ᠠᠷᠪᠠᠨ ᠳᠤᠯᠤᠳᠤᠭᠠᠷ ᠬᠤᠭᠤᠴᠠᠭᠠᠨ᠎ᠤ ᠳᠤᠮᠳᠠᠳᠤ ᠤᠯᠤᠰ ● ᠦᠪᠦᠷ ᠮᠤᠩᠭᠤᠯ᠎ᠤᠨ ᠳᠠᠯ᠎ᠠ ᠨᠤᠳᠤᠭ᠎ᠤᠨ ᠰᠤᠶᠤᠯ᠎ᠤᠨ ᠨᠠᠢᠷ ᠡᠬᠢᠯᠡᠪᠡ 
2020-08-09 18:51:32
ᠵᠣᠬᠢᠶᠠᠭ᠍ᠴᠢ᠄
ᠪᠤᠤ ᠰᠠᠷᠠᠭᠤᠯ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 8 ᠎ᠤ ᠦᠳᠡ᠎ᠶ᠋ᠢᠨ ᠡᠮᠦᠨᠡᠬᠢ 10 ᠴᠠᠭ᠎ᠲᠤ᠌᠂ ᠠᠷᠪᠠᠨ ᠳᠤᠯᠤᠳᠤᠭᠠᠷ ᠬᠤᠭᠤᠴᠠᠭᠠᠨ᠎ᠤ ᠳᠤᠮᠳᠠᠳᠤ ᠤᠯᠤᠰ · ᠦᠪᠦᠷ ᠮᠤᠩᠭᠤᠯ᠎ᠤᠨ ᠳᠠᠯ᠎ᠠ ᠨᠤᠳᠤᠭ᠎ᠤᠨ ᠰᠤᠶᠤᠯ᠎ᠤᠨ ᠨᠠᠢᠷ ᠬᠦᠬᠡᠬᠤᠳᠠ᠎ᠶ᠋ᠢᠨ ᠶᠡᠭᠡ ᠵᠤᠤ ᠠᠭᠤᠳᠠᠮ ᠳᠠᠯᠠᠪᠠᠢ᠎ᠳᠤ ᠡᠬᠢᠯᠡᠪᠡ᠃


22.jpg


8 ᠰᠠᠷ᠎ᠠ᠎ᠶ᠋ᠢᠨ 8 ᠎ᠤ ᠡᠳᠤᠷ᠂ ᠠᠷᠪᠠᠨ ᠳᠤᠯᠤᠳᠤᠭᠠᠷ ᠬᠤᠭᠤᠴᠠᠭᠠᠨ᠎ᠤ ᠳᠤᠮᠳᠠᠳᠤ ᠤᠯᠤᠰ · ᠦᠪᠦᠷ ᠮᠤᠩᠭᠤᠯ  ᠎ᠤᠨ ᠳᠠᠯ᠎ᠠ ᠨᠤᠳᠤᠭ᠎ᠤᠨ ᠰᠤᠶᠤᠯ᠎ᠤᠨ ᠨᠠᠢᠷ ᠬᠦᠬᠡᠬᠤᠳᠠ᠎ᠳᠤ ᠡᠬᠢᠯᠡᠵᠦ᠍᠂ 《ᠡᠭᠡᠱᠢᠭ ᠤᠶᠠᠩᠭᠠᠷᠠᠭ᠍ᠰᠠᠨ ᠨᠠᠢ᠍ᠮᠠᠳᠤᠭᠠᠷ ᠰᠠᠷ᠎ᠠ — ᠠᠶ᠎ᠠ ᠳᠠᠭᠤᠤ ᠬᠦᠭ᠌ᠯᠡᠭ᠌ᠰᠡᠨ ᠰᠠᠢᠨ ᠰᠠᠢᠬᠠᠨ ᠠᠮᠢᠳᠤᠷᠠᠯ》 ᠬᠡᠬᠦ᠌ ᠭᠤᠤᠯ ᠰᠡᠳᠤᠪ᠎ᠢᠶᠠᠷ 8 ᠰᠠᠷ᠎ᠠ᠎ᠶ᠋ᠢᠨ 20 ᠎ᠤ ᠡᠳᠤᠷ ᠪᠤᠯᠳᠠᠯ᠎ᠠ ᠶᠠᠪᠤᠭ᠍ᠳᠠᠬᠤ ᠪᠤᠯᠤᠨ᠎ᠠ᠃ ᠵᠢᠷᠤᠭ ᠪᠤᠯ ᠲᠤᠭ᠍ᠯᠠᠭ᠍ᠴᠢᠳ ᠬᠠᠳᠠᠭ ᠡᠷᠬᠦᠨ ᠲᠦᠷᠪᠡᠨ ᠵᠦᠭ ᠨᠠᠢ᠍ᠮᠠᠨ ᠵᠤᠪᠬᠢᠰ᠎ᠤᠨ ᠵᠤᠴᠢᠳ᠎ᠢᠶᠠᠨ ᠪᠠᠶᠠᠷᠯᠠᠨ ᠤᠭ᠍ᠳᠤᠵᠤ ᠪᠠᠢᠭ᠎ᠠ᠎ᠨᠢ᠃

ᠰᠤᠷᠪᠤᠯᠵᠢᠯᠠᠭ᠍ᠴᠢ ᠬᠤᠢᠳᠤᠠᠤᠯᠤᠰ ᠰᠡᠬᠦᠳᠡᠷᠯᠡᠪᠡ



ᠡᠬᠢᠯᠡᠯᠳᠡ᠎ᠶ᠋ᠢᠨ ᠶᠤᠰᠤᠯᠠᠯ ᠳᠠᠭᠤᠴᠢᠨ ᠬᠦᠰᠡᠯᠡᠩ᠎ᠤᠨ 《ᠬᠤᠨ ᠭᠠᠯᠠᠭᠤ》 ᠎ᠶ᠋ᠢᠨ ᠢᠷᠠᠭᠤ ᠡᠭᠡᠱᠢᠭ᠌ᠯᠢᠭ᠎ᠢᠶᠠᠷ ᠬᠦᠱᠢᠭᠡ᠎ᠪᠠᠨ ᠰᠡᠬᠦᠵᠤ᠂ 1600 ᠬᠦᠮᠦᠨ᠎ᠢᠶᠠᠷ ᠪᠦᠷᠢᠯᠳᠦᠭ᠌ᠰᠡᠨ ᠦᠪᠦᠷ ᠮᠤᠩᠭᠤᠯ᠎ᠤᠨ ᠦᠨᠳᠦᠰᠦᠲᠡᠨ᠎ᠤ ᠤᠷᠠᠯᠢᠭ ᠵᠦᠴᠦᠭᠡ᠎ᠶ᠋ᠢᠨ ᠬᠦᠷᠢᠶᠡᠯᠡᠩ᠎ᠤᠨ ᠡᠩᠨᠡᠭᠡ᠂ ᠦᠨᠳᠦᠰᠦᠲᠡᠨ᠎ᠤ ᠪᠦᠯᠬᠦᠮᠳᠡᠯ᠎ᠤᠨ ᠳᠡᠷᠢᠭᠦᠨ᠎ᠤ ᠬᠤᠪᠢ ᠬᠦᠮᠦᠨ᠂ ᠶᠤᠰᠤ ᠰᠤᠷᠲᠠᠬᠤᠨ᠎ᠤ ᠵᠢᠱ᠌ᠢᠶᠡᠴᠢ᠂ ᠬᠦᠬᠡᠬᠤᠳᠠ᠎ᠶ᠋ᠢᠨ ᠰᠠᠢᠴᠤᠤᠯ᠂ ᠬᠦᠳᠡᠯᠮᠦᠷᠢ᠎ᠶ᠋ᠢᠨ ᠵᠢᠱ᠌ᠢᠶᠡᠴᠢ ᠪᠠ ᠵᠠᠯᠠᠭᠤ ᠰᠠᠢᠨ ᠳᠤᠷᠠᠴᠤᠤᠯ᠎ᠢᠶᠠᠷ ᠪᠦᠷᠢᠯᠳᠦᠭ᠌ᠰᠡᠨ ᠳᠠᠯ᠎ᠠ ᠨᠤᠳᠤᠭ᠎ᠤᠨ ᠵᠢᠱ᠌ᠢᠶᠡᠴᠢ᠎ᠶ᠋ᠢᠨ ᠡᠩᠨᠡᠭᠡ᠂ ᠴᠦᠬᠡᠨ ᠳᠤᠭᠠᠳᠤ ᠦᠨᠳᠦᠰᠦᠲᠡᠨ᠎ᠤ ᠲᠦᠯᠦᠭᠡᠯᠡᠭ᠌ᠴᠢ᠎ᠪᠠᠷ ᠪᠦᠷᠢᠯᠳᠦᠭ᠌ᠰᠡᠨ ᠦᠨᠳᠦᠰᠦᠲᠡᠨ᠎ᠤ ᠪᠦᠯᠭᠦᠮᠳᠡᠯ᠎ᠤᠨ ᠡᠩᠨᠡᠭᠡ᠂ ᠦᠪᠦᠷ ᠮᠤᠩᠭᠤᠯ᠎ᠤᠨ ᠦᠨᠳᠦᠰᠦᠲᠡᠨ᠎ᠤ ᠤᠷᠠᠯᠢᠭ ᠵᠦᠴᠦᠭᠡ᠎ᠶ᠋ᠢᠨ ᠬᠦᠷᠢᠶᠡᠯᠡᠩ᠎ᠤᠨ ᠱᠢᠭᠤᠳ ᠬᠠᠷᠢᠶ᠎ᠠ ᠤᠯᠠᠭᠠᠨᠮᠦᠴᠢᠷ᠂ ᠰᠠᠢᠬᠠᠨ ᠳᠤᠭᠤᠷᠢᠭ᠎ᠤᠨ ᠤᠯᠠᠭᠠᠨᠮᠦᠴᠢᠷ ᠪᠤᠯᠤᠨ ᠢᠦ᠋ᠢᠴᠢᠤᠸᠠᠨ ᠳᠤᠭᠤᠷᠢᠭ᠎ᠤᠨ ᠤᠯᠠᠭᠠᠨᠮᠦᠴᠢᠷ᠎ᠢᠶᠠᠷ ᠪᠦᠷᠢᠯᠳᠦᠭ᠌ᠰᠡᠨ ᠬᠤᠪᠢᠰᠭᠠᠯᠳᠤ ᠤᠳᠭ᠎ᠠ ᠤᠷᠠᠯᠢᠭ᠎ᠤᠨ ᠬᠦᠩᠬᠡᠨ ᠮᠤᠷᠢᠳᠤ ᠴᠡᠷᠢᠭ᠎ᠤᠨ ᠡᠩᠨᠡᠭᠡ᠂ ᠬᠦᠰᠡᠯᠡᠩ᠂ ᠬᠠᠯᠢᠨ᠂ ᠯᠢ ᠳᠡᠭ᠌ᠵᠢᠨ᠂ ᠤᠯᠠᠭᠠᠨᠳᠤᠶᠠᠭ᠎ᠠ᠂ ᠶᠦᠨ ᠹᠸᠢ᠂ ᠭᠦᠸᠧ᠎ᠶ᠋ᠢᠨ ᠲᠦᠩ ᠨᠠᠷ᠎ᠤᠨ ᠤᠳᠤᠳ᠎ᠤᠨ ᠡᠩᠨᠡᠭᠡ ᠵᠡᠷᠭᠡ 9 ᠵᠢᠭ᠍ᠰᠠᠭᠠᠯ᠎ᠤᠨ ᠡᠩᠨᠡᠭᠡ᠎ᠨᠢ ᠪᠦᠭᠦ᠌ ᠳᠠᠯᠠᠪᠠᠢ᠎ᠶ᠋ᠢ ᠳᠠᠭᠤᠤ᠎ᠶ᠋ᠢᠨ ᠳᠠᠯᠠᠢ ᠪᠦᠵᠢᠭ᠎ᠤᠨ ᠶᠢᠷᠲᠢᠨᠴᠦ᠍ ᠪᠤᠯᠭᠠᠵᠤ ᠦᠵᠡᠭ᠌ᠴᠢ ᠲᠦᠮᠡᠨ᠎ᠢᠶᠠᠨ ᠪᠠᠶᠠᠰᠭᠠᠯ᠎ᠠ᠃ ᠠᠬᠤᠢ ᠳᠠᠯᠠᠪᠠᠢ᠎ᠳᠤ ᠬᠦᠷᠦᠯᠴᠡᠨ ᠢᠷᠡᠭ᠌ᠰᠡᠨ ᠦᠵᠡᠭ᠌ᠴᠢ 6 ᠲᠦᠮᠡ᠎ᠶ᠋ᠢ ᠳᠠᠪᠠᠵᠤ᠂ ᠵᠢᠭ᠍ᠰᠠᠭᠠᠯ᠎ᠤᠨ ᠡᠩᠨᠡᠭᠡ᠎ᠨᠢ ᠬᠦᠬᠡ ᠬᠠᠳᠠᠭ ᠤᠯᠠᠭᠠᠨ ᠳᠤᠷᠳᠤᠩ᠎ᠢᠶᠠᠨ ᠡᠷᠭᠦᠨ᠂ ᠤᠯᠠᠨ ᠲᠦᠮᠡᠨ ᠬᠢᠬᠡᠳ ᠰᠦᠯᠵᠢᠶᠡᠨ ᠠᠨᠳᠠ ᠨᠠᠷ᠎ᠲᠠᠢ ᠬᠠᠮᠳᠤ᠎ᠪᠠᠷ ᠠᠷᠪᠠᠨ ᠳᠤᠯᠤᠳᠤᠭᠠᠷ ᠬᠤᠭᠤᠴᠠᠭᠠᠨ᠎ᠤ ᠳᠤᠮᠳᠠᠳᠤ ᠤᠯᠤᠰ · ᠦᠪᠦᠷ ᠮᠤᠩᠭᠤᠯ᠎ᠤᠨ ᠳᠠᠯ᠎ᠠ ᠨᠤᠳᠤᠭ᠎ᠤᠨ ᠰᠤᠶᠤᠯ᠎ᠤᠨ ᠨᠠᠢᠷ ᠡᠬᠢᠯᠡᠭ᠌ᠰᠡᠨ᠎ᠢ ᠵᠠᠷᠯᠠᠪᠠ᠃

ᠲᠤᠰ ᠬᠤᠭᠤᠴᠠᠭᠠᠨ᠎ᠤ ᠳᠠᠯ᠎ᠠ ᠨᠤᠳᠤᠭ᠎ᠤᠨ ᠰᠤᠶᠤᠯ᠎ᠤᠨ ᠨᠠᠢᠷ᠎ᠨᠢ 《ᠡᠭᠡᠱᠢᠭ ᠤᠶᠠᠩᠭᠠᠷᠠᠭ᠍ᠰᠠᠨ ᠨᠠᠢ᠍ᠮᠠᠳᠤᠭᠠᠷ ᠰᠠᠷ᠎ᠠ — ᠠᠶ᠎ᠠ ᠳᠠᠭᠤᠤ ᠬᠦᠭ᠌ᠯᠡᠭ᠌ᠰᠡᠨ ᠰᠠᠢᠨ ᠰᠠᠢᠬᠠᠨ ᠠᠮᠢᠳᠤᠷᠠᠯ》 ᠬᠡᠬᠦ᠌ ᠭᠤᠤᠯ ᠰᠡᠳᠤᠪ᠎ᠢᠶᠠᠷ ᠶᠠᠪᠤᠭ᠍ᠳᠠᠵᠤ᠂ ᠰᠤᠳᠤᠨ ᠪᠦᠳᠦᠭᠡᠯ᠎ᠢ ᠳᠡᠯᠭᠡᠨ ᠦᠵᠡᠭᠦᠯᠬᠦ᠂ ᠤᠯᠠᠮᠵᠢᠯᠠᠬᠤ᠎ᠶ᠋ᠢᠨ ᠳᠠᠭᠠᠦ ᠱᠢᠨᠡᠴᠢᠯᠡᠬᠦ᠂ ᠰᠤᠶᠤᠯ ᠤᠷᠠᠯᠢᠭ᠎ᠢ ᠬᠠᠮᠳᠤ᠎ᠪᠠᠷ ᠡᠳ᠋ᠯᠠᠬᠦ᠂ ᠰᠤᠯᠢᠯᠴᠠᠭ᠎ᠠ ᠳᠤᠯᠢᠳᠠᠯ ᠬᠢᠬᠦ᠌᠎ᠪᠠᠷ ᠭᠤᠤᠯ ᠪᠤᠯᠭᠠᠨ᠂ ᠤᠯᠠᠨ ᠲᠦᠮᠡᠨ᠎ᠤ ᠤᠷᠤᠯᠴᠠᠯᠭ᠎ᠠ᠎ᠶ᠋ᠢ ᠳᠤᠪᠤᠢᠯᠭᠠᠵᠤ᠂ ᠠᠢᠮᠠᠭ ᠬᠤᠳᠠ ᠵᠡᠷᠭᠡ᠎ᠪᠠᠷ ᠬᠦᠳᠡᠯᠦᠯᠴᠡᠨ᠂ ᠰᠦᠯᠵᠢᠶ᠎ᠡ ᠬᠢᠬᠡᠳ ᠠᠬᠤᠢ ᠳᠠᠯᠠᠪᠠᠢ᠎ᠶ᠋ᠢᠨ ᠦᠵᠡᠭ᠌ᠴᠢᠳ ᠬᠠᠮᠳᠤ᠎ᠪᠠᠷ ᠪᠠᠶᠠᠰᠴᠤ᠌᠂ ᠰᠠᠢᠨ ᠰᠠᠢᠬᠠᠨ ᠰᠤᠶᠤᠯ᠎ᠤᠨ ᠠᠭᠤᠷ ᠠᠮᠢᠰᠭᠤᠯ᠎ᠢ ᠪᠦᠷᠢᠯᠳᠦᠭᠦᠯᠬᠦ᠌᠎ᠶ᠋ᠢ ᠵᠤᠷᠢᠵᠠᠢ᠃ ᠲᠤᠰ ᠨᠠᠢᠷ᠎ᠨᠢ ᠤᠯᠠᠨ ᠲᠦᠮᠡᠨᠴᠢ ᠴᠢᠨᠠᠷ ᠪᠠ ᠱᠢᠨ᠎ᠡ ᠡᠭᠦᠳᠦᠯᠳᠡ᠎ᠶ᠋ᠢᠨ ᠴᠢᠨᠠᠷ᠎ᠢ ᠴᠢᠬᠤᠯᠠᠴᠢᠯᠠᠵᠤ᠂ ᠵᠦᠴᠦᠭᠡ᠎ᠶ᠋ᠢᠨ ᠲᠢᠶᠠᠳ᠋ᠷ᠎ᠠᠴᠠ ᠭᠠᠷᠴᠤ᠌ ᠤᠯᠠᠨ ᠲᠦᠮᠡᠨ᠎ᠳᠤ ᠤᠢ᠍ᠢᠷᠠᠳᠤᠨ᠂ ᠠᠬᠤᠢ ᠳᠠᠯᠠᠪᠠᠢ᠎ᠶ᠋ᠢᠨ ᠳᠤᠭ᠍ᠯᠠᠯᠳᠠ ᠪᠠ ᠰᠦᠯᠵᠢᠶᠡᠨ᠎ᠤ ᠱᠢᠭᠤᠳ ᠨᠡᠪᠳᠡᠷᠡᠭᠦᠯᠭᠡ᠎ᠶ᠋ᠢ ᠤᠶᠠᠯᠳᠤᠭᠤᠯᠤᠭ᠍ᠰᠠᠨ᠎ᠨᠢ ᠦᠩᠬᠡᠷᠡᠭ᠌ᠰᠡᠨ ᠬᠤᠭᠤᠴᠠᠭᠠᠨ᠎ᠤ ᠰᠤᠶᠤᠯ᠎ᠤᠨ ᠨᠠᠢᠷ᠎ᠤᠳ᠎ᠠᠴᠠ ᠤᠨᠴᠠᠯᠠᠭ᠍ᠳᠠᠵᠤ᠂ ᠠᠷᠠᠳ ᠤᠯᠠᠨ᠎ᠤ ᠬᠠᠯᠠᠭᠤᠨ ᠬᠦᠷᠢᠶᠡᠯᠡᠯ᠎ᠢ ᠤᠯᠤᠭ᠍ᠰᠠᠨ 《ᠰᠤᠶᠤᠯ ᠤᠷᠠᠯᠢᠭ᠎ᠤᠨ ᠴᠤᠭ᠍ᠯᠠᠭᠠᠨ ᠠᠷᠠᠳ ᠲᠦᠮᠡᠨ᠎ᠤ ᠨᠠᠢᠷ》 ᠪᠤᠯᠤᠭ᠍ᠰᠠᠨ ᠪᠠᠢᠨ᠎ᠠ᠃

ᠤᠢ᠍ᠢᠯᠠᠭᠠᠭ᠍ᠰᠠᠨ᠎ᠢᠶᠠᠷ᠂ ᠨᠠᠢᠷ᠎ᠲᠤ ᠳᠠᠯ᠎ᠠ ᠨᠤᠳᠤᠭ᠎ᠤᠨ ᠡᠭᠦᠯᠡ · 2020 ᠦᠪᠦᠷ ᠮᠤᠩᠭᠤᠯ᠎ᠤᠨ ᠠᠷᠠᠳ᠎ᠤᠨ ᠳᠠᠭᠤᠤ᠎ᠶ᠋ᠢᠨ ᠤᠷᠤᠯᠳᠤᠭᠠᠨ᠂ 《ᠶᠠᠳᠠᠭᠤ᠎ᠠᠴᠠ ᠠᠩᠬᠢᠵᠢᠷᠠᠭᠤᠯᠬᠤ ᠪᠤᠭᠤᠮᠲᠠ ᠱᠢᠪᠲᠤᠯᠬᠤ ᠳᠠᠢᠯᠠᠯᠳᠤᠭᠠᠨ》 ᠎ᠤ ᠭᠤᠤᠯ ᠰᠡᠳᠦᠪᠳᠤ ᠤᠷᠠᠨ ᠵᠢᠷᠤᠭ ᠤᠷᠠᠨ ᠪᠢᠴᠢᠯᠭᠡ ᠭᠡᠷᠡᠯ ᠵᠢᠷᠤᠭ᠎ᠤᠨ ᠦᠵᠡᠰᠭᠦᠯᠡᠩ᠂ ᠦᠪᠦᠷ ᠮᠤᠩᠭᠤᠯ᠎ᠤᠨ ᠨᠠᠢᠷᠠᠯ ᠳᠠᠭᠤᠤ᠎ᠶ᠋ᠢᠨ ᠦᠳᠡᠱᠢᠯᠡᠭᠡ᠂ 《ᠮᠤᠩᠭᠤᠯ ᠮᠤᠷᠢᠨ᠎ᠤ ᠵᠤᠷᠢᠭ ᠰᠠᠨᠠᠭ᠎ᠠ᠎ᠶ᠋ᠢ ᠪᠠᠳᠠᠷᠠᠭᠤᠯᠬᠤ》 ᠭᠤᠤᠯ ᠰᠡᠳᠦᠪᠳᠤ ᠲᠤᠰᠤᠨ ᠪᠤᠳᠤᠭ᠎ᠤᠨ ᠵᠢᠷᠤᠭ᠂ ᠱᠤᠭᠤᠮᠠᠯ᠂ ᠭᠡᠷᠡᠯ ᠵᠢᠷᠤᠭ᠂ ᠤᠷᠠᠨ ᠪᠢᠴᠢᠯᠭᠡ᠂ ᠰᠡᠢᠯᠦᠮᠡᠯ ᠪᠠ ᠬᠡᠦᠭᠡᠳ᠎ᠤᠨ ᠵᠢᠷᠤᠭ᠎ᠤᠨ ᠦᠵᠡᠰᠭᠦᠯᠡᠩ᠂ ᠦᠪᠦᠷ ᠮᠤᠩᠭᠤᠯ᠎ᠤᠨ ᠳᠠᠭᠤᠤ ᠬᠦᠭ᠌ᠵᠢᠮ᠎ᠤᠨ ᠬᠦᠭ᠌ᠵᠢᠯᠳᠡ᠎ᠶ᠋ᠢᠨ ᠰᠤᠳᠤᠯᠤᠨ ᠶᠠᠷᠢᠯᠴᠠᠬᠤ ᠬᠤᠷᠠᠯ ᠵᠡᠷᠭᠡ 18 ᠠᠭᠤᠯᠭ᠎ᠠ᠎ᠪᠠᠷ 8 ᠰᠠᠷ᠎ᠠ᠎ᠶ᠋ᠢᠨ 20 ᠎ᠤ ᠡᠳᠤᠷ ᠪᠤᠯᠳᠠᠯ᠎ᠠ ᠶᠠᠪᠤᠭ᠍ᠳᠠᠵᠤ᠂ ᠪᠦᠬᠦ᠋ᠢᠯᠡ ᠠᠵᠢᠯᠯᠠᠭ᠎ᠠ᠎ᠨᠢ 10 ᠰᠠᠷ᠎ᠠ ᠪᠤᠯᠳᠠᠯ᠎ᠠ ᠦᠷᠭᠦᠯᠵᠢᠯᠡᠬᠦ᠌ ᠪᠤᠯᠤᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号