ᠲᠠᠯ᠎ᠠ ᠨᠤᠳᠤᠭ᠎ᠤᠨ ᠰᠤᠶᠤᠯ᠎ᠤᠨ ᠨᠠᠢᠷ᠎ᠤᠨ ᠡᠯ ᠷᠧᠨ᠎ᠲᠠᠢ ᠵᠦᠴᠦᠭᠡ᠎ᠶ᠋ᠢᠨ ᠦᠳᠡᠱᠢᠯᠡᠭᠡ ᠬᠦᠬᠡᠬᠤᠳᠠ᠎ᠳᠤ ᠶᠠᠪᠤᠭ᠍ᠳᠠᠯ᠎ᠠ
2020-08-26 11:09:40
ᠵᠣᠬᠢᠶᠠᠭ᠍ᠴᠢ᠄
ᠪᠤᠤ ᠰᠠᠷᠠᠭᠤᠯ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 23 ᠎ᠤ ᠤᠷᠤᠢ᠂ ᠠᠷᠪᠠᠨ ᠳᠤᠯᠤᠳᠤᠭᠠᠷ ᠬᠤᠭᠤᠴᠠᠭᠠᠨ᠎ᠤ ᠳᠤᠮᠳᠠᠳᠤ ᠤᠯᠤᠰ · ᠦᠪᠦᠷ ᠮᠤᠩᠭᠤᠯ᠎ᠤᠨ ᠳᠠᠯ᠎ᠠ ᠨᠤᠳᠤᠭ᠎ᠤᠨ ᠰᠤᠶᠤᠯ᠎ᠤᠨ ᠨᠠᠢᠷ᠎ᠤᠨ ᠡᠯ ᠷᠧᠨ᠎ᠲᠠᠢ ᠵᠦᠴᠦᠬᠡ᠎ᠶ᠋ᠢᠨ ᠦᠳᠡᠱᠢᠯᠡᠭᠡ ᠬᠦᠬᠡᠬᠤᠳᠠ᠎ᠶ᠋ᠢᠨ ᠷᠦ᠋ ᠢ ᠠᠭᠤᠳᠠᠮ ᠳᠠᠯᠠᠪᠠᠢ᠎ᠳᠤ     ᠶᠠᠪᠤᠭ᠍ᠳᠠᠯ᠎ᠠ᠃

ᠳᠠᠭᠤᠤ ᠬᠦᠭ᠌ᠵᠢᠮ᠎ᠤᠨ ᠬᠦᠦᠷᠨᠢᠯ 《ᠹᠠᠩ ᠲᠦᠷᠪᠡᠳᠦᠭᠡᠷ ᠡᠭᠡᠴᠢ》᠂ 《ᠳᠤᠳᠤᠭᠠᠳᠤ ᠤᠷᠤᠨ᠎ᠳᠠᠭᠠᠨ ᠪᠤᠴᠠᠬᠤ》᠂ 《ᠱᠢᠷ᠎ᠠ ᠬᠦᠷᠦᠰᠦᠳᠦ ᠳᠠᠭᠤᠯᠠᠯ》 ᠎ᠤᠨ ᠬᠡᠰᠡᠭ᠌ᠯᠡᠯ ᠬᠡᠬᠦ᠌ ᠮᠡᠳᠦ᠎ᠪᠠᠷ᠂ ᠲᠤᠰ ᠦᠳᠡᠱᠢᠯᠡᠭᠡ᠎ᠨᠢ ᠳᠠᠭᠤᠤ ᠬᠦᠭ᠌ᠵᠢᠮ᠂ ᠤᠯᠠᠮᠵᠢᠯᠠᠯᠳᠤ ᠰᠢ ᠵᠦᠴᠦᠭᠡ ᠬᠢᠬᠡᠳ ᠤᠳᠤ ᠦᠶ᠎ᠡ᠎ᠶ᠋ᠢᠨ ᠰᠢ ᠵᠦᠴᠦᠭᠡ ᠵᠡᠷᠭᠡ ᠤᠯᠠᠨ ᠬᠡᠯᠪᠡᠷᠢ᠎ᠪᠠᠷ 9 ᠪᠦᠳᠦᠭᠡᠯ᠎ᠢ ᠳᠤᠭ᠍ᠯᠠᠨ ᠦᠵᠡᠭᠦᠯᠪᠡ᠃ ᠡᠳᠡᠭᠡᠷ ᠪᠦᠳᠦᠭᠡᠯ᠎ᠨᠢ ᠴᠦᠮ ᠤᠯᠠᠭᠠᠨᠴᠠᠪ ᠬᠤᠳᠠ᠎ᠶ᠋ᠢᠨ ᠦᠨᠳᠦᠰᠦᠲᠡᠨ᠎ᠤ ᠤᠷᠠᠯᠢᠭ ᠵᠦᠴᠦᠭᠡ᠎ᠶ᠋ᠢᠨ ᠬᠦᠷᠢᠶᠡᠯᠡᠩ᠎ᠤᠨ ᠵᠡᠭᠦᠨ ᠵᠠᠮ᠎ᠤᠨ ᠡᠯ ᠷᠧᠨ᠎ᠲᠠᠢ ᠤᠷᠠᠯᠢᠭ᠎ᠤᠨ ᠪᠦᠯᠬᠦᠮ᠎ᠤᠨ ᠠᠶ᠎ᠠ ᠵᠤᠬᠢᠶᠠᠭ᠍ᠴᠢ ᠸᠠᠩ ᡁᠢ ᠵᠢᠶᠦ᠋ᠨ᠎ᠤ ᠪᠦᠳᠦᠭᠡᠯ ᠪᠤᠯᠬᠤ ᠶᠤᠮ᠃

ᠤᠢ᠍ᠢᠯᠠᠭᠠᠭ᠍ᠰᠠᠨ᠎ᠢᠶᠠᠷ᠂ ᠵᠡᠭᠦᠨ ᠵᠠᠮ᠎ᠤᠨ ᠡᠯ ᠷᠧᠨ᠎ᠲᠠᠢ ᠪᠤᠯ ᠤᠷᠳᠤ ᠤᠳᠠᠭᠠᠨ ᠳᠡᠦᠭᠡ᠎ᠲᠠᠢ ᠤᠯᠠᠮᠵᠢᠯᠠᠯᠳᠤ ᠰᠢ ᠵᠦᠴᠦᠭᠡ᠎ᠶ᠋ᠢᠨ ᠲᠦᠷᠦᠯ ᠵᠦᠢᠯ᠎ᠳᠤ ᠪᠠᠭ᠍ᠳᠠᠵᠤ᠂ 2011 ᠤᠨ᠎ᠳᠤ ᠤᠯᠤᠰ᠎ᠤᠨ ᠳᠡᠰ᠎ᠤᠨ ᠪᠤᠳᠠᠰ᠎ᠤᠨ ᠪᠤᠰᠤ ᠰᠤᠶᠤᠯ᠎ᠤᠨ ᠦᠪ᠎ᠲᠤ ᠵᠢᠭ᠍ᠰᠠᠭᠠᠭ᠍ᠳᠠᠵᠤ᠂ ᠭᠤᠤᠯᠳᠠᠭᠤ ᠤᠯᠠᠭᠠᠨᠴᠠᠪ ᠬᠤᠳᠠ᠎ᠳᠤ ᠳᠠᠷᠬᠠᠵᠤ᠂ ᠬᠦᠬᠡᠬᠤᠳᠠ᠎ᠠᠴᠠ ᠪᠠᠷᠠᠭᠤᠰᠢ᠎ᠶ᠋ᠢᠨ᠎ᠬᠢ ᠡᠯ ᠷᠧᠨ᠎ᠲᠠᠢ ᠵᠦᠴᠦᠬᠡ᠎ᠠᠴᠠ ᠤᠨᠴᠠᠯᠢᠭ᠍ᠳᠠᠳᠠᠭ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号