ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠥᠪᠯᠡᠯ᠎ᠠᠴᠠ ᠣᠢᠯᠠᠭᠠᠭ᠍ᠰᠠᠨ᠎ᠢᠶᠠᠷ᠂ ᠠᠯᠤᠰ ᠡᠵᠡᠮᠱᠢᠯᠲᠦ ᠡᠮᠴᠢᠯᠡᠭᠡᠨ᠎ᠤ ᠦᠢᠯᠡᠴᠢᠯᠡᠭᠡᠨ᠎ᠤ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠠᠬᠢᠭᠤᠯᠵᠤ᠂ ᠬᠠᠮᠢᠶᠠᠷᠤᠯᠲᠠ᠎ᠶ᠋ᠢ ᠵᠢᠷᠤᠮᠵᠢᠭᠤᠯᠬᠤ᠎ᠶ᠋ᠢᠨ ᠲᠥᠯᠥᠭᠡ᠂ ᠠᠯᠤᠰ ᠡᠵᠡᠮᠱᠢᠯᠲᠦ ᠡᠮᠴᠢᠯᠡᠭᠡᠨ᠎ᠤ ᠦᠢᠯᠡᠴᠢᠯᠡᠭᠡ᠎ᠶ᠋ᠢ ᠭᠤᠷᠪᠠᠨ ᠲᠠᠯ᠎ᠠ᠎ᠪᠠᠷ ᠠᠬᠢᠭᠤᠯᠬᠤ᠎ᠪᠠᠷ ᠪᠤᠯᠪᠠ᠃
ᠨᠢᠬᠡ᠎ᠳᠤ ᠱᠠᠲᠤ ᠬᠤᠪᠢᠶᠠᠨ ᠳᠡᠰ ᠬᠤᠪᠢᠶᠠᠨ ᠠᠯᠤᠰ ᠡᠵᠡᠮᠱᠢᠯᠲᠦ ᠡᠮᠴᠢᠯᠡᠭᠡᠨ᠎ᠤ ᠦᠢᠯᠡᠴᠢᠯᠡᠭᠡ᠎ᠶ᠋ᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠨᠢ ᠭᠤᠤᠯᠳᠠᠭᠤ ᠠᠢᠮᠠᠭ ᠬᠤᠲᠠ᠎ᠶ᠋ᠢᠨ ᠱᠠᠲᠤᠨ᠎ᠤ ᠡᠮᠨᠡᠯᠭᠡ᠎ᠶ᠋ᠢᠨ ᠬᠤᠷᠢᠶ᠎ᠠ᠎ᠳᠤ ᠬᠦᠴᠢᠷ ᠲᠦᠪᠡᠭ᠌ᠲᠡᠶ ᠨᠠᠷᠢᠨ ᠪᠤᠳᠤᠯᠢᠶᠠᠨᠲᠠᠶ ᠡᠪᠡᠳᠴᠢᠨ᠎ᠤ ᠵᠢᠱ᠌ᠢᠶ᠎ᠡ᠎ᠶ᠋ᠢᠨ ᠠᠯᠤᠰ ᠡᠵᠡᠮᠱᠢᠯᠲᠦ ᠡᠮᠴᠢᠯᠡᠭᠡᠨ᠎ᠤ ᠦᠢᠯᠡᠴᠢᠯᠡᠭᠡ ᠬᠠᠩᠭᠠᠨ᠎ᠠ; ᠠᠢᠮᠠᠭ ᠬᠤᠲᠠ᠎ᠶ᠋ᠢᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠨᠢ ᠭᠤᠤᠯᠳᠠᠭᠤ ᠬᠠᠷᠢᠶ᠎ᠠ ᠣᠷᠣᠨ᠎ᠤ ᠬᠤᠱᠢᠭᠤ ᠱᠢᠶᠠᠨ᠎ᠤ ᠱᠠᠲᠤᠨ᠎ᠤ ᠡᠮᠨᠡᠯᠭᠡ᠎ᠶ᠋ᠢᠨ ᠬᠤᠷᠢᠶ᠎ᠠ᠎ᠳᠤ ᠠᠯᠤᠰ ᠡᠵᠡᠮᠱᠢᠯᠲᠦ ᠡᠮᠴᠢᠯᠡᠭᠡᠨ᠎ᠤ ᠦᠢᠯᠡᠴᠢᠯᠡᠭᠡ ᠬᠠᠩᠭᠠᠨ᠎ᠠ; ᠬᠤᠱᠢᠭᠤ ᠱᠢᠶᠠᠨ᠎ᠤ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠨᠢ ᠭᠤᠣᠯᠳᠠᠭᠤ ᠬᠤᠱᠢᠭᠤ ᠱᠢᠶᠠᠨ᠎ᠤ ᠬᠡᠪᠴᠢᠶᠡᠨ ᠳᠣᠲᠣᠷᠠᠬᠢ ᠰᠤᠮᠤ ᠱᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠤᠷᠢᠶ᠎ᠠ᠎ᠳᠤ ᠠᠯᠤᠰ ᠡᠵᠡᠮᠱᠢᠯᠲᠦ ᠡᠮᠴᠢᠯᠡᠭᠡᠨ᠎ᠤ ᠦᠢᠯᠡᠴᠢᠯᠡᠭᠡ ᠬᠠᠩᠭᠠᠨ᠎ᠠ᠃ ᠬᠤᠶᠠᠷ᠎ᠲᠤ᠌᠂ ᠠᠯᠤᠰ ᠡᠵᠡᠮᠱᠢᠯᠲᠦ ᠡᠮᠴᠢᠯᠡᠭᠡᠨ᠎ᠤ ᠬᠠᠮᠤᠷᠬᠤ ᠬᠡᠪᠴᠢᠶ᠎ᠡ᠎ᠶ᠋ᠢ ᠥᠷᠭᠡᠳᠭᠡᠨ᠎ᠡ᠃ ᠠᠯᠤᠰ ᠡᠵᠡᠮᠱᠢᠯᠲᠦ ᠡᠮᠴᠢᠯᠡᠭᠡᠨ᠎ᠤ ᠦᠢᠯᠡᠴᠢᠯᠡᠭᠡ᠎ᠶ᠋ᠢ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ ᠪᠣᠯᠤᠨ ᠠᠯᠤᠰ ᠪᠤᠢᠳᠠ ᠬᠢᠯᠢ ᠬᠢᠵᠠᠭᠠᠷ ᠣᠷᠣᠨ᠎ᠳᠤ ᠭᠤᠤᠯᠳᠠᠯᠭ᠎ᠠ᠎ᠲᠠᠢ ᠬᠠᠨᠳᠤᠭᠤᠯᠤᠨ᠎ᠠ; ᠠᠵᠢᠯ ᠲᠥᠷᠥᠯ᠎ᠢᠶᠠᠷ᠎ᠢᠶᠠᠨ ᠬᠠᠪᠰᠤᠷᠤᠨ ᠲᠡᠳᠬᠦᠬᠦ᠂ ᠠᠵᠢᠯ ᠲᠥᠷᠥᠯ᠎ᠢᠶᠠᠷ᠎ᠢᠶᠠᠨ ᠲᠤᠰᠠᠯᠠᠬᠤ ᠵᠡᠷᠭᠡ ᠡᠭᠦᠷᠭᠡ᠎ᠲᠠᠢ ᠭᠤᠷᠪᠠᠳᠤᠭᠠᠷ ᠳᠡᠰ᠎ᠤᠨ ᠡᠮᠨᠡᠯᠭᠡ᠎ᠶ᠋ᠢᠨ ᠬᠤᠷᠢᠶ᠎ᠠ ᠬᠢᠭᠡᠳ ᠲᠤᠰᠠᠯᠠᠮᠵᠢ ᠬᠦᠷᠲᠡᠬᠦ᠌ ᠬᠤᠱᠢᠭᠤ ᠱᠢᠶᠠᠨ᠎ᠤ ᠡᠮᠨᠡᠯᠭᠡ᠎ᠶ᠋ᠢᠨ ᠬᠤᠷᠢᠶ᠎ᠠ᠂ ᠡᠮᠨᠡᠯᠭᠡ᠎ᠶ᠋ᠢᠨ ᠬᠤᠯᠪᠣᠭᠠᠲᠤ ᠴᠣᠭ᠍ᠴᠠ᠎ᠶ᠋ᠢᠨ ᠳᠠᠭᠠᠭᠤᠯᠤᠭ᠍ᠴᠢ ᠡᠮᠨᠡᠯᠭᠡ᠎ᠶ᠋ᠢᠨ ᠬᠤᠷᠢᠶ᠎ᠠ ᠬᠢᠭᠡᠳ ᠪᠦᠷᠢᠯᠳᠦᠬᠦᠨ ᠨᠢᠭᠡᠴᠢ᠎ᠶ᠋ᠢᠨ ᠬᠤᠭᠤᠷᠣᠨᠳᠣ ᠠᠯᠤᠰ ᠡᠵᠡᠮᠱᠢᠯᠲᠦ ᠡᠮᠴᠢᠯᠡᠭᠡᠨ᠎ᠤ ᠦᠢᠯᠡᠴᠢᠯᠡᠭᠡᠨ᠎ᠤ ᠬᠠᠷᠢᠴᠠᠭ᠎ᠠ ᠪᠠᠢᠭᠤᠯᠤᠨ᠎ᠠ᠃ ᠭᠤᠷᠪᠠ᠎ᠳᠤ᠂ ᠠᠯᠤᠰ ᠡᠵᠡᠮᠱᠢᠯᠲᠦ ᠡᠮᠴᠢᠯᠡᠭᠡᠨ᠎ᠤ ᠦᠢᠯᠡᠴᠢᠯᠡᠭᠡᠨ᠎ᠤ ᠬᠠᠮᠢᠶᠠᠷᠤᠯᠲᠠ᠎ᠶ᠋ᠢ ᠵᠢᠷᠤᠮᠵᠢᠭᠤᠯᠤᠨ᠎ᠠ᠃ ᠡᠯ᠎ᠡ ᠭᠠᠵᠠᠷ᠎ᠤᠨ᠎ᠬᠢᠨ ᠠᠯᠤᠰ ᠡᠵᠡᠮᠱᠢᠯᠲᠦ ᠡᠮᠴᠢᠯᠡᠭᠡᠨ᠎ᠤ ᠦᠢᠯᠡᠴᠢᠯᠡᠭᠡᠨ᠎ᠤ ᠬᠥᠭ᠌ᠵᠢᠯᠲᠡ᠎ᠶ᠋ᠢ ᠠᠬᠢᠭᠤᠯᠬᠤ ᠶᠠᠪᠤᠴᠠ᠎ᠳᠤ᠂ ᠡᠮᠴᠢᠯᠡᠭᠡᠨ᠎ᠤ ᠶᠠᠰᠤ ᠴᠢᠨᠠᠷ ᠪᠠ ᠡᠪᠡᠳᠴᠢᠲᠡᠨ᠎ᠤ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠪᠠᠲᠤ ᠰᠠᠬᠢᠵᠤ᠂ ᠣᠳᠣ ᠪᠠᠢᠭ᠎ᠠ ᠬᠠᠤᠯᠢ ᠴᠠᠭᠠᠵᠠ ᠬᠠᠤᠯᠢ ᠲᠣᠭ᠍ᠲᠠᠭᠠᠯ᠂ ᠲᠥᠷᠥ᠎ᠶ᠋ᠢᠨ ᠪᠣᠳᠣᠯᠭ᠎ᠠ᠎ᠠᠴᠠ ᠳᠠᠪᠠᠵᠤ ᠪᠣᠯᠬᠤ ᠦᠭᠡᠢ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠥᠪᠯᠡᠯ᠎ᠤᠨ ᠳᠠᠷᠤᠮᠠᠯᠯᠠᠨ ᠲᠠᠷᠬᠠᠭᠠᠭ᠍ᠰᠠᠨ 《ᠠᠯᠤᠰ ᠡᠵᠡᠮᠱᠢᠯ᠎ᠳᠦ ᠡᠮᠴᠢᠯᠡᠭᠡᠨ᠎ᠤ ᠦᠢᠯᠡᠴᠢᠯᠡᠭᠡᠨ᠎ᠤ ᠬᠠᠮᠢᠶᠠᠷᠤᠯᠲᠠ᠎ᠶ᠋ᠢᠨ ᠵᠢᠷᠤᠮᠵᠢᠯ (ᠲᠤᠷᠱᠢᠨ ᠬᠡᠷᠡᠭ᠌ᠵᠢᠭᠦᠯᠬᠦ᠌)》 ᠤᠨ ᠱᠠᠭᠠᠷᠳᠠᠯᠭ᠎ᠠ ᠶᠣᠰᠣᠭᠠᠷ᠂ ᠠᠵᠢᠯ ᠡᠷᠭᠢᠯᠡᠬᠦ᠌ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠠᠯᠤᠰ ᠡᠵᠡᠮᠱᠢᠯᠲᠦ ᠡᠮᠴᠢᠯᠡᠭᠡᠨ᠎ᠤ ᠦᠢᠯᠡᠴᠢᠯᠡᠭᠡ ᠵᠢᠴᠢ ᠬᠠᠮᠢᠶᠠᠷᠤᠯᠲᠠ᠎ᠶ᠋ᠢ ᠲᠠᠰᠤᠷᠠᠯᠲᠠ ᠥᠬᠡᠶ ᠵᠢᠷᠤᠮᠵᠢᠭᠤᠯᠵᠤ᠂ ᠠᠯᠤᠰ ᠡᠵᠡᠮᠱᠢᠯᠲᠦ ᠡᠮᠴᠢᠯᠡᠭᠡᠨ᠎ᠤ ᠦᠢᠯᠡᠴᠢᠯᠡᠭᠡᠨ᠎ᠤ ᠡᠷᠡᠭᠦᠯ᠎ᠢᠶᠠᠷ ᠦᠷᠭᠦᠯᠵᠢᠯᠡᠨ ᠬᠥᠭ᠌ᠵᠢᠬᠦ᠌᠎ᠶ᠋ᠢ ᠠᠬᠢᠭᠤᠯᠤᠨ᠎ᠠ᠃
2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄tn@mgyxw.net 蒙ICP备10000005号