ᠲᠡᠤᠬᠡ᠎ᠶ᠋ᠢᠨ ᠳᠤᠷᠠᠰᠭᠠᠯᠲᠤ ᠪᠣᠯ ᠬᠥᠮᠦᠨ ᠲᠥᠷᠥᠯᠬᠢᠲᠡᠨ᠎ᠤ ᠲᠡᠤᠬᠡᠨ ᠬᠥᠭ᠌ᠵᠢᠯᠲᠡ᠎ᠶ᠋ᠢᠨ ᠶᠠᠪᠤᠴᠠ᠎ᠳᠤ ᠦᠯᠡᠳᠡᠭ᠌ᠳᠡᠭ᠌ᠰᠡᠨ ᠬᠠᠭᠤᠴᠢ ᠦᠪ ᠪᠤᠯᠬᠤ ᠶᠤᠮ᠃ ᠡᠯ᠎ᠡ ᠲᠦᠷᠦᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠨᠢ ᠡᠯ᠎ᠡ ᠲᠡᠦᠬᠡᠨ ᠴᠠᠭ ᠦᠶ᠎ᠡ᠎ᠶ᠋ᠢᠨ ᠬᠥᠮᠦᠨ ᠲᠥᠷᠥᠯᠬᠢᠲᠡᠨ᠎ᠤ ᠨᠡᠢᠭᠡᠮ᠎ᠤᠨ ᠠᠵᠢᠯᠯᠠᠭ᠎ᠠ᠂ ᠨᠡᠢᠭᠡᠮ᠎ᠤᠨ ᠬᠠᠷᠢᠴᠠᠭ᠎ᠠ᠂ ᠦᠵᠡᠯ ᠤᠬᠠᠮᠰᠠᠷ᠎ᠤᠨ ᠬᠡᠯᠪᠡᠷᠢ ᠵᠢᠴᠢ ᠪᠠᠢᠭᠠᠯᠢ᠎ᠶ᠋ᠢ ᠠᠱᠢᠬ᠍ᠯᠠᠬᠤ᠂ ᠪᠠᠢᠭᠠᠯᠢ᠎ᠶ᠋ᠢ ᠥᠭᠡᠷᠡᠴᠢᠯᠡᠬᠦ᠌ ᠪᠠ ᠲᠤᠬᠠᠢ᠎ᠶ᠋ᠢᠨ ᠦᠶ᠎ᠡ᠎ᠶ᠋ᠢᠨ ᠠᠮᠢ ᠠᠬᠤᠢ ᠣᠷᠴᠢᠨ ᠲᠣᠭᠤᠷᠢᠨ᠎ᠤ ᠪᠠᠢᠳᠠᠯ᠎ᠢ ᠠᠳᠠᠯᠢ ᠪᠤᠰᠤ ᠲᠠᠯ᠎ᠠ᠎ᠠᠴᠠ ᠳᠤᠰᠭᠠᠵᠤ᠂ ᠲᠡᠷᠡ᠎ᠨᠢ ᠬᠥᠮᠦᠨ ᠲᠥᠷᠥᠯᠬᠢᠲᠡᠨ᠎ᠤ ᠬᠤᠪᠤᠷ ᠨᠠᠨᠳᠢᠨ ᠲᠡᠤᠬᠡ ᠰᠣᠶᠣᠯ᠎ᠤᠨ ᠥᠪ ᠬᠥᠷᠥᠩᠭᠡ ᠪᠤᠯᠤᠨ᠎ᠠ᠃ ᠲᠡᠤᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠨ ᠬᠠᠮᠢᠶᠠᠷᠬᠤ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ ᠬᠢᠬᠦ᠌᠎ᠨᠢ ᠬᠥᠮᠦᠰ᠎ᠤᠨ ᠥᠪᠡᠷ᠎ᠤᠨ ᠲᠡᠦᠬᠡ ᠪᠠ ᠡᠭᠦᠳᠦᠨ ᠪᠦᠲᠦᠭᠡᠬᠦ᠌ ᠬᠦᠴᠦᠨ ᠴᠢᠳᠠᠯ᠎ᠢᠶᠠᠨ ᠲᠠᠨᠢᠵᠤ᠂ ᠬᠥᠮᠦᠨ ᠲᠥᠷᠥᠯᠬᠢᠲᠡᠨ᠎ᠤ ᠨᠡᠢᠭᠡᠮ᠎ᠤᠨ ᠬᠥᠭ᠌ᠵᠢᠯᠲᠡ᠎ᠶ᠋ᠢᠨ ᠪᠤᠰᠤᠳᠴᠢ ᠵᠢᠮ᠎ᠡ ᠶᠣᠰᠣ᠎ᠶ᠋ᠢ ᠢᠯᠡᠷᠡᠭᠦᠯᠦᠨ᠂ ᠤᠳᠤ ᠦᠶ᠎ᠡ᠎ᠶ᠋ᠢᠨ ᠪᠠ ᠢᠷᠡᠭᠡᠳᠦᠶ᠎ᠶ᠋ᠢᠨ ᠨᠡᠢᠭᠡᠮ᠎ᠤᠨ ᠬᠥᠭ᠌ᠵᠢᠯᠲᠡ᠎ᠶ᠋ᠢ ᠲᠠᠨᠢᠵᠤ ᠠᠬᠢᠭᠤᠯᠬᠤ᠎ᠳᠤ ᠬᠦᠨᠳᠤ ᠴᠢᠬᠤᠯᠠ ᠠᠴᠢ ᠬᠤᠯᠪᠣᠭ᠍ᠳᠠᠯ᠎ᠲᠠᠢ ᠪᠢᠯᠡ᠃
ᠦᠯᠡᠳᠡᠭ᠌ᠳᠡᠯ — ᠭᠡᠷᠡᠯ ᠰᠠᠴᠤᠷᠠᠩᠭᠤᠢ ᠦᠪ ᠰᠤᠶᠤᠯ᠎ᠤᠨ ᠬᠦᠷᠦᠩᠭᠡ
ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠂ ᠡᠷᠲᠡᠨ᠎ᠤ ᠦᠯᠡᠳᠡᠭ᠌ᠳᠡᠯ ᠣᠯᠠᠨ ᠪᠠᠢᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠳᠠᠭᠠᠯᠠᠭ᠍ᠳᠠᠴᠠ ᠡᠯᠪᠡᠭ ᠪᠠᠶᠠᠯᠢᠭ᠂ ᠢᠯᠠᠩᠭᠤᠶ᠎ᠠ ᠬᠢᠳᠠᠨ ᠯᠢᠶᠣᠤ ᠤᠯᠤᠰ᠎ᠤᠨ ᠦᠶ᠎ᠡ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠂ ᠮᠣᠩᠭᠤᠯ ᠶᠤᠸᠠᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠨᠢ ᠰᠣᠶᠣᠯ᠎ᠤᠨ ᠣᠨᠴᠠᠯᠢᠭ᠎ᠢᠶᠠᠷ ᠬᠠᠮᠤᠭ ᠳᠤᠪᠤᠢᠮ᠎ᠠ ᠪᠠᠢᠳᠠᠭ᠃ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠬᠡᠮᠵᠢᠶ᠎ᠡ᠎ᠪᠠᠷ ᠮᠠᠨ᠎ᠤ ᠣᠷᠣᠨ ᠪᠥᠬᠦ᠌ ᠤᠯᠤᠰ᠎ᠲᠤ 8 ᠳ᠋ᠤᠭᠠᠷ᠎ᠲᠤ ᠵᠢᠭ᠍ᠰᠠᠭᠠᠭ᠍ᠳᠠᠵᠤ᠂ ᠪᠥᠬᠦ᠌ ᠤᠯᠤᠰ᠎ᠲᠠᠬᠢ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠲᠣᠮᠣ ᠮᠤᠵᠢ ᠤᠷᠤᠨ᠎ᠤ ᠨᠢᠭᠡ ᠪᠣᠯᠤᠬ᠍ᠰᠠᠨ ᠪᠠᠢᠨ᠎ᠠ᠃ ᠪᠦᠷᠢᠳᠭᠡᠯ᠎ᠢ ᠦᠨᠳᠦᠰᠦᠯᠡᠪᠡᠯ᠂ ᠪᠦᠬᠦ᠌ ᠣᠷᠣᠨ᠎ᠳᠤ ᠣᠳᠣ ᠱᠢᠯᠵᠢᠭᠦᠯᠵᠦ᠍ ᠦᠯᠦ᠍ ᠪᠤᠯᠬᠤ ᠲᠡᠤᠬᠡ᠎ᠶ᠋ᠢᠨ ᠳᠤᠷᠠᠰᠭᠠᠯᠲᠤ ᠵᠦᠢᠯᠡᠰ 21099 ᠪᠠᠢᠵᠤ᠂ ᠲᠦᠷᠦᠭᠦᠤ ᠪᠦᠯᠦᠭ ᠲᠤᠭ᠍ᠲᠠᠭᠠᠭ᠍ᠰᠠᠨ ᠬᠤᠪᠢᠰᠭᠠᠯᠳᠤ ᠲᠡᠤᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠨᠢᠭᠡᠴᠢ 116 ᠪᠠᠢᠳᠠᠭ᠃ ᠪᠦᠬᠦ᠌ ᠣᠷᠣᠨ᠎ᠳᠤ ᠣᠳᠣ ᠮᠦᠽᠸᠢ᠎ᠳᠤ ᠬᠠᠳᠠᠭᠠᠯᠠᠵᠤ ᠪᠠᠢᠭ᠎ᠠ ᠲᠡᠤᠬᠡ᠎ᠶ᠋ᠢᠨ ᠳᠤᠷᠠᠰᠭᠠᠯᠲᠤ ᠵᠦᠶᠯᠡᠰ 112.5 ᠲᠦᠮᠡ ᠭᠠᠷᠤᠶ ᠬᠤᠪᠢ (ᠢᠵᠢ) ᠪᠠᠢᠵᠤ᠂ ᠡᠭᠦᠨ᠎ᠳᠤ ᠬᠤᠪᠢᠰᠭᠠᠯᠳᠤ ᠲᠡᠦᠬᠡ᠎ᠶ᠋ᠢᠨ ᠳᠤᠷᠠᠰᠭᠠᠯᠲᠤ ᠵᠦᠢᠯᠡᠰ 12403 ᠬᠤᠪᠢ (ᠢᠵᠢ) ᠪᠠᠢᠳᠠᠭ᠃ ᠬᠠᠮᠤᠭ᠎ᠠᠴᠠ ᠲᠠᠪᠠᠭᠤᠯᠢᠭ ᠤᠨᠴᠠᠯᠢᠭ᠎ᠲᠠᠢ᠎ᠨᠢ ᠬᠠᠲᠤᠨ ᠭᠤᠤᠯ᠎ᠤᠨ ᠰᠠᠪᠠ ᠭᠠᠵᠠᠷ᠎ᠤᠨ ᠰᠣᠶᠣᠯ᠎ᠤᠨ ᠥᠪ ᠪᠤᠯᠤᠨ᠎ᠠ᠃ ᠬᠠᠲᠤᠨ ᠭᠤᠤᠯ ᠳᠠᠭᠠᠤ᠎ᠳᠤ ᠦᠬᠠᠶ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠪᠤᠭᠤᠲᠤ ᠬᠤᠲᠠ᠂ ᠬᠥᠬᠡᠬᠤᠲᠠ᠎ᠶ᠋ᠢᠨ ᠳᠣᠯᠣᠭᠠᠨ ᠴᠢᠬᠤᠯᠠ ᠭᠠᠵᠠᠷ ᠣᠷᠣᠨ ᠲᠠᠷᠬᠠᠵᠤ᠂ ᠡᠨᠡ ᠬᠦ᠌ ᠭᠠᠵᠠᠷ ᠣᠷᠣᠨ᠎ᠨᠢ ᠮᠥᠨ ᠴᠦ᠍ ᠮᠠᠨ᠎ᠤ ᠣᠷᠣᠨ᠎ᠤ ᠰᠣᠶᠣᠯ᠎ᠤᠨ ᠥᠪ ᠲᠥᠪᠯᠡᠷᠡᠨ ᠲᠠᠷᠬᠠᠵᠤ ᠪᠠᠢᠭ᠎ᠠ ᠭᠠᠵᠠᠷ ᠣᠷᠣᠨ ᠪᠤᠯᠵᠤ᠂ ᠵᠥᠪᠬᠡᠨ ᠤᠯᠤᠰ᠎ᠤᠨ ᠭᠤᠣᠯᠳᠠᠯᠭ᠎ᠠ᠎ᠲᠠᠢ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢᠨ ᠨᠢᠭᠡᠴᠢ ᠳᠠᠷᠤᠢ 62 ᠪᠠᠢᠵᠤ᠂ ᠥᠪᠥᠷ ᠮᠣᠩᠭᠤᠯ ᠣᠷᠣᠨ᠎ᠤ ᠲᠡᠦᠬᠡ ᠰᠣᠶᠣᠯ ᠬᠠᠮᠤᠭ᠎ᠤᠨ ᠬᠥᠭ᠌ᠵᠢᠭ᠌ᠰᠡᠨ ᠭᠠᠵᠠᠷ ᠣᠷᠣᠨ ᠪᠣᠯᠤᠨ᠎ᠠ᠃ ᠡᠳᠡᠭᠡᠷ ᠰᠣᠶᠣᠯ᠎ᠤᠨ ᠥᠪ ᠪᠣᠯ ᠮᠠᠨ᠎ᠤ ᠣᠷᠣᠨ᠎ᠤ ᠬᠤᠪᠣᠷ ᠨᠠᠨᠳᠢᠨ ᠰᠣᠶᠣᠯ᠎ᠤᠨ ᠡᠬᠢ ᠪᠠᠶᠠᠯᠢᠭ ᠪᠠᠢᠵᠤ᠂ ᠳᠤᠮᠳᠠᠳᠤ᠎ᠶ᠋ᠢᠨ ᠪᠣᠯᠪᠠᠰᠤᠨ᠎ᠤ ᠭᠤᠣᠯ ᠪᠣᠯᠬᠤ ᠪᠣᠳᠠᠰ᠎ᠤᠨ ᠠᠴᠢᠶᠠᠯᠠᠪᠤᠷᠢ ᠪᠣᠯᠬᠤ ᠪᠥᠭᠡᠳ ᠮᠦᠨ ᠴᠦ᠍ ᠲᠠᠯ᠎ᠠ ᠨᠤᠲᠤᠭ᠎ᠤᠨ ᠰᠣᠶᠣᠯ᠎ᠢ ᠤᠯᠠᠮᠵᠢᠯᠠᠨ ᠪᠠᠳᠠᠷᠠᠭᠤᠯᠤᠭ᠍ᠰᠠᠨ ᠴᠢᠬᠤᠯᠠ ᠪᠤᠳᠠᠳᠤ ᠵᠢᠱ᠌ᠢᠶ᠎ᠡ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠬᠥᠭ᠌ᠵᠢᠯᠲᠡ᠎ᠶ᠋ᠢᠨ ᠬᠠᠨᠳᠤᠰᠢ ᠪᠣᠯᠤᠨ ᠯᠤᠲᠤ ᠶᠡᠭᠡ ᠳᠠᠯᠳᠠ ᠬᠦᠴᠦᠨ᠎ᠢ ᠢᠯᠡᠷᠡᠭᠦᠯᠵᠦ᠍ ᠪᠠᠢᠳᠠᠭ᠃
ᠰᠣᠶᠣᠯ᠎ᠤᠨ ᠥᠪ ᠪᠣᠯ ᠳᠤᠮᠳᠠᠳᠤ᠎ᠶ᠋ᠢᠨ ᠪᠣᠯᠪᠠᠰᠤᠨ᠎ᠤ 5000 ᠵᠢᠯ᠎ᠤᠨ ᠲᠡᠦᠬᠡ᠎ᠶ᠋ᠢᠨ ᠪᠣᠳᠠᠲᠤ ᠭᠡᠷᠡᠴᠢ ᠮᠥᠨ᠃ ᠥᠪᠡᠷᠲᠡᠭᠡᠨ ᠵᠠᠰᠠᠬᠤ ᠣᠷᠣᠨ᠎ᠳᠤ ᠠᠪᠴᠤ᠌ ᠬᠡᠯᠡᠪᠡᠯ᠂ ᠡᠳᠡᠭᠡᠷ ᠰᠣᠶᠣᠯ᠎ᠤᠨ ᠥᠪ᠎ᠨᠢ ᠲᠠᠯ᠎ᠠ ᠨᠤᠲᠤᠭ᠎ᠤᠨ ᠰᠣᠶᠣᠯ᠎ᠤᠨ ᠰᠤᠳᠤᠯᠭᠠᠨ᠎ᠤ ᠣᠨᠣᠯ᠎ᠤᠨ ᠰᠠᠭᠤᠷᠢ᠎ᠶ᠋ᠢ ᠪᠠᠲᠤᠳᠭᠠᠵᠤ᠂ ᠳᠤᠮᠳᠠᠳᠤ᠎ᠶ᠋ᠢᠨ ᠰᠣᠶᠣᠯ᠎ᠤᠨ ᠠᠭᠤᠯᠤᠭ᠍ᠳᠠᠬᠤᠨ᠎ᠢ ᠪᠠᠶᠠᠯᠢᠭ᠍ᠵᠢᠭᠤᠯᠤᠭ᠍ᠰᠠᠨ ᠪᠠᠢᠨ᠎ᠠ᠃ ᠵᠢᠱ᠌ᠢᠶᠡᠯᠡᠪᠡᠯ ᠬᠥᠬᠡᠬᠤᠲᠠ᠎ᠶ᠋ᠢᠨ ᠵᠡᠭᠦᠨ ᠳᠡᠭᠦᠷᠭᠡ᠎ᠶ᠋ᠢᠨ ᠳ᠋ᠠ ᠶᠣᠣ᠎ᠶ᠋ᠢᠨ ᠬᠠᠭᠤᠴᠢᠨ ᠴᠢᠯᠠᠭᠤᠨ ᠵᠡᠪᠰᠡᠭ᠎ᠤᠨ ᠪᠠᠭᠤᠷᠢ᠎ᠶ᠋ᠢᠨ ᠲᠤᠬᠠᠢ ᠬᠠᠭᠤᠴᠢ ᠰᠤᠳᠤᠯᠭᠠᠨ ᠬᠢᠬᠦ᠌᠎ᠪᠠᠷ ᠳᠠᠮᠵᠢᠨ᠂ ᠪᠡᠭᠡᠵᠢᠩ᠎ᠤᠨ ᠵᠧᠦ ᠺᠸᠦ ᠳ᠋ᠢᠶᠠᠨ᠎ᠤ ᠨᠢᠭᠡᠳᠦᠭᠡᠷ ᠭᠠᠵᠠᠷᠤᠨᠬᠢᠲᠠᠢ ᠠᠳᠠᠯᠢᠪᠲᠤᠷ ᠰᠤᠶᠤᠯ᠎ᠤᠨ ᠳᠦᠷᠰᠦ ᠪᠠᠢᠳᠠᠯ᠎ᠢ ᠢᠯᠡᠷᠡᠭᠦᠯᠵᠦ᠍᠂ ᠥᠪᠥᠷ ᠮᠣᠩᠭᠤᠯ᠎ᠤᠨ ᠲᠠᠯ᠎ᠠ ᠨᠤᠲᠤᠭ᠎ᠤᠨ ᠬᠥᠮᠦᠨ ᠲᠥᠷᠥᠯᠬᠢᠲᠡᠨ᠎ᠤ ᠲᠡᠦᠬᠡ᠎ᠶ᠋ᠢ 50 ᠲᠦᠮᠡᠨ ᠵᠢᠯ ᠤᠷᠢᠳᠴᠢᠯᠠᠭᠤᠯᠪᠠ; ᠪᠠᠰᠠ ᠵᠢᠱ᠌ᠢᠶᠡᠯᠡᠪᠡᠯ ᠬᠠᠲᠤᠨ ᠭᠤᠤᠯ᠎ᠤᠨ ᠰᠠᠪᠠ ᠭᠠᠵᠠᠷ᠎ᠤᠨ ᠶᠠᠩ ᠱᠤᠤ᠎ᠶ᠋ᠢᠨ ᠰᠣᠶᠣᠯ᠎ᠤᠨ ᠠᠯᠢ ᠤᠯᠠᠨ ᠱᠢᠨ᠎ᠡ ᠴᠢᠯᠠᠭᠤᠨ ᠵᠡᠪᠰᠡᠭ᠎ᠤᠨ ᠦᠶ᠎ᠡ᠎ᠶ᠋ᠢᠨ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠪᠠᠭᠤᠷᠢ᠎ᠳᠤ ᠬᠠᠭᠤᠴᠢ ᠰᠤᠳᠤᠯᠭᠠᠨ ᠬᠢᠬᠦ᠌᠎ᠪᠠᠷ ᠳᠠᠮᠵᠢᠨ ᠳᠤᠮᠳᠠᠳᠤ᠎ᠶ᠋ᠢᠨ ᠪᠣᠯᠪᠠᠰᠤᠨ᠎ᠤ 5000 ᠵᠢᠯ᠎ᠤᠨ ᠲᠡᠦᠬᠡ᠎ᠶ᠋ᠢ ᠬᠦᠴᠦᠲᠡᠢ ᠭᠡᠷᠡᠴᠢᠯᠡᠭ᠌ᠰᠡᠨ ᠪᠠᠢᠨ᠎ᠠ᠃
ᠬᠠᠮᠠᠭᠠᠯᠠᠯ — ᠬᠤᠪᠤᠷ ᠨᠠᠨᠳᠢᠨ ᠦᠪ ᠰᠤᠶᠤᠯ᠎ᠤᠨ ᠪᠠᠬᠢᠵᠢᠭᠦᠯᠦᠯ
ᠰᠣᠶᠣᠯ᠎ᠤᠨ ᠥᠪ᠎ᠢ ᠬᠠᠮᠠᠭᠠᠯᠠᠨ ᠠᠱᠢᠬ᠍ᠯᠠᠵᠤ ᠳᠡᠯᠭᠡᠨ ᠦᠵᠡᠭᠦᠯᠬᠦ᠌᠎ᠨᠢ ᠰᠣᠶᠣᠯ᠎ᠤᠨ ᠡᠬᠢ ᠪᠠᠶᠠᠯᠢᠭ᠎ᠢᠶᠠᠷ ᠠᠷᠠᠳ ᠣᠯᠠᠨ᠎ᠳᠤ ᠠᠱᠢᠭ ᠬᠦᠷᠲᠡᠭᠡᠬᠦ᠌ ᠵᠠᠢᠯᠠᠰᠢ ᠦᠭᠡᠢ ᠱᠠᠭᠠᠷᠳᠠᠯᠭ᠎ᠠ ᠪᠠ ᠪᠦᠲᠦᠮᠵᠢᠲᠡᠶ ᠠᠷᠭ᠎ᠠ ᠵᠠᠮ ᠪᠣᠯᠬᠤ ᠪᠥᠭᠡᠳ ᠮᠦᠨ ᠴᠤ᠌ ᠦᠨᠳᠦᠰᠦᠲᠡᠨ᠎ᠤ ᠰᠣᠶᠣᠯ᠎ᠤᠨ ᠲᠤᠬᠠᠢ ᠲᠠᠨᠢᠯᠲᠠ᠎ᠶ᠋ᠢ ᠨᠡᠮᠡᠭ᠌ᠳᠡᠭᠦᠯᠵᠤ ᠢᠳᠡᠬᠡᠯ᠎ᠢ ᠪᠠᠳᠤᠳᠭᠠᠬᠤ ᠴᠢᠬᠤᠯᠠ ᠲᠠᠪᠴᠠᠩ ᠪᠤᠯᠤᠨ᠎ᠠ᠃ ᠰᠣᠶᠣᠯ᠎ᠤᠨ ᠥᠪ᠎ᠤᠨ ᠠᠴᠢᠶᠠᠯᠠᠵᠤ ᠪᠠᠢᠭ᠎ᠠ ᠮᠡᠳᠡᠭᠡ ᠵᠠᠩᠭᠢ ᠪᠠᠶᠠᠯᠢᠭ᠂ ᠠᠯᠳᠠᠷᠱᠢᠯ ᠥᠨᠳᠥᠷ᠂ ᠠᠷᠠᠳ ᠲᠦᠮᠡᠨ᠎ᠤ ᠤᠶᠤᠨ ᠰᠠᠨᠠᠭ᠎ᠠ ᠰᠤᠶᠤᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠨ᠂ ᠵᠤᠷᠢᠬ ᠬᠦᠴᠦᠨ᠎ᠢ ᠡᠷᠴᠢᠯᠡᠨ ᠨᠡᠮᠡᠭ᠌ᠳᠡᠭᠦᠯᠬᠦ᠌ ᠴᠢᠬᠤᠯᠠ ᠵᠠᠭᠤᠴᠢ ᠪᠠᠢᠵᠤ᠂ ᠨᠡᠢᠭᠡᠮ ᠨᠡᠢᠲᠡ᠎ᠳᠤ ᠯᠤᠳᠤ ᠶᠡᠭᠡ ᠨᠦᠯᠦᠭᠡ᠎ᠲᠠᠢ ᠶᠤᠮ᠃ ᠠᠷᠠᠳ ᠣᠯᠠᠨ ᠪᠣᠯ ᠰᠣᠶᠣᠯ᠎ᠤᠨ ᠥᠪ᠎ᠤᠨ ᠥᠮᠴᠢᠯᠡᠭ᠌ᠴᠢ᠂ ᠰᠣᠨᠢᠷᠬᠠᠭ᠍ᠴᠢ ᠪᠠ ᠤᠯᠠᠮᠵᠢᠯᠠᠬ᠍ᠴᠢ ᠮᠥᠨ᠂ ᠰᠣᠶᠣᠯ᠎ᠤᠨ ᠥᠪ᠎ᠤᠨ ᠬᠠᠮᠠᠭᠠᠯᠠᠯᠲᠠ᠎ᠨᠢ ᠡᠷᠬᠡᠪᠰᠢ ᠠᠷᠠᠳ ᠣᠯᠠᠨ᠎ᠳᠤ ᠲᠦᠱᠢᠭ᠌ᠯᠡᠵᠦ᠍᠂ ᠰᠣᠶᠣᠯ᠎ᠤᠨ ᠦᠪ᠎ᠤᠨ ᠬᠠᠮᠠᠭᠠᠯᠠᠯᠲᠠ᠎ᠶ᠋ᠢᠨ ᠦᠷ᠎ᠡ ᠪᠦᠲᠦᠭᠡᠯ᠎ᠢ ᠮᠦᠨ ᠡᠷᠬᠡᠪᠰᠢ ᠨᠡᠢᠭᠡᠮ᠎ᠳᠤ ᠠᠭᠤᠰᠤᠯᠴᠠᠭᠤᠯᠤᠨ᠂ ᠨᠡᠢᠭᠡᠮ᠎ᠳᠤ ᠠᠱᠢᠭ ᠬᠦᠷᠲᠡᠭᠡᠪᠡᠯ ᠵᠤᠬᠢᠨ᠎ᠠ᠃ ᠥᠪᠡᠷᠲᠡᠭᠡᠨ ᠵᠠᠰᠠᠬᠤ ᠣᠷᠣᠨ᠎ᠳᠤ ᠬᠠᠳᠠᠭᠠᠯᠠᠭ᠍ᠳᠠᠵᠤ ᠪᠠᠢᠭ᠎ᠠ ᠰᠣᠶᠣᠯ᠎ᠤᠨ ᠥᠪ᠎ᠤᠨ ᠡᠬᠢ ᠪᠠᠶᠠᠯᠢᠭ ᠡᠯᠪᠡᠭ᠂ ᠥᠪ ᠰᠣᠶᠣᠯ᠎ᠤᠨ ᠣᠨᠴᠠᠯᠢᠭ ᠣᠯᠠᠨ ᠡᠱᠢᠲᠦ ᠪᠠᠢᠵᠤ᠂ ᠳᠤᠮᠳᠠᠳᠤ᠎ᠶ᠋ᠢᠨ ᠦᠨᠳᠦᠰᠦᠲᠡᠨ᠎ᠤ ᠨᠢᠭᠡ ᠴᠣᠭ᠍ᠴᠠᠵᠢᠭ᠍ᠰᠠᠨ ᠰᠣᠶᠣᠯ᠎ᠤᠨ ᠬᠥᠭ᠌ᠵᠢᠯᠲᠡ᠎ᠶ᠋ᠢ ᠭᠡᠷᠡᠴᠢᠯᠡᠵᠦ᠍ ᠪᠠᠢᠳᠠᠭ᠃
ᠦᠪᠡᠷᠲᠡᠭᠡᠨ ᠵᠠᠰᠠᠬᠤ ᠤᠷᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢ ᠯᠠᠪᠳᠠᠭᠤᠨ ᠪᠠᠳᠤᠳᠠᠢ ᠠᠬᠢᠭᠤᠯᠵᠤ᠂ 2019 ᠤᠨ᠎ᠳᠤ ᠪᠦᠬᠦ᠌ ᠣᠷᠣᠨ᠎ᠤ ᠨᠠᠢ᠍ᠮᠠᠳᠤᠭᠠᠷ ᠪᠦᠯᠦᠭ ᠪᠦᠬᠦ᠌ ᠤᠯᠤᠰ᠎ᠤᠨ ᠭᠤᠤᠯᠳᠠᠯᠭ᠎ᠠ᠎ᠲᠠᠢ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢᠨ ᠨᠢᠭᠡᠴᠢ᠎ᠶ᠋ᠢᠨ ᠮᠡᠳᠡᠭᠦᠯᠬᠦ᠌ ᠠᠵᠢᠯ᠎ᠢ ᠪᠡᠶᠡᠯᠡᠭᠦᠯᠵᠦ᠍᠂ ᠮᠠᠨ᠎ᠤ ᠣᠷᠣᠨ᠎ᠤ 8 ᠭᠠᠵᠠᠷ ᠰᠣᠩᠭᠤᠭ᠍ᠳᠠᠵᠤ᠂ ᠮᠠᠨ᠎ᠤ ᠣᠷᠣᠨ᠎ᠳᠠᠬᠢ ᠪᠥᠬᠦ᠌ ᠤᠯᠤᠰ᠎ᠤᠨ ᠭᠤᠤᠯᠳᠠᠯᠭ᠎ᠠ᠎ᠲᠠᠢ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢᠨ ᠨᠢᠭᠡᠴᠢ ᠨᠡᠮᠡᠭ᠌ᠳᠡᠭᠡᠳ 149 ᠪᠣᠯᠤᠭ᠍ᠰᠠᠨ ᠪᠠᠢᠨ᠎ᠠ᠃ ᠥᠪᠡᠷᠲᠡᠭᠡᠨ ᠵᠠᠰᠠᠬᠤ ᠣᠷᠣᠨ ᠪᠠᠰᠠ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠲᠥᠷᠥᠯ ᠵᠦᠢᠯ᠎ᠢ ᠮᠡᠳᠡᠭᠦᠯᠬᠦ᠌ ᠪᠠ ᠬᠢᠨᠠᠨ ᠬᠠᠮᠢᠶᠠᠷᠬᠤ ᠠᠵᠢᠯ᠎ᠢ ᠴᠢᠩᠭᠠᠳᠭᠠᠵᠤ᠂ ᠲᠦᠷᠦᠯ ᠵᠦᠢᠯ᠎ᠢ ᠬᠠᠮᠠᠭᠠᠯᠠᠬᠤ ᠲᠤᠰᠭᠠᠶ ᠵᠦᠢᠯ᠎ᠤᠨ ᠨᠥᠬᠦᠪᠥᠷᠢ ᠮᠥᠩᠭᠦ᠎ᠶ᠋ᠢ 1.94 ᠳ᠋ᠦᠩᠱᠢᠭᠤᠷ ᠲᠥᠭᠦᠷᠢᠭ ᠭᠤᠶᠤᠴᠢᠯᠠᠨ ᠮᠡᠳᠡᠭᠦᠯᠵᠦ᠍᠂ ᠲᠡᠤᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ 19 ᠢᠨᠵᠧᠨᠧᠷᠢᠩ᠎ᠢ ᠱᠢᠯᠭᠠᠨ ᠠᠪᠤᠭ᠍ᠰᠠᠨ ᠪᠠᠢᠨ᠎ᠠ᠃ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠠᠮᠤᠷ ᠲᠦᠪᠱᠢᠨ᠎ᠤ ᠠᠵᠢᠯ᠎ᠤᠨ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ 《ᠥᠪᠡᠷᠲᠡᠭᠡᠨ ᠵᠠᠰᠠᠬᠤ ᠣᠷᠣᠨ᠎ᠤ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ ᠪᠣᠯᠤᠨ ᠠᠶᠤᠯᠭᠦᠢ ᠠᠵᠢᠯ᠎ᠤᠨ ᠲᠢᠩᠬᠢᠮ᠎ᠤᠨ ᠬᠤᠭᠤᠷᠣᠨᠳᠣᠬᠢ ᠬᠠᠮᠲᠤᠷᠠᠭ᠍ᠰᠠᠨ ᠬᠤᠷᠠᠯ᠎ᠤᠨ ᠳᠦᠷᠢᠮ》 ᠢ ᠪᠠᠢᠭᠤᠯᠤᠨ᠂ ᠪᠦᠬᠦ᠌ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠶᠯᠡᠰ᠎ᠤᠨ ᠬᠠᠮᠠᠭᠠᠯᠠᠯᠲᠠ ᠪᠣᠯᠤᠨ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠠᠶᠤᠯᠭᠦᠢ ᠠᠵᠢᠯ᠎ᠤᠨ ᠨᠡᠢᠯᠡᠮᠡᠯ ᠬᠦᠴᠦᠨ᠎ᠢ ᠲᠠᠰᠤᠷᠠᠯᠲᠠ ᠦᠭᠡᠢ ᠴᠢᠩᠭᠠᠷᠠᠭᠤᠯᠵᠤ ᠪᠤᠢ᠃
ᠡᠨᠡ ᠵᠢᠯ᠎ᠤᠨ 5 ᠰᠠᠷ᠎ᠠ᠎ᠶ᠋ᠢᠨ ᠰᠡᠭᠦᠯᠴᠢ᠎ᠪᠠᠷ᠂ ᠪᠦᠬᠦ᠌ ᠤᠷᠤᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠠᠮᠤᠷ ᠲᠦᠪᠱᠢᠨ᠎ᠤ ᠪᠤᠯᠪᠠᠰᠤᠷᠠᠯ ᠵᠢᠴᠢ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢᠨ ᠠᠵᠢᠯ᠎ᠤᠨ ᠪᠠᠢᠷᠢᠯᠠᠭᠤᠯᠤᠯᠲᠠ᠎ᠶ᠋ᠢᠨ ᠲᠧᠯᠸᠢᠰ ᠤᠳᠠᠰᠤ ᠬᠤᠷᠠᠯ ᠬᠤᠷᠠᠯᠳᠤᠵᠤ᠂ ᠬᠤᠷᠠᠯ᠎ᠳᠤ ᠶᠡᠷᠦᠩᠬᠡᠢ ᠱᠦᠵᠢ ᠰᠢ᠎ᠶ᠋ᠢᠨ ᠫᠢᠩ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠠᠵᠢᠯ᠎ᠤᠨ ᠲᠤᠬᠠᠢ ᠴᠢᠬᠤᠯᠠ ᠦᠭᠦᠯᠡᠯᠲᠡ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢᠨ ᠬᠠᠤᠯᠢ》 ᠪᠤᠯᠤᠨ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠳᠦᠷᠢᠮ》 ᠢ ᠰᠤᠷᠤᠯᠴᠠᠨ ᠲᠤᠭᠤᠱᠢᠯᠠᠭᠤᠯᠵᠤ᠂ ᠬᠤᠷᠠᠯ᠎ᠳᠤ ᠤᠷᠤᠯᠴᠠᠭ᠍ᠰᠠᠳ᠎ᠲᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠠᠮᠤᠷ ᠲᠦᠪᠱᠢᠨ᠎ᠤ ᠲᠤᠬᠠᠢ ᠪᠤᠯᠪᠠᠰᠤᠷᠠᠯ ᠬᠦᠷᠲᠡᠭᠡᠨ᠂ ᠪᠦᠬᠦ᠌ ᠤᠷᠤᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢᠨ ᠠᠵᠢᠯ ᠪᠤᠯᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠠᠮᠤᠷ ᠲᠦᠪᠱᠢᠨ᠎ᠢ ᠶᠡᠭᠡ᠎ᠪᠠᠷ ᠪᠠᠢᠴᠠᠭᠠᠬᠤ ᠠᠵᠢᠯ᠎ᠢ ᠲᠤᠬᠢᠷᠠᠭᠤᠯᠤᠨ ᠪᠠᠢᠷᠢᠯᠠᠭᠤᠯᠵᠤ ᠠᠬᠢᠭᠤᠯᠤᠭ᠍ᠰᠠᠨ ᠪᠠᠢᠨ᠎ᠠ᠃
7 ᠰᠠᠷ᠎ᠠ᠎ᠶ᠋ᠢᠨ ᠡᠬᠢᠨ᠎ᠢᠶᠠᠷ᠂ ᠬᠦᠬᠡᠬᠤᠲᠠ᠎ᠶ᠋ᠢᠨ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠬᠠᠮᠢᠶ᠎ᠠ ᠪᠦᠬᠦᠢ ᠤᠳᠤᠷᠢᠳᠤᠯᠭ᠎ᠠ ᠦᠪᠡᠷᠲᠡᠭᠡᠨ ᠵᠠᠰᠠᠬᠤ ᠤᠷᠤᠨ᠎ᠤ ᠵᠠᠩᠵᠤᠨ᠎ᠤ ᠶᠠᠮᠤᠨ᠎ᠤ ᠮᠦᠽᠸᠢ᠎ᠳᠤ ᠬᠦᠷᠴᠦ᠍᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢᠨ ᠠᠵᠢᠯ᠎ᠳᠤ ᠲᠤᠬᠠᠢ᠎ᠶ᠋ᠢᠨ ᠭᠠᠵᠠᠷ᠎ᠤᠨ ᠪᠠᠢᠴᠠᠭᠠᠨ ᠰᠤᠳᠤᠯᠤᠯᠲᠠ ᠬᠢᠵᠦ᠍᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢᠨ ᠵᠠᠷᠤᠳᠠᠯ᠎ᠤᠨ ᠬᠡᠷᠡᠭ᠌ᠯᠡᠬᠡᠨ᠂ ᠭᠠᠯ ᠤᠨᠲᠠᠷᠠᠭᠠᠬᠤ ᠦᠷᠲᠡᠭᠡ ᠪᠤᠯᠤᠨ ᠠᠮᠤᠷ ᠲᠦᠪᠱᠢᠨ᠎ᠤ ᠬᠢᠨᠠᠨ ᠡᠵᠡᠮᠳᠡᠬᠦ᠌ ᠲᠠᠰᠤᠭ ᠪᠠ ᠦᠵᠡᠮᠵᠢ᠎ᠶ᠋ᠢᠨ ᠤᠷᠤᠨ᠎ᠤ ᠬᠠᠮᠢᠶᠠᠷᠤᠯᠲᠠ᠂ ᠰᠡᠯᠪᠢᠨ ᠵᠠᠰᠠᠵᠤ ᠬᠠᠮᠠᠭᠠᠯᠠᠵᠤ ᠪᠠᠢᠭ᠎ᠠ ᠪᠠᠢᠳᠠᠯ ᠵᠡᠷᠭᠡ᠎ᠶ᠋ᠢ ᠨᠠᠷᠢᠨ ᠨᠢᠭ᠍ᠲᠠ ᠪᠠᠢᠴᠠᠭᠠᠭ᠍ᠰᠠᠨ ᠪᠠᠢᠨ᠎ᠠ; ᠲᠦᠷᠦᠭᠦᠬᠡᠨ ᠬᠢᠩᠭᠠᠨ ᠠᠢᠮᠠᠭ ᠲᠡᠤᠬᠡ᠎ᠶ᠋ᠢᠨ ᠳᠤᠷᠠᠰᠭᠠᠯᠲᠤ ᠵᠦᠶᠯᠡᠰ᠎ᠤᠨ ᠬᠠᠮᠠᠭᠠᠯᠠᠯᠲᠠ᠎ᠶ᠋ᠢᠨ ᠠᠵᠢᠯ᠎ᠤᠨ ᠣᠳᠣᠬᠢ ᠪᠠᠢᠳᠠᠯ ᠵᠢᠴᠢ ᠣᠷᠣᠱᠢᠵᠤ ᠪᠠᠢᠭ᠎ᠠ ᠠᠰᠠᠭᠤᠳᠠᠯ᠎ᠢ ᠪᠦᠬᠦ᠌ ᠲᠠᠯ᠎ᠠ᠎ᠪᠠᠷ ᠣᠢᠯᠠᠭᠠᠨ ᠲᠣᠳᠣᠯᠠᠨ ᠴᠡᠭ᠌ᠴᠡᠯᠡᠨ ᠰᠠᠢᠵᠢᠷᠠᠭᠤᠯᠬᠤ᠎ᠶ᠋ᠢ ᠪᠦᠬᠦ᠌ ᠬᠦᠴᠦᠨ᠎ᠢᠶᠠᠷ ᠠᠬᠢᠭᠤᠯᠵᠤ᠂ ᠪᠥᠬᠦ᠌ ᠠᠢᠮᠠᠭ᠎ᠤᠨ 6 ᠬᠤᠱᠢᠭᠤ ᠱᠢᠶᠠᠨ ᠬᠤᠲᠠ᠎ᠶ᠋ᠢᠨ 6 ᠭᠤᠤᠯᠳᠠᠯᠭ᠎ᠠ᠎ᠲᠠᠢ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢᠨ ᠨᠢᠭᠡᠴᠢ᠂ ᠤᠷᠤᠨ᠎ᠤ ᠳᠡᠰ᠎ᠤᠨ 16 ᠭᠤᠤᠯᠳᠠᠯᠭ᠎ᠠ᠎ᠲᠠᠢ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢᠨ ᠨᠢᠭᠡᠴᠢ᠎ᠳᠤ ᠪᠦᠬᠦ᠌ ᠲᠠᠯ᠎ᠠ᠎ᠶ᠋ᠢᠨ ᠪᠠᠢᠴᠠᠭᠠᠯᠲᠠ ᠥᠷᠨᠢᠭᠦᠯᠬᠦ᠌᠎ᠶ᠋ᠢᠨ ᠬᠠᠮᠲᠤ᠌᠂ ᠡᠯ᠎ᠡ ᠬᠤᠱᠢᠭᠤ ᠱᠢᠶᠠᠨ ᠬᠤᠲᠠᠶ᠋ᠢᠨᠬᠢᠨᠢ ᠱᠠᠭᠠᠷᠳᠠᠨ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠠᠮᠤᠷ ᠲᠦᠪᠱᠢᠨ᠎ᠤ ᠭᠡᠮ ᠰᠤᠭᠤᠬ᠂ ᠭᠤᠤᠯᠳᠠᠯᠭ᠎ᠠ᠎ᠲᠠᠢ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢᠨ ᠲᠦᠷᠦᠯ ᠵᠦᠢᠯ ᠵᠡᠷᠭᠡ᠎ᠳᠤ ᠪᠦᠬᠦ᠌ ᠲᠠᠯ᠎ᠠ᠎ᠶ᠋ᠢᠨ ᠪᠠᠢᠴᠠᠭᠠᠯᠲᠠ ᠦᠷᠨᠢᠭᠦᠯᠵᠦ᠍᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠠᠮᠤᠷ ᠲᠦᠪᠱᠢᠨ᠎ᠤ ᠠᠵᠢᠯ᠎ᠢ ᠪᠦᠲᠦᠮᠵᠢᠲᠡᠢ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠵᠤ ᠪᠤᠢ; ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠢᠶᠠᠷᠴᠤ᠌ ᠬᠠᠮᠠᠭᠠᠯᠠᠬᠤ ᠡᠷᠴᠢᠮ᠎ᠢᠶᠠᠨ ᠤᠯᠠᠮ ᠴᠢᠩᠭᠠᠳᠭᠠᠵᠤ᠂ ᠱᠢᠯᠵᠢᠭᠦᠯᠵᠦ᠍ ᠦᠯᠦ᠍ ᠪᠤᠯᠬᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠡᠪᠳᠡᠭ᠌ᠳᠡᠬᠦ᠌᠎ᠠᠴᠠ ᠰᠡᠷᠭᠡᠢᠯᠡᠨ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠠᠮᠤᠷ ᠲᠦᠪᠱᠢᠨ᠎ᠤ ᠠᠵᠢᠯ᠎ᠢ ᠲᠡᠷᠢᠭᠦᠨ ᠪᠠᠢᠷᠢᠨ᠎ᠳᠤ ᠲᠠᠯᠪᠢᠵᠤ᠂ ᠬᠠᠮᠢᠶᠠᠷᠴᠤ᠌ ᠬᠠᠮᠠᠭᠠᠯᠠᠬᠤ᠎ᠶ᠋ᠢ ᠴᠢᠩᠭᠠᠳᠭᠠᠬᠤ ᠪᠠ ᠬᠠᠤᠯᠢ᠎ᠶ᠋ᠢ ᠴᠢᠩᠭ᠎ᠠ ᠬᠡᠷᠡᠭ᠌ᠵᠢᠭᠦᠯᠬᠦ᠌᠎ᠶ᠋ᠢ ᠤᠶᠠᠯᠳᠤᠭᠤᠯᠤᠨ᠂ ᠨᠡᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠠᠵᠢᠯ᠎ᠳᠤ ᠤᠷᠤᠯᠴᠠᠬᠤ᠎ᠶ᠋ᠢ ᠭᠦᠢᠴᠡᠳ ᠳᠠᠢᠴᠢᠯᠠᠬᠤ᠎ᠶ᠋ᠢᠨ ᠲᠦᠯᠦᠭᠡ᠂ ᠠᠯᠠᠱᠠ ᠪᠠᠷᠠᠭᠤᠨ ᠬᠤᠱᠢᠭᠤᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢᠨ ᠲᠦᠪ᠎ᠨᠢ ᠲᠡᠮᠡᠭᠡᠲᠦ (ᠤᠷᠲᠤ ᠴᠠᠭᠠᠨ ᠬᠡᠷᠡᠮ) ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠳᠠ᠎ᠶ᠋ᠢᠨ ᠠᠩᠭᠢ᠎ᠳᠤ ᠱᠢᠨ᠎ᠡ᠎ᠪᠠᠷ ᠡᠯᠰᠡᠭ᠌ᠰᠡᠨ ᠭᠡᠱᠢᠭᠦᠳ᠎ᠲᠠᠢ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠬᠡᠯᠡᠯᠴᠡᠭᠡᠷ ᠲᠤᠭ᠍ᠲᠠᠵᠤ᠂ ᠬᠠᠮᠢᠶ᠎ᠠ ᠪᠦᠬᠦᠢ ᠪᠤᠯᠪᠠᠰᠤᠷᠠᠯ ᠬᠦᠷᠲᠡᠭᠡᠬᠦ᠌᠎ᠶ᠋ᠢᠨ ᠬᠠᠮᠲᠤ ᠲᠤᠬᠠᠢᠯᠠᠬ᠍ᠰᠠᠠ ᠡᠭᠦᠷᠭᠡ ᠬᠠᠷᠢᠭᠤᠴᠠᠯᠭ᠎ᠠ᠎ᠶ᠋ᠢ ᠲᠤᠳᠤᠷᠬᠠᠢᠯᠠᠬ᠍ᠰᠠᠠ ᠪᠠᠢᠨ᠎ᠠ᠃ ᠠᠯᠠᠱᠠ ᠪᠠᠷᠠᠭᠤᠨ ᠬᠤᠱᠢᠭᠤ᠎ᠨᠢ 2016 ᠤᠨ᠎ᠳᠤ ᠲᠡᠮᠡᠭᠡᠲᠦ (ᠤᠷᠲᠤ ᠴᠠᠭᠠᠨ ᠬᠡᠷᠡᠮ) ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠳᠠ᠎ᠶ᠋ᠢᠨ ᠠᠩᠬᠢ ᠪᠠᠢᠭᠤᠯᠤᠭ᠍ᠰᠠᠨ᠎ᠠᠴᠠ ᠨᠠᠭᠠᠰᠢ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠭᠡᠱᠢᠭᠦᠨ᠎ᠢ 24 ᠡᠯᠰᠡᠵᠦ᠍᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠠᠵᠢᠯ᠎ᠢ ᠦᠨᠡᠨ ᠬᠦ᠌ ᠠᠬᠢᠭᠤᠯᠵᠤ ᠪᠠᠢᠨ᠎ᠠ᠃
《ᠠᠮᠢᠯᠠᠭᠤᠯᠤᠯ》 — ᠦᠨᠢᠷ ᠪᠠᠶᠠᠯᠢᠭ ᠦᠪ ᠰᠤᠶᠤᠯ᠎ᠤᠨ ᠤᠯᠠᠮᠵᠢᠯᠠᠯ
ᠲᠡᠤᠬᠡ᠎ᠶ᠋ᠢᠨ ᠳᠤᠷᠠᠰᠭᠠᠯᠲᠤ ᠵᠦᠶᠯᠡᠰ᠎ᠨᠢ ᠲᠡᠤᠬᠡ ᠰᠣᠶᠣᠯ᠎ᠢ ᠠᠴᠢᠶᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠬᠤ᠎ᠶ᠋ᠢᠨ ᠪᠣᠳᠠᠲᠤ ᠭᠡᠷᠡᠴᠢ ᠪᠠᠢᠵᠤ᠂ ᠠᠷᠠᠳ ᠤᠯᠠᠨ᠎ᠤ ᠰᠣᠶᠣᠯ᠎ᠤᠨ ᠬᠡᠷᠡᠭ᠌ᠴᠡᠭᠡ᠎ᠶ᠋ᠢ ᠬᠠᠩᠭᠠᠬᠤ᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠦᠶᠯᠡᠴᠢᠯᠡᠬᠦ᠌ ᠴᠢᠬᠤᠯᠠ ᠡᠬᠢ ᠪᠠᠶᠠᠯᠢᠭ ᠮᠥᠨ᠃ ᠲᠡᠤᠬᠡ᠎ᠶ᠋ᠢᠨ ᠳᠤᠷᠠᠰᠭᠠᠯᠲᠤ ᠵᠦᠶᠯᠡᠰ᠎ᠤᠨ ᠦᠢᠯᠡᠰ᠎ᠤᠨ ᠲᠠᠰᠤᠷᠠᠯᠲᠠ ᠦᠭᠡᠢ ᠬᠥᠭ᠌ᠵᠢᠯᠲᠡ᠎ᠶ᠋ᠢ ᠳᠠᠭᠠᠯᠳᠤᠨ᠂ ᠬᠥᠮᠦᠰ᠎ᠤᠨ ᠰᠣᠶᠣᠯ᠎ᠤᠨ ᠬᠡᠷᠡᠭ᠌ᠴᠡᠭᠡ ᠱᠠᠭᠠᠷᠳᠠᠯᠭ᠎ᠠ ᠨᠡᠩ ᠥᠨᠳᠥᠷ ᠪᠣᠯᠵᠤ᠂ ᠮᠦᠽᠧᠶ᠎ᠳᠤ ᠬᠦᠷᠴᠦ᠍ ᠦᠵᠡᠭᠦᠯᠭᠡ᠎ᠶ᠋ᠢ ᠰᠤᠨᠢᠷᠬᠠᠬᠤ᠌ᠪᠠᠷ ᠳᠠᠮᠵᠢᠨ ᠲᠡᠤᠬᠡ᠎ᠶ᠋ᠢ ᠣᠢᠯᠠᠭᠠᠨ᠂ ᠬᠥᠮᠦᠵᠢᠯ ᠬᠦᠷᠲᠡᠵᠦ᠍ ᠮᠡᠳᠡᠯᠭᠡ᠎ᠪᠠᠨ ᠨᠡᠮᠡᠭ᠌ᠳᠡᠭᠦᠯᠬᠦ᠌ ᠬᠦᠰᠡᠯ ᠨᠡᠩ ᠴᠢᠩᠭᠠᠷᠠᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠦᠢᠯᠡᠰ᠎ᠤᠨ ᠬᠥᠭ᠌ᠵᠢᠯᠲᠡ᠎ᠳᠤ ᠨᠡᠩ ᠥᠨᠳᠥᠷ ᠬᠦᠰᠡᠯ ᠡᠷᠡᠮᠡᠯᠵᠡᠯ᠎ᠲᠠᠢ ᠪᠤᠯᠤᠭ᠍ᠰᠠᠨ ᠪᠠᠢᠨ᠎ᠠ᠃
ᠦᠪᠡᠷᠲᠡᠭᠡᠨ ᠵᠠᠰᠠᠬᠤ ᠤᠷᠤᠨ ᠲᠠᠯ᠎ᠠ ᠨᠤᠲᠤᠭ᠎ᠤᠨ ᠲᠤᠷᠭᠠᠨ ᠵᠠᠮ ᠳᠠᠭᠠᠤ᠎ᠶ᠋ᠢᠨ ᠤᠯᠤᠰ᠎ᠲᠤ ᠦᠪᠦᠷ ᠮᠤᠩᠭᠤᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠰᠤᠳᠤᠨ ᠪᠦᠲᠦᠭᠡᠯ᠎ᠢ ᠳᠡᠯᠭᠡᠨ ᠦᠵᠡᠭᠦᠯᠬᠦ᠌ ᠠᠵᠢᠯ᠎ᠢ ᠦᠷᠭᠦᠯᠵᠢᠯᠡᠨ ᠴᠢᠩᠭᠠᠳᠭᠠᠵᠤ᠂ ᠳᠤᠮᠳᠠᠳᠤ ᠮᠤᠩᠭᠤᠯ ᠤᠯᠤᠰ᠎ᠤᠨ ᠬᠠᠮᠲᠤᠷᠠᠭ᠍ᠰᠠᠨ 《ᠲᠠᠯ᠎ᠠ ᠨᠤᠲᠤᠭ᠎ᠤᠨ ᠲᠤᠷᠭᠠᠨ ᠵᠠᠮ᠎ᠤᠨ ᠰᠤᠶᠤᠯ᠎ᠤᠨ ᠦᠪ᠎ᠤᠨ ᠲᠤᠭᠠᠴᠢᠯᠠᠭ᠍ᠰᠠᠨ ᠢᠨᠵᠧᠨᠧᠷᠢᠩ᠎ᠤᠨ ᠲᠦᠷᠦᠯ ᠵᠦᠢᠯ》 ᠢ ᠦᠷᠭᠦᠯᠵᠢᠯᠡᠨ ᠠᠬᠢᠭᠤᠯᠤᠨ᠂ ᠳᠤᠮᠳᠠᠳᠤ ᠮᠤᠩᠭᠤᠯ᠎ᠤᠨ ᠬᠠᠭᠤᠴᠢ ᠰᠤᠳᠤᠯᠤᠯ᠎ᠤᠨ ᠬᠠᠮᠲᠤᠷᠠᠭ᠍ᠰᠠᠨ ᠪᠠᠢᠴᠠᠭᠠᠯᠲᠠ ᠪᠤᠯᠤᠨ ᠨᠡᠭᠡᠭᠡᠨ ᠠᠭᠤᠳᠠᠯᠬᠤ ᠲᠦᠷᠦᠯ ᠵᠦᠢᠯ᠎ᠢ ᠦᠷᠨᠢᠭᠦᠯᠵᠦ᠍᠂ 《ᠲᠦᠮᠡᠨ ᠭᠠᠵᠠᠷ᠎ᠤᠨ ᠴᠠᠢ᠎ᠶ᠋ᠢᠨ ᠵᠠᠮ》 ᠤᠨ ᠮᠤᠩᠭᠤᠯ ᠤᠯᠤᠰ᠎ᠤᠨ ᠬᠢᠯᠢ᠎ᠳᠠᠬᠢ ᠵᠠᠮ ᠱᠤᠭᠤᠮ᠎ᠤᠨ ᠪᠠᠢᠴᠠᠭᠠᠯᠲᠠ᠎ᠶ᠋ᠢᠨ ᠲᠦᠷᠦᠯ ᠵᠦᠢᠯ᠎ᠢ ᠦᠷᠨᠢᠭᠦᠯᠦᠭ᠌ᠰᠡᠨ ᠪᠠᠢᠨ᠎ᠠ᠃ ᠦᠪᠦᠷ ᠮᠤᠩᠭᠤᠯ᠎ᠤᠨ ᠮᠦᠽᠸᠢ᠎ᠶ᠋ᠢᠨ 《ᠶᠡᠭᠡ ᠯᠢᠶᠤᠤ ᠤᠯᠤᠰ ᠬᠢᠳᠠᠨ — ᠳᠤᠮᠳᠠᠳᠤ ᠤᠯᠤᠰ᠎ᠤᠨ ᠦᠪᠦᠷ ᠮᠤᠩᠭᠤᠯ᠎ᠤᠨ ᠯᠢᠶᠤᠤ ᠤᠯᠤᠰ᠎ᠤᠨ ᠦᠶ᠎ᠡ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠰᠤᠳᠤᠨ ᠪᠦᠲᠦᠭᠡᠯ᠎ᠤᠨ ᠦᠵᠡᠭᠦᠯᠭᠡ》 ᠶ᠋ᠢ ᠮᠤᠩᠭᠤᠯ ᠤᠯᠤᠰ᠎ᠤᠨ ᠮᠦᠽᠸᠢ᠎ᠳᠤ ᠶᠠᠪᠤᠭ᠍ᠳᠠᠭᠤᠯᠵᠤ᠂ ᠮᠤᠩᠭᠤᠯ ᠤᠯᠤᠰ᠎ᠤᠨ ᠡᠯ᠎ᠡ ᠬᠦᠷᠢᠶ᠎ᠡ ᠴᠠᠷᠠᠭᠠᠶ᠋ᠢᠨᠬᠢᠨᠤ ᠦᠨᠳᠦᠷ ᠦᠨᠡᠯᠡᠯᠲᠡ᠎ᠶ᠋ᠢ ᠤᠯᠤᠭ᠍ᠰᠠᠨ ᠪᠠᠢᠨ᠎ᠠ᠃
ᠭᠤᠸᠠᠩᠳᠦ᠋ᠩ ᠮᠤᠵᠢ᠎ᠶ᠋ᠢᠨ ᠰᠣᠶᠣᠯ ᠪᠠ ᠵᠢᠭᠤᠯᠴᠢᠯᠠᠯ᠎ᠤᠨ ᠲᠢᠩᠬᠢᠮ ᠪᠤᠯᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠭᠤᠤᠯᠯᠠᠨ ᠡᠷᠭᠢᠯᠡᠵᠦ᠍᠂ ᠭᠤᠸᠠᠩᠳᠦ᠋ᠩ ᠮᠤᠵᠢ᠎ᠶ᠋ᠢᠨ ᠮᠦᠽᠧᠶ ᠪᠠ ᠥᠪᠥᠷ ᠮᠣᠩᠭᠤᠯ᠎ᠤᠨ ᠮᠦᠽᠧᠶ᠎ᠶ᠋ᠢᠨ ᠳᠠᠭᠠᠭᠠᠴᠢᠯᠠᠨ ᠡᠷᠭᠢᠯᠡᠭ᠌ᠰᠡᠨ 《ᠬᠢᠳᠠᠨ᠎ᠤ ᠰᠠᠭᠤᠭ᠍ᠳᠠᠯ — ᠯᠢᠶᠣᠤ ᠤᠯᠤᠰ᠎ᠤᠨ ᠦᠶ᠎ᠡ᠎ᠶ᠋ᠢᠨ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠰᠣᠳᠣᠨ ᠪᠦᠲᠦᠭᠡᠯ᠎ᠤᠨ ᠦᠵᠡᠰᠭᠦᠯᠡᠩ》 ᠨᠢ ᠲᠦᠷᠦᠭᠦᠬᠡᠨ ᠭᠤᠸᠠᠩᠳᠦ᠋ᠩ ᠮᠤᠵᠢ᠎ᠶ᠋ᠢᠨ ᠮᠦᠽᠸᠢ᠎ᠳᠤ ᠡᠭᠦᠯᠡᠨ ᠡᠬᠢᠯᠡᠯᠲᠡ᠎ᠶ᠋ᠢᠨ ᠶᠤᠰᠤᠯᠠᠯ ᠶᠠᠪᠤᠭ᠍ᠳᠠᠪᠠ᠃ ᠦᠵᠡᠰᠭᠦᠯᠡᠩᠳᠤ 128 ᠬᠤᠪᠢ / ᠢᠵᠢ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠰᠣᠳᠣᠨ ᠪᠦᠲᠦᠭᠡᠯ᠎ᠢ ᠳᠡᠯᠭᠡᠨ ᠦᠵᠡᠭᠦᠯᠵᠦ᠍᠂ ᠲᠥᠷᠥᠯ ᠵᠦᠢᠯ᠎ᠨᠢ ᠣᠯᠠᠨ ᠶᠠᠩᠵᠤ᠎ᠶ᠋ᠢᠨ ᠪᠠᠢᠵᠤ᠂ ᠠᠯᠲᠠ ᠮᠥᠩᠭᠦᠨ ᠬᠡᠷᠡᠭ᠌ᠰᠡᠯ᠂ ᠵᠡᠰ ᠲᠡᠮᠦᠷ ᠪᠠᠭᠠᠵᠢ᠂ ᠸᠠᠭᠠᠷ ᠱᠠᠭᠠᠵᠠᠩ ᠪᠠᠭᠠᠵᠢ᠂ ᠲᠣᠷᠭᠠᠨ ᠨᠡᠬᠡᠮᠡᠯ ᠵᠢᠴᠢ ᠮᠠᠨ᠎ᠤ᠂ ᠬᠤᠪᠠ ᠵᠡᠷᠭᠡ ᠣᠯᠠᠨ ᠵᠦᠢᠯ᠎ᠤᠨ ᠪᠦᠲᠦᠴᠡᠶ᠋ᠢᠨᠬᠢᠶ᠋ᠢ ᠪᠠᠭ᠍ᠲᠠᠭᠠᠨ᠂ ᠬᠤᠪᠣᠷ ᠨᠠᠨᠳᠢᠨ ᠲᠡᠦᠬᠡ᠎ᠶ᠋ᠢᠨ ᠳᠤᠷᠠᠰᠭᠠᠯᠲᠤ ᠵᠦᠢᠯᠡᠰ 116 ᠬᠤᠪᠢ / ᠢᠵᠢ ᠪᠠᠢᠵᠤ᠂ ᠡᠭᠦᠨ᠎ᠳᠤ ᠨᠢᠭᠡᠳᠦᠭᠡᠷ ᠳᠡᠰ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ 76 ᠬᠤᠪᠢ / ᠢᠵᠢ ᠪᠠᠭ᠍ᠲᠠᠵᠤ᠂ ᠦᠵᠡᠰᠭᠦᠯᠡᠩ᠎ᠨᠢ 10 ᠰᠠᠷ᠎ᠠ᠎ᠶ᠋ᠢᠨ ᠰᠡᠭᠦᠯᠴᠢ ᠪᠤᠯᠲᠠᠯ᠎ᠠ ᠶᠠᠪᠤᠭ᠍ᠳᠠᠬᠤ ᠪᠤᠯᠤᠨ᠎ᠠ᠃
ᠣᠢᠷ᠎ᠠ᠎ᠳᠤ᠂ 《ᠴᠢᠯᠠᠭᠤᠨ ᠵᠡᠪᠰᠡᠭ᠎ᠤᠨ ᠴᠠᠭ ᠦᠶ᠎ᠡ — ᠵᠡᠭᠦᠨ ᠦᠵᠦᠮᠦᠴᠢᠨ ᠬᠤᠱᠢᠭᠤᠨ᠎ᠤ ᠤᠯᠤᠰ᠎ᠤᠨ ᠲᠠᠰ᠎ᠤᠨ ᠭᠤᠤᠯᠳᠠᠯᠭ᠎ᠠ᠎ᠲᠠᠢ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠬᠠᠮᠠᠭᠠᠯᠠᠯᠲᠠ᠎ᠶ᠋ᠢᠨ ᠨᠢᠭᠡᠴᠢ ᠪᠤᠯᠬᠤ ᠵᠢᠩᠰᠡᠲᠠᠢ ᠠᠭᠤᠶ᠎ᠶ᠋ᠢᠨ ᠪᠠᠭᠤᠷᠢ᠎ᠠᠴᠠ ᠮᠠᠯᠲᠠᠵᠤ ᠭᠠᠷᠭᠠᠭ᠍ᠰᠠᠨ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠦᠵᠡᠭᠦᠯᠭᠡ》 ᠱᠢᠯᠢ᠎ᠶ᠋ᠢᠨ ᠭᠤᠤᠯ ᠠᠢᠮᠠᠭ᠎ᠤᠨ ᠮᠦᠽᠧᠶ᠎ᠳᠤ ᠶᠠᠪᠤᠭ᠍ᠳᠠᠵᠤ᠂ ᠨᠡᠢᠲᠡ 370 ᠬᠤᠪᠢ ᠲᠡᠤᠬᠡ᠎ᠶ᠋ᠢᠨ ᠳᠤᠷᠠᠰᠭᠠᠯᠲᠤ ᠵᠦᠢᠯᠡᠰ᠎ᠢ ᠳᠡᠯᠭᠡᠨ ᠦᠵᠡᠭᠦᠯᠵᠦ᠍᠂ ᠠᠬᠤᠢ ᠲᠠᠯᠠᠪᠠᠢ᠎ᠳᠤ ᠦᠷᠭᠡᠨ ᠤᠯᠠᠨ ᠦᠵᠡᠭ᠌ᠴᠢᠳ᠎ᠲᠤ ᠵᠢᠩᠰᠡᠲᠠᠢ ᠠᠭᠤᠢ᠎ᠶ᠋ᠢᠨ ᠪᠠᠭᠤᠷᠢ᠎ᠠᠴᠠ ᠮᠠᠯᠲᠠᠨ ᠭᠠᠷᠭᠠᠭ᠍ᠰᠠᠨ ᠬᠠᠭᠤᠴᠢᠨ ᠴᠢᠯᠠᠭᠤᠨ ᠵᠡᠪᠰᠡᠭ᠎ᠤᠨ ᠲᠤᠬᠠᠢ ᠲᠠᠢᠯᠪᠤᠷᠢᠯᠠᠵᠤ᠂ ᠬᠦᠮᠦᠨ ᠲᠦᠷᠦᠯᠬᠢᠲᠡᠨ ᠬᠡᠷᠬᠢᠨ ᠠᠯᠬᠤᠮ ᠠᠯᠬᠤᠮ᠎ᠢᠶᠠᠷ ᠤᠳᠤ ᠦᠶ᠎ᠡ᠎ᠶ᠋ᠢᠨ ᠪᠤᠯᠪᠠᠰᠤᠨᠳᠤ ᠬᠦᠷᠦᠭ᠌ᠰᠡᠨᠢ ᠲᠠᠨᠢᠯᠴᠠᠭᠤᠯᠤᠭ᠍ᠰᠠᠨ ᠪᠠᠢᠨ᠎ᠠ᠃
ᠡᠭᠦᠨ᠎ᠠᠴᠠ ᠭᠠᠳᠠᠨ᠎ᠠ᠂ ᠭᠡᠨᠡᠳᠲᠡ ᠡᠭᠦᠰᠦᠭ᠌ᠰᠡᠨ ᠬᠢᠵᠢᠭ᠎ᠤᠨ ᠪᠠᠢᠳᠠᠯ᠎ᠤᠨ ᠨᠦᠯᠦᠭᠡ᠎ᠠᠴᠠ ᠪᠤᠯᠵᠤ᠂ ᠦᠪᠡᠷᠲᠡᠭᠡᠨ ᠵᠠᠰᠠᠬᠤ ᠤᠷᠤᠨ᠎ᠤ ᠡᠯ᠎ᠡ ᠭᠠᠵᠠᠷ᠎ᠤᠨ ᠮᠦᠽᠸᠢ᠎ᠨᠢ ᠱᠢᠨ᠎ᠡ ᠮᠡᠷᠭᠡᠵᠢᠯ ᠱᠢᠨ᠎ᠡ ᠵᠠᠭᠤᠴᠢᠯᠠᠭᠤᠷ᠎ᠢ ᠠᠱᠢᠬ᠍ᠯᠠᠨ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠦᠵᠡᠭᠦᠯᠭᠡ᠎ᠶ᠋ᠢᠨ ᠱᠢᠨ᠎ᠡ ᠬᠡᠪ ᠵᠠᠭ᠍ᠪᠤᠷ᠎ᠢ ᠴᠤᠭ᠍ᠴᠠᠯᠠᠨ᠂ ᠱᠢᠭᠤᠳ ᠨᠡᠪᠲᠡᠷᠡᠭᠦᠯᠭᠡ᠂ ᠳᠠᠭᠤ ᠱᠢᠩᠭᠡᠭᠡᠯᠲᠡ᠂ ᠳᠦᠷᠰᠦ ᠱᠢᠩᠭᠡᠭᠡᠯᠲᠡ ᠪᠠ ᠰᠦᠯᠵᠢᠶᠡᠨ᠎ᠳᠠᠬᠢ ᠬᠠᠮᠲᠤᠷᠠᠭ᠍ᠰᠠᠨ ᠠᠵᠢᠯᠯᠠᠭ᠎ᠠ ᠵᠡᠷᠭᠡ ᠤᠯᠠᠨ ᠵᠦᠢᠯ᠎ᠤᠨ ᠬᠡᠯᠪᠡᠷᠢ᠎ᠪᠠᠷ ᠠᠷᠠᠳ ᠤᠯᠠᠨ᠎ᠳᠤ 《ᠡᠭᠦᠯᠡᠨ ᠦᠢᠯᠡᠴᠢᠯᠡᠭᠡ》 ᠬᠠᠩᠭᠠᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠦᠨᠡᠨ ᠬᠦ᠌ 《ᠠᠮᠢᠯᠠᠭᠤᠯᠵᠤ》᠂ ᠲᠠᠯ᠎ᠠ ᠨᠤᠲᠤᠭ᠎ᠤᠨ ᠰᠤᠶᠤᠯ ᠪᠤᠯᠪᠠᠰᠤᠨ᠎ᠤ ᠭᠡᠷᠡᠯ ᠭᠢᠯᠪᠠᠭ᠎ᠠ᠎ᠶ᠋ᠢ ᠪᠦᠬᠦ᠌ ᠤᠯᠤᠰ᠂ ᠴᠢᠨᠠᠭ᠍ᠰᠢᠯᠠᠨ ᠪᠦᠬᠦ᠌ ᠳᠡᠯᠡᠬᠡᠢ᠎ᠳᠤ ᠰᠠᠴᠤᠷᠠᠭᠤᠯᠵᠤ ᠪᠠᠢᠳᠠᠭ ᠰᠠᠨ᠃
ᠦᠪᠡᠷᠲᠡᠭᠡᠨ ᠵᠠᠰᠠᠬᠤ ᠤᠷᠤᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠱᠢᠰᠲ᠋ᠧᠮ᠎ᠤᠨ᠎ᠬᠢᠨ ᠢᠮᠠᠭ᠍ᠲᠠ ᠶᠡᠷᠦᠩᠬᠡᠢ ᠱᠦᠵᠢ ᠰᠢ᠎ᠶ᠋ᠢᠨ ᠫᠢᠩ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠠᠵᠢᠯ᠎ᠤᠨ ᠲᠤᠬᠠᠢ ᠴᠢᠬᠤᠯᠠ ᠦᠭᠦᠯᠡᠯᠲᠡ᠎ᠶ᠋ᠢᠨ ᠵᠤᠷᠢᠭ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠪᠦᠬᠦ᠌ ᠤᠷᠤᠨ᠎ᠤ ᠦᠭᠡᠷᠡᠴᠢᠯᠡᠯᠲᠡ ᠬᠦᠭ᠌ᠵᠢᠯᠲᠡ᠎ᠶ᠋ᠢᠨ ᠶᠡᠭᠡ ᠲᠠᠯ᠎ᠠ᠎ᠲᠠᠢ ᠤᠶᠠᠯᠳᠤᠭᠤᠯᠤᠨ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠨ ᠠᠱᠢᠬ᠍ᠯᠠᠬᠤ ᠠᠵᠢᠯ᠎ᠢ ᠲᠠᠰᠤᠷᠠᠯᠲᠠ ᠦᠭᠡᠢ ᠴᠢᠩᠭᠠᠷᠠᠭᠤᠯᠤᠨ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠠᠮᠤᠷ ᠲᠦᠪᠱᠢᠨ᠎ᠢ ᠴᠡᠭ᠌ᠴᠡᠯᠡᠨ ᠵᠠᠰᠠᠬᠤ ᠠᠵᠢᠯ ᠢᠯᠡᠷᠬᠡᠢ ᠦᠷ᠎ᠡ ᠪᠦᠲᠦᠮᠵᠢ ᠤᠯᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠮᠦᠽᠸᠢ ᠨᠢᠭᠡᠴᠢ᠎ᠶ᠋ᠢᠨ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠴᠢᠳᠠᠪᠤᠷᠢ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠭᠠᠳᠠᠭᠠᠳᠤ᠎ᠯᠤᠭ᠎ᠠ᠎ᠶ᠋ᠢᠨ ᠬᠠᠮᠲᠤᠷᠠᠯᠴᠠᠭ᠎ᠠ ᠰᠤᠯᠢᠯᠴᠠᠭ᠎ᠠ ᠠᠯᠬᠤᠮ ᠠᠯᠬᠤᠮ᠎ᠢᠶᠠᠷ ᠦᠷᠭᠡᠳᠴᠦ᠍᠂ ᠲᠡᠦᠬᠡ᠎ᠶ᠋ᠢᠨ ᠳᠤᠷᠠᠰᠭᠠᠯᠲᠤ ᠵᠦᠢᠯᠡᠰ ᠪᠤᠯᠤᠨ ᠵᠢᠭᠤᠯᠴᠢᠯᠠᠯ᠎ᠢ ᠠᠭᠤᠰᠤᠯᠴᠠᠭᠤᠯᠤᠨ ᠬᠦᠭ᠌ᠵᠢᠭᠦᠯᠬᠦ᠌ ᠠᠵᠢᠯ᠎ᠢ ᠨᠡᠩ ᠢᠯᠡᠭᠦᠦ ᠭᠦᠨᠵᠡᠭᠡᠢᠷᠡᠭᠦᠯᠦᠨ᠂ ᠡᠯ᠎ᠡ ᠵᠦᠢᠯ᠎ᠤᠨ ᠠᠵᠢᠯ᠎ᠳᠠᠭᠠᠨ ᠢᠯᠠᠭᠤᠬ᠍ᠰᠠᠨ ᠠᠮᠵᠢᠯᠲᠠ ᠤᠯᠵᠤ ᠪᠠᠢᠨ᠎ᠠ᠃