦᠴᠢᠷ ᠪᠡᠷᠬᠡᠱᠢᠶᠠᠯ᠎ᠢ ᠲᠠᠪᠠᠵᠤ᠂ ᠴᠤᠴᠠᠯᠳᠠ ᠦᠭᠡᠢ ᠤᠷᠤᠭ᠍ᠰᠢᠯᠠᠨ᠂ ᠵᠤᠷᠢᠭ᠍ᠰᠠᠨ᠎ᠳᠠᠭᠠᠨ ᠵᠠᠪᠠᠯ ᠬᠦᠷᠳᠡᠭ》 ᠮᠤᠩᠭᠤᠯ ᠮᠤᠷᠢᠨ᠎ᠤ ᠵᠤᠷᠢᠭ ᠰᠠᠨᠠᠭ᠎ᠠ᠎ᠶ᠋ᠢ ᠪᠠᠳᠠᠷᠠᠭᠤᠯᠬᠤ᠎ᠪᠠᠷ ᠭᠤᠤᠯ ᠵᠤᠷᠢᠯᠭ᠎ᠠ᠎ᠪᠠᠨ ᠪᠤᠯᠭᠠᠵᠠᠢ᠃

ᠲᠤᠰ ᠤᠳᠠᠭ᠎ᠠ᠎ᠶ᠋ᠢᠨ ᠮᠤᠷᠢᠨ ᠤᠷᠤᠯᠳᠤᠭᠠᠨ᠎ᠤ ᠡᠯ᠎ᠠ ᠲᠦᠷᠦᠯ᠎ᠤᠨ ᠠᠵᠢᠯᠯᠠᠭ᠎ᠠ᠎ᠨᠢ 3 ᠰᠠᠷ᠎ᠠ᠎ᠶ᠋ᠢᠨ ᠬᠤᠭᠤᠴᠠᠭᠠᠨ᠎ᠳᠤ ᠮᠠᠨ᠎ᠤ ᠤᠷᠤᠨ᠎ᠤ 8 ᠠᠢᠮᠠᠭ ᠬᠤᠳᠠ᠎ᠶ᠋ᠢᠨ 10 ᠬᠤᠱᠢᠭᠤ ᠱᠢᠶᠠᠨ ᠲᠤᠭᠤᠷᠢᠭ᠎ᠲᠤ ᠶᠠᠪᠤᠭ᠍ᠳᠠᠨ᠎ᠠ᠂ ᠡᠭᠦᠨ᠎ᠳᠤ ᠰᠦᠯᠵᠢᠶᠡᠨ᠎ᠤ ᠱᠢᠭᠤᠳ ᠨᠡᠪᠳᠡᠷᠡᠬᠦᠯᠬᠡ᠎ᠪᠠᠷ ᠲᠠᠮᠵᠢᠨ 25 ᠲᠠᠯᠠᠪᠠᠢ ᠤᠷᠤᠯᠳᠤᠭᠠᠨ᠎ᠢ ᠦᠵᠡᠭ᠌ᠴᠢ ᠤᠯᠠᠨ᠎ᠳᠤ ᠡᠷᠬᠦᠨ ᠲᠡᠪᠱᠢᠬᠦᠯᠬᠦ᠌᠎ᠶ᠋ᠢᠨ ᠬᠠᠮᠳᠤ ᠤᠷᠤᠯᠳᠤᠭᠠᠨ᠎ᠤ ᠭᠤᠤᠯᠯᠠᠨ ᠡᠷᠬᠢᠯᠡᠬᠦ᠌ ᠨᠢᠭᠡᠴᠢ᠎ᠠᠴᠠ ᠪᠤᠱᠢᠭᠤ ᠭᠠᠷ ᠲᠠᠪᠴᠠᠩ ᠲᠡᠭᠡᠷ᠎ᠡ 《ᠰᠦᠯᠵᠢᠶᠡᠨ ᠲᠡᠭᠡᠷᠡᠬᠢ ᠦᠪᠦᠷ ᠮᠤᠩᠭᠤᠯ᠎ᠤᠨ ᠮᠤᠷᠢᠨ ᠤᠷᠤᠯᠳᠤᠭᠠᠨ》 ᠤᠯᠠᠨ ᠨᠡᠢᠳᠡ᠎ᠶ᠋ᠢᠨ ᠳ᠋ᠤᠭᠠᠷ ᠨᠡᠭᠡᠭᠡᠵᠦ᠍᠂ ᠤᠷᠤᠯᠳᠤᠭᠠᠨ ᠨᠢᠭᠡᠪᠦᠷᠢ᠎ᠶ᠋ᠢ ᠨᠡᠢᠭᠡᠮ ᠨᠡᠢᠳᠡ᠎ᠳᠤ ᠱᠢᠭᠤᠳ ᠲᠠᠮᠵᠢᠭᠤᠯᠤᠨ ᠬᠦᠷᠭᠡᠬᠦ᠌ ᠪᠤᠯᠤᠨ᠎ᠠ᠃ ᠤᠷᠤᠯᠳᠤᠭᠠᠨ᠎ᠤ ᠬᠤᠭᠤᠴᠠᠭᠠᠨ᠎ᠳᠤ ᠪᠠᠰᠠ ᠲᠤᠯᠤᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠮᠤᠷᠢᠨ ᠮᠡᠷᠭᠡᠵᠢᠯ᠎ᠤᠨ ᠨᠠᠢᠷ᠎ᠤᠨ ᠬᠠᠮᠢᠶ᠎ᠠ ᠪᠦᠬᠦᠢ ᠤᠷᠤᠯᠳᠤᠭᠠᠨ᠎ᠢ ᠡᠷᠬᠢᠯᠡᠨ ᠶᠠᠪᠤᠭ᠍ᠳᠠᠭᠤᠯᠬᠤ᠎ᠶ᠋ᠢᠨ ᠬᠠᠮᠳᠤ ᠤᠷᠤᠯᠳᠤᠭᠠᠨ ᠡᠷᠬᠢᠯᠡᠭ᠌ᠰᠡᠨ ᠭᠠᠵᠠᠷ ᠤᠷᠤᠨ᠎ᠤ᠎ᠬᠢᠨ ᠤᠷᠤᠨ ᠨᠤᠲᠤᠭ᠎ᠤᠨ ᠬᠡᠪ ᠨᠠᠮᠪᠠ᠎ᠪᠠᠨ ᠭᠠᠢᠬᠠᠭᠤᠯᠤᠭ᠍ᠰᠠᠨ 10 ᠵᠤᠷᠪᠤᠰ ᠵᠢᠭᠤᠯᠴᠢᠯᠠᠯ᠎ᠤᠨ ᠵᠠᠮ ᠱᠤᠭᠤᠮ᠎ᠢ ᠲᠤᠬᠢᠷᠠᠭᠤᠯᠤᠭ᠍ᠰᠠᠨ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号