ᠮᠦᠽᠧᠶ ᠪᠣᠯ ᠲᠡᠤᠬᠡᠨ᠎ᠠᠴᠠ ᠦᠯᠡᠳᠡᠭ᠌ᠳᠡᠭ᠌ᠰᠡᠨ ᠰᠣᠶᠣᠯ᠎ᠢ ᠪᠠᠬᠢᠵᠢᠭᠦᠯᠵᠦ᠍᠂ ᠲᠡᠤᠬᠡ᠎ᠶ᠋ᠢᠨ ᠳᠤᠷᠠᠰᠭᠠᠯᠲᠤ ᠵᠦᠢᠯᠡᠰ᠎ᠢ ᠨᠠᠩ ᠰᠠᠢᠨ ᠬᠠᠳᠠᠭᠠᠯᠠᠬᠤ ᠪᠠ ᠳᠡᠯᠭᠡᠨ ᠦᠵᠡᠭᠦᠯᠵᠦ᠍᠂ ᠣᠯᠠᠨ ᠲᠦᠮᠡᠨ᠎ᠤ ᠰᠤᠶᠤᠯ᠎ᠤᠨ ᠠᠮᠢᠳᠤᠷᠠᠯ᠎ᠢ ᠪᠠᠶᠠᠯᠢᠭ᠍ᠵᠢᠭᠤᠯᠬᠤ ᠲᠠᠯᠠᠪᠤᠷ ᠪᠤᠯᠤᠨ᠎ᠠ᠂ ᠮᠦᠨ ᠴᠤ᠌ ᠬᠦᠮᠦᠰ᠎ᠤᠨ ᠲᠤᠬᠠᠢ᠎ᠶ᠋ᠢᠨ ᠭᠠᠵᠠᠷ᠎ᠤᠨ ᠭᠡᠷᠡᠯ ᠰᠠᠴᠤᠷᠠᠩᠭᠤᠶ ᠲᠡᠦᠬᠡ᠎ᠶ᠋ᠢ ᠲᠠᠨᠢᠵᠤ ᠤᠢ᠍ᠢᠯᠠᠭᠠᠬᠤ ᠴᠣᠩᠬᠤᠪᠴᠢ ᠪᠤᠯᠬᠤ ᠪᠦᠬᠡᠳ ᠰᠤᠶᠤᠯ᠎ᠤᠨ ᠰᠤᠯᠢᠯᠴᠠᠭ᠎ᠠ᠎ᠶ᠋ᠢ ᠠᠬᠢᠭᠤᠯᠬᠤ ᠪᠠᠢᠭᠤᠯᠤᠮᠵᠢ ᠪᠤᠯᠬᠤ ᠶᠤᠮ᠃ ᠮᠦᠽᠸᠢ᠎ᠨᠢ ᠵᠠᠯᠠᠭᠤᠴᠤᠳ ᠪᠠᠭᠠᠴᠤᠳ᠎ᠤᠨ ᠲᠡᠤᠬᠡ ᠰᠣᠶᠣᠯ᠎ᠤᠨ ᠲᠤᠬᠠᠢ ᠮᠡᠳᠡᠯᠭᠡ᠎ᠶ᠋ᠢ ᠪᠠᠶᠠᠯᠢᠭ᠍ᠵᠢᠭᠤᠯᠤᠨ᠂ ᠠᠷᠠᠳ ᠤᠯᠠᠨ᠎ᠤ ᠰᠣᠶᠣᠯ᠎ᠤᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠵᠦ᠍᠂ ᠠᠷᠠᠳ ᠤᠯᠠᠨ᠎ᠤ ᠦᠵᠡᠯ ᠰᠠᠨᠠᠭ᠎ᠠ ᠶᠣᠰᠣ ᠰᠤᠷᠲᠠᠬᠤᠨ᠎ᠤ ᠪᠠᠢᠭᠤᠯᠤᠯᠲᠠ᠎ᠶ᠋ᠢ ᠴᠢᠩᠭᠠᠳᠭᠠᠬᠤ᠎ᠳᠤ ᠴᠢᠬᠤᠯᠠ ᠦᠢᠯᠡᠳᠦᠯ ᠦᠵᠡᠭᠦᠯᠵᠦ᠍ ᠪᠠᠢᠳᠠᠭ᠃

ᠤᠯᠠᠨ ᠡᠱᠢᠲᠦ ᠤᠨᠴᠠᠯᠢᠭ᠍ᠲᠤ ᠮᠦᠽᠸᠢ ᠲᠠᠯ᠎ᠠ ᠨᠤᠲᠤᠭ᠎ᠤᠨ ᠪᠤᠯᠪᠠᠰᠤᠨ᠎ᠤ ᠠᠴᠢᠶᠠᠯᠠᠭ᠍ᠴᠢ
ᠮᠦᠽᠸᠢ᠎ᠳᠤ ᠬᠦᠮᠦᠨ ᠲᠦᠷᠦᠯᠬᠢᠲᠡᠨ᠎ᠤ ᠬᠠᠮᠲᠤ᠎ᠶ᠋ᠢᠨ ᠤᠢ ᠪᠢᠯᠢᠭ ᠬᠠᠳᠠᠭᠠᠯᠠᠭ᠍ᠳᠠᠵᠤ ᠪᠠᠢᠳᠠᠭ ᠰᠠᠨ᠃ ᠦᠪᠦᠷ ᠮᠤᠩᠭᠤᠯ ᠦᠨᠢᠷ ᠪᠠᠶᠠᠯᠢᠭ ᠪᠠᠢᠭᠠᠯᠢ ᠬᠢᠭᠡᠳ ᠭᠦᠨ ᠵᠤᠵᠠᠭᠠᠨ ᠰᠤᠶᠤᠯ᠎ᠤᠨ ᠦᠪᠲᠠᠢ᠃ ᠪᠦᠷᠢᠨ ᠪᠤᠰᠤ ᠪᠦᠷᠢᠳᠭᠡᠯ᠎ᠢ ᠦᠨᠳᠦᠰᠦᠯᠡᠪᠡᠯ᠂ ᠤᠳᠤᠬᠠᠨ᠎ᠳᠤ ᠦᠪᠦᠷ ᠮᠤᠩᠭᠤᠯ᠎ᠳᠤ ᠡᠯ᠎ᠡ ᠲᠦᠷᠦᠯ᠎ᠤᠨ ᠮᠦᠽᠸᠢ ᠨᠡᠢᠲᠡ 200 ᠭᠠᠷᠤᠢ ᠪᠠᠢᠵᠤ᠂ ᠲᠠᠯ᠎ᠠ ᠨᠤᠲᠤᠭ᠎ᠤᠨ ᠭᠡᠷᠡᠯ ᠰᠠᠴᠤᠷᠠᠩᠭᠤᠢ ᠪᠤᠯᠪᠠᠰᠤᠨ᠎ᠢ ᠠᠴᠢᠶᠠᠯᠠᠵᠤ᠂ ᠳᠠᠶᠠᠩ ᠳᠡᠯᠡᠬᠡᠢ᠎ᠳᠤ ᠦᠪᠦᠷ ᠮᠤᠩᠭᠤᠯ᠎ᠤᠨ ᠲᠡᠦᠬᠡ᠎ᠶ᠋ᠢ ᠲᠠᠨᠢᠭᠤᠯᠵᠤ ᠪᠠᠢᠳᠠᠭ᠃
ᠥᠪᠥᠷ ᠮᠣᠩᠭᠤᠯ᠎ᠤᠨ ᠮᠦᠽᠧᠢ ᠪᠣᠯ ᠥᠪᠡᠷᠲᠡᠭᠡᠨ ᠵᠠᠰᠠᠬᠤ ᠣᠷᠣᠨ᠎ᠤ ᠴᠤᠷ᠎ᠤᠨ ᠭᠠᠭ᠍ᠴᠠ ᠤᠯᠤᠰ᠎ᠤᠨ ᠨᠢᠭᠡᠳᠦᠭᠡᠷ ᠳᠡᠰ᠎ᠤᠨ ᠮᠦᠽᠧᠢ ᠪᠣᠯᠬᠤ ᠪᠥᠭᠡᠳ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠢᠭᠤᠯᠴᠢᠯᠠᠭ᠍ᠴᠢᠳ᠎ᠤᠨ ᠥᠪᠥᠷ ᠮᠣᠩᠭᠤᠯ᠎ᠢᠶᠠᠷ ᠵᠢᠭᠤᠯᠴᠢᠯᠠᠬᠤ᠂ ᠥᠪᠥᠷ ᠮᠣᠩᠭᠤᠯ᠎ᠤᠨ ᠲᠡᠦᠬᠡ ᠪᠣᠯᠤᠨ ᠲᠠᠯ᠎ᠠ ᠨᠤᠲᠤᠭ᠎ᠤᠨ ᠰᠣᠶᠣᠯ᠎ᠢ ᠣᠢᠯᠠᠭᠠᠬᠤ ᠴᠢᠬᠤᠯᠠ ᠦᠷᠳᠡᠭᠡ ᠪᠣᠯᠤᠨ᠎ᠠ᠃ ᠲᠤᠰ ᠮᠦᠽᠸᠢ᠎ᠨᠢ ᠤᠳᠤ ᠦᠶ᠎ᠡ᠎ᠶ᠋ᠢᠨ ᠡᠯᠧᠮᠧᠨ᠋ᠲ᠂ ᠭᠠᠵᠠᠷ ᠤᠷᠤᠨ᠎ᠤ ᠤᠨᠴᠠᠯᠢᠭ ᠪᠠ ᠦᠨᠳᠦᠰᠦᠲᠡᠨ᠎ᠤ ᠵᠠᠩ ᠦᠢᠯᠡ᠎ᠶ᠋ᠢ ᠢᠯᠡᠷᠡᠭᠦᠯᠦᠨ᠂ ᠬᠦᠬᠡᠬᠤᠳᠠ᠎ᠶ᠋ᠢᠨ ᠪᠡᠯᠭᠡ ᠲᠡᠮᠲᠡᠭ᠎ᠤᠨ ᠴᠢᠨᠠᠷᠲᠠᠢ ᠪᠠᠷᠢᠯᠭ᠎ᠠ᠎ᠶ᠋ᠢᠨ ᠨᠢᠭᠡ ᠪᠤᠯᠵᠠᠢ᠃ ᠮᠦᠽᠸᠢ᠎ᠶ᠋ᠢᠨ ᠬᠤᠶᠠᠳᠤᠭᠠᠷ ᠳᠠᠪᠬᠤᠷᠯᠢᠬᠲᠤ 《ᠪᠠᠯᠠᠷ ᠡᠷᠲᠡᠨ᠎ᠤ ᠶᠢᠷᠲᠢᠨᠴᠦ᠍》᠂ 《ᠥᠨᠳᠦᠷᠯᠢᠭ᠎ᠤᠨ ᠦᠷᠯᠦᠭ ᠵᠢᠪᠬᠤᠭ᠎ᠠ》᠂ 《ᠭᠠᠵᠠᠷ ᠳᠣᠣᠷᠠᠬᠢ ᠡᠬᠢ ᠪᠠᠶᠠᠯᠢᠬ》᠂ 《ᠰᠠᠨᠰᠠᠷ᠎ᠲᠤ ᠲᠡᠭᠦᠯᠢᠭ᠌ᠰᠡᠨ ᠬᠤᠪᠢᠯᠭᠠᠨ ᠤᠩᠭᠤᠴᠠ》 ᠵᠡᠷᠭᠡ 4 ᠦᠨᠳᠦᠰᠦᠨ ᠦᠵᠡᠭᠦᠯᠭᠡ᠎ᠶ᠋ᠢᠨ ᠲᠢᠩᠬᠢᠮ᠎ᠲᠠᠢ; ᠭᠤᠷᠪᠠᠳᠤᠭᠠᠷ ᠳᠠᠪᠬᠤᠷᠯᠢᠬᠤᠨ 《ᠲᠠᠯ᠎ᠠ ᠨᠤᠲᠤᠭ᠎ᠤᠨ ᠵᠠᠩ ᠦᠢᠯᠡ》᠂ 《ᠲᠠᠯ᠎ᠠ ᠨᠤᠲᠤᠭ᠎ᠤᠨ ᠲᠦᠳᠡᠭ ᠭᠠᠯ》 ᠵᠡᠷᠭᠡ 4 ᠦᠨᠳᠦᠰᠦᠨ ᠦᠵᠡᠭᠦᠯᠭᠡ᠎ᠶ᠋ᠢᠨ ᠲᠢᠩᠬᠢᠮ᠎ᠨᠢ ᠲᠠᠯ᠎ᠠ ᠨᠤᠲᠤᠭ᠎ᠤᠨ ᠰᠣᠶᠣᠯ᠎ᠤᠨ ᠡᠷᠲᠡᠨ᠎ᠤ ᠦᠶ᠎ᠡ᠎ᠠᠴᠠ ᠣᠷᠴᠢᠨ ᠦᠶ᠎ᠡ᠂ ᠳᠠᠬᠢᠨ ᠣᠳᠣ ᠦᠶ᠎ᠡ ᠬᠦᠷᠲᠡᠯᠡᠬᠢ ᠬᠥᠭ᠌ᠵᠢᠯ᠎ᠤᠨ ᠶᠠᠪᠤᠴᠠ᠎ᠶ᠋ᠢ ᠳᠡᠯᠭᠡᠨ ᠦᠵᠡᠭᠦᠯᠵᠦ᠍ ᠪᠤᠢ; ᠳᠥᠷᠪᠡᠳᠦᠭᠡᠷ ᠳᠠᠪᠬᠤᠷᠯᠢᠭ᠎ᠤᠨ 《ᠲᠠᠯ᠎ᠠ ᠨᠤᠲᠤᠭ᠎ᠤᠨ ᠬᠤᠪᠴᠠᠰᠤ ᠵᠠᠰᠠᠯ》᠂ 《ᠬᠥᠬᠡ ᠣᠭ᠍ᠲᠠᠷᠭᠤᠶ᠎ᠶ᠋ᠢᠨ ᠬᠥᠭ ᠠᠢᠵᠠᠮ》 ᠵᠡᠷᠭᠡ 6 ᠲᠤᠰᠭᠠᠶ ᠰᠡᠳᠦᠪᠲᠦ ᠦᠵᠡᠭᠦᠯᠭᠡ᠎ᠶ᠋ᠢᠨ ᠲᠢᠩᠬᠢᠮ᠎ᠨᠢ ᠲᠠᠯ᠎ᠠ ᠨᠤᠲᠤᠭ᠎ᠤᠨ ᠰᠣᠶᠣᠯ᠎ᠢ ᠢᠯᠡᠷᠡᠬᠦᠯᠵᠦ᠍ ᠪᠠᠢᠳᠠᠬ᠃ ᠲᠤᠰ ᠮᠦᠽᠸᠢ᠎ᠨᠢ 2013 ᠤᠨ᠎ᠠᠴᠠ ᠪᠦᠬᠦ᠌ ᠤᠯᠤᠰ᠎ᠤᠨ ᠠᠩᠬᠠᠳᠠᠬ᠍ᠴᠢ ᠲᠤᠭᠠᠴᠢᠯᠠᠬ᠍ᠰᠠᠨ ᠨᠡᠬᠦᠳᠡᠯ ᠮᠦᠽᠸᠢ᠎ᠶ᠋ᠢ ᠠᠵᠢᠯᠯᠠᠭᠤᠯᠵᠦ᠍᠂ ᠤᠯᠤᠰ ᠲᠠᠶᠠᠭᠠᠷ᠎ᠲᠤ ᠤᠮᠠᠷᠠᠳᠦ᠎ᠶ᠋ᠢᠨ ᠨᠡᠬᠦᠳᠡᠯᠴᠢᠨ ᠦᠨᠳᠦᠰᠦᠳᠡᠨ᠎ᠤ ᠲᠡᠤᠭᠡ ᠰᠤᠶᠤᠯ᠎ᠢ ᠠᠮᠢᠳᠤᠯᠢᠭ᠎ᠢᠶᠠᠷ ᠤᠯᠠᠮᠵᠢᠯᠠᠵᠠᠢ᠃

ᠣᠷᠳᠣᠰ ᠮᠦᠽᠧᠶ
ᠣᠷᠳᠣᠰ ᠬᠦᠷᠡᠯ ᠪᠠᠭᠠᠵᠢ᠎ᠶ᠋ᠢᠨ ᠮᠦᠽᠧᠶ᠎ᠨᠢ ᠳᠡᠯᠡᠬᠡᠢ ᠳᠡᠭᠡᠷᠡᠭᠢ ᠣᠷᠳᠣᠰ ᠬᠦᠷᠡᠯ ᠵᠡᠪᠰᠡᠭ᠎ᠢ ᠬᠠᠳᠠᠭᠠᠯᠠᠵᠤ ᠪᠠᠢᠭ᠎ᠠ ᠲᠤᠭ᠎ᠠ ᠬᠡᠮᠵᠢᠶ᠎ᠡ᠎ᠪᠠᠷ ᠬᠠᠮᠤᠭ᠎ᠤᠨ ᠣᠯᠠᠨ᠂ ᠲᠥᠷᠥᠯ ᠵᠦᠢᠯ᠎ᠢᠶᠠᠷ ᠬᠠᠮᠤᠭ᠎ᠤᠨ ᠪᠦᠷᠢᠨ᠂ ᠰᠤᠳᠤᠯᠭᠠᠨ᠎ᠤ ᠦᠨ᠎ᠡ ᠦᠷᠳᠡᠭ ᠬᠠᠮᠤᠭ᠎ᠤᠨ ᠪᠠᠶᠠᠯᠢᠭ ᠮᠦᠽᠧᠢ ᠪᠤᠯᠤᠨ᠎ᠠ᠃ ᠣᠷᠳᠣᠰ ᠨᠤᠲᠤᠭ᠎ᠨᠢ ᠣᠷᠳᠣᠰ ᠬᠦᠷᠡᠯ ᠵᠡᠪᠰᠡᠭ᠎ᠢ ᠨᠡᠷᠡᠢᠳᠦᠭ᠌ᠰᠡᠨ ᠪᠠ ᠤᠷᠳᠤᠰ ᠬᠦᠷᠡᠯ ᠵᠡᠪᠰᠡᠭ᠎ᠤᠨ ᠭᠤᠣᠯ ᠲᠠᠷᠬᠠᠯᠲᠠ᠎ᠶ᠋ᠢᠨ ᠣᠷᠣᠨ᠂ ᠮᠥᠨ ᠴᠦ᠍ ᠡᠭᠦᠰᠦᠯ᠎ᠤᠨ ᠣᠷᠣᠨ᠎ᠤ ᠨᠢᠭᠡ ᠪᠣᠯᠤᠨ᠎ᠠ᠃ ᠲᠤᠰ ᠮᠦᠽᠸᠢ᠎ᠨᠢ ᠲᠤᠬᠠᠢ᠎ᠶ᠋ᠢᠨ ᠭᠠᠵᠠᠷ ᠤᠷᠤᠨ᠎ᠤ ᠣᠷᠳᠣᠰ ᠬᠦᠷᠡᠯ ᠵᠡᠪᠰᠡᠭ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ 1 ᠲᠦᠮᠡ ᠭᠠᠷᠤᠢ ᠬᠤᠪᠢ ᠬᠤᠷᠢᠶᠠᠨ ᠬᠠᠳᠠᠭᠠᠯᠠᠵᠤ ᠳᠡᠯᠭᠡᠨ ᠦᠵᠡᠭᠦᠯᠵᠦ᠍ ᠪᠤᠢ᠃
ᠯᠢᠶᠣᠤ ᠤᠯᠤᠰ᠎ᠤᠨ ᠳᠡᠭᠡᠳᠦ ᠨᠡᠢᠰᠯᠡᠯ᠎ᠤᠨ ᠮᠦᠽᠧᠶ ᠪᠣᠯ ᠥᠪᠥᠷ ᠮᠣᠩᠭᠤᠯ᠎ᠤᠨ ᠬᠤᠱᠢᠭᠤ ᠱᠢᠶᠠᠨ᠎ᠤ ᠱᠠᠲᠤᠨ᠎ᠤ ᠮᠦᠽᠧᠶ᠎ᠳᠠᠬᠢ ᠪᠠᠷᠢᠯᠭ᠎ᠠ᠎ᠶ᠋ᠢᠨ ᠲᠠᠯᠠᠪᠠᠶ᠎ᠪᠠᠷ ᠬᠠᠮᠤᠭ᠎ᠤᠨ ᠶᠡᠭᠡ ᠮᠦᠽᠧᠶ᠂ ᠮᠥᠨ ᠴᠦ᠍ ᠮᠠᠨ᠎ᠤ ᠤᠷᠤᠨ᠎ᠤ ᠴᠣᠷ᠎ᠤᠨ ᠭᠠᠭ᠍ᠴᠠ ᠯᠢᠶᠣᠤ ᠤᠯᠤᠰ᠎ᠤᠨ ᠬᠠᠭᠠᠨ᠎ᠤ ᠨᠡᠢᠰᠯᠡᠯ᠎ᠤᠨ ᠮᠦᠽᠧᠶ ᠪᠣᠯᠤᠨ᠎ᠠ᠃ ᠭᠠᠳᠠᠷ ᠬᠡᠯᠪᠡᠷᠢ᠎ᠨᠢ ᠯᠢᠶᠤᠤ ᠤᠯᠤᠰ᠎ᠤᠨ ᠽᠦᠵᠸᠦ ᠬᠤᠲᠠ᠎ᠶ᠋ᠢᠨ ᠴᠢᠯᠠᠭᠤᠨ ᠪᠠᠢᠱᠢᠩ᠎ᠤᠨ ᠭᠡᠯᠪᠡᠷᠢ᠎ᠲᠠᠢ᠂ ᠬᠡᠳᠦᠨ ᠬᠡᠰᠡᠭ ᠠᠪᠤᠷᠭᠤ ᠴᠢᠯᠠᠭᠤ᠎ᠪᠠᠷ ᠣᠪᠣᠭᠠᠯᠠᠨ ᠪᠦᠳᠦᠭᠡᠵᠡᠢ᠃ ᠭᠤᠣᠯ ᠲᠢᠩᠬᠢᠮ᠎ᠤᠨ 8 ᠰᠠᠭᠤᠷᠢ ᠴᠠᠭᠠᠨ ᠭᠠᠨᠳᠢᠬ ᠪᠠᠭᠠᠨ᠎ᠠ᠎ᠨᠢ ᠬᠢᠳᠠᠨ᠎ᠤ ᠨᠠᠢ᠍ᠮᠠᠨ ᠠᠢᠮᠠᠭ᠎ᠢ ᠲᠥᠯᠥᠭᠡᠯᠡᠵᠦ᠍᠂ ᠬᠥᠨᠳᠡᠯᠡᠨ ᠨᠢᠷᠤᠭᠤᠨ᠎ᠳᠠᠬᠢ ᠴᠠᠭᠠᠨ ᠭᠠᠨᠳᠢᠬᠤᠨ ᠭᠦᠳᠦᠭᠦᠷ ᠰᠡᠢᠯᠦᠮᠡᠯ᠎ᠨᠢ ᠯᠢᠶᠣᠤ ᠤᠯᠤᠰ᠎ᠤᠨ ᠦᠶ᠎ᠡ᠎ᠶ᠋ᠢᠨ ᠪᠤᠷᠬᠠᠨ ᠱᠠᠱᠢᠨ᠎ᠤ ᠨᠢᠭᠡ ᠵᠦᠢᠯ᠎ᠤᠨ ᠢᠷᠠᠭᠤ ᠡᠭᠡᠱᠢᠭ᠌ᠲᠦ ᠱᠢᠪᠠᠭᠤ ᠪᠤᠯᠤᠨ᠎ᠠ᠃ 2 ᠮᠧᠲᠷ ᠳ᠋ᠢᠶᠠᠮᠧᠲᠷ ᠪᠦᠬᠦᠢ ᠮᠦᠽᠧᠶ᠎ᠶ᠋ᠢᠨ ᠰᠦᠯᠳᠡ ᠪᠣᠯ ᠮᠦᠽᠧᠶ᠎ᠶ᠋ᠢᠨ ᠬᠤᠪᠤᠷ ᠡᠷᠳᠡᠨᠢ ᠪᠤᠯᠬᠤ ᠬᠢᠳᠠᠨ᠎ᠤ ᠮᠥᠩᠭᠦᠨ ᠵᠣᠭᠤᠰ᠎ᠤᠨ ᠳᠦᠷᠰᠦ ᠪᠠᠢᠵᠤ᠂ ᠳᠡᠭᠡᠷ᠎ᠡ᠎ᠨᠢ 《ᠲᠩᠷᠢᠯᠢᠭ ᠲᠥᠷᠥ᠍ ᠮᠠᠨᠳᠤᠳᠤᠭᠠᠢ》 ᠭᠡᠰᠡᠨ ᠲᠣᠮᠣ ᠬᠢᠳᠠᠨ ᠦᠰᠦᠭ᠎ᠲᠠᠢ᠃ ᠮᠦᠽᠧᠶ᠎ᠳᠤ ᠱᠢᠨ᠎ᠡ ᠴᠢᠯᠠᠭᠤᠨ ᠵᠡᠪᠰᠡᠭ᠎ᠤᠨ ᠴᠠᠭ ᠦᠶ᠎ᠡ᠎ᠶ᠋ᠢᠨ 《ᠬᠤᠩᠱᠠᠨ ᠰᠣᠶᠣᠯ》᠂ 《ᠹᠦ᠋ ᠾᠧ ᠰᠣᠶᠣᠯ》 ᠤᠨ ᠦᠯᠡᠳᠡᠭ᠌ᠳᠡᠯ ᠪᠠ ᠯᠢᠶᠣᠤ ᠤᠯᠤᠰ᠎ᠤᠨ ᠦᠶ᠎ᠡ᠎ᠶ᠋ᠢᠨ ᠲᠡᠤᠬᠡ᠎ᠶ᠋ᠢᠨ ᠳᠤᠷᠠᠰᠭᠠᠯᠲᠤ ᠵᠦᠶᠯᠡᠰ᠎ᠢ 1.5 ᠲᠦᠮᠡᠨ ᠬᠤᠪᠢ ᠬᠠᠳᠠᠭᠠᠯᠠᠵᠤ᠂ ᠦᠯᠢᠭᠡᠷ ᠬᠡᠪ 1 ᠲᠦᠮᠡ ᠱᠢᠬᠠᠮ ᠬᠤᠪᠢ᠂ ᠠᠱᠢᠬ᠍ᠯᠠᠯᠲᠠ᠎ᠳᠤ ᠤᠷᠤᠭ᠍ᠰᠠᠨ᠎ᠠᠴᠠ ᠨᠠᠭᠠᠰᠢ ᠯᠢᠶᠤᠤ ᠤᠯᠤᠰ᠎ᠤᠨ ᠦᠶ᠎ᠡ᠎ᠶ᠋ᠢᠨ ᠰᠤᠶᠤᠯ᠎ᠢ ᠰᠤᠳᠤᠯᠬᠤ᠎ᠳᠤ ᠲᠠᠪᠴᠠᠩ ᠬᠠᠩᠭᠠᠵᠤ ᠪᠤᠢ᠃

ᠪᠣᠭᠤᠲᠤ ᠮᠦᠽᠧᠢ
ᠴᠡᠯᠡᠭᠡᠷ ᠲᠠᠯ᠎ᠠ ᠮᠦᠽᠸᠢ ᠪᠣᠯ ᠥᠪᠥᠷ ᠮᠣᠩᠭᠤᠯ᠎ᠤᠨ ᠮᠦᠽᠧᠢ᠎ᠶ᠋ᠢᠨ ᠬᠤᠪᠢᠶᠠᠷᠢ ᠮᠦᠽᠸᠢ ᠪᠣᠯᠬᠤ ᠪᠥᠭᠡᠳ ᠥᠪᠥᠷ ᠮᠣᠩᠭᠤᠯ᠎ᠤᠨ ᠴᠤᠷ᠎ᠤᠨ ᠭᠠᠭ᠍ᠴᠠ ᠣᠷᠣᠨ ᠪᠦᠰᠡ᠎ᠶ᠋ᠢᠨ ᠴᠢᠨᠠᠷᠲᠠᠢ ᠲᠡᠦᠬᠡ ᠰᠣᠶᠣᠯ᠎ᠢᠶᠠᠷ ᠠᠷᠤ ᠦᠵᠡᠭ᠌ᠳᠡᠯ ᠪᠣᠯᠭᠠᠭ᠍ᠰᠠᠨ ᠮᠦᠽᠧᠢ ᠪᠣᠯᠤᠨ᠎ᠠ᠃ ᠮᠦᠽᠧᠶ᠎ᠨᠢ ᠲᠡᠤᠬᠡ᠎ᠶ᠋ᠢᠨ ᠲᠢᠩᠬᠢᠮ᠂ ᠬᠤᠪᠢᠰᠭᠠᠯᠳᠤ ᠲᠡᠤᠬᠡ᠎ᠶ᠋ᠢᠨ ᠲᠢᠩᠬᠢᠮ᠂ ᠠᠷᠠᠳ᠎ᠤᠨ ᠵᠠᠩ ᠦᠢᠯᠡ᠎ᠶ᠋ᠢᠨ ᠲᠢᠩᠬᠢᠮ᠂ ᠠᠮᠵᠢᠯᠲᠠ ᠪᠦᠲᠦᠮᠵᠢ᠎ᠶ᠋ᠢᠨ ᠲᠢᠩᠬᠢᠮ ᠵᠡᠷᠭᠡ 7 ᠶᠡᠭᠡ ᠦᠵᠡᠭᠦᠯᠭᠡ᠎ᠶ᠋ᠢᠨ ᠲᠢᠩᠬᠢᠮ᠎ᠲᠠᠢ᠂ ᠮᠦᠽᠧᠶ᠎ᠳᠤ 3000 ᠭᠠᠷᠤᠶ ᠬᠤᠪᠢ ᠬᠠᠨ ᠤᠯᠤᠰ᠂ ᠤᠮᠠᠷᠠᠲᠤ ᠸᠧᠶ᠂ ᠲᠠᠩ ᠤᠯᠤᠰ᠂ ᠯᠢᠶᠣᠤ ᠤᠯᠤᠰ᠂ ᠠᠯᠳᠠᠨ ᠤᠯᠤᠰ᠂ ᠶᠤᠸᠠᠨ ᠤᠯᠤᠰ᠂ ᠮᠢᠩ ᠤᠯᠤᠰ᠂ ᠴᠢᠩ ᠤᠯᠤᠰ ᠵᠡᠷᠭᠡ ᠴᠠᠭ ᠦᠶ᠎ᠡ᠎ᠶ᠋ᠢᠨ ᠡᠯ᠎ᠡ ᠲᠥᠷᠥᠯ᠎ᠤᠨ ᠲᠡᠤᠬᠡ᠎ᠶ᠋ᠢᠨ ᠳᠤᠷᠠᠰᠭᠠᠯᠲᠤ ᠵᠦᠢᠯᠡᠰ᠎ᠤᠨ ᠡᠳ᠋ ᠦᠯᠦᠭ᠂ ᠬᠡᠷᠡᠯ ᠵᠢᠷᠤᠭ᠂ ᠤᠷᠠᠨ ᠵᠢᠷᠤᠭ ᠵᠢᠴᠢ ᠠᠷᠠᠳ᠎ᠤᠨ ᠵᠠᠩ ᠦᠶᠯᠡ᠎ᠶ᠋ᠢᠨ ᠡᠳ᠋ ᠪᠣᠳᠠᠰ᠎ᠲᠠᠢ᠃
ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠶ᠎ᠨᠢ ᠬᠤᠷᠢᠶᠠᠨ ᠬᠠᠳᠠᠭᠠᠯᠠᠬᠤ᠂ ᠳᠡᠯᠭᠡᠨ ᠦᠵᠡᠭᠦᠯᠬᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠲᠦᠭᠡᠮᠡᠯᠵᠢᠭᠦᠯᠵᠦ᠍ ᠰᠤᠷᠭᠠᠨ ᠬᠦᠮᠦᠵᠢᠭᠦᠯᠬᠦ᠂ ᠡᠷᠳᠡᠮ ᠱᠢᠨᠵᠢᠯᠡᠭᠡᠨ᠎ᠤ ᠰᠤᠳᠤᠯᠭᠠᠨ ᠵᠢᠴᠢ ᠨᠡᠢᠭᠡᠮ᠎ᠤᠨ ᠦᠢᠯᠡᠴᠢᠯᠡᠭᠡ ᠵᠡᠷᠭᠡ᠎ᠶ᠋ᠢ ᠨᠢᠭᠡ ᠴᠣᠭ᠍ᠴᠠᠵᠢᠭᠤᠯᠤᠭ᠍ᠰᠠᠨ ᠲᠤᠮᠤ ᠬᠡᠯᠪᠡᠷᠢ᠎ᠶ᠋ᠢᠨ ᠪᠠᠢᠭᠠᠯᠢ᠎ᠶ᠋ᠢᠨ ᠮᠦᠽᠸᠢ ᠪᠣᠯᠤᠨ᠎ᠠ᠃ 《ᠰᠦᠷᠯᠢᠭ ᠰᠠᠢᠬᠠᠨ ᠦᠪᠦᠷ ᠮᠤᠩᠭᠤᠯ》᠂ 《ᠪᠠᠯᠠᠷ ᠡᠷᠲᠡᠨ᠎ᠤ ᠦᠪᠦᠷ ᠮᠤᠩᠭᠤᠯ》᠂ 《ᠦᠨᠢᠷ ᠪᠠᠶᠠᠯᠢᠭ ᠦᠪᠦᠷ ᠮᠤᠩᠭᠤᠯ》᠂ 《ᠪᠤᠬᠢᠷᠲᠤᠯ ᠦᠭᠡᠢ ᠦᠪᠦᠷ ᠮᠤᠩᠭᠤᠯ》 ᠪᠠ 《ᠠᠪᠤᠷᠭᠤ ᠭᠦᠷᠪᠡᠯ᠎ᠤᠨ ᠨᠤᠲᠤᠭ》 ᠵᠡᠷᠭᠡ ᠲᠠᠪᠤᠨ ᠶᠡᠭᠡ ᠭᠤᠣᠯ ᠰᠡᠳᠦᠪᠲᠦ ᠦᠵᠡᠭᠦᠯᠭᠡ᠎ᠶ᠋ᠢᠨ ᠲᠢᠩᠬᠢᠮ᠎ᠲᠠᠢ᠃
ᠦᠷᠭᠡᠨ ᠠᠭᠤᠳᠠᠮ ᠦᠪᠦᠷ ᠮᠤᠩᠭᠤᠯ ᠦᠨᠢ ᠤᠳᠠᠭᠠᠨ ᠲᠡᠦᠬᠡ᠎ᠲᠠᠢ᠂ ᠪᠠᠢᠭᠠᠯᠢ᠎ᠶ᠋ᠢᠨ ᠤᠨᠴᠠᠯᠢᠭ ᠢᠯᠡ ᠲᠤᠳᠤ᠂ ᠠᠮᠢ ᠠᠬᠤᠢ᠎ᠶ᠋ᠢᠨ ᠪᠠᠢᠷᠢ ᠰᠠᠭᠤᠷᠢ ᠤᠨᠴᠠᠭᠠᠢ᠃ ᠡᠬᠢ ᠪᠠᠶᠠᠯᠢᠭ᠎ᠤᠨ ᠳᠠᠪᠠᠭᠤᠯᠢᠭ ᠳᠤᠪᠤᠢᠮ᠎ᠠ᠂ ᠰᠤᠶᠤᠯ᠎ᠤᠨ ᠠᠭᠤᠯᠤᠭ᠍ᠳᠠᠬᠤᠨ ᠭᠦᠨ ᠵᠤᠵᠠᠭᠠᠨ᠂ ᠦᠨᠳᠦᠰᠦᠲᠡᠨ᠎ᠤ ᠤᠨᠴᠠᠯᠢᠭ ᠦᠳᠭᠡᠨ ᠪᠠᠢᠵᠤ᠂ ᠤᠨᠴᠠᠯᠢᠭ᠍ᠲᠤ ᠮᠦᠽᠸᠢ᠎ᠶ᠋ᠢᠨ ᠦᠨᠢᠷ ᠪᠠᠶᠠᠯᠢᠭ ᠡᠬᠢ ᠪᠠᠶᠠᠯᠢᠭ᠎ᠢᠶᠠᠷ᠎ᠢᠶᠠᠨ ᠦᠷᠭᠡᠨ ᠤᠯᠠᠨ ᠵᠢᠭᠤᠯᠴᠢᠯᠠᠭ᠍ᠴᠢᠳ᠎ᠢᠶᠠᠨ ᠤᠭ᠍ᠲᠤᠨ ᠪᠠᠢᠨ᠎ᠠ᠃

ᠠᠯᠠᠱᠠ ᠬᠤᠲᠠ᠎ᠶ᠋ᠢᠨ ᠵᠢᠷᠤᠭ᠎ᠤᠨ ᠦᠵᠡᠭᠦᠯᠭᠡ
ᠨᠡᠢᠭᠡᠮ᠎ᠤᠨ ᠰᠤᠷᠭᠠᠨ ᠬᠦᠮᠦᠵᠢᠯ᠎ᠤᠨ ᠠᠬᠢᠭᠤᠯᠤᠭ᠍ᠴᠢ
ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ 《ᠠᠮᠢᠯᠠᠭᠤᠯᠤᠭ᠍ᠴᠢ》
ᠠᠷᠠᠳ ᠤᠯᠠᠨ᠎ᠤ ᠮᠦᠽᠸᠢ᠎ᠪᠠᠷ ᠵᠢᠭᠤᠯᠴᠢᠯᠠᠬᠤ ᠬᠠᠯᠠᠭᠤᠷᠠᠯ ᠲᠠᠰᠤᠷᠠᠯᠲᠠ ᠦᠭᠡᠢ ᠳᠡᠭᠡᠭ᠌ᠰᠢᠯᠡᠬᠦ᠌᠎ᠶ᠋ᠢ ᠳᠠᠭᠠᠯᠳᠤᠨ᠂ 2019 ᠤᠨ᠎ᠳᠤ᠂ ᠪᠦᠬᠦ᠌ ᠤᠷᠤᠨ᠎ᠤ ᠮᠦᠽᠸᠢ ᠵᠢᠭᠤᠯᠴᠢᠯᠠᠭ᠍ᠴᠢᠳ᠎ᠢ ᠨᠡᠢᠲᠡ 1800 ᠲᠦᠮᠡᠨ ᠬᠦᠮᠦᠨ ᠤᠳᠠᠭ᠎ᠠ ᠬᠦᠯᠢᠶᠡᠨ ᠠᠪᠴᠤ᠌᠂ 2018 ᠤᠨ᠎ᠤ᠎ᠬᠢ᠎ᠠᠴᠠ 10% ᠪᠠᠷ ᠨᠡᠮᠡᠭ᠌ᠳᠡᠵᠡᠢ᠃ ᠦᠪᠦᠷ ᠮᠤᠩᠭᠤᠯ᠎ᠤᠨ ᠮᠦᠽᠸᠢ 2019 ᠤᠨ᠎ᠳᠤ 236 ᠲᠦᠮᠡᠨ ᠬᠦᠮᠦᠨ ᠤᠳᠠᠭ᠎ᠠ ᠵᠢᠭᠤᠯᠴᠢᠯᠠᠭ᠍ᠴᠢᠳ᠎ᠢ ᠬᠦᠯᠢᠶᠡᠨ ᠠᠪᠴᠤ᠌᠂ ᠡᠯ᠎ᠡ ᠲᠦᠷᠦᠯ᠎ᠤᠨ ᠨᠡᠢᠭᠡᠮ᠎ᠤᠨ ᠰᠤᠷᠭᠠᠨ ᠬᠦᠮᠦᠵᠢᠯ᠎ᠤᠨ ᠠᠵᠢᠯᠯᠠᠭ᠎ᠠ᠎ᠶ᠋ᠢ 1753 ᠲᠠᠯᠠᠪᠤᠷ ᠡᠷᠬᠢᠯᠡᠪᠡ᠃ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠦᠨ᠎ᠡ ᠦᠷᠳᠡᠭ᠎ᠢ ᠤᠯᠠᠮᠵᠢᠯᠠᠨ ᠪᠠᠳᠠᠷᠠᠭᠤᠯᠬᠤ᠎ᠪᠠᠨ ᠴᠢᠩᠭᠠᠳᠭᠠᠵᠤ᠂ ᠲᠠᠯ᠎ᠠ ᠨᠤᠲᠤᠭ᠎ᠤᠨ ᠰᠤᠶᠤᠯ᠎ᠤᠨ ᠦᠪ᠎ᠤᠨ ᠡᠳᠦᠷ᠎ᠤᠨ ᠠᠵᠢᠯᠯᠠᠭ᠎ᠠ᠎ᠶ᠋ᠢ ᠦᠷᠨᠢᠭᠦᠯᠵᠦ᠍᠂ ᠪᠦᠬᠦ᠌ ᠤᠷᠤᠨ᠎ᠤ ᠮᠦᠽᠸᠢ᠎ᠶ᠋ᠢᠨ ᠵᠠᠯᠠᠭᠤᠴᠤᠳ ᠪᠠᠭᠠᠴᠤᠳ᠎ᠤᠨ ᠰᠤᠷᠭᠠᠨ ᠬᠦᠮᠦᠵᠢᠯ᠎ᠤᠨ 23 ᠱᠢᠯᠢᠳᠡᠭ ᠵᠢᠱ᠌ᠢᠶ᠎ᠡ᠎ᠶ᠋ᠢ ᠱᠢᠯᠭᠠᠨ ᠰᠤᠩᠭᠤᠪᠠ᠃ ᠬᠢᠩᠭᠠᠨ ᠠᠢᠮᠠᠭ ᠦᠪᠦᠷ ᠮᠤᠩᠭᠤᠯ᠎ᠤᠨ ᠦᠨᠳᠦᠰᠦᠲᠡᠨ᠎ᠤ ᠴᠢᠯᠦᠭᠡᠯᠡᠯᠲᠡ᠎ᠶ᠋ᠢᠨ ᠳᠤᠷᠠᠰᠭᠠᠯᠳᠤ ᠤᠷᠳᠤᠨ᠎ᠳᠠᠭᠠᠨ ᠲᠦᠱᠢᠭ᠌ᠯᠡᠨ ᠬᠤᠪᠢᠰᠭᠠᠯ᠎ᠤᠨ ᠦᠯᠢᠭᠡᠷ᠎ᠢ ᠤᠬᠠᠭᠤᠯᠤᠨ ᠲᠠᠢᠯᠪᠤᠷᠢᠯᠠᠬᠤ ᠪᠦᠯᠬᠦᠮ ᠪᠠᠢᠭᠤᠯᠵᠤ᠂ ᠪᠠᠢᠭᠤᠯᠭ᠎ᠠ᠎ᠶ᠋ᠢᠨ ᠠᠵᠤ ᠠᠬᠤᠢ᠍ᠢᠯᠠᠯ ᠠᠵᠢᠯ ᠦᠢᠯᠡᠰ᠎ᠤᠨ ᠨᠢᠭᠡᠴᠢ᠂ ᠰᠤᠷᠭᠠᠭᠤᠯᠢ᠎ᠶ᠋ᠢᠨ ᠬᠦᠷᠢᠶ᠎ᠡ᠂ ᠨᠡᠢᠭᠡᠮ ᠲᠤᠭᠤᠷᠢᠭ᠂ ᠴᠡᠷᠢᠭ᠎ᠤᠨ ᠬᠤᠸᠠᠷᠠᠨ ᠵᠡᠷᠭᠡ᠎ᠳᠤ ᠬᠦᠷᠴᠦ᠍ ᠬᠤᠪᠢᠰᠭᠠᠯ᠎ᠤᠨ ᠦᠯᠢᠭᠡᠷ᠎ᠢ ᠤᠬᠠᠭᠤᠯᠤᠨ ᠲᠠᠢᠯᠪᠤᠷᠢᠯᠠᠵᠤ᠂ ᠬᠤᠪᠢᠰᠭᠠᠯ᠎ᠤᠨ ᠵᠤᠷᠢᠭ ᠰᠠᠨᠠᠭ᠎ᠠ᠎ᠶ᠋ᠢ ᠪᠠᠳᠠᠷᠠᠭᠤᠯᠪᠠ᠃ ᠤᠷᠳᠤᠰ ᠬᠤᠲᠠ᠎ᠶ᠋ᠢᠨ ᠵᠤᠬᠢᠶᠠᠨ ᠪᠠᠢᠭᠤᠯᠤᠨ ᠰᠡᠭᠦᠳᠡᠷᠯᠡᠭ᠌ᠰᠡᠨ 《ᠤᠯᠠᠨ ᠨᠢᠭᠤᠴᠠ᠎ᠲᠤ ᠲᠠᠯ᠎ᠠ ᠨᠤᠲᠤᠭ᠎ᠤᠨ ᠴᠢᠯᠠᠭᠤᠨ ᠠᠭᠤᠢ》 ᠨᠢ 2019 ᠤᠨ᠎ᠳᠤ ᠲᠦᠪ ᠲᠧᠯᠸᠢᠰ᠎ᠤᠨ ᠪᠠᠷᠢᠮᠳᠠᠳᠤ ᠹᠢᠯᠢᠮ᠎ᠤᠨ ᠰᠤᠪᠠᠭ᠎ᠢᠶᠠᠷ ᠨᠡᠪᠲᠡᠷᠡᠭᠦᠯᠦᠭ᠌ᠳᠡᠬᠦ᠌ᠶ᠋ᠢᠨ ᠬᠠᠮᠲᠤ ᠦᠪᠡᠷᠲᠡᠭᠡᠨ ᠵᠠᠰᠠᠬᠤ ᠤᠷᠤᠨ᠎ᠤ ᠤᠶᠤᠨ᠎ᠤ ᠪᠤᠯᠪᠠᠰᠤᠨ᠎ᠤ 《ᠲᠠᠪᠤᠨ ᠨᠢᠭᠡ᠎ᠶ᠋ᠢᠨ ᠢᠨᠵᠧᠨᠧᠷᠢᠩ》 ᠤᠨ ᠱᠠᠩᠨᠠᠯ᠎ᠢ ᠬᠦᠷᠳᠡᠵᠡᠢ᠃

1977 ᠤᠨ᠎ᠳᠤ᠂ ᠤᠯᠠᠨ ᠤᠯᠤᠰ᠎ᠤᠨ ᠮᠦᠽᠸᠢ᠎ᠶ᠋ᠢᠨ ᠨᠡᠢᠭᠡᠮᠯᠢᠭ ᠪᠦᠬᠦ᠌ ᠳᠡᠯᠡᠬᠡᠢ᠎ᠶ᠋ᠢᠨ ᠮᠦᠽᠸᠢ᠎ᠶ᠋ᠢᠨ ᠦᠢᠯᠡᠰ᠎ᠤᠨ ᠡᠷᠡᠭᠦᠯ ᠬᠦᠭ᠌ᠵᠢᠯᠲᠡ᠎ᠶ᠋ᠢ ᠠᠬᠢᠭᠤᠯᠤᠨ᠂ ᠨᠡᠢᠭᠡᠮ᠎ᠤᠨ ᠤᠯᠠᠨ ᠨᠡᠢᠲᠡ᠎ᠶ᠋ᠢ ᠮᠦᠽᠸᠢ᠎ᠶ᠋ᠢᠨ ᠦᠢᠯᠡᠰ᠎ᠲᠤ ᠠᠩᠬᠠᠷᠤᠯ᠎ᠢᠶᠠᠨ ᠬᠠᠨᠳᠤᠭᠤᠯᠤᠨ᠂ ᠤᠢ᠍ᠢᠯᠠᠭᠠᠬᠤ ᠪᠠ ᠤᠷᠤᠯᠴᠠᠬᠤ᠎ᠶ᠋ᠢ ᠠᠬᠢᠭᠤᠯᠬᠤ᠎ᠶ᠋ᠢᠨ ᠲᠦᠯᠦᠭᠡ᠂ 5 ᠰᠠᠷ᠎ᠠ᠎ᠶ᠋ᠢᠨ 18 ᠤ ᠡᠳᠦᠷ᠎ᠢ 《ᠳᠡᠯᠡᠬᠡᠢ᠎ᠶ᠋ᠢᠨ ᠮᠦᠽᠸᠢ᠎ᠶ᠋ᠢᠨ ᠡᠳᠦᠷ》 ᠢᠶᠠᠷ ᠲᠤᠭ᠍ᠲᠠᠭᠠᠵᠠᠢ᠃ ᠮᠠᠨ᠎ᠤ ᠤᠷᠤᠨ᠎ᠤ ᠡᠯ᠎ᠡ ᠭᠠᠵᠠᠷ᠎ᠤᠨ ᠮᠦᠽᠸᠢ᠎ᠨᠢ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠲᠤᠪᠴᠢᠶ᠎ᠠ᠂ ᠦᠪᠡᠷᠲᠡᠭᠡᠨ ᠵᠠᠰᠠᠬᠤ ᠤᠷᠤᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠲᠤᠪᠴᠢᠶ᠎ᠠ᠎ᠶ᠋ᠢᠨ ᠲᠤᠬᠢᠷᠠᠭᠤᠯᠤᠯᠲᠠ ᠪᠠᠢᠷᠢᠯᠠᠭᠤᠯᠤᠯᠲᠠ ᠶᠤᠰᠤᠭᠠᠷ᠂ ᠮᠦᠽᠸᠢ᠎ᠳᠤ ᠬᠠᠳᠠᠭᠠᠯᠠᠵᠤ ᠪᠠᠢᠭ᠎ᠠ ᠡᠬᠢ ᠪᠠᠶᠠᠯᠢᠭ᠎ᠢᠶᠠᠨ ᠭᠦᠢᠴᠡᠳ ᠠᠱᠢᠬ᠍ᠯᠠᠨ᠂ ᠤᠯᠠᠨ ᠵᠦᠢᠯ᠎ᠤᠨ ᠤᠯᠠᠮᠵᠢᠯᠠᠨ ᠲᠠᠷᠬᠠᠭᠠᠬᠤ ᠠᠷᠭ᠎ᠠ ᠬᠡᠯᠪᠡᠷᠢ᠎ᠪᠠᠷ ᠡᠯᠪᠡᠭ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ ᠦᠷᠨᠢᠭᠦᠯᠵᠦ᠍ ᠪᠠᠢᠳᠠᠭ᠃
ᠦᠪᠦᠷ ᠮᠤᠩᠭᠤᠯ᠎ᠤᠨ ᠮᠦᠽᠸᠢ ᠪᠤᠯᠤᠨ ᠬᠦᠬᠡᠬᠤᠲᠠ᠎ᠶ᠋ᠢᠨ ᠬᠠᠮ ᠵᠠᠭᠤᠴᠢᠯᠠᠭᠤᠷ᠎ᠤᠨ ᠲᠦᠪ ᠬᠠᠮᠲᠤᠷᠠᠨ 《ᠮᠦᠽᠸᠢ᠎ᠶ᠋ᠢᠨ ᠳᠤᠲᠤᠷᠠᠬᠢ ᠡᠷᠳᠡᠨᠢᠰ᠎ᠤᠨ ᠦᠯᠢᠭᠡᠷ》 ᠭᠡᠬᠦ᠌ ᠦᠵᠡᠭᠦᠯᠭᠡ᠎ᠶ᠋ᠢᠨ ᠱᠢᠭᠤᠳ ᠨᠡᠪᠲᠡᠷᠡᠭᠦᠯᠭᠡ᠎ᠶ᠋ᠢᠨ ᠠᠵᠢᠯᠯᠠᠭ᠎ᠠ ᠦᠷᠨᠢᠭᠦᠯᠵᠦ᠍᠂ ᠪᠢᠴᠢᠯ ᠸᠢᠳᠢᠣ᠋᠎ᠶ᠋ᠢᠨ ᠬᠡᠯᠪᠡᠷᠢ᠎ᠪᠠᠷ ᠦᠷᠭᠡᠨ ᠤᠯᠠᠨ ᠦᠵᠡᠭ᠌ᠴᠢᠳ ᠵᠢᠭᠤᠯᠴᠢᠯᠠᠭ᠍ᠴᠢᠳ᠎ᠲᠤ ᠡᠭᠦᠯᠡᠨ ᠦᠢᠯᠡᠴᠢᠯᠡᠭᠡ ᠬᠠᠩᠭᠠᠬᠤ᠎ᠶ᠋ᠢᠨ ᠬᠠᠮᠲᠤ᠌᠂ ᠪᠤᠭᠤᠲᠤ᠎ᠶ᠋ᠢᠨ ᠮᠦᠽᠸᠢ᠂ ᠤᠷᠳᠤᠰ ᠮᠦᠽᠸᠢ᠂ ᠳᠤᠮᠳᠠᠳᠤ ᠤᠯᠤᠰ᠎ᠤᠨ ᠪᠤᠷᠤᠲᠤᠬᠤᠢ ᠰᠤᠶᠤᠯ᠎ᠤᠨ ᠮᠦᠽᠸᠢ ᠵᠡᠷᠭᠡ᠎ᠲᠠᠢ ᠬᠠᠮᠲᠤᠷᠠᠨ ᠳᠠᠭᠤᠲᠤ ᠰᠤᠷᠭᠠᠨ ᠬᠦᠮᠦᠵᠢᠯ᠎ᠤᠨ ᠲᠤᠰᠭᠠᠢ ᠪᠤᠯᠤᠩ ᠭᠠᠷᠭᠠᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠤᠨ ᠲᠤᠰᠭᠠᠢ ᠮᠡᠷᠭᠡᠵᠢᠯᠲᠡᠨ᠎ᠠᠴᠠ ᠲᠠᠯ᠎ᠠ ᠨᠤᠲᠤᠭ᠎ᠤᠨ ᠦᠨᠡᠲᠦ ᠡᠷᠳᠡᠨᠢ ᠪᠠ ᠤᠷᠲᠤ ᠴᠠᠭᠠᠨ ᠬᠡᠷᠡᠮ᠎ᠤᠨ ᠲᠡᠦᠬᠡ᠎ᠶ᠋ᠢ ᠲᠠᠨᠢᠯᠴᠠᠭᠤᠯᠪᠠ᠃ ᠪᠦᠬᠦ᠌ ᠤᠷᠤᠨ᠎ᠤ ᠡᠯ᠎ᠡ ᠮᠦᠽᠸᠢ ᠴᠤ᠌ ᠰᠦᠯᠵᠢᠶ᠎ᠡ᠂ ᠱᠢᠭᠤᠳ ᠨᠡᠪᠲᠡᠷᠡᠭᠦᠯᠭᠡ᠎ᠶ᠋ᠢᠨ ᠲᠠᠪᠴᠠᠩ᠂ ᠤᠯᠠᠨ ᠨᠡᠢᠲᠡ᠎ᠶ᠋ᠢᠨ ᠵᠢᠷᠭᠢᠶ᠎ᠡ᠎ᠶ᠋ᠢᠨ ᠳ᠋ᠤᠭᠠᠷ ᠵᠡᠷᠭᠡ 《ᠰᠦᠯᠵᠢᠶᠡᠨ ᠳᠡᠭᠡᠷᠡᠬᠢ ᠮᠦᠽᠸᠢ》 ᠶ᠋ᠢ ᠠᠱᠢᠬ᠍ᠯᠠᠨ᠂ ᠰᠦᠯᠵᠢᠶᠡᠨ ᠭᠠᠳᠠᠨᠠᠬᠢ ᠠᠵᠢᠯᠯᠠᠭ᠎ᠠ᠎ᠲᠠᠢ ᠤᠶᠠᠯᠳᠤᠭᠤᠯᠤᠨ᠂ ᠤᠯᠠᠨ ᠨᠡᠢᠲᠡ᠎ᠳᠤ 《ᠡᠭᠦᠯᠡᠨ ᠦᠵᠡᠭᠦᠯᠭᠡ》 ᠰᠤᠨᠢᠷᠬᠠᠭᠤᠯᠤᠯ᠎ᠠ᠃

ᠰᠤᠷᠠᠭ ᠵᠠᠩᠭᠢᠴᠢᠯᠠᠯᠲᠠ᠎ᠶ᠋ᠢᠨ ᠱᠢᠨ᠎ᠡ ᠴᠠᠭ ᠦᠶ᠎ᠡ᠎ᠳᠤ᠂ ᠪᠦᠬᠦ᠌ ᠤᠷᠤᠨ᠎ᠤ ᠡᠯ᠎ᠡ ᠮᠦᠽᠸᠢ᠎ᠨᠢ ᠤᠤᠯ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠤᠷᠢᠶᠠᠨ ᠬᠠᠳᠠᠭᠠᠯᠠᠬᠤ᠂ ᠠᠪᠤᠷᠠᠨ ᠬᠠᠮᠠᠭᠠᠯᠠᠬᠤ᠂ ᠰᠤᠳᠤᠯᠬᠤ ᠵᠡᠷᠭᠡ ᠤᠯᠠᠮᠵᠢᠯᠠᠯᠲᠤ ᠤᠢ᠍ᠢᠯᠠᠭᠠᠭ᠍ᠳᠠᠬᠤᠨ᠎ᠢ ᠬᠤᠪᠢᠷᠠᠭᠤᠯᠤᠨ᠂ ᠦᠢᠯᠡᠳᠦᠯ ᠴᠢᠳᠠᠪᠬᠢ᠎ᠪᠠᠨ ᠲᠠᠰᠤᠷᠠᠯᠲᠠ ᠦᠭᠡᠢ ᠦᠷᠭᠡᠳᠭᠡᠨ ᠱᠢᠨᠡᠴᠢᠯᠡᠵᠦ᠍᠂ ᠱᠢᠨ᠎ᠡ ᠵᠠᠭᠤᠴᠢᠯᠠᠭᠤᠷ ᠪᠠ VR ᠮᠡᠷᠭᠡᠵᠢᠯ᠎ᠢ ᠠᠱᠢᠬ᠍ᠯᠠᠨ᠂ ᠴᠠᠭ ᠪᠠ ᠤᠷᠤᠨ ᠵᠠᠢ᠎ᠶ᠋ᠢᠨ ᠬᠢᠵᠠᠭᠠᠷᠯᠠᠯ᠎ᠢ ᠲᠠᠪᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠰᠤᠶᠤᠯ᠎ᠤᠨ ᠴᠢᠬᠤᠯᠠ ᠪᠦᠷᠢᠯᠳᠦᠭᠦᠨ ᠪᠤᠯᠤᠭ᠍ᠰᠠᠨ ᠲᠠᠯ᠎ᠠ ᠨᠤᠲᠤᠭ᠎ᠤᠨ ᠰᠤᠶᠤᠯ᠎ᠢ ᠤᠯᠤᠰ ᠳᠠᠶᠠᠭᠠᠷ᠎ᠲᠤ ᠤᠯᠠᠮᠵᠢᠯᠠᠨ᠂ ᠠᠷᠠᠳ ᠤᠯᠠᠨ᠎ᠤ ᠤᠯᠠᠨ ᠲᠡᠰ ᠳᠠᠪᠬᠤᠷᠭ᠎ᠠ᠎ᠶ᠋ᠢᠨ ᠬᠡᠷᠡᠭ᠌ᠴᠡᠭᠡ᠎ᠶ᠋ᠢ ᠬᠠᠩᠭᠠᠵᠤ᠂ ᠰᠤᠶᠤᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠨ᠂ ᠡᠭᠦᠨ᠎ᠤ ᠤᠯᠠᠮ᠎ᠢᠶᠠᠷ ᠦᠨᠳᠦᠰᠦᠲᠡᠨ᠎ᠤ ᠬᠤᠭᠤᠷᠤᠨᠳᠤᠬᠢ ᠰᠤᠶᠤᠯ᠎ᠤᠨ ᠤᠢ᠍ᠢᠯᠠᠭᠠᠯᠴᠠᠯᠢ ᠠᠬᠢᠭᠤᠯᠵᠤ᠂ ᠰᠤᠶᠤᠯ᠎ᠤᠨ ᠬᠠᠷᠢᠯᠴᠠᠭ᠎ᠠ᠎ᠶ᠋ᠢ ᠨᠢᠭ᠍ᠲᠠᠷᠠᠭᠤᠯᠬᠤ᠎ᠳᠤ ᠴᠢᠬᠤᠯᠠ ᠦᠢᠯᠡᠳᠦᠯ᠎ᠢᠶᠠᠨ ᠪᠠᠳᠠᠷᠠᠭᠤᠯᠵᠤ ᠪᠠᠢᠨ᠎ᠠ᠃