ᠲᠢᠪ ᠳᠡᠯᠡᠭᠡᠢ᠎ᠶ᠋ᠢᠨ ᠵᠠᠩᠭᠢ ᠳᠤᠯᠬᠢᠶᠠᠨ ᠬᠦᠯᠭᠡᠯᠡᠨ ᠮᠠᠯᠴᠢᠳ᠎ᠤᠨ ᠪᠠᠭᠤᠴᠠᠨ᠎ᠳᠤ ᠰᠠᠭᠠᠲᠠᠨ᠎ᠠ
2020-08-30 11:40:33
ᠵᠣᠬᠢᠶᠠᠭ᠍ᠴᠢ᠄
ᠪᠢᠯᠢᠭ᠌ᠪᠡᠭᠠᠲᠤᠷ
ᠣᠩᠱᠢᠭ᠍ᠰᠠᠨ ᠣᠳᠠᠭ᠎ᠠ᠄
★★★☆☆

ᠨᠠᠮᠤᠷ᠎ᠤᠨ ᠰᠡᠷᠢᠭᠦᠦ ᠤᠷᠤᠵᠤ ᠨᠠᠪᠴᠢ ᠨᠤᠭᠤᠭ᠎ᠠ ᠱᠢᠷᠠᠯᠠᠭᠠᠳ ᠮᠠᠯᠴᠢᠳ ᠬᠠᠳᠤᠯᠠᠩ᠎ᠤᠨ ᠠᠵᠢᠯ᠎ᠳᠠᠭᠠᠨ ᠮᠤᠩᠭᠠᠨᠢᠯᠳᠤᠨ᠎ᠠ᠃ ᠠᠯᠢ ᠬᠡᠵᠢᠶᠡᠨ ᠎ᠠᠴᠠ ᠬᠠᠳᠤᠯᠠᠩ᠎ᠤᠨ ᠪᠡᠯᠡᠳᠭᠡᠯ ᠠᠵᠢᠯ᠎ᠢᠶᠠᠨ ᠠᠮᠵᠢᠭᠤᠯᠵᠤ ᠲᠠᠭᠤᠰᠤᠭ᠍ᠰᠠᠨ ᠱᠢᠯᠢ ᠎ᠶ᠋ᠢᠨ ᠭᠤᠤᠯ ᠠᠢᠮᠠᠭ᠎ᠤᠨ ᠰᠦᠨᠢᠳ ᠵᠡᠭᠦᠨ ᠬᠤᠱᠢᠭᠤᠨ᠎ᠤ ᠮᠠᠨᠳᠠᠯᠳᠤ ᠪᠠᠯᠭᠠᠰᠤᠨ᠎ᠤ ᠰᠠᠷᠠᠭᠤᠯᠳᠠᠯ᠎ᠠ ᠭᠠᠴᠠᠭᠠᠨ᠎ᠤ ᠮᠠᠯᠴᠢᠨ ᠰᠤᠶᠤᠯᠳᠤ ᠤᠶᠤᠨᠴᠢ ᠭᠠᠷ ᠤᠳᠠᠰᠤ᠎ᠪᠠᠨ ᠲᠤᠶᠢᠮᠠᠭ᠍ᠴᠠ ᠬᠤᠱᠢᠭᠤᠨ ᠲᠦᠪ᠎ᠲᠤ ᠪᠠᠢᠳᠠᠭ ᠬᠦᠤ᠎ᠳᠡᠭᠡᠨ ᠵᠢᠷᠤᠭ᠍ᠳᠤ ᠤᠲᠠᠰᠤ ᠠᠪᠤᠯ᠎ᠠ᠃

— ᠬᠦᠤ ᠮᠢᠨᠢ᠂ ᠡᠨᠡ ᠬᠤᠶᠠᠷ ᠬᠤᠨᠤᠭ ᠬᠠᠷᠢᠵᠤ ᠢᠷᠡᠬᠦ᠌ ᠤᠤ? ᠬᠠᠳᠤᠯᠠᠩ᠎ᠤᠨ ᠠᠵᠢᠯ ᠴᠤ᠌ ᠲᠦᠬᠦᠯ᠎ᠡ ᠱᠢᠤ᠃

— ᠲᠡᠭᠡᠶ᠎ᠡ ᠠᠪᠤ ᠡ᠂ ᠭᠠᠷ ᠦᠵᠦᠭᠦᠷ᠎ᠤᠨ ᠶᠠᠭᠠᠷᠠᠤ ᠠᠵᠢᠯ᠎ᠢᠶᠠᠨ ᠠᠮᠵᠢᠭᠤᠯᠴᠢᠬᠠᠭᠠᠳ ᠬᠤᠷᠳᠤᠬᠠᠨ ᠬᠠᠷᠢᠬᠤ᠎ᠶ᠋ᠢ ᠪᠤᠳᠤᠶ᠎ᠠ ᠭᠡᠬᠦ᠌ ᠠᠪᠤ ᠬᠦᠦ ᠬᠤᠶᠠᠷ᠎ᠤᠨ ᠨᠢᠭᠤᠷ ᠨᠢᠭᠤᠷ᠎ᠢᠶᠠᠨ ᠬᠠᠷᠠᠵᠤ ᠶᠠᠷᠢᠭ᠍ᠰᠠᠨ ᠶᠠᠷᠢᠶ᠎ᠠ ᠦᠷᠭᠦᠯᠵᠢᠯᠡᠵᠦ᠍ ᠪᠠᠢᠯ᠎ᠠ᠃

ᠡᠨᠡ᠎ᠨᠢ ᠬᠤᠳᠠ ᠭᠠᠵᠠᠷ᠎ᠤᠨ ᠬᠦᠮᠦᠨ᠎ᠳᠤ ᠠᠪᠴᠤ᠌ ᠬᠡᠯᠡᠪᠡᠯ ᠡᠪ ᠡᠩ᠎ᠤᠨ ᠤᠴᠢᠷ ᠱᠢᠬ ᠪᠤᠯᠪᠠᠴᠤ᠌ ᠦᠡᠭ᠌ᠭᠡᠷᠡᠭ᠌ᠰᠡᠨ᠎ᠳᠤ ᠰᠤᠶᠤᠯᠳᠤ᠎ᠶ᠋ᠢᠨ᠎ᠬᠢᠨ᠎ᠳᠤ ᠠᠪᠴᠤ᠌ ᠬᠡᠯᠡᠪᠡᠯ ᠦᠨᠡᠭᠡᠷ ᠬᠦᠴᠢᠷ ᠲᠦᠪᠡᠭ᠌ᠳᠡᠢ ᠠᠰᠠᠭᠤᠳᠠᠯ ᠪᠠᠢᠭ᠍ᠰᠠᠨ ᠶᠤᠮ᠃ ᠤᠴᠢᠷ ᠎ᠨᠢ ᠰᠠᠷᠠᠭᠤᠯᠳᠠᠯ᠎ᠠ ᠭᠠᠴᠠᠭ᠎ᠠ ᠪᠤᠯ ᠰᠦᠯᠵᠢᠶ᠎ᠡ ᠲᠤᠬᠢᠶᠠᠨ᠎ᠤ ᠪᠦᠷᠬᠦᠴᠡ ᠰᠤᠯᠠ ᠭᠠᠵᠠᠷ ᠤᠷᠤᠨ᠎ᠳᠤ ᠤᠷᠤᠱᠢᠵᠤ ᠪᠠᠢᠳᠠᠬ ᠪᠤᠯᠬᠤᠷ ᠦᠡᠭ᠌ᠭᠡᠷᠡᠭ᠌ᠰᠡᠨ᠎ᠳᠤ ᠵᠢᠷᠤᠭ᠍ᠳᠤ ᠤᠲᠠᠰᠤ ᠠᠪᠬᠤ᠎ᠶ᠋ᠢ ᠪᠤᠤ ᠬᠡᠯᠡ᠂ ᠤᠳᠠᠰᠤ ᠠᠪᠬᠤ᠎ᠳᠤ ᠴᠤ᠌ ᠬᠦᠴᠢᠷ ᠪᠠᠢᠵᠤ᠂ ᠤᠯᠠᠨ ᠨᠡᠢᠳᠡ᠎ᠶ᠋ᠢᠨ ᠦᠢᠯᠡᠴᠢᠯᠡᠭᠡᠨ᠎ᠤ ᠵᠠᠷᠢᠮ ᠠᠰᠠᠭᠤᠳᠠᠯ᠎ᠨᠢ ᠱᠢᠯᠢ ᠎ᠶ᠋ᠢᠨ ᠭᠤᠤᠯ᠎ᠤᠨ ᠵᠠᠷᠢᠮ ᠬᠢᠯᠢ ᠬᠢᠵᠠᠭᠠᠷ ᠤᠷᠤᠨ᠎ᠤ ᠪᠠᠰᠠ ᠨᠢᠭᠡᠨ ᠬᠦᠴᠢᠷ ᠠᠰᠠᠭᠤᠳᠠᠯ᠎ᠤᠨ ᠨᠢᠭᠡ ᠪᠠᠢᠵᠠᠢ᠃

ᠤᠢ᠍ᠢᠷ᠎ᠠ᠎ᠶ᠋ᠢᠨ ᠵᠢᠯ᠎ᠠᠴᠠ ᠨᠠᠭᠠᠰᠢ᠂ ᠱᠢᠯᠢ᠎ᠶ᠋ᠢᠨ ᠭᠤᠤᠯ ᠠᠢᠮᠠᠭ ᠰᠥᠨᠢᠳ ᠵᠡᠭᠦᠨ ᠬᠤᠱᠢᠭᠤ᠎ᠪᠠᠷ ᠲᠤᠷᠱᠢᠯᠲᠠ᠎ᠶ᠋ᠢᠨ ᠴᠡᠭ ᠪᠤᠯᠭᠠᠵᠤ᠂ ᠪᠦᠬᠦ᠌ ᠠᠢᠮᠠᠭ᠎ᠲᠤ ᠬᠠᠮᠤᠭ ᠤᠷᠢᠳ᠎ᠢᠶᠠᠷ ᠮᠠᠯᠵᠢᠬᠤ ᠣᠷᠣᠨ᠎ᠤ ᠤᠳᠠᠰᠤ᠎ᠲᠠᠢ ᠪᠤᠯᠤᠨ ᠤᠲᠠᠰᠤ ᠦᠭᠡᠶ ᠨᠢᠭᠡᠳᠭᠡᠭ᠌ᠰᠡᠨ ᠲᠤᠤᠷᠵᠢᠯ᠎ᠢ ᠪᠦᠷᠬᠦᠭᠦᠯᠬᠦ᠌ ᠲᠤᠷᠱᠢᠯᠲᠠ᠎ᠶ᠋ᠢᠨ ᠴᠡᠭ᠎ᠤᠨ ᠢᠨᠵᠧᠨᠧᠷᠢᠩ᠎ᠢ ᠬᠡᠷᠡᠭ᠌ᠵᠢᠭᠦᠯᠵᠦ᠍᠂ ᠷᠠᠳᠢᠣ᠋ ᠲᠧᠯᠸᠢᠰ᠎ᠤᠨ ᠲᠣᠤᠷ ᠰᠦᠯᠵᠢᠶ᠎ᠡ᠎ᠶ᠋ᠢ ᠬᠢᠯᠢ ᠬᠢᠵᠠᠭᠠᠷ᠎ᠤᠨ ᠮᠠᠯᠵᠢᠬᠤ ᠲᠠᠷᠢᠶᠠᠯᠠᠬᠤ ᠣᠷᠣᠨ᠎ᠳᠤ ᠬᠦᠷᠭᠡᠵᠦ᠍᠂ ᠮᠠᠯᠴᠢᠨ ᠰᠤᠶᠤᠯᠳᠤ᠎ᠶ᠋ᠢᠨ᠎ᠬᠢᠨ ᠱᠢᠬ ᠰᠦᠯᠵᠢᠶ᠎ᠡ ᠲᠤᠬᠢᠶ᠎ᠠ ᠪᠠᠷᠤᠭ᠍ᠳᠠᠢ ᠪᠠᠢᠳᠠᠭ ᠬᠢᠯᠢ ᠬᠢᠵᠠᠭᠠᠷ᠎ᠤᠨ ᠮᠠᠯᠴᠢᠨ ᠡᠷᠦᠬᠡ᠎ᠳᠤ 70 ᠭᠠᠷᠤᠢ ᠲᠧᠯᠸᠢᠰ ᠫᠷᠤᠭ᠌ᠷᠠᠮ ᠨᠡᠮᠡᠭ᠌ᠳᠡᠭᠦᠯᠵᠦ᠍᠂ ᠡᠭᠦᠪᠡᠷ ᠲᠠᠮᠵᠢᠭᠤᠯᠤᠨ ᠮᠠᠯᠴᠢᠳ᠎ᠤᠨ ᠨᠠᠮ ᠵᠠᠰᠠᠭ᠎ᠤᠨ ᠲᠥᠷᠥ᠎ᠶ᠋ᠢᠨ ᠪᠣᠳᠣᠯᠭ᠎ᠠ᠎ᠶ᠋ᠢ ᠴᠠᠭ ᠲᠤᠬᠠᠶ᠎ᠳᠤᠨᠢ ᠬᠦᠯᠢᠶᠡᠨ ᠠᠪᠬᠤ᠂ ᠮᠡᠳᠡᠭᠡ ᠵᠠᠩᠭᠢ᠎ᠶ᠋ᠢ ᠠᠰᠠᠭᠤᠨ ᠯᠠᠪᠯᠠᠬᠤ᠂ ᠬᠠᠤᠯᠢ ᠴᠠᠭᠠᠵᠠ᠎ᠶ᠋ᠢᠨ ᠦᠢᠯᠡᠴᠢᠯᠡᠭᠡ ᠵᠡᠷᠭᠡ ᠡᠯ᠎ᠡ ᠵᠦᠢᠯ᠎ᠤᠨ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠬᠦᠷᠳᠡᠬᠦ᠌᠎ᠳᠤ ᠲᠦᠭᠦᠮ ᠲᠦᠳᠡ ᠪᠤᠯᠭᠠᠭ᠍ᠰᠠᠨ ᠪᠠᠢᠨ᠎ᠠ᠃

ᠱᠢᠯᠢ᠎ᠶ᠋ᠢᠨ ᠭᠤᠤᠯ ᠠᠢᠮᠠᠭ ᠪᠠᠰᠠ ᠲᠤᠰ ᠠᠢᠮᠠᠭ᠎ᠤᠨ ᠷᠠᠳᠢᠣ᠋ ᠲᠧᠯᠸᠢᠰ ᠰᠦᠯᠵᠢᠶᠡᠨ᠎ᠤ ᠣᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ᠎ᠶ᠋ᠢ ᠡᠷᠦᠬᠡ ᠎ᠳᠤ ᠬᠦᠷᠭᠡᠬᠦ᠌ ᠢᠨᠵᠧᠨᠧᠷᠢᠩ᠎ᠢ ᠶᠡᠭᠡ᠎ᠪᠠᠷ ᠠᠬᠢᠭᠤᠯᠬᠤ ᠳᠤᠮᠳᠠ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠰᠦᠯᠵᠢᠶᠡᠨ᠎ᠤ ᠥᠷᠭᠡᠨ ᠪᠦᠰᠡ᠎ᠶ᠋ᠢᠨ ᠶᠠᠰᠤ ᠴᠢᠨᠠᠷ᠎ᠢ ᠲᠡᠰ ᠲᠡᠪᠱᠢᠭᠦᠯᠬᠦ᠌ ᠠᠵᠢᠯ᠎ᠢ ᠰᠠᠢᠳᠤᠷ ᠬᠢᠪᠡ᠃ ᠡᠨᠡ ᠲᠤᠬᠠᠢ ᠮᠠᠯᠴᠢᠨ ᠰᠤᠶᠤᠯᠳᠤ᠄ 《ᠷᠠᠳᠢᠣ᠋ ᠲᠧᠯᠸᠢᠰ᠎ᠤᠨ ᠰᠦᠯᠵᠢᠶ᠎ᠡ ᠨᠡᠪᠲᠡᠷᠡᠭ᠌ᠰᠡᠨ᠎ᠤ ᠲᠠᠷᠠᠭ᠎ᠠ ᠪᠢᠳᠡ ᠪᠠᠰᠠ ᠮᠠᠰᠢ ᠣᠯᠠᠨ ᠨᠡᠢᠭᠡᠮ᠎ᠤᠨ ᠬᠠᠷᠢᠯᠴᠠᠭᠠᠨ᠎ᠤ ᠵᠠᠭᠤᠴᠢᠯᠠᠭᠤᠷ ᠪᠠ ᠡᠯ᠎ᠡ ᠲᠦᠷᠦᠯ᠎ᠤᠨ ᠠᠷᠠᠯᠵᠢᠶ᠎ᠠ ᠬᠤᠳᠠᠯᠳᠤᠭᠠᠨ᠎ᠤ ᠲᠠᠪᠴᠠᠩ᠎ᠢ ᠴᠢᠯᠦᠭᠡᠲᠡᠢ ᠬᠡᠷᠡᠭ᠌ᠯᠡᠬᠦ᠌ ᠪᠤᠯᠪᠠ᠂ ᠪᠠᠰᠠ ᠦᠪᠡᠷᠰᠡᠳ᠎ᠤᠨ ᠠᠩᠬᠠᠷᠤᠨ ᠦᠵᠡᠳᠡᠭ ᠮᠠᠯ ᠠᠵᠤ ᠠᠬᠤᠢ ᠎ᠶ᠋ᠢᠨ ᠮᠡᠳᠡᠯᠭᠡ ᠮᠡᠷᠭᠡᠵᠢᠯ᠎ᠤᠨ ᠲᠧᠯᠸᠢᠰ ᠫᠷᠤᠭ᠌ᠷᠠᠮ᠎ᠢ ᠦᠵᠡᠵᠦ᠍ ᠲᠡᠢᠯᠬᠦ᠌ ᠪᠤᠯᠬᠤᠷ ᠦᠨᠡᠭᠡᠷ ᠰᠠᠢᠨ ᠪᠤᠯᠤᠯ᠎ᠠ》 ᠭᠡᠵᠦ᠍ ᠰᠤᠷᠪᠤᠯᠵᠢᠯᠠᠭ᠍ᠴᠢ᠎ᠳᠤ ᠲᠦᠷᠦᠭ᠌ᠳᠡᠯ ᠎ᠢᠶᠠᠨ ᠶᠠᠷᠢᠵᠤ ᠪᠢᠯᠡ᠃

ᠪᠦᠬᠦ᠌ ᠠᠢᠮᠠᠭ᠎ᠤᠨ ᠲᠤᠷᠱᠢᠯᠲᠠ᠎ᠶ᠋ᠢᠨ ᠴᠡᠭ ᠪᠣᠯᠤᠭ᠍ᠰᠠᠨ᠎ᠤ ᠬᠤᠪᠢ᠎ᠳᠤ᠂ ᠰᠥᠨᠢᠳ ᠵᠡᠭᠦᠨ ᠬᠤᠱᠢᠭᠤ ᠵᠠᠬ᠎ᠠ ᠬᠢᠵᠠᠭᠠᠷ ᠣᠷᠣᠨ᠎ᠤ ᠮᠠᠯᠴᠢᠳ᠎ᠲᠤ ᠰᠦᠯᠵᠢᠶᠡᠨ᠎ᠤ ᠠᠱᠢᠭ ᠲᠤᠰᠠ᠎ᠶ᠋ᠢ ᠬᠦᠷᠳᠡᠭᠡᠭ᠌ᠰᠡᠨ᠎ᠢᠶᠠᠷ ᠪᠠᠷᠠᠬᠤ ᠦᠭᠡᠢ᠂ ᠲᠡᠳᠡᠭᠡᠷ ᠪᠤᠢᠳᠠ ᠵᠠᠢ᠎ᠲᠠᠢ ᠪᠠᠢᠳᠠᠭ ᠵᠢᠭᠤᠯᠴᠢᠯᠠᠯ᠎ᠤᠨ ᠦᠵᠡᠮᠵᠢᠳᠤ ᠭᠠᠵᠠᠷ᠂ ᠵᠢᠭᠤᠯᠴᠢᠯᠠᠯ᠎ᠤᠨ ᠴᠡᠭ᠎ᠲᠤ ᠰᠦᠯᠵᠢᠶ᠎ᠡ ᠨᠡᠪᠲᠡᠷᠡᠭᠦᠯᠦᠭᠡᠳ ᠨᠡᠩ ᠤᠯᠠᠨ ᠵᠢᠭᠤᠯᠴᠢᠯᠠᠭ᠍ᠰᠠᠳ᠎ᠢ ᠲᠠᠯ᠎ᠠ ᠨᠤᠲᠤᠭ᠎ᠲᠤ ᠲᠠᠳᠠᠨ ᠢᠷᠡᠭᠦᠯᠵᠦ᠍᠂ ᠠᠵᠤ ᠠᠬᠤᠢ ᠨᠡᠢᠭᠡᠮ᠎ᠤᠨ ᠬᠤᠤᠰ ᠦᠷ᠎ᠡ ᠠᠱᠢᠬ᠎ᠢ ᠡᠭᠦᠳᠦᠭ᠌ᠰᠡᠨ ᠪᠠᠢᠨ᠎ᠠ᠃ ᠳᠤᠮᠳᠠᠳᠤ ᠮᠤᠩᠭᠤᠯ᠎ᠤᠨ ᠬᠢᠯᠢ᠎ᠶ᠋ᠢᠨ ᠵᠠᠭᠠᠭ᠎ᠲᠤ ᠪᠠᠢᠭ᠎ᠠ ᠪᠤᠳᠢᠷ ᠴᠢᠯᠠᠭᠤ ᠦᠵᠡᠮᠵᠢ᠎ᠶ᠋ᠢᠨ ᠣᠷᠣᠨ ᠪᠤᠯ ᠥᠩᠭᠡᠷᠡᠭ᠌ᠰᠡᠨ᠎ᠳᠤ ᠰᠦᠯᠵᠢᠶ᠎ᠡ ᠨᠡᠪᠳᠡᠷᠡᠵᠤ ᠪᠠᠢᠭ᠍ᠰᠠᠨ ᠦᠭᠡᠢ ᠪᠤᠯᠬᠤᠷ ᠵᠢᠭᠤᠯᠴᠢᠯᠠᠭ᠍ᠰᠠᠳ ᠪᠤᠶᠤ ᠰᠦᠯᠵᠢᠶᠡᠨ ᠠᠨᠳᠠ ᠨᠠᠷ ᠲᠤᠬᠠᠢ᠎ᠶ᠋ᠢᠨ ᠲᠠᠯᠠᠪᠠᠢ᠎ᠠᠴᠠ ᠱᠢᠭᠤᠳ ᠨᠡᠪᠳᠡᠷᠡᠭᠦᠯᠭᠡ ᠬᠢᠬᠦ᠌ ᠪᠤᠯᠤᠮᠵᠢ ᠪᠠᠢᠭ᠍ᠰᠠᠨ ᠦᠭᠡᠢ᠃ ᠣᠳᠣᠬᠠᠨ᠎ᠳᠤ᠂ ᠰᠦᠯᠵᠢᠶ᠎ᠡ ᠨᠡᠪᠲᠡᠷᠡᠵᠦ᠍ WIFI ᠲᠤᠬᠢᠶᠠᠨ᠎ᠤ ᠪᠠᠭᠠᠨ᠎ᠠ ᠪᠤᠰᠭᠠᠭ᠍ᠰᠠᠨ᠎ᠢᠶᠠᠷ ᠨᠡᠩ ᠤᠯᠠᠨ ᠬᠦᠮᠦᠰ ᠡᠨᠡ ᠭᠠᠵᠠᠷ᠎ᠤᠨ ᠰᠤᠨᠢᠨ ᠰᠠᠢᠬᠠᠨ᠎ᠢ ᠲᠡᠷᠡ ᠬᠡᠪ᠎ᠢᠶᠠᠷ᠎ᠨᠢ ᠤᠯᠠᠨ ᠨᠡᠢᠳᠡ᠎ᠳᠤ ᠲᠠᠮᠵᠢᠭᠤᠯᠤᠨ ᠬᠦᠷᠭᠡᠬᠦ᠌ ᠪᠤᠯᠤᠮᠵᠢ᠎ᠲᠠᠢ ᠪᠤᠯᠵᠠᠢ᠃

ᠥᠪᠥᠷ ᠮᠤᠩᠭᠤᠯ᠎ᠤᠨ ᠷᠠᠳᠢᠣ᠋ ᠲᠧᠯᠸᠢᠰ᠎ᠤᠨ ᠰᠦᠯᠵᠢᠶᠡᠨ᠎ᠤ ᠰᠥᠨᠢᠳ ᠵᠡᠭᠦᠨ ᠬᠤᠱᠢᠭᠤᠨ᠎ᠤ ᠬᠤᠪᠢᠶᠠᠷᠢ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠸᠠᠩ ᠵᠢᠶᠦ᠋ᠨ᠎ᠤ ᠲᠠᠨᠢᠯᠴᠠᠭᠤᠯᠬᠤ᠎ᠪᠠᠷ᠂ ᠦᠵᠡᠮᠵᠢ᠎ᠶ᠋ᠢᠨ ᠣᠷᠣᠨ᠎ᠳᠤ WIFI ᠨᠡᠪᠲᠡᠷᠡᠭ᠌ᠰᠡᠨ᠎ᠤ ᠳᠠᠷᠠᠭ᠎ᠠ ᠵᠢᠭᠤᠯᠴᠢᠯᠠᠭ᠍ᠰᠠᠳ᠎ᠤᠨ ᠵᠢᠷᠤᠭ ᠳᠦᠷᠰᠦ ᠲᠠᠮᠵᠢᠭᠤᠯᠬᠤ ᠎ᠳᠤ ᠰᠠᠭᠠᠳ ᠦᠭᠡᠢ ᠪᠤᠯᠵᠤ᠂ ᠤᠬᠠᠭᠤᠯᠭ᠎ᠠ᠎ᠶ᠋ᠢᠨ ᠦᠢᠯᠡᠳᠦᠯ ᠭᠦᠢᠴᠡᠳ ᠪᠤᠯᠤᠭ᠍ᠰᠠᠨ᠎ᠢᠶᠠᠷ ᠪᠠᠷᠠᠬᠤ ᠦᠭᠡᠢ᠂ ᠲᠤᠬᠠᠢ᠎ᠶ᠋ᠢᠨ ᠭᠠᠵᠠᠷ᠎ᠤᠨ ᠬᠤᠯᠪᠤᠭ᠍ᠳᠠᠯ ᠪᠦᠬᠦᠢ ᠰᠠᠯᠠᠭ᠎ᠠ ᠮᠦᠴᠢᠷ᠎ᠠᠴᠠ ᠦᠵᠡᠮᠵᠢ᠎ᠶ᠋ᠢᠨ ᠤᠷᠤᠨ᠎ᠢ ᠨᠡᠩ ᠰᠠᠢᠨ ᠬᠠᠮᠢᠶᠠᠷᠬᠤ᠎ᠳᠤ ᠳᠥᠭᠦᠮ ᠦᠵᠡᠭᠦᠯᠪᠡ ᠭᠡᠨ᠎ᠡ᠃

ᠤᠢ᠍ᠢᠯᠠᠭᠠᠭ᠍ᠰᠠᠨ᠎ᠢᠶᠠᠷ᠂ ᠤᠳᠤᠬᠠᠨ ᠪᠣᠯᠲᠠᠯ᠎ᠠ ᠱᠢᠯᠢ᠎ᠶ᠋ᠢᠨ ᠭᠤᠤᠯ ᠠᠢᠮᠠᠭ᠎ᠤᠨ ᠭᠡᠷᠡᠯᠯᠢᠭ ᠱᠢᠷᠬᠡᠭ ᠪᠥᠬᠦ᠌ ᠠᠢᠮᠠᠭ᠎ᠤᠨ 79 ᠰᠤᠮᠤ ᠱᠢᠶᠠᠩ ᠪᠠᠯᠭᠠᠰᠤ᠂ 642 ᠵᠠᠰᠠᠭ ᠵᠠᠬᠢᠷᠭᠠᠨ᠎ᠤ ᠭᠠᠴᠠᠭ᠎ᠠ ᠲᠣᠰᠭᠤᠨ᠎ᠳᠤ ᠨᠡᠪᠳᠡᠷᠡᠵᠦ᠍᠂ ᠪᠦᠬᠦ᠌ ᠤᠷᠳᠤ᠎ᠨᠢ 1.04 ᠲᠦᠮᠡᠨ ᠺᠢᠯᠦᠮᠧᠲᠷ ᠪᠠᠢᠵᠤ᠂ ᠪᠥᠬᠦ᠌ ᠠᠢᠮᠠᠭ᠎ᠤᠨ ᠮᠠᠯᠵᠢᠬᠤ ᠲᠠᠷᠢᠶᠠᠯᠠᠬᠤ ᠤᠷᠤᠨ᠎ᠤ ᠢᠨᠲ᠋ᠧᠷ ᠰᠦᠯᠵᠢᠶᠡᠨ᠎ᠤ ᠬᠦᠭ᠌ᠵᠢᠯᠳᠡ ᠴᠢᠬᠤᠯᠠ ᠠᠬᠢᠯᠳᠠ᠎ᠲᠠᠢ ᠪᠤᠯᠵᠠᠢ᠃ ᠪᠦᠬᠦ᠌ ᠱᠢᠯᠢ᠎ᠶ᠋ᠢᠨ ᠭᠤᠤᠯ ᠠᠢᠮᠠᠭ᠎ᠲᠤ ᠷᠠᠳᠢᠣ᠋ ᠲᠧᠯᠸᠢᠰ᠎ᠤᠨ ᠡᠴᠤᠰ᠎ᠤᠨ ᠦᠢᠯᠡᠴᠢᠯᠡᠭᠡᠨ᠎ᠤ ᠲᠥᠬᠦᠭᠡᠷᠦᠮᠵᠢ ᠨᠡᠪᠲᠡᠷᠡᠵᠦ᠍᠂ 15 ᠺᠢᠯᠦᠮᠧᠲᠷ᠎ᠤᠨ ᠷᠠᠳᠢᠤᠰ᠎ᠢᠶᠠᠷ ᠲᠤᠬᠢᠶ᠎ᠠ ᠰᠠᠴᠤᠷᠠᠭᠤᠯᠵᠤ᠂ ᠰᠦᠯᠵᠢᠶ᠎ᠡ᠎ᠶ᠋ᠢ ᠦᠨᠳᠦᠰᠦᠨ ᠱᠠᠲᠤ ᠬᠦᠳᠡᠭᠡ ᠲᠤᠰᠭᠤᠨ᠎ᠤ ᠮᠡᠯᠴᠢᠳ᠎ᠤᠨ ᠬᠡᠷ᠎ᠲᠤ ᠨᠡᠪᠲᠡᠷᠡᠭᠦᠯᠪᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号