8 ᠰᠠᠷ᠎ᠠ᠎ᠶ᠋ᠢᠨ 18 ᠤ ᠡᠳᠦᠷ᠎ᠤᠨ ᠦᠳᠡ᠎ᠶ᠋ᠢᠨ ᠬᠤᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭ᠎ᠤᠨ᠎ᠬᠢᠨ᠎ᠤ ᠬᠤᠯᠪᠤᠭ᠎ᠠ ᠬᠠᠮᠲᠤᠷᠠᠨ ᠭᠤᠤᠯᠯᠠᠨ ᠡᠷᠭᠢᠯᠡᠵᠦ᠍᠂ ᠥᠪᠥᠷ ᠮᠣᠩᠭᠤᠯ᠎ᠤᠨ ᠤᠷᠠᠨ ᠵᠢᠷᠤᠭ᠍ᠴᠢᠳ᠎ᠤᠨ ᠨᠡᠢᠭᠡᠮᠯᠢᠭ᠂ ᠥᠪᠥᠷ ᠮᠣᠩᠭᠤᠯ᠎ᠤᠨ ᠤᠷᠠᠨ ᠵᠢᠷᠤᠭ᠎ᠤᠨ ᠣᠷᠳᠣᠨ ᠬᠠᠮᠲᠤᠷᠠᠨ ᠡᠷᠭᠢᠯᠡᠭ᠌ᠰᠡᠨ ᠥᠪᠥᠷ ᠮᠣᠩᠭᠤᠯ᠎ᠤᠨ 2020 ᠣᠨ᠎ᠤ 《ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ ᠵᠢᠴᠢ ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ》 ᠭᠤᠤᠯ ᠰᠡᠳᠦᠪᠲᠦ ᠤᠷᠠᠨ ᠵᠢᠷᠤᠭ ᠤᠷᠠᠨ ᠪᠢᠴᠢᠯᠭᠡ ᠬᠡᠷᠡᠯ ᠵᠢᠷᠤᠭ᠎ᠤᠨ ᠪᠦᠲᠦᠭᠡᠯ᠎ᠤᠨ ᠦᠵᠡᠰᠭᠦᠯᠡᠩ ᠡᠬᠢᠯᠡᠪᠡ᠃
ᠲᠣᠰ ᠤᠳᠠᠭᠠᠨ᠎ᠤ ᠦᠵᠡᠰᠭᠦᠯᠡᠩᠳᠤ ᠨᠡᠢᠲᠡ 1100 ᠭᠠᠷᠤᠶ ᠪᠦᠲᠦᠭᠡᠯ᠎ᠢ ᠳᠡᠯᠭᠡᠨ ᠦᠵᠡᠭᠦᠯᠪᠡ᠃ ᠪᠦᠲᠦᠭᠡᠯ᠎ᠨᠢ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠦᠨᠳᠦᠰᠦᠨ ᠱᠠᠲᠤᠨ᠎ᠤ ᠣᠯᠠᠨ ᠲᠦᠮᠡᠨ᠎ᠳᠤ ᠠᠪᠴᠢᠷᠠᠭ᠍ᠰᠠᠨ ᠱᠢᠨ᠎ᠡ ᠬᠤᠪᠢᠷᠠᠯᠲᠠ ᠱᠢᠨ᠎ᠡ ᠳᠦᠷᠰᠦ ᠪᠠᠢᠳᠠᠯ᠎ᠢ ᠭᠦᠢᠴᠡᠳ ᠲᠤᠰᠭᠠᠵᠤ᠂ ᠮᠣᠩᠭᠤᠯ ᠮᠤᠷᠢᠨ᠎ᠤ ᠶᠠᠩᠵᠤ ᠪᠦᠷᠢ᠎ᠶ᠋ᠢᠨ ᠤᠷᠠᠯᠢᠭ᠎ᠤᠨ ᠢᠯᠡᠷᠡᠭᠦᠯᠦᠯᠲᠡ᠎ᠠᠴᠠ ᠥᠪᠥᠷ ᠮᠣᠩᠭᠤᠯ᠎ᠤᠨ ᠥᠪᠡᠷᠮᠢᠴᠡ ᠦᠨᠳᠦᠰᠦᠲᠡᠨ᠎ᠤ ᠣᠨᠴᠠᠯᠢᠭ᠎ᠲᠠᠢ ᠤᠶᠤᠨ ᠰᠠᠨᠠᠭᠠᠨ᠎ᠤ ᠢᠲᠡᠭᠡᠯ ᠪᠢᠱᠢᠷᠡᠯ᠎ᠢ ᠢᠯᠡᠷᠡᠭᠦᠯᠪᠡ᠃
ᠤᠢ᠍ᠢᠯᠠᠭᠠᠭ᠍ᠰᠠᠨ᠎ᠢᠶᠠᠷ᠂ ᠲᠤᠰ ᠤᠳᠠᠭᠠᠨ᠎ᠤ ᠦᠵᠡᠰᠭᠦᠯᠡᠩ᠎ᠢ ᠡᠷᠬᠢᠯᠡᠭ᠌ᠰᠡᠨ ᠵᠣᠷᠢᠯᠭ᠎ᠠ᠎ᠨᠢ ᠶᠡᠷᠦᠩᠬᠡᠢ ᠱᠦᠵᠢ ᠰᠢ᠎ᠶ᠋ᠢᠨ ᠫᠢᠩ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠬᠤ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠤᠷᠠᠯᠢᠭ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠳᠤ ᠣᠯᠤᠭ᠍ᠰᠠᠨ ᠯᠤᠲᠤ ᠶᠡᠭᠡ ᠠᠮᠵᠢᠯᠲᠠ ᠪᠦᠲᠦᠮᠵᠢ ᠪᠣᠯᠤᠨ ᠲᠠᠯ᠎ᠠ ᠨᠤᠲᠤᠭ᠎ᠤᠨ ᠬᠥᠪᠡᠭᠦᠳ ᠥᠬᠢᠳ᠎ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠢᠨᠡᠭᠡᠯᠢᠭ ᠨᠡᠢᠭᠡᠮ ᠵᠦᠭ ᠤᠷᠤᠭ᠍ᠰᠢᠯᠠᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠪᠦᠬᠦ᠌ ᠲᠠᠯ᠎ᠠ᠎ᠪᠠᠷ ᠢᠯᠡᠷᠡᠭᠦᠯᠵᠦ᠍᠂ 《ᠵᠣᠪᠠᠭᠤᠷᠢ ᠵᠦᠳᠡᠭᠦᠷᠢ᠎ᠶ᠋ᠢ ᠲᠡᠰᠪᠦᠷᠢᠯᠡᠵᠦ᠍᠂ ᠴᠤᠴᠠᠯᠲᠠ ᠦᠭᠡᠢ ᠤᠷᠤᠭ᠍ᠰᠢᠯᠠᠵᠤ᠂ ᠵᠤᠷᠢᠭ᠍ᠰᠠᠨ᠎ᠳᠠᠭᠠᠨ ᠵᠠᠪᠠᠯ ᠬᠦᠷᠬᠦ᠌》 ᠮᠣᠩᠭᠤᠯ ᠮᠣᠷᠢᠨ᠎ᠤ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠬᠤ᠎ᠶ᠋ᠢᠨ ᠲᠦᠯᠦᠭᠡ ᠶᠤᠮ᠃