8 ᠰᠠᠷ᠎ᠠ᠎ᠶ᠋ᠢᠨ 8 ᠤ ᠥᠳᠡ᠎ᠶ᠋ᠢᠨ ᠡᠮᠥᠨ᠎ᠠ᠂ 2020 ᠤᠨ᠎ᠤ ᠥᠪᠥᠷ ᠮᠤᠩᠭᠤᠯ᠎ᠤᠨ ᠮᠤᠷᠢᠨ ᠤᠷᠤᠯᠳᠤᠭᠠᠨ ᠵᠢᠴᠢ ᠥᠪᠥᠷ ᠮᠤᠩᠭᠤᠯ᠎ᠤᠨ ᠤᠯᠠᠨ ᠤᠯᠤᠰ᠎ᠤᠨ ᠮᠤᠷᠢᠨ ᠮᠡᠷᠭᠡᠵᠢᠯ᠎ᠤᠨ ᠴᠤᠬ᠍ᠯᠠᠭᠠᠨ — ᠥᠪᠥᠷ ᠮᠣᠩᠭᠤᠯ᠎ᠤᠨ ᠮᠣᠷᠢᠨ ᠮᠡᠷᠭᠡᠵᠢᠯ᠎ᠤᠨ ᠲᠠᠯᠠᠪᠤᠷ᠎ᠤᠨ ᠰᠠᠭᠠᠳ ᠲᠠᠪᠠᠭ᠍ᠤ ᠢᠯᠡ ᠤᠷᠤᠯᠳᠤᠭᠠᠠ ᠥᠪᠥᠷ ᠮᠣᠩᠭᠤᠯ᠎ᠤᠨ ᠮᠣᠷᠢᠨ ᠮᠡᠷᠭᠡᠵᠢᠯ᠎ᠤᠨ ᠣᠷᠳᠣᠨ᠎ᠳᠤ ᠡᠬᠢᠯᠡᠪᠠ᠂ 8 ᠰᠠᠷ᠎ᠠ᠎ᠶ᠋ᠢᠨ 9 ᠤ ᠡᠳᠤᠷ ᠪᠤᠯᠳᠠᠯ᠎ᠠ ᠶᠠᠪᠤᠬ᠍ᠳᠠᠬᠤ ᠪᠤᠯᠤᠨ᠎ᠠ᠃
ᠲᠤᠰ ᠤᠳᠠᠭ᠎ᠠ᠎ᠶ᠋ᠢᠨ ᠤᠷᠤᠯᠳᠤᠭᠠᠨ᠎ᠨᠢ 2020 ᠤᠨ᠎ᠤ ᠤᠯᠤᠰ᠎ᠤᠨ ᠲᠤᠳᠤᠭᠠᠳᠤ᠎ᠳᠤ ᠡᠷᠬᠢᠯᠡᠨ ᠶᠠᠪᠤᠬ᠍ᠳᠠᠭᠤᠯᠵᠥ᠍ ᠪᠠᠢᠭ᠎ᠠ ᠬᠠᠮᠤᠬ᠎ᠤᠨ ᠥᠨᠳᠤᠷ ᠲᠥᠪᠱᠢᠨ ᠪᠥᠬᠦᠢ ᠲᠡᠯᠡᠪᠤᠷ᠎ᠤᠨ ᠰᠠᠭᠠᠳ ᠲᠠᠪᠠᠭ᠍ᠤ ᠤᠷᠤᠯᠳᠤᠭᠠᠨ ᠪᠤᠯᠵᠥ᠍᠂ ᠤᠷᠤᠯᠳᠤᠭᠠᠨ᠎ᠤ ᠬᠤᠭᠤᠴᠠᠭᠠᠨ᠎ᠳᠤ ᠵᠧᠵᠢᠶᠠᠩ᠂ ᠭᠤᠸᠠᠩᠳᠦ᠋ᠩ᠂ ᠠᠨᠾᠦ᠋ᠢ᠂ ᠪᠡᠭᠡᠵᠢᠩ᠂ ᠬᠥᠢᠵᠸᠤ᠂ ᠥᠪᠥᠷ ᠮᠤᠩᠭᠤᠯ ᠵᠡᠷᠭᠡ 19 ᠮᠤᠵᠢ ᠤᠷᠤᠨ ᠬᠤᠳᠠ᠎ᠶ᠋ᠢᠨ ᠲᠥᠯᠥᠭᠡᠯᠡᠭ᠌ᠴᠢ᠎ᠶ᠋ᠢᠨ ᠠᠩᠭᠢ᠎ᠶ᠋ᠢᠨ 66 ᠮᠤᠷᠢ ᠪᠠ ᠤᠨᠤᠭᠠᠴᠢᠨ ᠤᠷᠤᠯᠳᠤᠭᠠᠨ᠎ᠳᠤ ᠤᠷ᠎ᠠ ᠠᠪᠢᠶᠠᠰ᠎ᠢᠶᠠᠨ ᠭᠠᠢᠬᠠᠭᠤᠯᠬᠤ ᠪᠤᠯᠤᠨ᠎ᠠ᠃ ᠥᠪᠥᠷ ᠮᠣᠩᠭᠤᠯ᠎ᠤᠨ ᠣᠯᠠᠨ ᠤᠯᠤᠰ᠎ᠤᠨ ᠮᠣᠷᠢᠨ ᠮᠡᠷᠭᠡᠵᠢᠯ᠎ᠤᠨ ᠴᠤᠬ᠍ᠯᠠᠭᠠᠨ ᠪᠤᠯ ᠨᠢᠭᠡᠨᠲᠡ ᠤᠯᠤᠰ᠎ᠤᠨ ᠳᠣᠲᠣᠭᠠᠳᠤ᠎ᠶ᠋ᠢᠨ 《ᠤᠷᠤᠯᠳᠤᠭᠠᠨ᠎ᠤ ᠲᠥᠷᠥᠯ ᠵᠦᠶᠯ ᠬᠠᠮᠤᠭ᠎ᠤᠨ ᠪᠦᠷᠢᠨ᠂ ᠬᠠᠮᠤᠷᠬᠤ ᠬᠡᠪᠴᠢᠶ᠎ᠡ ᠬᠠᠮᠤᠭ᠎ᠤᠨ ᠥᠷᠭᠡᠨ᠂ ᠣᠷᠣᠯᠴᠠᠬᠤ ᠬᠥᠮᠦᠨ ᠤᠳᠠᠭ᠎ᠠ ᠬᠠᠮᠤᠭ᠎ᠤᠨ ᠣᠯᠠᠨ᠂ ᠤᠷᠤᠯᠳᠤᠭᠠᠨ᠎ᠤ ᠬᠡᠪᠴᠢᠶᠠᠵᠢᠯ᠎ᠢᠶᠠᠷ ᠬᠠᠮᠤᠭ᠎ᠤᠨ ᠶᠡᠭᠡ》 ᠶᠡᠷᠦᠩᠬᠡᠢᠯᠡᠭ᠌ᠰᠡᠨ ᠴᠢᠨᠠᠷᠲᠠᠶ ᠮᠣᠷᠢᠨ ᠮᠡᠷᠭᠡᠵᠢᠯ᠎ᠤᠨ ᠦᠪᠡᠳᠡᠭ᠌ᠰᠢ ᠴᠤᠭ᠍ᠯᠠᠭᠠᠨ ᠪᠤᠯᠤᠭ᠍ᠰᠠᠨ ᠶᠤᠮ᠃ 2017 ᠣᠨ᠎ᠳᠤ 《ᠤᠯᠤᠰ᠎ᠤᠨ ᠪᠡᠶ᠎ᠡ᠎ᠶ᠋ᠢᠨ ᠲᠠᠮᠢᠷ ᠰᠤᠶᠤᠯ ᠵᠢᠭᠤᠯᠴᠢᠯᠠᠯ᠎ᠤᠨ ᠰᠣᠳᠣᠨ ᠤᠷᠤᠯᠳᠤᠭᠠᠨ》 ᠤ ᠢᠷᠡᠭᠤ ᠠᠯᠳᠠᠷ᠎ᠢ ᠬᠥᠷᠳᠡᠵᠥ᠍᠂ ᠤᠯᠤᠰ᠎ᠤᠨ ᠳᠣᠲᠣᠭᠠᠳᠤ᠎ᠳᠠᠬᠢ ᠴᠣᠷ᠎ᠤᠨ ᠭᠠᠭ᠍ᠴᠠ ᠡᠨᠡ ᠬᠦ᠌ ᠢᠷᠠᠭᠤ ᠠᠯᠳᠠᠷ᠎ᠢ ᠭᠥᠷᠳᠡᠭ᠌ᠰᠡᠨ ᠮᠣᠷᠢᠨ ᠮᠡᠷᠭᠡᠵᠢᠯ᠎ᠤᠨ ᠤᠷᠤᠯᠳᠤᠭᠠᠨ ᠪᠣᠯᠪᠠ᠃ ᠡᠨᠡ ᠵᠢᠯ᠎ᠤᠨ ᠤᠷᠤᠯᠳᠤᠭᠠᠨ᠎ᠨᠢ ᠥᠪᠥᠷ ᠮᠣᠩᠭᠤᠯ᠎ᠤᠨ ᠣᠯᠠᠨ ᠤᠯᠤᠰ᠎ᠤᠨ ᠮᠣᠷᠢᠨ ᠮᠡᠷᠭᠡᠵᠢᠯ᠎ᠤᠨ ᠠᠵᠤ ᠦᠢᠯᠡᠰ᠎ᠢ ᠶᠡᠭᠡ᠎ᠪᠠᠷ ᠬᠥᠭ᠌ᠵᠢᠭᠦᠯᠵᠦ᠍᠂ ᠣᠯᠠᠨ ᠤᠯᠤᠰ᠎ᠤᠨ ᠮᠣᠷᠢᠨ᠎ᠤ ᠬᠤᠲᠠ᠎ᠶ᠋ᠢ ᠴᠣᠭ᠍ᠴᠠᠯᠠᠨ ᠪᠠᠢᠭᠤᠯᠵᠤ᠂ ᠮᠣᠷᠢᠨ ᠮᠡᠷᠭᠡᠵᠢᠯ᠎ᠤᠨ ᠪᠠᠭ᠍ᠠᠲᠠᠳ᠎ᠲᠤ ᠤᠷᠤᠯᠳᠤᠭᠠᠨ᠎ᠤ ᠲᠠᠪᠴᠠᠩ ᠪᠠᠢᠭᠤᠯᠵᠤ᠂ ᠥᠪᠥᠷ ᠮᠣᠩᠭᠤᠯ᠎ᠤᠨ ᠥᠪᠡᠷᠮᠢᠴᠡ ᠣᠨᠴᠠᠯᠢᠭ᠎ᠲᠠᠢ ᠠᠮᠢ ᠠᠬᠤᠶ᠎ᠶ᠋ᠢᠨ ᠵᠢᠭᠤᠯᠴᠢᠯᠠᠯ᠎ᠤᠨ ᠲᠥᠷᠥᠯ ᠵᠦᠶᠯ᠎ᠢ ᠲᠦᠷᠭᠡᠳᠭᠡᠨ ᠪᠠᠢᠭᠤᠯᠬᠤ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠬᠠᠩᠭᠠᠬᠤ ᠪᠤᠯᠤᠨ᠎ᠠ᠃
ᠲᠤᠰ ᠤᠳᠠᠭ᠎ᠠ᠎ᠶ᠋ᠢᠨ ᠤᠷᠤᠯᠳᠤᠭᠠᠨ᠎ᠳᠤ ᠵᠠᠯᠠᠭᠤᠴᠤᠳ ᠪᠠᠭᠠᠴᠤᠳ᠎ᠤᠨ ᠳᠤᠭᠤᠢᠯᠠᠩ᠎ᠤᠨ 1 ᠮᠧᠲᠷ ᠥ ᠊ᠨᠳᠤᠷ ᠰᠠᠭᠠᠳ ᠲᠠᠪᠠᠭ᠍ᠤ ᠬᠤᠪᠢ ᠬᠥᠮᠦᠨ᠎ᠤ ᠤᠷᠤᠯᠳᠤᠭᠠᠨ᠂ ᠨᠠᠰᠤᠨ᠎ᠳᠤ ᠬᠦᠷᠦᠭ᠌ᠰᠡᠳ᠎ᠤᠨ ᠳᠤᠭᠤᠢᠯᠠᠩ᠎ᠤᠨ 1.25 ᠮᠧᠲᠷ ᠥ ᠊ᠨᠳᠤᠷ ᠰᠠᠭᠠᠳ ᠲᠠᠪᠠᠭ᠍ᠤ ᠬᠤᠪᠢ ᠬᠥᠮᠦᠨ᠎ᠤ ᠤᠷᠤᠯᠳᠤᠭᠠᠨ ᠪᠡ ᠨᠠᠰᠤᠨ᠎ᠳᠤ ᠬᠦᠷᠦᠭ᠌ᠰᠡᠳ᠎ᠤᠨ ᠳᠤᠭᠤᠢᠯᠠᠩ᠎ᠤᠨ 1.35 ᠮᠧᠲᠷ ᠥ ᠊ᠨᠳᠤᠷ ᠰᠠᠭᠠᠳ ᠲᠠᠪᠠᠭ᠍ᠤ ᠬᠤᠪᠢ ᠬᠥᠮᠦᠨ᠎ᠤ ᠤᠷᠤᠯᠳᠤᠭᠠᠨ᠎ᠢ ᠲᠤᠬᠢᠷᠠᠭᠤᠯᠵᠠᠢ᠃