ᠲᠦᠯᠢᠶᠠᠨᠮᠤᠳᠤ᠎ᠶ᠋ᠢᠨ ᠮᠦᠬᠦ᠌ ᠡᠯᠪᠡᠭ ᠬᠤᠷᠢᠶᠠᠯᠳᠠ ᠤᠯᠵᠠᠢ
2020-08-02 11:23:50
ᠵᠣᠬᠢᠶᠠᠭ᠍ᠴᠢ᠄
ᠬᠡᠱᠢᠭ᠌ᠪᠦᠶᠡᠨ
ᠣᠩᠱᠢᠭ᠍ᠰᠠᠨ ᠣᠳᠠᠭ᠎ᠠ᠄
★★★☆☆

 ᠬᠢᠨᠭ᠌ᠭᠠᠨ ᠠᠳᠠᠷ ᠬᠠᠭᠠᠯᠪᠦᠷᠢᠯᠠᠯᠳᠠ᠎ᠶ᠋ᠢᠨ ᠪᠦᠯᠦᠭ᠌ᠯᠠᠯ᠎ᠤᠨ ᠲᠦᠯᠢᠶᠠᠨᠮᠤᠳᠤ ᠲᠠᠷᠢᠶᠠᠯᠠᠩ᠎ᠤᠨ ᠲᠠᠯᠠᠪᠠᠢ᠎ᠶ᠋ᠢᠨ ᠤᠳᠤ ᠦᠶ᠎ᠠ᠎ᠶ᠋ᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠵᠢᠱ᠌ᠢᠶ᠎ᠠ ᠦᠵᠡᠬᠦᠯᠬᠦ᠌ ᠬᠦᠷᠢᠶᠡᠯᠡᠩ ᠲᠤᠭᠤᠷᠢᠭ᠎ᠤᠨ᠎ᠬᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠱᠢᠨᠡᠴᠢᠯᠠᠯᠳᠠ ᠬᠢᠬᠦ᠌᠎ᠪᠠᠷ ᠱᠢᠪᠳᠤᠯᠤᠯᠳᠠ᠎ᠶ᠋ᠢᠨ ᠴᠡᠭ ᠪᠤᠯᠭᠠᠵᠦ᠍᠂ 《ᠦᠢᠯᠡᠳᠪᠦᠷᠢᠯᠡᠯ᠂ ᠵᠢᠭᠠᠨ ᠰᠤᠷᠭᠠᠯᠳᠠ᠂ ᠰᠤᠳᠤᠯᠭᠠᠨ》 ᠎ᠢ ᠬᠠᠷᠢᠯᠴᠠᠨ ᠤᠶᠠᠯᠳᠤᠭᠤᠯᠵᠦ᠍᠂ ᠲᠠᠷᠢᠮᠠᠯ᠎ᠤᠨ ᠪᠦᠳᠦᠴᠡ᠎ᠳᠤ ᠲᠤᠬᠢᠷᠠᠭᠤᠯᠤᠯᠳᠠ ᠬᠢᠵᠥ᠍᠂ ᠤᠳᠤ ᠦᠶ᠎ᠠ᠎ᠶ᠋ᠢᠨ᠂ ᠦᠨᠳᠦᠷ ᠦᠷ ᠎ᠠ ᠠᠱᠢᠬ᠍ᠳᠤ᠂ ᠪᠤᠬᠢᠷᠳᠤᠯ ᠦᠬᠡᠢ ᠲᠠᠷᠢᠶᠠᠯᠠᠩ᠎ᠤᠨ ᠬᠦᠭ᠌ᠵᠢᠯᠳᠠ᠎ᠶ᠋ᠢᠨ ᠵᠠᠮ᠎ᠢ ᠬᠠᠢᠨ ᠰᠦᠪᠡᠭ᠌ᠴᠢᠯᠠᠵᠠᠢ᠃ ᠡᠨᠡ ᠵᠢᠯ᠎ᠤᠨ ᠡᠬᠢ᠎ᠪᠠᠷ᠂ ᠬᠦᠷᠢᠶᠠᠯᠠᠩ ᠲᠤᠭᠤᠷᠢᠭ᠎ᠤᠨ ᠲᠡᠰ ᠲᠡᠪᠱᠢᠬᠦᠯᠬᠦ᠌ ᠠᠯᠬᠤᠴᠡ᠎ᠶ᠋ᠢ ᠲᠦᠷᠬᠡᠳᠭᠡᠵᠦ᠍᠂ ᠪᠦᠬᠦ᠌ ᠲᠠᠯᠠᠪᠠᠢ᠎ᠶ᠋ᠢᠨ ᠤᠨᠴᠠᠯᠢᠬ᠍ᠳᠤ ᠲᠠᠷᠢᠶᠠᠯᠠᠩ᠎ᠤᠨ ᠵᠢᠱ᠌ᠢᠶ᠎ᠡ ᠦᠵᠡᠬᠦᠯᠵᠦ᠍ ᠬᠦᠳᠦᠯᠤᠨ ᠲᠠᠭᠠᠭᠤᠯᠬᠤ ᠤᠷᠤᠨ᠎ᠢ ᠴᠤᠬ᠍ᠴᠠᠯᠠᠬᠤ᠎ᠶ᠋ᠢᠨ ᠲᠦᠯᠦᠬᠡ᠂ ᠬᠦᠷᠢᠶᠡᠯᠡᠩ ᠲᠤᠭᠤᠷᠢᠭ 6 ᠲᠦᠮᠡᠨ ᠲᠦᠭᠦᠷᠢᠭ ᠪᠡᠯᠡ ᠤᠷᠤᠭᠤᠯᠵᠦ᠍᠂ 200 ᠲᠡᠭ᠌ᠰᠢ ᠲᠦᠷᠪᠡᠯᠵᠢᠨ ᠮᠧᠲᠷ ᠲᠠᠯᠠᠪᠠᠢ ᠪᠦᠬᠦᠢ ᠮᠦᠬᠦ᠌ ᠲᠠᠷᠢᠬᠤ ᠬᠦᠯᠡᠮᠵᠢ᠎ᠶ᠋ᠢ 3 ᠰᠠᠭᠤᠷᠢ ᠪᠠᠢᠭᠤᠯᠵᠦ᠍᠂ ᠲᠡᠪᠢᠬᠦᠷᠯᠢᠭ ᠮᠦᠬᠦ᠂ ᠱᠢᠷ᠎ᠠ ᠮᠦᠬᠦ᠌ ᠵᠡᠷᠬᠡ ᠲᠤᠰ ᠭᠠᠵᠠᠷ ᠤᠷᠤᠨ᠎ᠳᠤ ᠲᠠᠷᠢᠬᠤ᠎ᠳᠤ ᠲᠤᠬᠢᠷᠠᠭ᠍ᠰᠠᠨ ᠮᠦᠬᠦ᠌᠎ᠶ᠋ᠢ 1 ᠲᠦᠮᠡᠨ ᠪᠠᠭᠠᠨᠠᠨᠴᠢᠷ ᠤᠷᠤᠭᠤᠯᠪᠠ᠃ ᠤᠳᠤ ᠲᠤᠮᠳᠠᠴᠢ᠎ᠪᠠᠷ ᠡᠳᠦᠷ ᠪᠦᠷᠢ 50 ᠺᠢᠯᠥᠭ᠌ᠷᠠᠮ ᠮᠦᠬᠦ᠌ ᠭᠠᠷᠴᠦ᠍᠂ ᠰᠦᠯᠵᠢᠶᠡᠨ ᠲᠡᠬᠡᠷ᠎ᠠ ᠰᠦᠯᠵᠢᠶᠡᠨ ᠲᠤᠤᠷ᠎ᠠ ᠱᠢᠭᠤᠳ ᠪᠤᠷᠤᠯᠠᠭᠤᠯᠬᠤ ᠠᠷᠭ᠎ᠠ ᠵᠠᠮ᠎ᠢᠶᠠᠷ ᠲᠤᠰ ᠭᠠᠵᠠᠷ ᠤᠷᠤᠨ᠎ᠤ ᠬᠤᠯᠢᠱᠢᠨ ᠢᠳᠡᠭᠡᠨ᠎ᠤ ᠲᠡᠯᠬᠡᠬᠦᠷ᠂ ᠵᠢᠮᠢᠰ ᠨᠤᠭᠤᠭ᠎ᠠ᠎ᠶ᠋ᠢᠨ ᠵᠠᠬ᠎ᠠ ᠲᠡᠯᠬᠡᠬᠦᠷ ᠵᠢᠴᠢ ᠤᠯᠠᠭᠠᠨᠬᠤᠳᠠ ᠬᠢᠬᠡᠳ ᠬᠤᠤᠯᠢᠨ ᠭᠤᠤᠯ ᠬᠤᠳᠠ ᠵᠡᠷᠬᠡ ᠤᠢ᠍ᠢᠷ᠎ᠠ ᠤᠷᠴᠢᠮ᠎ᠤᠨ ᠭᠠᠵᠠᠷ ᠤᠷᠤᠨ᠎ᠳᠤ ᠪᠤᠷᠤᠯᠠᠭᠤᠯᠵᠤ ᠪᠠᠢᠨ᠎ᠡ᠃ 
 
TIM图片20200802105109.png

 

《ᠬᠦᠷᠢᠶᠡᠯᠡᠩ ᠲᠤᠭᠤᠷᠢᠭ᠎ᠤᠨ ᠮᠦᠬᠦ᠌᠎ᠶ᠋ᠢᠨ ᠲᠤᠯᠤᠭᠠᠢ᠎ᠨᠢ ᠶᠡᠭᠡ᠂ ᠢᠳᠡᠬᠦ᠌᠎ᠳᠤ ᠠᠮᠳᠠᠳᠠᠢ ᠪᠤᠯᠬᠤᠷ ᠤᠯᠠᠨ᠎ᠤ ᠬᠦᠷᠢᠶᠠᠯᠠᠯ᠎ᠢ ᠤᠯᠵᠠᠢ᠂ ᠦᠵᠡᠯ ᠳ᠋ᠠ᠂ ᠦᠷᠯᠦᠬᠡ ᠰᠠᠶᠢ ᠬᠦᠷᠬᠡᠵᠦ᠍ ᠢᠷᠡᠭ᠌ᠰᠡᠨ ᠬᠤᠶᠠᠷ ᠰᠠᠬ᠍ᠰᠤ ᠮᠦᠬᠦ᠌ ᠦᠳᠡ ᠪᠤᠯᠬᠤ᠎ᠠᠴᠠ ᠡᠮᠦᠨ᠎ᠠ ᠬᠤᠳᠠᠯᠳᠤᠭᠠᠳ ᠪᠠᠷᠠᠴᠢᠬᠠᠵᠠᠢ》 ᠭᠡᠵᠤ ᠶᠠᠭ ᠪᠠᠷᠠᠭ᠎ᠠ ᠬᠤᠳᠠᠯᠳᠤᠵᠦ᠍ ᠪᠠᠢᠭ᠍ᠰᠠᠨ ᠬᠤᠯᠢᠱᠢᠨ ᠢᠳᠡᠭᠡᠨ᠎ᠤ ᠲᠡᠯᠬᠡᠬᠦᠷ᠎ᠤᠨ ᠲᠠᠭᠠᠭᠠᠮᠠᠯ ᠯᠢ ᠮᠠᠨ ᠬᠤᠧᠨ ᠪᠠᠶᠠᠷᠳᠠᠢᠬᠠᠨ ᠲᠠᠨᠢᠯᠴᠠᠭᠤᠯᠤᠨ᠎ᠠ᠃ 
 
TIM图片20200802105116.png 

ᠬᠢᠨᠭ᠌ᠭᠠᠨ ᠠᠳᠠᠷ ᠬᠠᠭᠠᠯᠪᠦᠷᠢᠯᠠᠯᠳᠠ᠎ᠶ᠋ᠢᠨ ᠪᠦᠯᠦᠭ᠌ᠯᠠᠯ᠎ᠤᠨ ᠲᠦᠯᠢᠶᠠᠨᠮᠤᠳᠤ ᠲᠠᠷᠢᠶᠠᠯᠠᠩ᠎ᠤᠨ ᠲᠠᠯᠠᠪᠠᠢ᠎ᠶ᠋ᠢᠨ ᠤᠳᠤ ᠦᠶ᠎ᠠ᠎ᠶ᠋ᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠵᠢᠱ᠌ᠢᠶ᠎ᠠ ᠦᠵᠡᠬᠦᠯᠬᠦ᠌ ᠬᠦᠷᠢᠶᠡᠯᠡᠩ ᠲᠤᠭᠤᠷᠢᠭ ᠮᠦᠬᠦ᠌ ᠲᠠᠷᠢᠬᠤ ᠰᠠᠭᠤᠷᠢᠨ᠎ᠢ ᠪᠦᠳᠦᠬᠡᠨ ᠪᠠᠢᠭᠤᠯᠵᠦ᠍ ᠠᠱᠢᠬ᠍ᠯᠠᠯᠳᠠ᠎ᠳᠤ ᠤᠷᠤᠭᠤᠯᠤᠭ᠍ᠰᠠᠨ᠎ᠨᠢ ᠪᠦᠬᠦ᠌ ᠲᠠᠷᠢᠶᠠᠯᠠᠩ᠎ᠤᠨ ᠲᠠᠯᠠᠪᠠᠢ᠎ᠶ᠋ᠢᠨ ᠬᠦᠷᠢᠶ᠎ᠠ ᠬᠠᠱᠢᠶᠠᠨ᠎ᠤ ᠠᠵᠦ᠍ ᠠᠬᠤᠢ᠎ᠶ᠋ᠢ ᠬᠦᠭ᠌ᠵᠢᠬᠦᠯᠬᠦ᠌᠎ᠳᠤ ᠱᠢᠨ᠎ᠠ ᠠᠷᠭ᠎ᠠ ᠵᠠᠮ ᠨᠡᠬᠡᠬᠡᠵᠡᠢ᠃ ᠬᠦᠷᠢᠶᠠᠯᠠᠩ ᠲᠤᠭᠤᠷᠢᠭ᠎ᠨᠢ ᠵᠠᠬ᠎ᠠ ᠲᠡᠯᠬᠡᠬᠦᠷ᠎ᠢᠶᠠᠷ ᠤᠳᠤᠷᠢᠳᠤᠮᠵᠢ ᠪᠤᠯᠭᠠᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠢᠶᠠᠷ ᠠᠴᠢᠶᠠᠯᠠᠪᠤᠷᠢ ᠪᠤᠯᠭᠠᠵᠦ᠍᠂ ᠠᠵᠢᠯᠳᠠᠳ᠎ᠤᠨ ᠤᠷᠤᠯᠭ᠎ᠠ ᠨᠡᠮᠡᠭ᠌ᠳᠡᠬᠦᠯᠵᠦ᠍ ᠪᠠᠶᠠᠵᠢᠨ ᠴᠢᠨᠡᠬᠡᠯᠢᠭ᠌ᠵᠢᠬᠦ᠌᠎ᠪᠠᠷ ᠬᠠᠷᠠᠯᠳᠠ ᠪᠤᠯᠭᠠᠬᠤ᠎ᠶ᠋ᠢ ᠦᠷᠬᠦᠯᠵᠢᠯᠡᠨ ᠪᠠᠷᠢᠮᠳᠠᠯᠠᠵᠦ᠍᠂ ᠠᠵᠦ᠍ ᠦᠢᠯᠡᠰ᠎ᠢᠶᠠᠷ ᠤᠷᠤᠯᠭ᠎ᠠ ᠨᠡᠮᠡᠭ᠌ᠳᠡᠬᠦᠯᠬᠦ᠂ ᠬᠦᠷᠢᠶ᠎ᠠ ᠬᠠᠱᠢᠶᠠᠨ᠎ᠤ ᠠᠵᠦ᠍ ᠠᠬᠤᠢ᠎ᠶ᠋ᠢ ᠬᠦᠭ᠌ᠵᠢᠬᠦᠯᠦᠨ ᠤᠯᠠᠨ ᠲᠦᠮᠡᠨ᠎ᠤ ᠦᠢᠯᠡᠰ ᠪᠤᠰᠭᠠᠵᠦ᠍ ᠪᠠᠶᠠᠵᠢᠨ ᠴᠢᠨᠡᠬᠡᠯᠢᠭ᠌ᠵᠢᠬᠦᠯᠵᠤ ᠪᠠᠢᠨ᠎ᠡ᠃ ᠤᠳᠤᠬᠠᠨ᠎ᠳᠤ᠂ ᠬᠦᠷᠢᠶᠠᠯᠠᠩ ᠲᠤᠭᠤᠷᠢᠭ᠎ᠤᠨ ᠡᠷᠴᠢᠮᠵᠢᠬᠦᠯᠦᠨ ᠡᠵᠡᠩᠨᠡᠭ᠌ᠰᠡᠨ ᠦᠷ᠎ᠠ ᠠᠱᠢᠭ ᠬᠢᠬᠡᠳ ᠬᠡᠰᠡᠭ ᠲᠤᠭᠤᠷᠢᠭ᠎ᠤᠨ ᠬᠦᠭ᠌ᠵᠢᠯᠳᠠ᠎ᠶ᠋ᠢᠨ ᠦᠷ᠎ᠠ ᠪᠦᠳᠦᠮᠵᠢ᠎ᠨᠢ ᠮᠠᠳᠡᠭ᠌ᠳᠡᠮ᠎ᠡ ᠲᠡᠭᠡᠭ᠌ᠰᠢᠯᠠᠵᠤ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号