ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶ᠎ᠠ᠎ᠶ᠋ᠢᠨ᠎ᠬᠢᠨ᠂ ᠪᠥᠬᠦ᠌ ᠣᠷᠣᠨ᠎ᠤ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠤᠷᠢᠶ᠎ᠠ᠎ᠶ᠋ᠢᠨ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠤᠨ 2020 ᠣᠨ᠎ᠤ ᠭᠤᠷᠪᠠᠳᠤᠭᠠᠷ ᠣᠳᠠᠭ᠎ᠠ᠎ᠶ᠋ᠢᠨ ᠸᠢᠳᠢᠣ᠋ ᠬᠤᠷᠠᠯ ᠬᠢᠵᠤ᠂ ᠪᠥᠬᠦ᠌ ᠤᠯᠤᠰ᠎ᠤᠨ ᠬᠠᠮᠢᠶ᠎ᠠ ᠪᠦᠬᠦᠢ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠠᠷᠠᠳ᠎ᠤᠨ ᠳᠡᠭᠡᠳᠤ ᠱᠢᠭᠦᠬᠦ᠌ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠴᠢ ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ᠎ᠶ᠋ᠢᠨ ᠠᠵᠢᠯ᠎ᠤᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ 《ᠬᠡᠷᠡᠭ᠎ᠢ ᠳᠠᠭᠤᠰᠭᠠᠬᠤ》᠂ 《ᠡᠳ᠋ ᠬᠥᠷᠥᠩᠭᠡ᠎ᠶ᠋ᠢ᠎ᠨᠢ ᠴᠡᠪᠡᠷᠯᠡᠬᠦ᠌》 ᠭᠤᠤᠯᠳᠠᠯᠭ᠎ᠠ᠎ᠲᠠᠢ ᠬᠡᠷᠡᠭ᠎ᠤᠨ ᠠᠵᠢᠯ᠎ᠤᠨ ᠠᠬᠢᠴᠠ᠎ᠶ᠋ᠢ ᠮᠡᠳᠡᠭ᠌ᠳᠡᠵᠦ᠍᠂ 《ᠰᠡᠭᠦᠯ ᠬᠤᠷᠢᠶᠠᠬᠤ ᠳᠠᠢᠯᠠᠯᠳᠣᠭᠠᠨ 》 ᠤ ᠭᠤᠤᠯᠳᠠᠯᠭ᠎ᠠ᠎ᠲᠠᠢ ᠠᠵᠢᠯ᠎ᠢ ᠪᠠᠢᠷᠢᠯᠠᠭᠤᠯᠪᠠ᠃
ᠬᠤᠷᠠᠯ᠎ᠠᠴᠠ᠂ ᠣᠳᠣᠬᠠᠨ᠎ᠳᠤ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ ᠨᠢᠭᠡᠨᠲᠡ ᠶᠡᠭᠡ ᠱᠢᠯᠭᠠᠯᠲᠠ᠎ᠶ᠋ᠢ ᠤᠭ᠍ᠲᠤᠬᠤ᠂ ᠦᠨᠡᠨ ᠪᠠᠢᠳᠠᠯ᠎ᠢ ᠣᠢᠯᠠᠭᠠᠬᠤ᠂ ᠦᠷ᠎ᠡ ᠪᠦᠲᠦᠮᠵᠢ᠎ᠶ᠋ᠢ ᠱᠢᠯᠭᠠᠬᠤ ᠵᠠᠩᠭᠢᠯᠠᠭ᠎ᠠ᠎ᠶ᠋ᠢᠨ ᠱᠠᠲᠤᠨ᠎ᠳᠤ ᠣᠷᠣᠪᠠ᠂ ᠪᠥᠬᠦ᠌ ᠣᠷᠣᠨ᠎ᠤ ᠱᠢᠭᠦᠬᠦ᠌ ᠬᠤᠷᠢᠶ᠎ᠠ᠎ᠶ᠋ᠢᠨ ᠱᠢᠰᠲ᠋ᠧᠮ᠎ᠤᠨ᠎ᠬᠢᠨ ᠬᠠᠷᠢᠭᠤᠴᠠᠯᠭᠠᠲᠤ ᠰᠡᠳᠭᠢᠯᠭᠡ᠂ ᠳᠡᠦᠬᠡᠨ ᠡᠭᠦᠷᠭᠡᠲᠦ ᠰᠡᠳᠭᠢᠯᠭᠡ᠂ ᠪᠠᠴᠢᠮ ᠲᠤᠯᠭᠠᠮ ᠰᠡᠳᠭᠢᠯᠭᠡ᠎ᠪᠠᠨ ᠦᠨᠡᠨ ᠬᠦ᠌ ᠴᠢᠩᠭᠠᠷᠠᠭᠤᠯᠬᠤ ᠬᠡᠷᠡᠭ᠌ᠲᠡᠶ᠃ ᠬᠠᠤᠯᠢ ᠬᠡᠷᠡᠭ᠌ᠵᠢᠭᠦᠯᠵᠦ᠍ ᠬᠡᠷᠡᠭ ᠱᠢᠢᠳᠪᠦᠷᠢᠯᠡᠬᠦ᠌᠎ᠶ᠋ᠢ ᠲᠡᠷᠢᠭᠦᠨ ᠴᠢᠬᠤᠯᠠ ᠡᠭᠦᠷᠭᠡ ᠪᠣᠯᠭᠠᠬᠤ᠎ᠶ᠋ᠢ ᠪᠠᠷᠢᠮᠲᠠᠯᠠᠵᠤ᠂ ᠪᠣᠳᠠᠲᠤ ᠬᠡᠷᠡᠭ᠎ᠤᠨ ᠪᠣᠭᠤᠮᠲᠠ᠂ ᠭᠡᠷᠡᠴᠢ ᠪᠠᠷᠢᠮᠲᠠ᠎ᠶ᠋ᠢᠨ ᠪᠣᠭᠤᠮᠲᠠ᠂ ᠬᠠᠤᠯᠢ ᠪᠠᠷᠢᠬᠤ ᠪᠣᠭᠤᠮᠲᠠ᠎ᠶ᠋ᠢ ᠴᠢᠩᠭ᠎ᠠ ᠠᠳᠭᠤᠵᠤ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠲᠠᠢ ᠬᠤᠯᠪᠣᠭ᠍ᠳᠠᠭ᠍ᠰᠠᠨ ᠬᠡᠷᠡᠭ᠎ᠢ ᠱᠢᠭᠦᠨ ᠲᠠᠰᠤᠯᠬᠤ ᠴᠢᠨᠠᠷ ᠴᠢᠨᠰᠠᠭ᠎ᠠ᠎ᠶ᠋ᠢ ᠪᠠᠲᠤᠯᠠᠭ᠍ᠰᠠᠨ ᠤᠷᠢᠲᠠᠯ ᠳᠣᠣᠷ᠎ᠠ᠂ ᠱᠢᠭᠦᠨ ᠲᠠᠰᠤᠯᠬᠤ ᠬᠤᠭᠤᠴᠠᠭ᠎ᠠ᠎ᠶ᠋ᠢ ᠴᠢᠷᠮᠠᠢᠨ ᠪᠣᠭᠤᠨᠢᠰᠭᠠᠵᠤ᠂ ᠡᠯ᠎ᠡ ᠱᠢᠭᠦᠬᠦ᠌ ᠬᠤᠷᠢᠶ᠎ᠠ ᠳᠠᠭᠤᠰᠭᠠᠭ᠍ᠰᠠᠨ ᠦᠭᠡᠢ ᠬᠡᠷᠡᠭ᠎ᠢ ᠬᠡᠷᠡᠭ ᠳᠠᠷᠠᠭᠠᠯᠠᠨ ᠡᠮᠬᠢᠯᠡᠨ ᠲᠢᠭ᠌ᠯᠡᠵᠦ᠍᠂ ᠬᠤᠭᠤᠴᠠᠭ᠎ᠠ ᠳᠠᠷᠠᠭᠠᠯᠠᠨ ᠵᠢᠭ᠍ᠰᠠᠭᠠᠵᠤ᠂ ᠬᠡᠷᠡᠭ ᠳᠠᠭᠤᠰᠭᠠᠬᠤ ᠠᠢᠵᠠᠮ᠎ᠢᠶᠠᠨ ᠦᠨᠡᠨ ᠬᠦ᠌ ᠲᠦᠷᠭᠡᠳᠭᠡᠬᠦ᠌ ᠬᠡᠷᠡᠭ᠌ᠲᠡᠢ᠃ ᠫᠠᠢᠰᠠ ᠡᠯᠭᠦᠨ ᠱᠠᠯᠠᠪᠳᠠᠭᠤᠯᠣᠨ ᠱᠢᠢᠳᠪᠦᠷᠢᠯᠡᠭᠦᠯᠬᠦ᠌ ᠬᠡᠷᠡᠭ᠎ᠢ ᠭᠤᠣᠯᠳᠠᠯᠭ᠎ᠠ ᠪᠣᠯᠭᠠᠵᠤ᠂ ᠴᠢᠬᠤᠯᠠ ᠶᠡᠭᠡ ᠤᠯᠤᠰ ᠲᠥᠷᠥ᠎ᠶ᠋ᠢᠨ ᠡᠭᠦᠷᠭᠡ ᠪᠤᠯᠭᠠᠨ ᠱᠠᠯᠠᠪᠳᠠᠨ ᠠᠳᠭᠤᠬᠤ ᠬᠡᠷᠡᠭ᠌ᠲᠡᠢ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭ᠌ᠰᠡᠨ ᠤᠷᠢᠲᠠᠯ ᠳᠣᠣᠷ᠎ᠠ᠂ ᠶᠠᠯ᠎ᠠ᠎ᠪᠠᠨ ᠮᠡᠳᠡᠷᠡᠵᠦ᠍ ᠱᠢᠢᠳᠭᠡᠯ᠎ᠢ ᠬᠦᠯᠢᠶᠡᠭ᠌ᠰᠡᠳᠢ ᠠᠭᠤᠴᠢᠯᠠᠨ ᠱᠢᠢᠳᠭᠡᠵᠦ᠍᠂ ᠲᠢᠩᠬᠢᠮ᠎ᠠᠴᠠ ᠡᠮᠦᠨᠡᠬᠢ ᠬᠤᠷᠠᠯ ᠵᠡᠷᠭᠡ ᠳᠦᠷᠢᠮ ᠲᠣᠭ᠍ᠲᠠᠴᠠ᠎ᠶ᠋ᠢᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠴᠢᠬᠤᠯᠠ ᠬᠡᠷᠡᠭ᠎ᠢ ᠱᠢᠢᠳᠪᠦᠷᠢᠯᠡᠬᠦ᠌ ᠴᠢᠨᠠᠷ ᠴᠢᠨᠰᠠᠭ᠎ᠠ ᠦᠷ᠎ᠡ ᠪᠦᠲᠦᠮᠵᠢ᠎ᠶ᠋ᠢ ᠴᠢᠷᠮᠠᠢᠨ ᠳᠡᠭᠡᠭ᠌ᠰᠢᠯᠡᠭᠦᠯᠬᠦ᠌ ᠬᠡᠷᠡᠭ᠌ᠲᠡᠶ᠃ ᠬᠠᠷ᠎ᠠ ᠪᠦᠯᠦᠭ᠌ᠲᠡᠨ ᠬᠠᠷᠭᠢᠰ ᠬᠦᠴᠦᠨ᠎ᠲᠠᠢ ᠬᠤᠯᠪᠣᠭ᠍ᠳᠠᠭ᠍ᠰᠠᠨ ᠬᠡᠷᠡᠭ᠎ᠤᠨ ᠡᠳ᠋ ᠬᠥᠷᠥᠩᠭᠡ᠎ᠶ᠋ᠢ ᠱᠢᠢᠳᠪᠦᠷᠢᠯᠡᠬᠦ᠌ ᠠᠵᠢᠯ ᠳᠤᠮᠳᠠ ᠣᠷᠣᠱᠢᠵᠤ ᠪᠠᠢᠭ᠎ᠠ ᠳᠤᠲᠠᠭᠤᠳᠠᠯ ᠪᠣᠯᠤᠨ ᠬᠦᠷᠦᠯᠴᠡᠬᠦ᠌ ᠦᠭᠡᠶ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠦᠴᠦᠷᠬᠡᠭ ᠶᠡᠭᠡ ᠬᠠᠮᠳᠣᠷᠠᠯ᠎ᠤᠨ ᠬᠦᠴᠦᠨ᠎ᠢ ᠪᠦᠷᠢᠯᠳᠦᠭᠦᠯᠵᠦ᠍᠂ ᠭᠦᠶᠴᠡᠳᠭᠡᠬᠦ᠌ ᠴᠢᠨᠠᠷ ᠴᠢᠨᠰᠠᠭ᠎ᠠ ᠦᠷ᠎ᠡ ᠪᠦᠲᠦᠮᠵᠢ᠎ᠪᠠᠨ ᠴᠢᠷᠮᠠᠢᠨ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠤ ᠱᠠᠭᠠᠷᠳᠠᠪᠠ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号