ᠭᠦᠢᠵᠧᠦ ᠮᠣᠵᠢ᠎ᠶ᠋ᠢᠨ ᠪᠠᠷᠠᠭᠤᠨ ᠡᠮᠦᠨ᠎ᠡ ᠵᠧᠦ᠎ᠶ᠋ᠢᠨ 35 ᠲᠦᠮᠡᠨ ᠬᠥᠯᠥᠰᠥᠨ ᠠᠵᠢᠯᠴᠢᠨ ᠠᠵᠢᠯ᠎ᠤᠨ ᠪᠠᠢᠷᠢ᠎ᠳᠠᠭᠠᠨ ᠪᠤᠴᠠᠭ᠍ᠰᠠᠨ
2020-08-26 15:14:08
ᠵᠣᠬᠢᠶᠠᠭ᠍ᠴᠢ᠄
zzzzzzzzzzzz
ᠣᠩᠱᠢᠭ᠍ᠰᠠᠨ ᠣᠳᠠᠭ᠎ᠠ᠄
★☆☆☆☆

   ᠱᠢᠨᠬᠤᠸᠠ ᠬᠤᠷᠢᠶᠠᠨ᠎ᠤ ᠭᠦᠢᠶ ᠠᠩ᠎ᠤᠨ 3 ᠰᠠᠷ᠎ᠠ᠎ᠶ᠋ᠢᠨ 11 ᠎ᠤ ᠡᠳᠦᠷ᠎ᠤᠨ ᠴᠠᠬᠢᠯᠭᠠᠨ ᠮᠡᠳᠡᠭᠡ ᠭᠦᠢᠵᠧᠦ ᠮᠣᠵᠢ᠎ᠶ᠋ᠢᠨ ᠴᠢᠶᠠᠨ ᠰᠢ ᠨᠠᠨ ᠵᠧᠦ᠎ᠶ᠋ᠢᠨ 35 ᠲᠦᠮᠡᠨ ᠬᠥᠯᠥᠰᠥᠨ ᠠᠵᠢᠯᠴᠢᠨ ᠠᠵᠢᠯ᠎ᠤᠨ ᠪᠠᠢᠷᠢᠨ᠎ᠳᠠᠭᠠᠨ ᠪᠤ ᠴᠠᠪᠠ᠃
   
   ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ ᠵᠧᠩ ᠮᠢᠩ ᠬᠤᠩ ᠱ᠌ᠢ ᠴᠢᠶᠠᠨ ᠬᠦᠢ
   
   《 ᠥᠩᠭᠡᠷᠡᠭᠡᠭ᠌ᠰᠡᠨ᠎ᠳᠤ ᠪᠠᠰᠠ ᠮᠠᠰᠢ ᠶᠠᠭᠠᠷᠠᠵᠤ ᠪᠠᠢᠭ᠍ᠰᠠᠨ ᠪᠣᠯᠬᠤᠷ ᠭᠠᠳᠠᠭ᠍ᠰᠢ ᠭᠠᠷᠴᠤ᠌ ᠠᠵᠢᠯ ᠬᠢᠵᠦ᠍ ᠴᠢᠳᠠᠬᠤ ᠦᠭᠡᠢ ᠪᠣᠯ ᠡᠨᠡ ᠵᠢᠯ᠎ᠤᠨ ᠣᠷᠣᠯᠭ᠎ᠠ᠎ᠨᠢ ᠪᠠᠲᠤᠯᠠᠭ᠎ᠠ ᠦᠭᠡᠢ ᠪᠣᠯᠤᠨ᠎ᠠ᠃ 》 ᠣᠢᠷ᠎ᠠ᠎ᠶ᠋ᠢᠨ ᠡᠳᠦᠷ᠂ ᠭᠦᠢᠵᠧᠦ ᠮᠣᠵᠢ᠎ᠶ᠋ᠢᠨ ᠴᠢᠶᠠᠨ ᠰᠢ ᠨᠠᠨ᠎ᠤ ᠪᠦ᠋᠎ᠶ᠋ᠢ ᠦᠨᠳᠦᠰᠦᠲᠡᠨ ᠮᠢᠶᠣᠤ ᠦᠨᠳᠦᠰᠦᠲᠡᠨ᠎ᠤ ᠥᠪᠡᠷᠲᠡᠭᠡᠨ ᠵᠠᠰᠠᠬᠤ ᠵᠧᠦ᠎ᠶ᠋ᠢᠨ ᠵᠧᠨ ᠹᠧᠩ ᠱᠢᠶᠠᠩ᠎ᠤ ᠵᠧ ᠵᠧᠨ ᠱᠢᠶᠠᠩ ᠶᠦᠨ ᠰᠠᠭᠤᠭᠠᠯᠢ ᠲᠣᠭᠤᠷᠢᠭ᠎ᠲᠤ ᠰᠠᠭᠤᠵᠤ ᠪᠠᠢᠭ᠎ᠠ ᠰᠥᠩ ᠹᠧᠢ ᠥᠷᠯᠥᠭᠡ ᠡᠷᠲᠡ ᠪᠣᠰᠴᠤ᠌᠂ ᠥᠷᠯᠥᠭᠡ᠎ᠶ᠋ᠢᠨ ᠬᠤᠭᠤᠯᠠ᠎ᠪᠠᠨ ᠢᠳᠡᠵᠦ᠍ ᠪᠠᠷᠠᠭᠠᠳ᠂ ᠭᠡᠷ᠎ᠤᠨ ᠬᠥᠮᠦᠰ᠎ᠲᠠᠢ᠎ᠪᠠᠨ ᠰᠠᠯᠵᠤ᠂ ᠠᠴᠢᠶ᠎ᠠ᠎ᠪᠠᠨ ᠳᠠᠭᠠᠭᠤᠯᠤᠨ ᠴᠢᠶᠠᠨ ᠪᠠᠷᠠᠭᠤᠨ ᠡᠮᠦᠨ᠎ᠡ ᠵᠧᠦ᠎ᠶ᠋ᠢᠨ ᠱᠢᠨ ᠢ ᠬᠤᠲᠠ᠎ᠶ᠋ᠢᠨ ᠸᠠᠨ ᠹᠧᠩ ᠯᠢᠨ ᠨᠢᠰᠭᠡᠯ᠎ᠤᠨ ᠪᠠᠭᠤᠳᠠᠯ᠎ᠳᠤ ᠣᠴᠢᠬᠤ ᠲᠣᠮᠣ ᠲᠡᠷᠭᠡᠨ᠎ᠳᠤ ᠰᠠᠭᠤᠪᠠ᠃
   
   ᠲᠤᠰ ᠡᠳᠦᠷ᠂ ᠰᠥᠩ ᠹᠧᠢ ᠪᠣᠯᠤᠨ ᠪᠤᠰᠤᠳ 15 4 ᠨᠡᠷᠡᠰ ᠴᠢᠶᠠᠨ ᠰᠢ ᠨᠠᠨ ᠵᠧᠦ᠎ᠶ᠋ᠢᠨ ᠬᠠᠷᠢᠶ᠎ᠠ᠎ᠲᠠᠢ ᠭᠠᠳᠠᠭ᠍ᠰᠢ ᠭᠠᠷᠴᠤ᠌ ᠬᠦᠴᠦ᠍ ᠶᠠᠪᠤᠵᠤ ᠪᠠᠢᠭ᠎ᠠ ᠬᠥᠮᠦᠰ᠎ᠢ ᠲᠡᠭᠡᠭᠡᠭ᠌ᠰᠡᠨ ᠲᠤᠰᠭᠠᠢ ᠨᠢᠰᠭᠡᠯ ᠵᠧᠵᠢᠶᠠᠩ ᠮᠣᠵᠢ᠎ᠶ᠋ᠢᠨ ᠨᠢᠩ ᠪᠦᠸᠧ ᠬᠤᠲᠠ᠎ᠳᠤ ᠨᠢᠰ ᠪᠡ᠃ 《 ᠵᠠᠩᠭᠢᠯᠠᠭ᠎ᠠ᠎ᠶ᠋ᠢᠨ ᠣᠢᠶ᠎ᠠ᠎ᠳᠤ᠂ ᠵᠠᠰᠠᠭ᠎ᠤᠨ ᠣᠷᠳᠣᠨ᠎ᠠᠴᠠ ᠪᠢᠳᠡᠨ᠎ᠳᠤ ᠠᠵᠢᠯ᠎ᠤᠨ ᠪᠠᠢᠷᠢ᠎ᠶ᠋ᠢᠨ ᠮᠡᠳᠡᠭᠡ ᠵᠠᠩᠭᠢ ᠬᠠᠩᠭᠠᠵᠤ ᠥᠭ᠌ᠴᠡᠢ᠂ ᠪᠠᠰᠠ ᠪᠢᠳᠡᠨ᠎ᠳᠤ ᠰᠦᠢᠳᠭᠡᠯ ᠦᠭᠡᠢ᠎ᠪᠠᠷ ᠡᠭᠡᠯᠵᠢ᠎ᠶ᠋ᠢᠨ ᠲᠡᠷᠭᠡ ᠲᠣᠬᠢᠷᠠᠭᠤᠯᠵᠤ᠂ ᠨᠢᠰ ᠭᠡᠯ᠎ᠲᠠᠢ ᠬᠠᠷᠢᠯᠴᠠᠵᠤ᠂ ᠮᠢᠨᠦ᠍ ᠵᠣᠪᠠᠵᠤ ᠪᠠᠢᠭ᠎ᠠ ᠰᠡᠳᠭᠢᠯ᠎ᠢ ᠡᠴᠦᠰ᠎ᠲᠡᠭᠡᠨ ᠣᠷᠬᠢᠯ᠎ᠠ᠃ 》 ᠰᠦᠨ ᠹᠧᠢ ᠬᠡᠯᠡᠬᠦ᠌᠎ᠳᠤ᠃
   
   2020 ᠣᠨ᠎ᠠᠴᠠ ᠨᠡᠰᠢ᠂ ᠱᠢᠨ᠎ᠡ᠎ᠪᠠᠷ ᠪᠠᠢᠭᠤᠯᠤᠭ᠍ᠰᠠᠨ ᠠᠭᠤᠰᠭᠢᠨ᠎ᠤ ᠦᠷᠪᠢᠰᠦᠯ᠎ᠤᠨ ᠬᠢᠵᠢᠭ᠎ᠤᠨ ᠨᠥᠯᠥᠭᠡ᠎ᠠᠴᠠ ᠪᠣᠯᠵᠤ᠂ ᠮᠠᠰᠢ ᠣᠯᠠᠨ ᠭᠠᠳᠠᠭ᠍ᠰᠢ ᠭᠠᠷᠴᠤ᠌ ᠬᠦᠴᠦ᠍ ᠶᠠᠪᠤᠭ᠍ᠰᠠᠳ ᠠᠵᠢᠯ᠎ᠤᠨ ᠭᠠᠵᠠᠷ᠎ᠲᠠᠭᠠᠨ ᠪᠤᠴᠠᠵᠤ ᠠᠵᠢᠯ᠎ᠢᠶᠠᠨ ᠰᠡᠷᠭᠦᠭᠡᠵᠦ᠍ ᠪᠣᠯᠬᠤ ᠦᠭᠡᠢ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠢ ᠨᠢᠭᠡᠳᠦᠯᠲᠡᠢ ᠲᠥᠯᠥᠪᠯᠡᠨ ᠰᠠᠢᠲᠤᠷ ᠬᠢᠬᠦ᠌᠎ᠶ᠋ᠢᠨ ᠲᠥᠯᠥᠭᠡ᠂ ᠭᠦᠢᠵᠧᠦ᠎ᠶ᠋ᠢᠨ ᠪᠠᠷᠠᠭᠤᠨ ᠡᠮᠦᠨ᠎ᠡ ᠬᠡᠰᠡᠭ ᠭᠠᠵᠠᠷ ᠣᠷᠣᠨ 《 ᠭᠠᠳᠠᠭ᠍ᠰᠢ ᠳᠠᠮᠵᠢᠭᠤᠯᠵᠤ ᠳᠣᠲᠣᠷ᠎ᠠ ᠭᠠᠵᠠᠷ ᠥᠷᠭᠡᠳᠭᠡᠬᠦ᠌ 》 ᠠᠷᠭ᠎ᠠ ᠬᠡᠯᠪᠡᠷᠢ᠎ᠶ᠋ᠢ ᠠᠪᠴᠤ᠌᠂ ᠠᠵᠤ ᠠᠬᠤᠢᠯᠠᠯ᠎ᠤᠨ ᠠᠵᠢᠯ᠎ᠢᠶᠠᠨ ᠰᠡᠷᠭᠦᠭᠡᠵᠦ᠍ ᠳᠠᠬᠢᠨ ᠦᠢᠯᠡᠳᠪᠦᠷᠢᠯᠡᠬᠦ᠌ ᠪᠠ ᠬᠦᠴᠦ᠍ ᠶᠠᠪᠤᠵᠤ ᠪᠠᠢᠭ᠎ᠠ ᠬᠥᠮᠦᠰ᠎ᠤᠨ ᠠᠵᠢᠯ᠎ᠤᠨ ᠪᠠᠢᠷᠢ᠎ᠳᠠᠭᠠᠨ ᠪᠤᠴᠠᠵᠤ ᠠᠵᠢᠯ ᠣᠯᠬᠤ᠎ᠶ᠋ᠢ ᠬᠦᠴᠦᠲᠡᠢ ᠠᠬᠢᠭᠤᠯᠪᠠ᠃
   
   ᠸᠠᠢ᠊ _ ᠠ ᠮ᠊ ᠥ ᠱᠢᠶᠠᠨ᠎ᠤ ᠱ᠌ᠢ ᠲᠦᠢᠨ ᠪᠠᠯᠭᠠᠰᠤᠨ᠎ᠤ ᠷᠠᠨ ᠳ᠋ᠣᠣ ᠲᠣᠰᠭᠤᠨ᠎ᠤ ᠶᠠᠳᠠᠭᠤ᠎ᠶ᠋ᠢ ᠲᠡᠳᠬᠦᠬᠦ᠌ ᠨᠠᠷᠢᠯᠢᠭ ᠣᠨᠣᠴᠢ᠎ᠲᠠᠢ ᠡᠷᠦᠬᠡ ᠪᠣᠯᠬᠤ ᠮᠧ ᠠᠢ᠊ _ ᠠ ᠱ᠌ᠢ ᠹ ᠸᠠ᠂ ᠵᠢᠯ ᠲᠤᠷᠰᠢ ᠵᠧ ᠵᠢᠶᠠᠢ᠊ _ ᠠ ᠶᠣ᠌ ᠣ᠎ᠳᠤ ᠪᠠᠷᠢᠯᠭ᠎ᠠ ᠪᠠᠷᠢᠵᠤ ᠪᠠᠢᠵᠠᠢ᠃ ᠲᠡᠷᠡ ᠵᠢᠯ᠎ᠤᠨ ᠡᠬᠢᠨ᠎ᠳᠤ ᠯᠢᠦ ᠶᠣᠣ ᠶᠣ᠌ ᠣ᠎ᠳᠤ ᠬᠠᠷᠢᠵᠤ ᠠᠵᠢᠯ᠎ᠳᠠᠭᠠᠨ ᠭᠠᠷᠬᠤ᠎ᠪᠠᠷ ᠲᠥᠯᠥᠪᠯᠡᠵᠦ᠍ ᠪᠠᠢᠭ᠍ᠰᠠᠨ ᠪᠣᠯᠪᠠᠴᠤ᠌ ᠬᠢᠵᠢᠭ᠎ᠤᠨ ᠪᠠᠢᠳᠠᠯ᠎ᠨᠢ ᠲᠡᠭᠦᠨ᠎ᠤ ᠲᠥᠯᠥᠪᠯᠡᠭᠡ᠎ᠶ᠋ᠢ ᠬᠡᠢ ᠬᠤᠭᠤᠰᠣᠨ ᠪᠣᠯᠭᠠᠵᠠᠢ᠃
   
   2 ᠰᠠᠷ᠎ᠠ᠎ᠶ᠋ᠢᠨ 28 ᠎ᠤ ᠡᠳᠦᠷ᠂ ᠲᠤᠬᠠᠢ᠎ᠶ᠋ᠢᠨ ᠭᠠᠵᠠᠷ᠎ᠤᠨ ᠵᠠᠰᠠᠭ᠎ᠤᠨ ᠤᠷᠳᠣᠠ᠎ᠶ᠋ᠢᠨ ᠠᠵᠢᠯ ᠳ᠋ᠠ ᠣᠠ᠎ᠶ᠋ᠢᠨ ᠨᠢᠬᠡ᠊ _ ᠠ ᠤᠲᠠᠰᠤ᠎ᠪᠠᠷ ᠮᠧ ᠠᠢ᠊ _ ᠠ ᠱ᠌ᠢ ᠹᠡ ᠩ᠊ ᠳᠤ ᠬᠦᠰᠡᠯ ᠡᠷᠡᠮᠡᠯᠵᠡᠯ᠎ᠲᠠᠢ ᠪᠤᠯᠪᠠ᠊ _ ᠊ᠠ᠃ 《 ᠲᠡᠳᠡ ᠨᠠᠳᠠ᠎ᠪᠠᠷ ᠶᠠᠭᠤᠮ᠎ᠠ ᠴᠡᠪᠡᠷ ᠯ᠊ ᠡᠭᠦᠯᠵᠦ᠍᠂ ᠳᠠᠷᠠᠭ᠎ᠠ ᠡᠳᠦᠷ᠎ᠨᠢ ᠸᠠᠩ ᠮᠦ  ᠱᠢᠶᠠᠨ᠎ᠤ ᠠᠶᠠᠨᠴᠢᠳ᠎ᠤᠨ ᠲᠡᠭᠡᠭᠡᠪᠦᠷᠢ᠎ᠶ᠋ᠢᠨ ᠥᠷᠲᠡᠭᠡᠨ᠎ᠳᠤ ᠬᠦᠷᠴᠦ᠍᠂ ᠵᠠᠰᠠᠭ᠎ᠤᠨ ᠣᠷᠳᠣᠨ᠎ᠤ ᠳᠠᠭᠠᠭᠠᠴᠢᠯᠠᠭ᠍ᠰᠠᠨ ᠲᠡᠷᠭᠡᠨ᠎ᠳᠤ ᠰᠠᠭᠤᠵᠤ ᠢᠦ᠋ᠢ ᠶᠣᠣ ᠶᠣ᠌᠎ᠳᠤ ᠠᠵᠢᠯ᠎ᠢᠶᠠᠨ ᠰᠡᠷᠭᠦᠭᠡ ᠪᠡ᠃
   
   ᠳᠠᠷᠠᠭ᠎ᠠ ᠡᠳᠦᠷ᠎ᠤᠨ ᠥᠷᠯᠥᠭᠡ᠎ᠨᠢ᠂ ᠮᠧᠩ ᠱ᠌ᠢ ᠹᠧᠨ ᠤᠷᠢᠳᠴᠢᠯᠠᠨ ᠠᠶᠠᠨᠴᠢᠳ᠎ᠤᠨ ᠲᠡᠭᠡᠭᠡᠪᠦᠷᠢ᠎ᠶ᠋ᠢᠨ ᠥᠷᠲᠡᠭᠡᠨ᠎ᠳᠤ ᠬᠦᠷᠴᠦ᠍᠂ ᠠᠵᠢᠯᠲᠠᠨ᠎ᠤ ᠵᠢᠯᠣᠭᠤᠳᠤᠯᠭ᠎ᠠ ᠳᠣᠣᠷ᠎ᠠ ᠪᠡᠶ᠎ᠡ᠎ᠶ᠋ᠢᠨ ᠬᠢᠷᠢ ᠭᠡᠮ᠎ᠤᠨ ᠭᠡᠷᠡᠴᠢᠯᠡᠯ᠂ ᠪᠡᠶ᠎ᠡ᠎ᠶ᠋ᠢᠨ ᠳᠤᠯᠠᠭᠠᠨ᠎ᠢ ᠬᠡᠮᠵᠢᠬᠦ᠂ ᠠᠮ ᠠᠪᠴᠢ ᠪᠦᠷᠬᠦᠭᠦᠯ ᠵᠡᠷᠭᠡ ᠵᠢᠷᠤᠮ᠎ᠢ ᠪᠡᠶᠡᠯᠡᠭᠦᠯᠵᠦ᠍᠂ ᠤᠷᠤᠭ᠍ᠰᠢᠲᠠᠢ᠎ᠪᠠᠷ ᠲᠡᠷᠭᠡᠨ᠎ᠳᠤ ᠭᠠᠷᠪᠠ᠃ ᠡᠨᠡ ᠦᠶ᠎ᠡ ᠪᠣᠯᠬᠤ᠎ᠳᠤ᠂ ᠲᠡᠷᠡ ᠰᠠᠶᠢ ᠲᠤᠬᠠᠢ᠎ᠶ᠋ᠢᠨ ᠡᠳᠦᠷ ᠪᠠᠰᠠ 3 40 ᠭᠠᠷᠤᠢ ᠬᠥᠮᠦᠨ ᠲᠡᠭᠦᠨ᠎ᠲᠠᠢ ᠬᠠᠮᠲᠤ ᠵᠠᠰᠠᠭ᠎ᠤᠨ ᠣᠷᠳᠣᠨ᠎ᠤ ᠲᠡᠷᠭᠡᠨ᠎ᠳᠤ ᠰᠠᠭᠤᠵᠤ ᠵᠧᠵᠢᠶᠠᠩ᠎ᠤᠨ ᠢᠦ᠋ᠢ ᠶᠣᠣ ᠠᠵᠢᠯ ᠰᠡᠷᠭᠦᠭᠡᠭ᠌ᠰᠡᠨ ᠪᠠᠢᠨ᠎ᠠ ᠭᠡᠳᠡᠭ᠎ᠢ ᠣᠯᠵᠤ ᠮᠡᠳᠡᠵᠡᠢ᠃
   
   ᠸᠠᠩ ᠮᠦ ᠥ ᠱᠢᠶᠠᠩ᠎ᠤ ᠨᠠᠮ᠎ᠤᠨ ᠬᠤᠷᠢᠶᠠᠨ᠎ᠤ ᠱᠦᠵᠢ ᠯᠢ ᠵᠢᠶᠠᠨ ᠱᠢᠶᠦ᠋ᠨ᠎ᠤ ᠲᠠᠨᠢᠯᠴᠠᠭᠤᠯᠤᠭ᠍ᠰᠠᠨ᠎ᠢᠶᠠᠷ᠂ ᠡᠨᠡ ᠵᠢᠯ᠎ᠠᠴᠠ ᠨᠡᠰᠢ᠂ ᠸᠠᠩ ᠮᠦ ᠥ ᠱᠢᠶᠠᠩ ᠵᠣᠬᠢᠶᠠᠨ ᠪᠠᠢᠭᠤᠯᠤᠯᠲᠠ᠎ᠲᠠᠢ᠎ᠪᠠᠷ ᠬᠥᠳᠡᠯᠮᠦᠷᠢ ᠦᠢᠯᠡᠴᠢᠯᠡᠭᠡᠨ᠎ᠤ ᠭᠠᠷᠭ ᠠᠯᠲᠠ᠎ᠲᠠᠢ ᠪᠣᠯᠵᠤ᠂ ᠪᠦᠬᠦ᠌ ᠱᠢᠶᠠᠩ᠎ᠳᠤ ᠨᠡᠢᠲᠡ 48 900 ᠭᠠᠷᠤᠢ ᠬᠥᠮᠦᠨ ᠭᠠᠳᠠᠭ᠍ᠰᠢ ᠭᠠᠷᠴᠤ᠌ ᠬᠦᠴᠦ᠍ ᠶᠠᠪᠤᠭ᠍ᠰᠠᠨ ᠪᠠᠢᠨ᠎ᠠ᠃ 《 ᠪᠢᠳᠡ ᠸᠠᠩ ᠮᠦ  ᠱᠢᠶᠠᠩ᠎ᠤ ᠬᠥᠳᠡᠯᠮᠦᠷᠢ ᠦᠢᠯᠡᠴᠢᠯᠡᠭᠡᠨ᠎ᠤ ᠺᠣᠮᠫᠠᠨᠢ᠎ᠪᠠᠷ ᠳᠠᠮᠵᠢᠭᠤᠯᠤᠨ ᠵᠣᠬᠢᠶᠠᠨ ᠪᠠᠢᠭᠤᠯᠤᠨ ᠨᠢᠭᠡ ᠪᠦᠯᠦᠭ ᠭᠠᠷᠭᠠᠵᠤ᠂ ᠥᠪᠡᠷ᠎ᠢᠶᠠᠨ ᠠᠵᠢᠯ᠎ᠤᠨ ᠪᠠᠢᠷᠢ᠎ᠳᠠᠭᠠᠨ ᠪᠤᠴᠠᠭ᠍ᠰᠠᠨ ᠭᠠᠳᠠᠭ᠍ᠰᠢ ᠭᠠᠷᠴᠤ᠌ ᠬᠦᠴᠦ᠍ ᠶᠠᠪᠤᠵᠤ ᠪᠠᠢᠭ᠎ᠠ ᠠᠵᠢᠯᠲᠠᠳ᠎ᠲᠤ ᠨᠡᠪᠲᠡᠷᠡᠯᠴᠡᠭᠡ᠂ ᠦᠢᠯᠡᠴᠢᠯᠡᠭᠡ ᠪᠠ ᠪᠠᠲᠤᠯᠠᠭ᠎ᠠ᠎ᠶ᠋ᠢᠨ ᠠᠵᠢᠯ᠎ᠢ ᠰᠠᠢᠲᠤᠷ ᠬᠢᠬᠦ᠌ ᠬᠡᠷᠡᠭ᠌ᠲᠡᠢ 》᠃ ᠲᠡᠷᠡ ᠬᠡᠯᠡᠪᠡ᠃
   
   ᠲᠠᠷᠬᠡ᠊ _ ᠠ ᠳᠠᠭᠠᠭᠠᠴᠢᠯᠠᠬᠤ ᠪᠠ᠊ _ ᠠ ᠨᠢᠰᠭᠡᠯ ᠳᠠᠭᠠᠭᠠᠴᠢᠯ ᠠᠬᠤ᠎ᠠᠴᠠ ᠭᠠᠳᠠᠨ᠎ᠠ᠂ ᠴᠢᠶᠠᠨ ᠱ᠌ᠢ ᠨᠠᠨ ᠵᠧᠦ ᠪᠠᠰᠠ ᠲᠣᠰᠣᠨ᠎ᠤ ᠰᠦᠢᠳᠭᠡᠯ᠎ᠳᠤ ᠨᠥᠬᠦᠪᠥᠷᠢ ᠥᠭ᠌ᠬᠦ ᠠᠷᠭ᠎ᠠ ᠮᠠᠶᠢ ᠬ᠊ ᠢᠶᠠᠷ ᠳᠠᠮᠵᠢᠭᠤᠯᠤᠨ᠂ ᠭᠠᠳᠠᠭ᠍ᠰᠢ ᠭᠠᠷᠴᠤ᠌ ᠬᠥᠯᠥᠰᠥᠨ ᠠᠵᠢᠯᠴᠢᠳ᠎ᠢ ᠵᠣᠬᠢᠶᠠᠨ ᠪᠠᠢᠭᠤᠯᠵᠤ ᠲᠥᠪᠯᠡᠷᠡ ᠩᠭᠦᠢ᠎ᠪᠠᠷ ᠥᠪᠡᠷ᠎ᠢᠶᠠᠨ ᠵᠢᠯᠣᠭᠤᠳᠴᠤ᠌ ᠠᠵᠢᠯ᠎ᠤᠨ ᠪᠠᠢᠷᠢ᠎ᠳᠤ ᠪᠤᠴᠠᠵᠤ ᠪᠠᠢᠵᠠᠢ᠃ 2 ᠰᠠᠷ᠎ᠠ᠎ᠶ᠋ᠢᠨ 24 ᠎ᠤ ᠡᠳᠦᠷ᠂ ᠠᠨ ᠯᠦᠩ ᠱᠢᠶᠠᠨ ᠨᠡᠢᠲᠡ 24 00 ᠨᠡᠷᠡᠰ ᠭᠠᠳᠠᠭ᠍ᠰᠢ ᠭᠠᠷᠴᠤ᠌ ᠬᠦᠴᠦ᠍ ᠶᠠᠪᠤᠬᠤ ᠠᠵᠢᠯᠲᠠᠨ᠎ᠢ ᠵᠣᠬᠢᠶᠠᠨ ᠪᠠᠢᠭᠤᠯᠵᠤ᠂ ᠠᠵᠢᠯ᠎ᠤᠨ ᠪᠠᠢᠷᠢ᠎ᠳᠠᠭᠠᠨ ᠪᠤᠴᠠᠬᠤ 1000 ᠭᠠᠷᠤᠢ ᠳᠤᠭᠤᠢ ᠲᠡᠷᠭᠡᠨ᠎ᠳᠤ ᠰᠠᠭᠤᠵᠤ ᠵᠧᠵᠢᠶᠠᠩ ᠪᠣᠯᠤᠨ ᠶᠦᠨᠨᠠᠨ ᠵᠡᠷᠭᠡ ᠭᠠᠵᠠᠷ ᠣᠷᠣᠨ᠎ᠳᠤ ᠠᠵᠢᠯ ᠰᠡᠷᠭᠦᠭᠡᠭ᠌ᠰᠡᠨ ᠪᠠᠢᠨ᠎ᠠ᠃ ᠡᠨᠡ ᠪᠣᠯ ᠮᠠᠨ᠎ᠤ ᠪᠠᠯᠭᠠᠰᠤᠨ᠎ᠤ ᠬᠠᠮᠤᠭ ᠰᠡᠭᠦᠯᠴᠢ᠎ᠶ᠋ᠢᠨ ᠨᠢᠭᠡ ᠪᠦᠯᠦᠭ ᠥᠪᠡᠷ᠎ᠢᠶᠠᠨ ᠲᠡᠷᠭᠡ ᠵᠢᠯᠣᠭᠤᠳᠴᠤ᠌ ᠠᠵᠢᠯ᠎ᠤᠨ ᠪᠠᠢᠷᠢ᠎ᠳᠠᠭᠠᠨ ᠪᠤᠴᠠᠭ᠍ᠰᠠᠨ ᠬᠥᠯᠥᠰᠥᠨ ᠠᠵᠢᠯᠴᠢᠨ ᠪᠣᠯᠤᠨ᠎ᠠ᠃ ᠠᠨ ᠯᠦᠩ ᠱᠢᠶᠠᠨ᠎ᠤ ᠬᠠᠢ ᠽᠢ ᠪᠠᠯᠭᠠᠰᠤᠨ᠎ᠤ ᠳᠠᠷᠤᠭ᠎ᠠ ᠵᠢᠶᠠᠨ ᠰᠢ ᠬᠤᠸᠠ ᠰᠤᠷᠪᠤᠯᠵᠢᠯᠠᠭ᠍ᠴᠢ᠎ᠳᠤ᠂ ᠬᠠᠢ ᠽᠢ ᠪᠠᠯᠭᠠᠰᠤᠨ᠎ᠤ ᠲᠤᠰ ᠡᠳᠦᠷ ᠨᠡᠢᠲᠡ 18 6 ᠬᠥᠯᠥᠰᠥᠨ ᠠᠵᠢᠯᠴᠢᠨ ᠥᠪᠡᠷ᠎ᠲᠡᠭᠡᠨ ᠲᠡᠷᠭᠡ ᠵᠢᠯᠣᠭᠤᠳᠤᠨ ᠠᠵᠢᠯ᠎ᠤᠨ ᠪᠠᠢᠷᠢ᠎ᠳᠠᠭᠠᠨ ᠪᠤᠴᠠᠵᠤ ᠢᠷᠡᠵᠡᠢ᠃
   
   《ᠬᠡᠷᠪᠡ ᠵᠠᠰᠠᠭ᠎ᠤᠨ ᠣᠷᠳᠣᠨ ᠵᠣᠬᠢᠶᠠᠨ ᠪᠠᠢᠭᠤᠯᠬᠤ ᠦᠭᠡᠢ ᠪᠣᠯ ᠪᠢᠳᠡ ᠪᠠᠰᠠ ᠶᠠᠭᠠᠬᠢᠬᠤ᠎ᠪᠠᠨ ᠮᠡᠳᠡᠬᠦ᠌ ᠦᠭᠡᠢ᠂ ᠪᠠᠰᠠ ᠭᠠᠳᠠᠭ᠍ᠰᠢ ᠭᠠᠷᠴᠤ᠌ ᠴᠢᠳᠠᠬᠤ ᠦᠭᠡᠢ᠂ ᠣᠨᠴᠠᠭᠠᠢ ᠰᠠᠨᠳᠤᠷᠴᠤ᠌ ᠪᠠᠢᠨ᠎ᠠ᠃ ᠭᠣ᠌ ᠸᠠᠩ ᠳᠦ᠍ᠩ ᠮᠣᠵᠢ᠎ᠶ᠋ᠢᠨ ᠵᠦᠩ ᠱᠠᠨ ᠬᠤᠲᠠ᠎ᠳᠤ ᠠᠵᠢᠯᠯᠠᠵᠤ ᠪᠠᠢᠭ᠍ᠰᠠᠨ ᠯᠦᠸᠧ ᠪᠠᠩ ᠠᠢ ᠰᠤᠷᠪᠤᠯᠵᠢᠯᠠᠭ᠍ᠴᠢ᠎ᠳᠤ ᠬᠡᠯᠡᠬᠦ᠌᠎ᠳᠡᠭᠡᠨ᠂ 《ᠵᠠᠰᠠᠭ᠎ᠤᠨ ᠣᠷᠳᠣᠨ ᠪᠢᠳᠡᠨ᠎ᠢ ᠵᠣᠬᠢᠶᠠᠨ ᠪᠠᠢᠭᠤᠯᠵᠤ ᠤᠷᠤᠭ᠍ᠰᠢᠲᠠᠢ᠎ᠪᠠᠷ ᠠᠵᠢᠯ᠎ᠤᠨ ᠪᠠᠢᠷᠢ᠎ᠳᠠᠭᠠᠨ ᠪᠤᠴᠠᠵᠤ ᠢᠷᠡᠭᠡᠳ᠂ ᠰᠡᠳᠭᠢᠯ ᠳᠣᠲᠣᠷ᠎ᠠ᠎ᠪᠠᠨ ᠲᠣᠩ ᠯᠠᠪᠳᠠᠭᠤᠨ ᠲᠣᠭ᠍ᠲᠠᠭᠤᠨ ᠪᠠᠢᠨ᠎ᠠ》 ᠭᠡᠵᠡᠢ᠃
   
   《ᠪᠢᠳᠡ ᠭᠠᠳᠠᠭ᠍ᠰᠢ ᠭᠠᠷᠴᠤ᠌ ᠬᠦᠴᠦ᠍ ᠶᠠᠪᠤᠭ᠍ᠰᠠᠳ ᠠᠵᠢᠯ᠎ᠤᠨ ᠪᠠᠢᠷᠢ᠎ᠳᠠᠭᠠᠨ ᠪᠤᠴᠠᠵᠤ ᠠᠵᠢᠯ ᠣᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠣᠳᠣᠬᠠᠨ᠎ᠳᠤ ᠱᠢᠭᠤᠳ ᠲᠡᠷᠭᠡ ᠨᠡᠪᠲᠡᠷᠡᠬᠦ᠂ ᠥᠪᠡᠷ᠎ᠢᠶᠠᠨ ᠲᠡᠷᠭᠡ ᠵᠢᠯᠣᠭᠤᠳᠭᠤ᠂ ᠨᠢᠰᠭᠡᠯ ᠳᠠᠭᠠᠭᠠᠴᠢᠯᠠᠬᠤ ᠵᠢᠴᠢ ᠲᠤᠰᠭᠠᠢ ᠭᠠᠯᠲᠤ ᠲᠡᠷᠭᠡ ᠳᠠᠭᠠᠭᠠᠴᠢᠯᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠡᠮᠬᠢ ᠵᠢᠷᠤᠮ᠎ᠲᠠᠢ᠂ ᠠᠶᠤᠯᠭᠦᠢ᠂ ᠡᠷᠡᠭᠦᠯ ᠮᠡᠨᠳᠦ᠎ᠪᠠᠷ ᠬᠥᠳᠡᠯᠮᠦᠷᠢ ᠦᠢᠯᠡᠴᠢᠯᠡᠭᠡᠨ᠎ᠤ ᠭᠠᠷᠭ ᠠᠯᠭ᠎ᠠ᠎ᠶ᠋ᠢ ᠵᠣᠬᠢᠶᠠᠨ ᠪᠠᠢᠭᠤᠯᠵᠤ ᠪᠠᠢᠨ᠎ᠠ᠃ 》 ᠭᠦᠢᠵᠧᠦ᠎ᠶ᠋ᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠢᠭᠡᠮ᠎ᠤᠨ ᠪᠠᠲᠤᠯᠠᠭ᠎ᠠ᠎ᠶ᠋ᠢᠨ ᠲᠣᠪᠴᠢᠶᠠᠨ᠎ᠤ ᠳᠠᠷᠤᠭ᠎ᠠ ᠸᠠᠩ ᠵᠢᠶᠦ᠋ᠨ ᠲᠠᠨᠢᠯᠴᠠᠭᠤᠯᠤᠭ᠍ᠰᠠᠨ᠎ᠨᠢ᠂ 3 ᠰᠠᠷ᠎ᠠ᠎ᠶ᠋ᠢᠨ 9 ᠎ᠤ ᠡᠳᠦᠷ ᠪᠣᠯᠲᠠᠯ᠎ᠠ᠂ ᠴᠢᠶᠠᠨ ᠰᠢ ᠡᠨᠡ ᠵᠧᠦ ᠨᠡᠢᠲᠡ ᠲᠡᠷᠭᠡ ᠳᠠᠭᠠᠭᠠᠴᠢᠯᠠᠬᠤ᠂ ᠨᠢᠰᠭᠡᠯ ᠳᠠᠭᠠᠭᠠᠴᠢᠯᠠᠬᠤ᠂ ᠲᠤᠰᠭᠠᠢ ᠭᠠᠯᠲᠤ ᠲᠡᠷᠭᠡ ᠳᠠᠭᠠᠭᠠᠴᠢᠯᠠᠬᠤ᠂ ᠥᠪᠡᠷ᠎ᠢᠶᠠᠨ ᠲᠡᠷᠭᠡ ᠵᠢᠯᠣᠭᠤᠳᠭᠤ ᠵᠡᠷᠭᠡ ᠬᠡᠯᠪᠡᠷᠢ᠎ᠪᠠᠷ 35 . 13 ᠲᠦᠮᠡᠨ ᠬᠥᠮᠦᠨ᠎ᠢ ᠬᠦᠷᠭᠡᠵᠦ᠍ ᠠᠵᠢᠯ᠎ᠤᠨ ᠪᠠᠢᠷᠢ᠎ᠳᠤ ᠭᠠᠷᠭᠠᠵᠠᠢ᠃ ( ᠪᠠᠷᠠᠵᠠᠢ )
   
   

ᠣᠷᠴᠢᠭᠤᠯᠤᠭ᠍ᠴᠢ᠄
ᠨᠠᠢᠷᠠᠭᠤᠯᠤᠭ᠍ᠴᠢ᠄ 测试主任
融媒体平台
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号