ᠬᠦᠯᠦᠭ᠎ᠤᠨ ᠵᠢᠪᠬᠤᠭ᠎ᠠ᠎ᠶ᠋ᠢ ᠪᠠᠭ᠍ᠠᠲᠤᠬᠤᠢ

ᠬᠤᠯᠠ ᠬᠦᠷᠲᠠᠯ᠎ᠠ ᠢᠨᠴᠠᠭᠠᠭ᠍ᠰᠠᠨ
ᠬᠤᠷᠳᠤ ᠬᠦᠴᠤᠨ᠎ᠢ ᠳᠡᠩᠴᠡᠭ᠌ᠰᠠᠨ
ᠰᠠᠯᠬᠢ ᠢᠰᠭᠡᠷᠦᠭᠦᠯᠦᠨ ᠳᠠᠪᠬᠢᠭ᠍ᠰᠠᠨ
ᠰᠠᠢᠬᠠ ᠮᠤᠩᠭᠤᠯ ᠮᠤᠷᠢᠳ ᠁
2020 ᠣᠨ᠎ᠤ ᠥᠪᠥᠷ ᠮᠣᠩᠭᠤᠯ᠎ᠤᠨ ᠮᠣᠷᠢᠨ ᠤᠷᠤᠯᠳᠤᠭᠠᠨ ᠵᠢᠴᠢ ᠳᠣᠯᠣᠳᠤᠭᠠᠷ ᠬᠤᠭᠤᠴᠠᠭᠠᠨ᠎ᠤ ᠥᠪᠥᠷ ᠮᠣᠩᠭᠤᠯ᠎ᠤᠨ ᠣᠯᠠᠨ ᠤᠯᠤᠰ᠎ᠤᠨ ᠮᠣᠷᠢᠨ ᠮᠡᠷᠭᠡᠵᠢᠯ᠎ᠤᠨ ᠨᠠᠢᠷ᠎ᠤᠨ ᠡᠬᠢᠯᠡᠯᠲᠡ᠎ᠶ᠋ᠢᠨ ᠶᠣᠰᠣᠯᠠᠯ ᠣᠢᠷ᠎ᠠ᠎ᠳᠤ ᠦᠪᠡᠳᠡᠭ᠌ᠰᠢ ᠶᠡᠭᠡ᠎ᠪᠠᠷ ᠶᠠᠪᠣᠭ᠍ᠳᠠᠵᠣ᠂ ᠥᠪᠥᠷ ᠮᠣᠩᠭᠤᠯ᠎ᠤᠨ ᠮᠣᠷᠢᠨ ᠮᠡᠷᠭᠡᠵᠢᠯ᠎ᠤᠨ ᠬᠥᠳᠡᠯᠭᠡᠭᠡᠨ᠎ᠤ ᠬᠠᠮᠢᠶᠠᠷᠤᠯᠲᠠ᠎ᠶ᠋ᠢᠨ ᠲᠥᠪ᠎ᠤᠨ ᠦᠨᠳᠦᠰᠦᠲᠡᠨ᠎ᠤ ᠤᠯᠠᠮᠵᠢᠯᠠᠯᠲᠤ ᠮᠣᠷᠢᠨ ᠮᠡᠷᠭᠡᠵᠢᠯ᠎ᠤᠨ ᠠᠩᠭᠢ᠎ᠶ᠋ᠢᠨ 《ᠨᠠᠳᠭᠤᠬᠤ᠂ ᠱᠢᠭᠦᠷᠭᠦ᠌᠂ ᠳᠡᠬᠦᠯᠢᠬᠦ᠂ ᠨᠠᠮᠨᠠᠬᠤ》 ᠲᠣᠭ᠍ᠯᠠᠯᠲᠠ ᠴᠤ᠌ ᠨᠢᠵᠢᠭᠡᠷ ᠰᠠᠢᠬᠠᠨ ᠶᠠᠪᠤᠭ᠍ᠳᠠᠯ᠎ᠠ᠃
《ᠬᠡᠳᠦ᠋ᠢᠪᠡᠷ ᠴᠡᠭᠡᠨ ᠬᠦᠱᠢᠭᠡᠨ ᠲᠡᠭᠡᠷ᠎ᠡ᠎ᠠᠴᠠ ᠬᠠᠷᠠᠭ᠍ᠰᠠᠨ ᠪᠤᠯᠪᠠᠴᠤ᠌ ᠪᠢ ᠮᠣᠩᠭᠤᠯ ᠮᠣᠷᠢᠨ᠎ᠤ ᠳᠠᠢᠴᠢᠨ ᠵᠢᠪᠬᠤᠭ᠎ᠠ᠎ᠶ᠋ᠢ ᠮᠡᠳᠡᠷᠡᠭ᠌ᠰᠡᠨ᠃》 ᠠᠯᠤᠰ ᠬᠤᠯᠠ ᠨᠠᠨᠵᠢᠩ ᠬᠤᠲᠠ᠎ᠳᠤ ᠪᠠᠢᠶᠭ᠎ᠠ ᠳ᠋ᠦ᠋ ᠳ᠋ᠧ ᠶᠢᠩ ᠠᠪᠠᠭ᠍ᠠᠶ 8 ᠰᠠᠷ᠎ᠠ᠎ᠶ᠋ᠢᠨ 1 ᠤ ᠡᠳᠦᠷ᠎ᠠᠴᠠ 《ᠲᠠᠯ᠎ᠠ ᠨᠤᠲᠤᠭ》 ᠱᠢᠯᠵᠢᠶᠠᠶ᠋ᠢᠨ ᠱᠢᠭᠤᠳ ᠨᠡᠪᠲᠡᠷᠡᠭᠦᠯᠭᠡ᠎ᠶ᠋ᠢᠨ ᠰᠤᠪᠠᠭ᠎ᠢᠶᠠᠷ 《2020 ᠣᠨ᠎ᠤ ᠥᠪᠥᠷ ᠮᠣᠩᠭᠤᠯ᠎ᠤᠨ ᠮᠣᠷᠢᠨ ᠤᠷᠤᠯᠳᠤᠭᠠᠨ》 ᠢ ᠰᠣᠨᠢᠷᠬᠠᠳᠠᠭ ᠪᠤᠯᠵᠠᠢ᠃
ᠲᠤᠰ ᠬᠤᠭᠤᠴᠠᠭᠠᠨ᠎ᠤ ᠮᠣᠷᠢᠨ ᠤᠷᠤᠯᠳᠤᠭᠠᠨ ᠪᠠᠷᠤᠭ 3 ᠰᠠᠷ᠎ᠠ ᠶᠠᠪᠤᠭ᠍ᠳᠠᠵᠤ᠂ 25 ᠲᠠᠯᠠᠪᠡᠢ ᠤᠷᠤᠯᠳᠤᠭᠠᠨ᠎ᠢ ᠰᠦᠯᠵᠢᠶᠠᠨ ᠳᠡᠭᠡᠷ᠎ᠠ ᠱᠢᠭᠤᠳ ᠨᠡᠪᠲᠡᠷᠡᠭᠦᠯᠬᠦ᠌ ᠪᠣᠯᠣᠨ᠎ᠠ᠃ ᠡᠭᠦᠨ᠎ᠳᠤ 5 ᠲᠠᠯᠠᠪᠠᠢ ᠬᠤᠷᠳᠤᠨ ᠮᠤᠷᠢᠨ᠎ᠤ ᠤᠷᠤᠯᠳᠤᠭᠠᠨ᠂ 4 ᠲᠠᠯᠠᠪᠠᠢ ᠰᠠᠭᠠᠳ ᠳᠠᠪᠠᠭ᠍ᠤ ᠤᠷᠤᠯᠳᠤᠭᠠᠨ᠂ 9 ᠲᠠᠯᠠᠪᠠᠢ ᠤᠯᠠᠮᠵᠢᠯᠠᠯᠲᠤ ᠮᠤᠷᠢᠨ ᠤᠷᠤᠯᠳᠤᠭᠠᠨ᠂ 2 ᠲᠠᠯᠠᠪᠠᠢ ᠡᠮᠨᠢᠭ ᠰᠤᠷᠭᠠᠬᠤ ᠪᠤᠯᠤᠨ ᠮᠤᠷᠢᠨ ᠮᠡᠷᠭᠡᠵᠢᠯ᠎ᠤᠨ ᠤᠷᠤᠯᠳᠤᠭᠠᠨ ᠵᠢᠴᠢ 7 ᠲᠠᠯᠠᠪᠡᠢ ᠭᠠᠵᠠᠷ ᠤᠷᠤᠨ᠎ᠤ ᠤᠨᠴᠠᠯᠢᠭ᠍ᠲᠤ ᠠᠳᠤᠭᠤᠨ ᠰᠤᠶᠤᠯ᠎ᠤᠨ ᠠᠵᠢᠯᠯᠠᠭ᠎ᠠ ᠪᠠᠭ᠍ᠲᠠᠵᠤ ᠪᠠᠢᠭ᠎ᠠ ᠠᠵᠢ᠃
ᠠᠩᠬᠠᠳᠤᠭᠠᠷ ᠬᠤᠭᠤᠴᠠᠭᠠᠨ᠎ᠤ ᠥᠪᠥᠷ ᠮᠣᠩᠭᠤᠯ᠎ᠤᠨ ᠮᠤᠷᠢᠨ ᠤᠷᠤᠯᠳᠤᠭᠠᠨ 2019 ᠣᠨ᠎ᠳᠤ ᠶᠠᠪᠤᠭ᠍ᠳᠠᠭ᠍ᠰᠠᠨ᠎ᠠᠴᠠ ᠨᠠᠭᠠᠰᠢ᠂ ᠲᠡᠷᠡ᠎ᠨᠢ ᠤᠯᠠᠨ ᠤᠯᠤᠰ᠎ᠤᠨ ᠬᠡᠯᠪᠡᠷᠢ᠎ᠶ᠋ᠢᠨ᠂ ᠶᠡᠷᠦᠩᠬᠡᠢᠯᠡᠭ᠌ᠰᠡᠨ ᠬᠡᠯᠪᠡᠷᠢ᠎ᠶ᠋ᠢᠨ᠂ ᠬᠤᠷᠱᠢᠯᠴᠠᠬᠤ ᠬᠡᠯᠪᠡᠷᠢ᠎ᠶ᠋ᠢᠨ ᠤᠷᠤᠯᠳᠤᠭᠠᠨ᠎ᠤ ᠲᠦᠷᠦᠯ ᠲᠡᠮᠳᠡᠭ ᠪᠤᠯᠤᠭ᠍ᠰᠠᠨ ᠶᠤᠮ᠃ 《ᠥᠪᠥᠷ ᠮᠣᠩᠭᠤᠯ᠎ᠤᠨ ᠣᠯᠠᠨ ᠤᠯᠤᠰ᠎ᠤᠨ ᠮᠣᠷᠢᠨ ᠮᠡᠷᠭᠡᠵᠢᠯ᠎ᠤᠨ ᠨᠠᠢᠷ》 ᠵᠠᠯᠭᠠᠭ᠎ᠠ᠎ᠪᠠᠷ ᠳᠤᠯᠤᠭᠠᠨ ᠬᠤᠭᠤᠴᠠᠭ᠎ᠠ ᠶᠠᠪᠤᠭ᠍ᠳᠠᠵᠤ᠂ ᠨᠠᠷᠠᠲᠤ ᠲᠦᠷᠦᠯ ᠲᠡᠮᠳᠡᠭ᠎ᠤᠨ ᠦᠶᠯᠡᠳᠦᠯ᠎ᠨᠢ ᠲᠠᠰᠤᠷᠠᠯᠲᠠ ᠦᠭᠡᠢ ᠴᠢᠩᠭᠠᠷᠠᠵᠣ᠂ ᠨᠢᠭᠡᠨᠲᠡ ᠤᠯᠤᠰ᠎ᠤᠨ ᠳᠣᠲᠣᠭᠠᠳᠤ᠎ᠶ᠋ᠢᠨ 《ᠤᠷᠤᠯᠳᠤᠭᠠᠨ᠎ᠤ ᠲᠥᠷᠥᠯ ᠵᠦᠶᠯ ᠬᠠᠮᠤᠭ᠎ᠤᠨ ᠪᠦᠷᠢᠨ᠂ ᠬᠠᠮᠤᠷᠬᠤ ᠬᠡᠪᠴᠢᠶ᠎ᠡ ᠬᠠᠮᠤᠭ᠎ᠤᠨ ᠥᠷᠭᠡᠨ᠂ ᠣᠷᠣᠯᠴᠠᠬᠤ ᠬᠥᠮᠦᠨ ᠬᠠᠮᠤᠭ᠎ᠤᠨ ᠣᠯᠠᠨ᠂ ᠤᠷᠤᠯᠳᠤᠭᠠᠨ᠎ᠤ ᠬᠡᠪᠴᠢᠶ᠎ᠡ ᠬᠠᠮᠤᠭ᠎ᠤᠨ ᠶᠡᠭᠡ》 ᠶᠡᠷᠦᠩᠬᠡᠢᠯᠡᠭ᠌ᠰᠡᠨ ᠴᠢᠨᠠᠷᠲᠠᠶ ᠮᠣᠷᠢᠨ ᠤᠷᠤᠯᠳᠤᠭᠠᠨ᠎ᠤ ᠦᠪᠡᠳᠡᠭ᠌ᠰᠢ ᠴᠤᠭ᠍ᠯᠠᠭᠠᠨ ᠪᠣᠯᠤᠭ᠍ᠰᠠᠨ ᠪᠠᠢᠨ᠎ᠠ᠃ ᠤᠨᠴᠠᠯᠠᠨ ᠳᠤᠷᠠᠳᠤᠭᠤᠱᠢᠲᠠᠶ᠎ᠨᠢ᠂ ᠲᠤᠰ ᠬᠤᠭᠤᠴᠠᠭᠠᠨ᠎ᠤ ᠤᠷᠤᠯᠳᠤᠭᠠᠨ᠎ᠳᠤ ᠤᠯᠠᠮᠵᠢᠯᠠᠯᠲᠤ ᠮᠣᠷᠢᠨ ᠤᠷᠤᠯᠳᠤᠭᠠᠨ ᠪᠠ ᠥᠨᠳᠥᠷ ᠲᠦᠪᠱᠢᠨ ᠪᠦᠬᠦᠢ ᠮᠣᠷᠢᠨ ᠮᠡᠷᠭᠡᠵᠢᠯ᠎ᠤᠨ ᠤᠷᠤᠯᠳᠤᠭᠠᠨ᠎ᠢ ᠣᠷᠭᠠᠨᠢᠭ᠎ᠢᠶᠠᠷ ᠤᠶᠠᠯᠳᠤᠭᠤᠯᠤᠭ᠍ᠰᠠᠨ᠎ᠨᠢ ᠬᠦᠮᠦᠰ᠎ᠤᠨ ᠠᠩᠬᠠᠷᠣᠯ᠎ᠢ ᠶᠡᠭᠡ᠎ᠪᠠᠷ ᠲᠡᠲᠡᠵᠡᠢ᠃ 8 ᠰᠠᠷ᠎ᠠ᠎ᠶ᠋ᠢᠨ 11 ᠤ ᠡᠳᠦᠷ᠂ ᠣᠳᠣ ᠦᠶ᠎ᠡ᠎ᠶ᠋ᠢᠨ ᠮᠣᠷᠢᠨ ᠮᠡᠷᠭᠡᠵᠢᠯ᠎ᠤᠨ ᠤᠷᠤᠯᠳᠤᠭᠠᠨ᠎ᠤ ᠲᠡᠷᠢᠭᠦᠨ ᠲᠡᠰ᠎ᠤᠨ ᠤᠷᠤᠯᠳᠤᠭᠠᠨ — 《ᠪᠡᠭᠡᠵᠢᠩ ᠭᠤᠸᠠᠩᠳᠦ᠋ᠩ ᠥᠪᠥᠷ ᠮᠣᠩᠭᠤᠯ》 ᠤᠨ ᠮᠣᠷᠢᠨ ᠮᠡᠷᠭᠡᠵᠢᠯ᠎ᠤᠨ ᠪᠦᠯᠬᠦᠮ ᠨᠡᠢᠲᠡ᠎ᠶ᠋ᠢᠨ ᠰᠠᠭᠠᠳ ᠳᠠᠪᠠᠭ᠍ᠤ ᠤᠷᠤᠯᠳᠤᠭᠠᠨ ᠬᠦᠬᠡᠬᠤᠲᠠ᠎ᠳᠤ ᠶᠠᠪᠣᠭ᠍ᠳᠠᠪᠠ᠃ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠭ᠍ᠰᠠᠨ ᠳᠠᠮᠢᠷᠴᠢᠨ ᠯᠢᠦ ᠲᠦᠩ ᠶᠠᠨ᠂ ᠯᠢᠶᠠᠩ ᠷᠦᠢ ᠵᠢᠶ᠂ ᠵᠧᠩ ᠸᠧᠨ ᠵᠢᠶᠧ ᠨᠡᠷ ᠬᠥᠬᠡᠬᠤᠲᠠ᠎ᠳᠤ ᠴᠤᠭ᠍ᠯᠠᠷᠠᠵᠤ᠂ ᠤᠷ᠎ᠠ ᠮᠡᠷᠭᠡᠵᠢᠯ᠎ᠢᠶᠠᠨ ᠰᠤᠷᠢᠪᠠ᠃ 《ᠪᠢᠳᠡ ᠥᠪᠥᠷ ᠮᠣᠩᠭᠤᠯ᠎ᠳᠤ ᠤᠷᠤᠯᠳᠤᠭᠠᠨ ᠬᠢᠬᠦ᠌ ᠭᠡᠵᠦ᠍ ᠪᠠᠢᠬᠤ᠎ᠶ᠋ᠢ ᠰᠣᠨᠣᠰᠤᠩᠭᠤᠲᠠ ᠭᠠᠷᠴᠤ᠌ ᠢᠷᠡᠭ᠌ᠰᠡᠨ ᠶᠤᠮ》 ᠭᠡᠵᠤ ᠭᠤᠸᠠᠩᠳᠦ᠋ᠩ ᠠᠩᠭᠢ᠎ᠶ᠋ᠢ ᠲᠥᠯᠥᠭᠡᠯᠡᠨ ᠤᠷᠤᠯᠳᠤᠭᠠᠨ᠎ᠳᠤ ᠣᠷᠣᠯᠴᠠᠭ᠍ᠰᠠᠨ ᠳᠠᠮᠢᠷᠴᠢᠨ ᠯᠢᠶᠠᠩ ᠷᠦᠢ ᠵᠢᠶ ᠬᠡᠯᠡᠨ᠎ᠠ᠃ 《ᠪᠢᠳᠡᠨ᠎ᠳᠤ ᠤᠷᠤᠯᠳᠤᠭᠠᠨ᠎ᠢ ᠰᠠᠢᠲᠤᠷ ᠡᠷᠬᠢᠯᠡᠬᠦ᠌ ᠢᠲᠡᠭᠡᠯ ᠪᠠ ᠴᠢᠳᠠᠪᠤᠷᠢ ᠪᠦ᠍ᠷᠢᠨ ᠪᠤᠢ᠃ ᠵᠦᠪᠭᠡᠨ ᠲᠠᠯᠠᠪᠤᠷ᠎ᠢᠶᠠᠷ ᠠᠪᠴᠤ᠌ ᠬᠡᠯᠡᠬᠦ᠌᠎ᠳᠤ᠂ ᠥᠪᠥᠷ ᠮᠣᠩᠭᠤᠯ᠎ᠳᠤ ᠣᠯᠠᠨ ᠤᠯᠤᠰ᠎ᠤᠨ ᠪᠠ ᠤᠯᠤᠰ᠎ᠤᠨ ᠲᠠᠰ᠎ᠤᠨ ᠤᠷᠤᠯᠳᠤᠭᠠᠨ᠎ᠢ ᠭᠥᠯᠢᠶᠡᠨ ᠠᠪᠴᠤ᠌ ᠴᠢᠳᠠᠬᠤ 9 ᠲᠠᠯᠠᠪᠤᠷ ᠪᠠᠢᠵᠤ᠂ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠳᠤ ᠤᠷᠤᠨ᠎ᠠ》 ᠭᠡᠵᠤ ᠥᠪᠡᠷᠲᠡᠭᠡᠨ ᠵᠠᠰᠠᠬᠤ ᠣᠷᠣᠨ᠎ᠤ ᠮᠣᠷᠢᠨ ᠮᠡᠷᠭᠡᠵᠢᠯ᠎ᠤᠨ ᠨᠡᠢᠭᠡᠮᠯᠢᠭ᠎ᠤᠨ ᠨᠠᠷᠢᠨ ᠪᠢᠴᠢᠭ᠎ᠤᠨ ᠳᠠᠷᠤᠭ᠎ᠠ ᠸᠠᠩ ᠽᠧ ᠲᠤᠤ ᠬᠡᠯᠡᠨ᠎ᠠ᠃
ᠥᠪᠥᠷ ᠮᠣᠩᠭᠤᠯ ᠪᠣᠯ ᠤᠯᠤᠰ᠎ᠤᠨ ᠳᠣᠲᠣᠭᠠᠳᠤ᠎ᠶ᠋ᠢᠨ ᠲᠠᠯᠠᠪᠤᠷ ᠣᠷᠳᠣᠨ ᠬᠠᠮᠤᠭ᠎ᠤᠨ ᠱᠢᠯᠢᠳᠡᠭ᠂ ᠬᠥᠳᠡᠯᠭᠡᠭᠡᠨ᠎ᠤ ᠬᠢᠷᠢ ᠪᠦᠲᠦᠮᠵᠢ ᠬᠠᠮᠤᠭ᠎ᠤᠨ ᠰᠠᠢᠨ᠂ ᠠᠵᠤ ᠦᠢᠯᠡᠰ᠎ᠤᠨ ᠴᠢᠳᠠᠪᠤᠷᠢᠲᠠᠨ ᠬᠠᠮᠤᠭ᠎ᠤᠨ ᠪᠦᠷᠢᠨ᠂ ᠣᠯᠠᠨ ᠲᠦᠮᠡᠨ᠎ᠤ ᠣᠷᠣᠯᠴᠠᠬᠤ ᠬᠡᠮᠵᠢᠶ᠎ᠡ ᠬᠠᠮᠤᠭ᠎ᠤᠨ ᠥᠨᠳᠥᠷ᠂ ᠠᠳᠤᠭᠤᠨ᠎ᠤ ᠲᠤᠭ᠎ᠠ ᠬᠠᠮᠤᠭ᠎ᠤᠨ ᠣᠯᠠᠨ ᠤᠷᠤᠨ ᠪᠠᠢᠵᠤ᠂ ᠪᠦᠬᠦ᠌ ᠤᠯᠤᠰ᠎ᠲᠤ ᠳᠠᠭᠠᠭᠤᠯᠬᠤ ᠦᠢᠯᠡᠳᠦᠯ ᠦᠵᠡᠬᠦᠯᠵᠤ ᠪᠠᠢᠭ᠎ᠠ ᠶᠤᠮ᠃ ᠥᠪᠥᠷ ᠮᠣᠩᠭᠤᠯ ᠪᠣᠯ ᠳᠡᠯᠡᠬᠡᠢ ᠳ᠋ᠠᠬᠢᠨ᠎ᠳᠤ ᠮᠡᠳᠡᠷᠡᠭ᠌ᠳᠡᠭ᠌ᠰᠡᠨ ᠤᠳᠤ ᠦᠶ᠎ᠡ᠎ᠶ᠋ᠢᠨ ᠠᠳᠤᠭᠤᠨ᠎ᠤ ᠡᠭᠦᠯᠳᠡᠷ᠎ᠤᠨ ᠡᠭᠦᠰᠤᠭ᠌ᠰᠡᠨ ᠤᠷᠤᠨ ᠶᠤᠮ᠃ ᠮᠣᠩᠭᠤᠯ ᠠᠳᠤᠭᠤ᠂ ᠣᠷᠴᠣᠨ ᠠᠳᠤᠭᠤ᠂ ᠠᠪᠠᠭ᠎ᠠ ᠬᠠᠷ᠎ᠠ ᠠᠳᠤᠭᠤ᠂ ᠱᠢᠨᠡᠬᠡᠨ ᠠᠳᠤᠭᠤ ᠵᠡᠷᠭᠡ ᠣᠷᠣᠨ ᠨᠤᠲᠤᠭ᠎ᠤᠨ ᠠᠳᠤᠭᠤᠨ᠎ᠤ ᠡᠭᠦᠯᠳᠡᠷ᠎ᠲᠠᠢ᠂ ᠪᠠᠰᠠ ᠰᠠᠨ ᠾᠧ ᠠᠳᠤᠭᠤ᠂ ᠱᠢᠯᠢ᠎ᠶ᠋ᠢᠨ ᠭᠤᠤᠯ ᠠᠳᠤᠭᠤ᠂ ᠬᠤᠷᠴᠢᠨ ᠠᠳᠤᠭᠤ᠎ᠶ᠋ᠢ ᠦᠰᠭᠡᠨ ᠦᠷᠡᠵᠢᠭᠦᠯᠵᠤ᠂ ᠪᠦᠬᠦ᠌ ᠤᠯᠤᠰ᠎ᠤᠨ ᠠᠳᠤᠭᠤᠨ᠎ᠤ ᠡᠭᠦᠯᠳᠡᠷ᠎ᠢ ᠬᠠᠮᠤᠭ᠎ᠤᠨ ᠠᠷᠪᠢᠨ ᠦᠰᠭᠡᠨ ᠦᠷᠡᠵᠢᠭᠦᠯᠦᠭ᠌ᠰᠡᠨ ᠭᠠᠵᠠᠷ ᠣᠷᠣᠨ᠎ᠤ ᠨᠢᠭᠡ ᠪᠤᠯᠤᠭ᠍ᠰᠠᠨ ᠶᠤᠮ᠃ ᠦᠢᠷ᠎ᠡ᠎ᠶ᠋ᠢᠨ ᠵᠢᠯ᠎ᠳᠤ ᠥᠪᠥᠷ ᠮᠣᠩᠭᠤᠯ᠎ᠤᠨ ᠡᠯ᠎ᠡ ᠭᠠᠵᠠᠷ᠎ᠲᠤ ᠤᠷᠢᠳ ᠬᠤᠵᠢᠳ ᠴᠡᠪᠡᠷ ᠴᠢᠰᠤᠨ᠎ᠤ ᠠᠳᠤᠭᠤ᠂ ᠠᠷᠠᠪ ᠠᠳᠤᠭᠤ᠂ ᠠᠯᠠᠭ ᠠᠳᠤᠭᠤ ᠵᠡᠷᠭᠡ ᠤᠯᠠᠨ ᠡᠭᠦᠯᠳᠡᠷ᠎ᠢ ᠣᠷᠣᠭᠤᠯᠤᠨ ᠠᠪᠴᠢᠷᠠᠵᠤ᠂ ᠠᠳᠤᠭᠤᠨ᠎ᠤ ᠲᠤᠭ᠎ᠠ ᠪᠥᠬᠦ᠌ ᠤᠯᠤᠰ᠎ᠲᠤ ᠲᠡᠷᠢᠭᠦᠯᠡᠪᠡ᠃ ᠥᠪᠥᠷ ᠮᠣᠩᠭᠤᠯ᠎ᠤᠨ ᠠᠳᠤᠭᠤ᠎ᠪᠠᠷ ᠭᠤᠤᠯ ᠪᠣᠯᠭᠠᠭ᠍ᠰᠠᠨ ᠠᠵᠤ ᠦᠢᠯᠡᠰ᠎ᠤᠨ ᠬᠡᠯᠬᠢᠶ᠎ᠡ᠎ᠨᠢ ᠮᠠᠯᠴᠢᠨ ᠲᠠᠷᠢᠶᠠᠴᠢᠨ᠂ ᠰᠤᠷᠭᠠᠭᠤᠯᠢ᠂ ᠰᠣᠶᠣᠯ ᠵᠢᠭᠤᠯᠴᠢᠯᠠᠯ᠂ ᠤᠷᠤᠯᠳᠤᠭᠠᠨ ᠦᠵᠡᠭᠦᠯᠭᠡ᠂ ᠱᠢᠨᠵᠢᠯᠡᠬᠦ᠌ ᠤᠬᠠᠭᠠᠨ᠎ᠤ ᠰᠤᠳᠤᠯᠭᠠᠨ ᠵᠡᠷᠭᠡ ᠣᠯᠠᠨ ᠬᠦᠷᠢᠶ᠎ᠡ ᠴᠠᠷ᠎ᠠ᠎ᠶ᠋ᠢ ᠬᠠᠮᠤᠷᠳᠠᠭ᠃



— ᠥᠪᠥᠷ ᠮᠣᠩᠭᠤᠯ᠎ᠤᠨ ᠠᠳᠤᠭᠤᠨ᠎ᠤ ᠱᠢᠨᠵᠢᠯᠡᠭᠡᠨ᠎ᠤ ᠨᠡᠢᠭᠡᠮᠯᠢᠭ᠎ᠤᠨ ᠳᠠᠷᠤᠭ᠎ᠠ᠂ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠎ᠶ᠋ᠢᠨ ᠫᠷᠤᠹᠧᠰᠰᠤᠷ ᠮᠠᠩᠯᠠᠶ ᠪᠣᠯᠤᠨ ᠲᠡᠭᠦᠨ᠎ᠤ ᠪᠦᠯᠬᠦᠮ ᠮᠣᠩᠭᠤᠯ ᠠᠳᠤᠭᠤᠨ᠎ᠤ ᠣᠨᠴᠠᠯᠢᠭ᠍ᠲᠤ ᠭᠧᠨ᠎ᠢ ᠠᠭᠤᠳᠠᠯᠤᠨ ᠰᠤᠳᠤᠯᠬᠤ ᠪᠠ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭᠠᠯᠠᠬᠤ ᠠᠵᠢᠯ᠎ᠳᠤ ᠬᠦᠴᠦ᠍ ᠲᠠᠯᠪᠢᠵᠤ᠂ ᠮᠠᠨ᠎ᠤ ᠣᠷᠣᠨ᠎ᠤ ᠠᠳᠤᠭᠤᠨ᠎ᠤ ᠠᠵᠤ ᠦᠢᠯᠡᠰ᠎ᠤᠨ ᠲᠦᠷᠭᠡᠨ ᠪᠥᠭᠡᠳ ᠡᠷᠡᠭᠦᠯ᠎ᠢᠶᠠᠷ ᠬᠥᠭ᠌ᠵᠢᠬᠦ᠌᠎ᠳᠤ ᠬᠦᠴᠦᠷᠬᠡᠭ ᠶᠡᠭᠡ ᠣᠨᠣᠯ ᠪᠠ ᠮᠡᠷᠭᠡᠵᠢᠯ᠎ᠤᠨ ᠲᠤᠯᠭᠠᠭᠤᠷᠢᠯᠠᠯ ᠬᠠᠩᠭᠠᠪᠠ᠃
— ᠱᠢᠯᠢ᠎ᠶ᠋ᠢᠨ ᠭᠤᠤᠯ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠂ ᠬᠥᠯᠥᠨ ᠪᠤᠢᠷ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠂ ᠬᠢᠩᠭᠠᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ᠎ᠶ᠋ᠢᠨ ᠲᠤᠰᠭᠠᠶ ᠮᠡᠷᠭᠡᠵᠢᠯ᠎ᠤᠨ ᠰᠤᠷᠭᠠᠭᠤᠯᠢ ᠮᠣᠷᠢᠨ ᠮᠡᠷᠭᠡᠵᠢᠯ᠎ᠤᠨ ᠲᠤᠰᠭᠠᠶ ᠮᠡᠷᠭᠡᠵᠢᠯ ᠨᠡᠭᠡᠭᠡᠵᠦ᠍᠂ ᠮᠣᠷᠢᠨ ᠮᠡᠷᠭᠡᠵᠢᠯ᠎ᠤᠨ ᠲᠤᠰᠭᠠᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠪᠡ᠃ ᠥᠪᠥᠷ ᠮᠣᠩᠭᠤᠯ ᠤᠯᠤᠰ᠎ᠤᠨ ᠳᠣᠲᠣᠭᠠᠳᠤ᠎ᠶ᠋ᠢᠨ ᠲᠤᠰᠭᠠᠶ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠬᠠᠮᠤᠭ᠎ᠤᠨ ᠪᠦᠷᠢᠨ ᠪᠦᠷᠬᠦᠴᠡ᠎ᠲᠠᠢ᠂ ᠪᠥᠬᠦ᠌ ᠤᠯᠤᠰ᠎ᠲᠤ ᠬᠦᠷᠭᠡᠭ᠌ᠰᠡᠨ ᠪᠠ ᠬᠦᠷᠭᠡᠵᠤ ᠪᠠᠢᠭ᠎ᠠ ᠲᠤᠰᠭᠠᠶ ᠮᠡᠷᠭᠡᠵᠢᠯ᠎ᠤᠨ ᠰᠤᠷᠭᠠᠭ᠍ᠴᠢ᠂ ᠬᠢᠨᠠᠭ᠍ᠴᠢ᠂ ᠠᠳᠤᠭᠤᠨ᠎ᠤ ᠡᠮᠴᠢ᠂ ᠲᠤᠰᠭᠠᠶ ᠮᠡᠷᠭᠡᠵᠢᠯ᠎ᠤᠨ ᠠᠷᠠᠴᠢᠯᠠᠭ᠍ᠴᠢ ᠵᠡᠷᠭᠡ ᠠᠵᠤ ᠦᠶᠯᠡᠰ᠎ᠤᠨ ᠴᠢᠳᠠᠪᠤᠷᠢᠲᠠᠨ ᠬᠠᠮᠤᠭ᠎ᠤᠨ ᠣᠯᠠᠨ ᠤᠷᠤᠨ ᠪᠣᠯᠤᠭ᠍ᠰᠠᠨ ᠪᠠᠢᠨ᠎ᠠ᠃
— ᠲᠤᠮᠤ ᠬᠡᠯᠪᠡᠷᠢ᠎ᠶ᠋ᠢᠨ ᠠᠳᠤᠭᠤᠨ ᠰᠣᠶᠣᠯ᠎ᠤᠨ ᠦᠵᠡᠮᠵᠢ᠎ᠶ᠋ᠢᠨ ᠲᠣᠭ᠍ᠯᠠᠯᠲᠠ 《ᠪᠤᠭᠤᠷᠤᠯ ᠲᠡᠤᠭᠡ᠎ᠶ᠋ᠢᠨ ᠬᠦᠯᠦᠭ᠎ᠤᠨ ᠮᠠᠭ᠍ᠲᠠᠭᠠᠯ》᠂ 《ᠮᠣᠩᠭᠤᠯ ᠮᠣᠷᠢ》 ᠨᠢᠭᠡᠨᠲᠡ ᠥᠪᠥᠷ ᠮᠣᠩᠭᠤᠯ᠎ᠤᠨ ᠮᠤᠷᠢᠨ ᠮᠡᠷᠭᠡᠵᠢᠯ᠎ᠤᠨ ᠦᠵᠡᠭᠦᠯᠭᠡ᠎ᠶ᠋ᠢᠨ ᠭᠤᠴᠤ᠌ ᠰᠠᠢᠬᠠᠨ ᠨᠡᠷ᠎ᠡ᠎ᠶ᠋ᠢᠨ ᠬᠠᠭᠤᠳᠠᠰᠤ ᠪᠣᠯᠵᠠᠢ᠃
ᠥᠪᠥᠷ ᠮᠣᠩᠭᠤᠯ ᠪᠣᠯ ᠠᠳᠤᠭᠤᠨ ᠰᠤᠶᠤᠯ᠎ᠤᠨ ᠦᠯᠦᠭᠡᠢ᠃ ᠠᠳᠡ ᠮᠤᠬᠤᠰᠢ ᠦᠭᠡᠢ ᠬᠦᠴᠦᠨ᠂ ᠮᠢᠲᠡᠷᠡᠰᠢ ᠦᠭᠡᠢ ᠬᠤᠷᠳᠤ᠎ᠲᠠᠢ ᠠᠵᠢᠨᠠᠶ ᠬᠦᠯᠦᠭ᠎ᠤᠳ ᠪᠣᠶ᠃ ᠠᠳᠠ ᠬᠡᠢᠮᠦᠷᠢ ᠰᠡᠷᠬᠦᠭᠡᠬᠦ᠌ ᠮᠣᠷᠢᠨ ᠤᠷᠤᠯᠳᠤᠭᠠᠨ᠂ ᠬᠡᠢᠷᠬᠡᠯ ᠲᠦᠷᠦᠭᠦᠯᠬᠦ᠌ ᠮᠣᠷᠢᠨ ᠮᠡᠷᠭᠡᠵᠢᠯ᠎ᠤᠨ ᠦᠵᠡᠭᠦᠯᠭᠡ᠂ ᠲᠡᠷᠢᠭᠦᠨ᠎ᠤ ᠲᠤᠷᠱᠢᠯᠭ᠎ᠠ᠎ᠲᠠᠢ ᠣᠲᠣ ᠦᠶ᠎ᠡ᠎ᠶ᠋ᠢᠨ ᠠᠳᠤᠭᠤᠨ᠎ᠤ ᠠᠵᠤ ᠦᠶᠯᠡᠰ ᠪᠤᠢ ᠁
ᠥᠪᠥᠷ ᠮᠣᠩᠭᠤᠯ᠎ᠳᠤ ᠰᠠᠭᠠᠲᠠᠨ ᠬᠦᠯᠦᠭ᠎ᠤᠨ ᠰᠠᠢᠨ᠎ᠢ ᠤᠨᠤᠵᠤ᠂ ᠬᠦᠮᠦᠨ᠎ᠤ ᠰᠠᠢᠨᠲᠠᠢ ᠵᠤᠯᠭᠠᠭᠠᠷᠠᠢ!
ᠬᠥᠯᠥᠭ᠎ᠤᠨ ᠰᠠᠢᠨ᠎ᠢ ᠡᠳ᠋ᠯᠠᠬᠦᠢ
《ᠥᠪᠡᠷᠮᠢᠴᠡ ᠣᠷᠣᠨ ᠨᠤᠲᠤᠭ᠎ᠤᠨ ᠰᠣᠶᠣᠯ ᠮᠢᠨᠦ᠍ ᠠᠩᠬᠠᠷᠤᠯ᠎ᠢ ᠬᠠᠮᠤᠭ᠎ᠠᠴᠠ ᠢᠯᠡᠭᠦᠦ ᠲᠠᠲᠠᠵᠤ ᠪᠠᠢᠨ᠎ᠠ᠃ ᠡᠮᠨᠢᠭ ᠰᠤᠷᠭᠠᠬᠤ ᠤᠷᠤᠯᠳᠤᠭᠠᠨ᠂ ᠵᠢᠷᠤᠭ᠎ᠠ ᠮᠤᠷᠢᠨ᠎ᠤ ᠤᠷᠤᠯᠳᠤᠭᠠᠨ᠂ ᠨᠠᠮᠨᠠᠬᠤ ᠤᠷᠤᠯᠳᠤᠭᠠᠨ ᠵᠡᠷᠭᠡ ᠤᠯᠠᠮᠵᠢᠯᠠᠯᠲᠤ ᠤᠷᠤᠯᠳᠤᠭᠠᠨ ᠦᠨᠡᠬᠡᠷ ᠭᠠᠢᠬᠠᠮᠱᠢᠭ᠎ᠲᠠᠢ᠂ ᠦᠪᠦᠷ ᠮᠤᠩᠭᠤᠯ᠎ᠳᠤ ᠬᠦᠷᠴᠤ᠌ ᠤᠪᠠᠳᠢᠰ ᠱᠢᠳᠢ᠎ᠶ᠋ᠢ᠎ᠨᠢ ᠮᠡᠳᠡᠷᠡᠬᠦ᠌ ᠶᠤᠮᠰᠠᠨ》 ᠭᠡᠵᠤ ᠰᠦᠯᠵᠢᠶᠡᠨ ᠳᠡᠭᠡᠷ᠎ᠡ ᠊ᠣᠯᠠᠨ ᠤᠯᠠᠨ ᠤᠷᠤᠯᠳᠤᠭᠠᠨ ᠰᠣᠨᠢᠷᠬᠠᠭ᠍ᠰᠠᠨ ᠨᠠᠨᠵᠢᠩ ᠬᠤᠲᠠ᠎ᠶ᠋ᠢᠨ ᠬᠤᠳᠠ᠎ᠶ᠋ᠢᠨ ᠠᠷᠠᠳ ᠱᠦ᠍ ᠳ᠋ᠧ ᠶᠢᠩ ᠬᠡᠯᠡᠨ᠎ᠠ᠃
《ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠮᠠᠰᠢ ᠶᠡᠭᠡ ᠲᠠᠲᠠᠬᠤ ᠬᠦᠴᠦᠨ᠎ᠲᠠᠢ ᠪᠠᠢᠳᠠᠭ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠳᠤ ᠲᠦᠱᠢᠭ᠌ᠯᠡᠨ ᠵᠢᠭᠤᠯᠴᠢᠯᠡᠯ᠎ᠤᠨ ᠦᠢᠯᠡᠰ᠎ᠢ ᠬᠦᠭ᠌ᠵᠢᠭᠦᠯᠵᠤ ᠪᠤᠯᠤᠨ᠎ᠠ 》 ᠭᠡᠵᠤ ᠥᠪᠡᠷᠲᠡᠭᠡᠨ ᠵᠠᠰᠠᠬᠤ ᠣᠷᠣᠨ᠎ᠤ ᠮᠣᠷᠢᠨ ᠮᠡᠷᠭᠡᠵᠢᠯ᠎ᠤᠨ ᠨᠡᠢᠭᠡᠮᠯᠢᠭ᠎ᠤᠨ ᠨᠠᠷᠢᠨ ᠪᠢᠴᠢᠭ᠎ᠤᠨ ᠳᠠᠷᠤᠭ᠎ᠠ ᠸᠠᠩ ᠽᠤ᠌ ᠲᠤᠤ ᠲᠠᠨᠢᠯᠴᠠᠭᠤᠯᠤᠨ᠎ᠠ᠃
ᠲᠣᠰ ᠬᠤᠭᠤᠴᠠᠭᠠᠨ᠎ᠤ ᠮᠣᠷᠢᠨ ᠤᠷᠤᠯᠳᠤᠭᠠᠨ᠎ᠨᠢ ᠬᠥᠯᠥᠨ ᠪᠤᠢᠷ᠎ᠤᠨ ᠤᠲᠤᠷ ᠨᠡᠭᠦᠳᠡᠯ᠎ᠢᠶᠠᠷ ᠵᠤᠭᠠᠴᠠᠬᠤ ᠠᠶᠠᠯᠠᠯ᠂ ᠤᠯᠠᠭᠠᠨᠪᠤᠲᠤᠩ᠎ᠤᠨ ᠲᠠᠯ᠎ᠠ ᠨᠤᠲᠤᠭ᠎ᠲᠠᠬᠢ ᠠᠶᠠᠯᠠᠯ᠂ ᠬᠥᠬᠡᠬᠤᠲᠠ᠎ᠶ᠋ᠢᠨ ᠮᠣᠷᠢᠨ ᠮᠡᠷᠭᠡᠵᠢᠯ᠎ᠤᠨ ᠤᠷᠤᠯᠳᠤᠭᠠᠨ᠎ᠢ ᠰᠤᠨᠢᠷᠬᠠᠬᠤ ᠠᠶᠠᠯᠠᠯ᠂ ᠱᠢᠯᠢ᠎ᠶ᠋ᠢᠨ ᠭᠤᠤᠯ᠎ᠤᠨ ᠲᠠᠯ᠎ᠠ ᠨᠤᠲᠤᠭ᠎ᠲᠤ ᠵᠤᠭᠠᠴᠠᠨ ᠰᠡᠬᠦᠳᠡᠷᠯᠡᠬᠦ᠌ ᠠᠶᠠᠯᠠᠯ᠂ ᠱᠢᠯᠢ᠎ᠶ᠋ᠢᠨ ᠭᠤᠤᠯ᠎ᠤᠨ ᠲᠠᠯ᠎ᠠ ᠨᠤᠲᠤᠭ᠎ᠲᠠᠬᠢ ᠠᠳᠤᠭᠤᠨ ᠰᠤᠶᠤᠯ᠎ᠢ ᠣᠢᠯᠠᠭᠠᠬᠤ ᠠᠶᠠᠯᠠᠯ᠂ ᠲᠦᠩᠯᠢᠶᠣᠤ ᠪᠠ ᠬᠢᠩᠭᠠᠨ᠎ᠤ ᠠᠳᠤᠭᠤᠨ ᠰᠣᠶᠣᠯ᠎ᠢ ᠰᠤᠳᠤᠯᠤᠨ ᠰᠤᠷᠤᠯᠴᠠᠬᠤ ᠠᠶᠠᠯᠠᠯ᠂ ᠤᠯᠠᠭᠠᠨᠴᠠᠪ᠎ᠤᠨ ᠪᠠᠢᠭᠠᠯᠢᠯᠢᠭ ᠵᠠᠩ ᠦᠶᠯᠡ᠎ᠶ᠋ᠢ ᠪᠡᠶᠡᠴᠢᠯᠡᠨ ᠣᠢᠯᠠᠭᠠᠬᠤ ᠠᠶᠠᠯᠠᠯ᠂ ᠬᠥᠯᠥᠨ ᠪᠤᠢᠷ᠎ᠤᠨ ᠮᠤᠩᠭᠤᠯ ᠡᠬᠢ ᠡᠭᠦᠰᠦᠯ᠎ᠢ ᠬᠠᠢᠬᠤ ᠠᠶᠠᠯᠠᠯ᠂ ᠣᠷᠳᠣᠰ᠎ᠤᠨ ᠠᠳᠤᠭᠤᠨ ᠰᠣᠶᠣᠯ᠎ᠤᠨ ᠭᠡᠷ ᠪᠦᠯᠢ᠎ᠶ᠋ᠢᠨ ᠠᠶᠠᠯᠠᠯ᠂ ᠬᠥᠬᠡᠬᠤᠲᠠ ᠪᠠ ᠣᠷᠳᠣᠰ᠎ᠤᠨ ᠪᠣᠳᠠᠰ᠎ᠤᠨ ᠪᠤᠰᠤ ᠰᠤᠶᠤᠯ᠎ᠤᠨ ᠦᠪ᠎ᠢ ᠮᠦᠷᠳᠡᠨ ᠱᠢᠨᠵᠢᠯᠡᠬᠦ᠌ ᠠᠶᠠᠯᠠᠯ ᠵᠡᠷᠭᠡ 10 ᠵᠢᠭᠤᠯᠴᠢᠯᠡᠯ᠎ᠤᠨ ᠱᠤᠭᠤᠮ᠎ᠢ ᠨᠡᠢᠲᠡᠯᠡᠭ᠌ᠰᠡᠨ ᠶᠤᠮ᠃




《ᠪᠢ ᠠᠨᠳᠠ ᠠᠳᠤᠭᠤᠨ᠎ᠤ ᠦᠢᠯᠡᠰ᠎ᠤᠨ ᠵᠢᠭᠤᠯᠴᠢᠯᠠᠯ᠎ᠤᠨ ᠵᠢᠵᠢᠭ ᠪᠠᠯᠭᠠᠰᠤ᠎ᠶ᠋ᠢ ᠪᠠᠢᠭᠤᠯᠬᠤ ᠬᠠᠷᠠᠯᠲᠠ᠎ᠲᠠᠢ ᠠᠵᠢᠯᠯᠠᠵᠤ ᠶᠠᠪᠤᠨ᠎ᠠ》 ᠭᠡᠵᠤ ᠱᠢᠯᠢ᠎ᠶ᠋ᠢᠨ ᠭᠤᠤᠯ ᠠᠢᠮᠠᠭ᠎ᠤᠨ ᠵᠡᠭᠦᠨ ᠦᠵᠦᠮᠦᠴᠢᠨ ᠬᠤᠱᠢᠭᠤᠨ᠎ᠤ ᠳᠠᠭᠤᠲᠤᠨᠠᠭᠤᠷ ᠪᠠᠯᠭᠠᠰᠤᠨ᠎ᠤ ᠠᠨᠳᠠ ᠠᠳᠤᠭᠤᠨ᠎ᠤ ᠦᠶᠯᠡᠰ᠎ᠤᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠪᠠᠶᠠᠷᠲᠤ ᠤᠷᠮᠠᠲᠠᠢᠬᠠᠨ ᠬᠡᠯᠡᠨ᠎ᠡ᠃
ᠪᠠᠶᠠᠷᠲᠤ ᠮᠣᠷᠢ ᠣᠷᠣᠯᠳᠤᠬᠤ᠂ ᠮᠣᠷᠢ ᠤᠨᠤᠬᠤ᠂ ᠮᠣᠩᠭᠤᠯ ᠬᠤᠭᠤᠯᠠ᠂ ᠬᠤᠨᠤᠭ ᠪᠠᠭᠤᠳᠠᠯ᠂ ᠮᠣᠷᠢᠨ ᠮᠡᠷᠭᠡᠵᠢᠯ᠎ᠤᠨ ᠪᠣᠯᠪᠠᠰᠤᠷᠠᠯ᠂ ᠴᠡᠭᠡ᠎ᠶ᠋ᠢᠨ ᠰᠤᠪᠢᠯᠠᠯᠲᠡ ᠁ ᠵᠡᠷᠭᠡ ᠪᠥᠲᠥᠭᠡᠨ ᠪᠠᠢᠭᠤᠯᠤᠯᠲᠠ᠎ᠶ᠋ᠢᠨ ᠲᠦᠷᠦᠯ ᠵᠦᠢᠯ᠎ᠢᠶᠠᠨ ᠨᠢᠭᠡᠳ ᠨᠢᠭᠡ᠎ᠪᠠᠷ ᠵᠢᠭ᠍ᠰᠠᠭᠠᠵᠠᠢ᠃ ᠲᠡᠷᠡ ᠪᠤᠯ ᠮᠣᠩᠭᠤᠯ ᠠᠳᠣᠭᠤᠨ᠎ᠤ ᠡᠭᠦᠯᠳᠡᠷ᠎ᠢ ᠰᠠᠢᠵᠢᠷᠠᠭᠤᠯᠤᠨ ᠦᠷᠡᠵᠢᠭᠦᠯᠬᠦ᠂ ᠴᠡᠪᠡᠷ ᠴᠢᠰᠤᠨ᠎ᠤ ᠬᠤᠷᠳᠤᠨ ᠮᠣᠷᠢ ᠲᠡᠵᠢᠭᠡᠬᠦ᠌ ᠵᠡᠷᠭᠡ ᠲᠤᠰᠭᠠᠶ ᠮᠡᠷᠭᠡᠵᠢᠯ᠎ᠢᠶᠠᠷ ᠭᠤᠤᠯ ᠪᠣᠯᠭᠠᠭ᠍ᠰᠠᠨ ᠠᠳᠤᠭᠤᠨ᠎ᠤ ᠠᠵᠤ ᠦᠢᠯᠡᠰ ᠡᠷᠬᠢᠯᠡᠵᠤ᠂ 《ᠠᠳᠤᠭᠤᠨ᠎ᠤ ᠦᠢᠯᠡᠰ᠎ᠤᠨ ᠵᠢᠭᠤᠯᠴᠢᠯᠠᠯ》 ᠤᠨ ᠱᠢᠨ᠎ᠠ ᠵᠠᠮ᠎ᠢ ᠡᠷᠢᠯᠬᠢᠯᠡᠵᠤ ᠶᠠᠪᠤᠭ᠎ᠠ ᠵᠠᠯᠠᠭᠤ ᠪᠣᠯᠬᠤ ᠶᠤᠮ᠃
《ᠲᠦᠷᠦᠭᠦᠦ ᠤᠳᠠᠭ᠎ᠠ ᠮᠣᠷᠢ ᠤᠨᠤᠵᠤ ᠪᠠᠢᠭ᠎ᠠ ᠪᠤᠯᠬᠤᠷ ᠪᠠᠭ᠍ᠠᠨ ᠰᠠᠨᠳᠤᠷᠴᠤ᠌ ᠪᠠᠢᠨ᠎ᠠ᠂ ᠬᠡᠳᠦ᠋ᠢᠪᠡᠷ ᠬᠤᠷᠳᠤᠨ ᠳᠠᠪᠬᠢᠭᠤᠯᠵᠤ ᠴᠢᠳᠠᠭ᠎ᠠ ᠦᠭᠡᠢ ᠴᠤ᠌ ᠲᠡᠷᠡ ᠬᠦᠴᠦ᠍ ᠨᠠᠳᠠ᠎ᠳᠤ ᠮᠡᠳᠡᠷᠡᠭ᠌ᠳᠡᠭ᠌ᠰᠡᠨ᠃ ᠴᠡᠭᠡᠵᠢᠨ᠎ᠳᠤ ᠭᠠᠯ ᠠᠰᠠᠵᠤ᠂ ᠣᠮᠤᠭ ᠵᠣᠷᠢᠭ ᠤᠷᠬᠢᠯᠵᠤ ᠪᠠᠢᠨ᠎ᠠ》 ᠭᠡᠵᠤ ᠠᠩᠬ᠎ᠠ ᠤᠳᠠᠭ᠎ᠠ ᠤᠯᠠᠭᠠᠶ᠎ᠶ᠋ᠢᠨ ᠲᠠᠯ᠎ᠠ ᠨᠤᠲᠤᠭ᠎ᠲᠤ ᠢᠷᠡᠭ᠌ᠰᠡᠨ ᠱᠠᠨᠳᠦ᠋ᠩ᠎ᠤᠨ ᠵᠢᠭᠤᠯᠴᠢᠨ ᠸᠠᠩ ᠵᠶ᠋ᠢ ᠨᠠᠨ ᠬᠡᠯᠡᠨ᠎ᠡ᠃ ᠲᠠᠯ᠎ᠠ ᠨᠤᠲᠤᠭ᠎ᠲᠤ ᠮᠣᠷᠢᠲᠠᠢ ᠳᠠᠪᠬᠢᠭᠤᠯᠬᠤ᠎ᠨᠢ ᠲᠡᠭᠦᠨ᠎ᠤ ᠪᠠᠭ᠎ᠠ᠎ᠶ᠋ᠢᠨ ᠮᠦᠷᠦᠭᠡᠳᠦᠯ ᠠᠵᠢ᠃
ᠴᠡᠭᠡ᠂ ᠰᠠᠭᠠᠯᠢ᠎ᠶ᠋ᠢᠨ ᠠᠷᠢᠬᠢ᠂ ᠠᠳᠤᠭᠤᠨ᠎ᠤ ᠲᠣᠰᠣ᠂ ᠠᠷᠠᠰᠤᠨ ᠪᠤᠭ᠍ᠴᠤ ᠁ ᠵᠡᠷᠭᠡ ᠤᠯᠠᠨ ᠲᠦᠷᠦᠯ᠎ᠤᠨ ᠪᠦᠲᠦᠭᠡᠭ᠌ᠳᠡᠬᠦᠨ᠎ᠢ ᠬᠠᠷᠠᠭᠠᠳ ᠸᠠᠩ ᠵᠶ᠋ᠢ ᠨᠠᠨ ᠬᠠᠴᠢᠷᠬᠠᠯ ᠲᠦᠷᠦᠨ᠎ᠠ᠃ 《ᠪᠢ ᠪᠡᠶ᠎ᠡ᠎ᠳᠡᠭᠡᠨ ᠵᠢᠭᠠᠬᠠᠨ ᠴᠡᠭᠡ ᠠᠪᠴᠤ᠌᠂ ᠪᠦᠰᠡᠭᠦᠢ᠎ᠳᠡᠭᠡᠨ ᠲᠤᠰᠤ ᠠᠪᠤᠭ᠍ᠰᠠᠨ᠃ ᠪᠠᠰᠠ ᠴᠡᠭᠡ᠎ᠪᠠᠷ ᠬᠢᠭ᠌ᠰᠡᠨ ᠫᠢᠸᠣ᠋ ᠪᠠᠢᠬᠤ ᠶᠤᠮ ᠪᠠᠢᠨ᠎ᠠ᠂ ᠠᠩᠬ᠎ᠠ ᠤᠳᠠᠭ᠎ᠠ ᠰᠣᠨᠣᠰᠴᠤ᠌ ᠪᠠᠢᠨ᠎ᠠ》 ᠭᠡᠵᠤ ᠸᠠᠩ ᠵᠶ᠋ᠢ ᠨᠠᠨ ᠬᠠᠴᠢᠷᠬᠠᠨᠠ᠃
ᠠᠳᠤᠭᠤᠨ᠎ᠤ ᠪᠦᠬᠦ᠌ ᠪᠡᠶ᠎ᠡ᠎ᠨᠢ ᠡᠷᠳᠡᠨᠢ ᠶᠤᠮ᠃ ᠴᠡᠭᠡ᠂ ᠮᠢᠬ᠎ᠠ᠂ ᠥᠭᠡᠬᠦ᠂ ᠠᠷᠠᠰᠤ᠂ ᠳᠡᠯ᠂ ᠰᠡᠭᠦᠯ᠂ ᠬᠤᠳᠣᠭᠤᠳᠤᠨᠤ ᠱᠢᠩᠭᠡᠨ᠂ ᠭᠡᠭᠡᠯ᠎ᠲᠠᠢ ᠭᠡᠭᠦᠤ᠎ᠶ᠋ᠢᠨ ᠴᠢᠰᠤᠨ ᠴᠠᠢᠪᠠᠩ ᠪᠠ ᠱᠢᠭᠡᠰᠦ ᠵᠡᠷᠭᠡ᠎ᠨᠢ ᠴᠥᠮ ᠯᠤᠲᠤ ᠶᠡᠭᠡ ᠠᠵᠤ ᠠᠬᠤᠶ᠎ᠶ᠋ᠢᠨ ᠦᠷ᠎ᠡ ᠠᠱᠢᠭ ᠠᠪᠴᠢᠷᠠᠬᠤ ᠬᠤᠪᠣᠷ ᠨᠠᠨᠳᠢᠨ ᠲᠦᠭᠦᠬᠡᠶ ᠮᠠᠲ᠋ᠧᠷᠢᠶᠠᠯ ᠪᠣᠯᠤᠨ᠎ᠠ᠃ ᠥᠪᠥᠷ ᠮᠣᠩᠭᠤᠯ᠎ᠤᠨ ᠵᠦᠩ ᠶᠦᠨ ᠠᠳᠤᠭᠤᠨ᠎ᠤ ᠦᠢᠯᠡᠰ᠎ᠤᠨ ᠪᠦᠯᠦᠭ᠌ᠯᠡᠯ 《ᠳᠡᠯᠡᠬᠡᠶ ᠳᠡᠭᠡᠷᠡᠬᠢ ᠬᠠᠮᠤᠭ᠎ᠤᠨ ᠡᠷᠡᠭᠦᠯ ᠠᠳᠤᠭᠤᠨ᠎ᠤ ᠪᠦᠲᠦᠭᠡᠭ᠌ᠳᠡᠬᠦᠨ》 ᠦᠢᠯᠡᠳᠪᠦᠷᠢᠯᠡᠬᠦ᠌᠎ᠪᠠᠷ ᠬᠠᠷᠠᠯᠲᠠ᠎ᠪᠠᠨ ᠪᠣᠯᠭᠠᠵᠠᠶ᠃ ᠠᠳᠤᠭᠤᠨ᠎ᠤ ᠥᠷᠲᠡᠭ᠎ᠢ ᠳᠡᠭᠡᠭ᠌ᠰᠢᠯᠡᠭᠦᠯᠵᠦ᠍᠂ ᠪᠦᠬᠦ᠌ ᠳᠡᠯᠡᠬᠡᠢ᠎ᠶ᠋ᠢᠨ ᠵᠠᠬ᠎ᠠ ᠳᠡᠯᠭᠡᠭᠦᠷ᠎ᠲᠤ ᠬᠠᠨᠳᠤᠭᠤᠯᠤᠭ᠍ᠰᠠᠨ ᠱᠢᠨᠵᠢᠯᠡᠬᠦ᠌ ᠤᠬᠠᠭᠠᠨᠴᠢᠯᠠᠭ᠍ᠰᠠᠨ᠂ ᠪᠠᠷᠢᠮᠵᠢᠶᠠᠵᠢᠭ᠍ᠰᠠᠨ᠂ ᠠᠵᠤ ᠦᠢᠯᠡᠰᠵᠢᠭ᠌ᠰᠡᠨ 6 ᠲᠤᠮᠤ ᠡᠭᠦᠯᠳᠡᠷ᠎ᠤᠨ ᠱᠢᠰᠲ᠋ᠧᠮ᠎ᠤᠨ 745 ᠥᠨᠳᠥᠷ ᠨᠡᠮᠡᠯᠲᠡ ᠦᠷᠳᠡᠭ ᠪᠦᠬᠦᠢ ᠦᠢᠯᠡᠳᠬᠦᠨ᠎ᠢ ᠨᠡᠭᠡᠭᠡᠨ ᠬᠥᠭ᠌ᠵᠢᠭᠦᠯᠵᠦ᠍᠂ ᠳᠤᠮᠳᠠᠳᠤ ᠤᠯᠤᠰ᠎ᠤᠨ ᠠᠳᠤᠭᠤᠨ᠎ᠤ ᠦᠯᠦᠭᠡᠢ · ᠱᠢᠯᠢ᠎ᠶ᠋ᠢᠨ ᠭᠤᠣᠯ᠎ᠢ ᠪᠦᠬᠦ᠌ ᠳᠡᠯᠡᠬᠡᠢ᠎ᠶ᠋ᠢᠨ ᠠᠳᠤᠭᠤᠨ᠎ᠤ ᠪᠦᠲᠦᠭᠡᠭ᠌ᠳᠡᠬᠦᠨ ᠦᠢᠯᠡᠳᠬᠦ᠌ ᠪᠠ ᠭᠠᠳᠠᠭᠠᠳᠤ᠎ᠳᠤ ᠭᠠᠷᠭᠠᠬᠤ ᠬᠠᠮᠤᠭ᠎ᠤᠨ ᠲᠤᠮᠤ ᠰᠠᠭᠤᠷᠢᠨ ᠭᠠᠵᠠᠷ ᠪᠣᠯᠭᠠᠵᠡᠢ᠃
ᠭᠡᠷᠡᠯ ᠵᠢᠷᠤᠭ᠎ᠲᠠᠬᠢ ᠮᠣᠷᠢ᠂ ᠵᠢᠷᠤᠭ᠍ᠰᠠᠨ ᠮᠣᠷᠢ᠂ ᠱᠤᠭᠤᠮᠠᠯ ᠮᠣᠷᠢ᠂ ᠤᠷᠠᠨ ᠪᠢᠴᠢᠯᠭᠡ᠎ᠳᠠᠬᠢ ᠮᠣᠷᠢ᠂ ᠬᠠᠢᠴᠢᠯᠠᠮᠠᠯ ᠮᠣᠷᠢ᠂ ᠬᠠᠳᠭᠤᠮᠠᠯ ᠮᠣᠷᠢ᠂ ᠤᠳᠭ᠎ᠠ ᠵᠣᠬᠢᠶᠠᠯ᠎ᠳᠠᠬᠢ ᠮᠣᠷᠢ᠂ ᠺᠢᠨᠣ᠋᠎ᠳᠠᠬᠢ ᠮᠣᠷᠢ ᠁ ᠸᠠᠩ ᠵᠶ᠋ᠢ ᠨᠠᠨ᠎ᠤ ᠰᠤᠨᠢᠷᠬᠠᠯ᠎ᠢ ᠲᠠᠲᠠᠨ᠎ᠠ᠃ ᠡᠳᠡᠭᠡᠷ ᠪᠦᠲᠦᠭᠡᠯ᠎ᠤᠳ᠎ᠠᠴᠠ ᠮᠤᠷᠢᠨ᠎ᠤ ᠬᠦᠯᠦᠰᠤ ᠦᠨᠦᠷᠲᠤᠵᠤ᠂ ᠳᠡᠯ᠎ᠨᠢ ᠨᠠᠮᠢᠷᠠᠵᠤ᠂ ᠳᠤᠭᠤᠷᠠᠢ᠎ᠨᠢ ᠲᠠᠴᠢᠬᠢᠨᠠᠵᠤ᠂ ᠢᠨᠴᠠᠭᠠᠬᠤ᠎ᠨᠢ ᠰᠤᠨᠤᠰᠳᠠᠬᠤ ᠱᠢᠤᠬᠠᠨ ᠁
ᠠᠳᠤᠭᠤ ᠮᠤᠩᠭᠤᠯᠴᠤᠳ᠎ᠤᠨ ᠠᠳᠠᠯ ᠠᠮᠢᠳᠤᠷᠠᠯ᠂ ᠤᠶᠤᠨ ᠰᠡᠳᠭᠢᠯᠭᠡ᠂ ᠢᠷᠦᠭᠡᠯ ᠱᠢᠳᠤᠯᠭᠡᠶ᠋ᠢᠨ ᠳᠤᠯᠳᠤ᠎ᠳᠤ ᠶᠠᠷᠤ ᠪᠤᠰᠤ᠎ᠶ᠋ᠢᠨ ᠤᠷᠤᠨ ᠵᠠᠢ᠎ᠪᠠᠨ ᠮᠦᠡᠭ᠌ᠬᠡᠯᠡᠨ ᠤᠨ ᠤᠳᠠᠵᠠᠢ᠃ ᠲᠡᠷᠡ ᠪᠤᠯ ᠬᠦᠴᠦᠨ ᠴᠢᠳᠠᠯ᠂ ᠲᠡᠷᠡ ᠪᠤᠯ ᠵᠤᠷᠢᠭ ᠰᠠᠨᠠᠭ᠎ᠠ᠃ ᠮᠣᠩᠭᠤᠯ ᠮᠤᠷᠢᠨ᠎ᠤ ᠵᠣᠷᠢᠭ ᠰᠠᠨᠠᠭ᠎ᠠ᠎ᠨᠢ ᠡᠬᠡ ᠤᠯᠤᠰ᠎ᠤᠨ ᠤᠮᠠᠷᠠᠲᠤ ᠬᠢᠯᠢ᠎ᠳᠠᠬᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠬᠦᠴᠦᠷᠬᠡᠭ ᠶᠡᠭᠡ ᠬᠦᠴᠦᠨ ᠴᠢᠳᠠᠯ ᠤᠯᠭᠤᠭ᠍ᠰᠠᠭᠠᠷ ᠢᠷᠡᠭ᠌ᠰᠡᠨ ᠶᠤᠮ᠃
ᠦᠪᠦᠷ ᠮᠤᠩᠭᠤᠯ ᠲᠠᠨ᠎ᠢ ᠤᠷᠢᠵᠤ ᠪᠠᠢᠨ᠎ᠠ!
ᠬᠦᠯᠦᠭ᠎ᠤᠨ ᠨᠢᠷᠤᠭᠤᠨ᠎ᠳᠤ ᠮᠤᠷᠳᠠᠵᠤ᠂ ᠬᠦᠳᠡᠭᠡ ᠨᠤᠲᠤᠭ᠎ᠢᠶᠠᠷ ᠮᠢᠨᠢ ᠠᠶᠠᠯᠠᠭᠠᠷᠠᠢ!