ᠠᠮᠢᠵᠢᠷᠠᠯ᠎ᠤᠨ ᠬᠦᠴᠦᠨ᠎ᠢ ᠬᠦᠭ᠌ᠵᠢᠬᠡᠵᠤ ᠠᠵᠤ ᠠᠬᠤᠢ᠎ᠶ᠋ᠢᠨ ᠬᠦᠭ᠌ᠵᠢᠯᠳᠡ᠎ᠶ᠋ᠢᠨ ᠰᠠᠭᠤᠷᠢ᠎ᠪᠠᠨ ᠪᠠᠳᠤᠳᠭᠠᠨ᠎ᠠ
2020-09-13 10:55:06
ᠵᠣᠬᠢᠶᠠᠭ᠍ᠴᠢ᠄
ᠡᠷᠳᠡᠨᠢᠵᠢᠷᠭᠠᠯ
ᠣᠩᠱᠢᠭ᠍ᠰᠠᠨ ᠣᠳᠠᠭ᠎ᠠ᠄
★★★☆☆

 — ᠣᠷᠳᠣᠰ ᠬᠤᠲᠠ᠎ᠶ᠋ᠢᠨ ᠵᠠᠬ᠎ᠠ ᠲᠡᠯᠬᠡᠬᠦᠷ᠎ᠤᠨ ᠭᠤᠤᠯ ᠴᠤᠭ᠍ᠴᠠ᠎ᠶ᠋ᠢ ᠬᠦᠴᠦᠯᠡᠨ ᠪᠠᠳᠤᠯᠠᠵᠤ ᠪᠠᠢᠬᠤ ᠳᠣᠬᠠᠢ ᠪᠤᠳᠠᠳᠤ ᠲᠡᠮᠳᠡᠭ᠌ᠯᠡᠯ

8 ᠰᠠᠷ᠎ᠠ᠎ᠶ᠋ᠢᠨ ᠰᠡᠬᠦᠯᠴᠢ᠎ᠪᠠᠷ ᠡᠵᠡᠨ ᠬᠤᠷᠤᠭ᠎ᠠ ᠬᠤᠱᠢᠭᠤᠨ᠎ᠤ ᠠᠯᠳᠠᠨᠱᠢᠷᠡᠬᠡᠳᠥ ᠪᠠᠯᠭᠠᠰᠣ᠎ᠶ᠋ᠢᠨ ᠢ ᠴᠧᠩ ᠬᠤᠳᠠᠯᠳᠣᠭᠠᠨ᠎ᠤ ᠭᠠᠵᠠᠷ᠎ᠤᠨ ᠬᠠᠮ ᠲᠡᠯᠬᠡᠬᠦᠷ᠎ᠲᠤ ᠬᠦᠮᠦᠨ ᠬᠠᠷ᠎ᠠ ᠴᠤᠪᠤᠷᠠᠯᠳᠤᠨ ᠦᠵᠡᠵᠤ ᠲᠤᠭᠤᠭ᠍ᠰᠠᠨ ᠪᠠᠷᠠᠭ᠎ᠠ᠎ᠪᠠᠨ ᠰᠤᠩᠭᠤᠨ ᠠᠪᠴᠠᠭᠠᠨ᠎ᠠ᠃ 《ᠬᠤᠱᠢᠭᠤᠨ᠎ᠠᠴᠠ ᠤᠷᠢᠳ ᠬᠤᠵᠢᠳ ᠨᠡᠢᠳᠡ 1000 ᠳᠥᠮᠡᠨ ᠳᠥᠬᠦᠷᠢᠭ᠎ᠤᠨ ᠬᠡᠷᠡᠭ᠌ᠯᠡᠬᠡᠨ᠎ᠤ ᠺᠠᠷᠲ ᠲᠠᠷᠬᠠᠭᠠᠵᠣ᠂ ᠰᠠᠭᠤᠭᠠᠯᠢ ᠠᠷᠠᠳ ᠲᠡᠯᠬᠡᠬᠦᠷ᠎ᠠᠴᠠ 50 ᠳᠥᠬᠦᠷᠢᠭ᠎ᠤᠨ ᠪᠠᠷᠠᠭ᠎ᠠ ᠠᠪᠣᠪᠠᠯ 10 ᠳᠥᠬᠦᠷᠢᠭ᠎ᠢ᠎ᠨᠢ ᠬᠡᠷᠡᠭ᠌ᠯᠡᠬᠡᠨ᠎ᠤ ᠺᠠᠷᠲ᠎ᠢᠶᠠᠷ ᠲᠤᠭᠠᠴᠠᠵᠤ ᠪᠤᠯᠳᠠᠭ᠃ ᠡᠢᠮᠤᠷᠬᠦᠤ ᠴᠢᠩᠭ᠎ᠠ ᠬᠦᠴᠦᠳᠠᠢ ᠠᠷᠭ᠎ᠠ ᠪᠤᠳᠤᠯᠭ᠎ᠠ᠎ᠶ᠋ᠢᠨ ᠲᠠᠢᠴᠢᠯᠠᠯ᠎ᠢᠶᠠᠷ ᠪᠢᠳᠡ ᠡᠵᠡᠩᠨᠡᠯᠳᠡ᠎ᠶ᠋ᠢᠨ ᠲᠤᠭ᠍ᠳᠠᠭᠤᠨ ᠪᠠᠢᠳᠠᠯ᠎ᠢᠶᠠᠨ ᠪᠠᠳᠤᠯᠠᠵᠤ ᠲᠠᠢᠯᠤᠯ᠎ᠠ》 ᠬᠡᠵᠣ ᠲᠡᠯᠬᠡᠬᠦᠷ᠎ᠤᠨ ᠬᠠᠷᠢᠭᠤᠴᠠᠯᠭᠠᠳᠠᠨ ᠯᠢᠥ ᠳ᠋ᠥᠩ ᠶᠠᠷᠢᠨ᠎ᠠ᠃

ᠡᠨᠡ ᠬᠠᠪᠣᠷ᠎ᠠᠴᠠ ᠨᠠᠭᠠᠰᠢ᠂ ᠣᠷᠳᠣᠰ ᠬᠤᠳᠡ ᠠᠵᠤ ᠠᠬᠤᠢᠯᠠᠯ᠎ᠳᠤ ᠠᠱᠢᠭ ᠬᠦᠷᠲᠡᠭᠡᠬᠦ᠂ ᠠᠵᠤ ᠠᠬᠤᠢᠯᠠᠯ᠎ᠢ ᠲᠤᠰᠠᠯᠠᠬᠤ ᠡᠯ᠎ᠡ ᠵᠦᠢᠯ᠎ᠤᠨ ᠲᠥᠷᠥ᠎ᠶ᠋ᠢᠨ ᠪᠣᠳᠣᠯᠭ᠎ᠠ᠎ᠶ᠋ᠢ ᠪᠤᠳᠠᠳᠠᠢ᠎ᠳᠤ ᠨᠠᠢᠳᠠᠪᠤᠷᠢᠵᠢᠭᠤᠯᠵᠤ᠂ ᠠᠵᠤ ᠠᠬᠤᠢᠯᠠᠯ᠎ᠢ ᠪᠦᠬᠦ᠌ ᠲᠠᠯ᠎ᠠ᠎ᠪᠠᠷ ᠬᠠᠪᠰᠤᠷᠤᠨ ᠲᠠᠮᠵᠢᠵᠤ᠂ ᠵᠠᠬ᠎ᠠ ᠳᠡᠯᠭᠡᠭᠦᠷ᠎ᠤᠨ ᠭᠤᠤᠯ ᠴᠤᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠦᠭ᠌ᠵᠢᠬᠡᠵᠤ ᠠᠵᠤ ᠠᠬᠤᠢ᠎ᠶ᠋ᠢᠨ ᠬᠦᠭ᠌ᠵᠢᠯᠳᠡ᠎ᠶ᠋ᠢᠨ ᠰᠠᠭᠤᠷᠢ᠎ᠪᠠᠨ ᠪᠠᠳᠤᠳᠭᠠᠯ᠎ᠠ᠃

ᠡᠵᠡᠨ ᠬᠤᠷᠤᠭ᠎ᠠ ᠬᠤᠱᠢᠭᠤ᠂ ᠬᠢᠶ᠎ᠡ ᠪᠠᠭ᠍ᠰᠢ ᠲᠣᠭᠤᠷᠢᠭ᠂ ᠳ᠋ᠦᠩᠱᠧᠩ ᠲᠣᠭᠤᠷᠢᠭ ᠡᠯᠧᠺᠲᠷᠣᠨ ᠬᠡᠷᠡᠭ᠌ᠯᠡᠭᠡᠨ᠎ᠤ ᠲᠡᠮᠳᠡᠭ᠌ᠲᠦ ᠲᠠᠷᠬᠠᠭᠠᠭ᠍ᠰᠠᠨ ᠪᠤᠯ ᠦᠤᠱᠢᠨ ᠬᠤᠱᠢᠭᠤ ᠪᠤᠯᠤᠨ ᠣᠲᠤᠭ ᠬᠤᠱᠢᠭᠤ ᠬᠠᠷᠢᠨ ᠬᠡᠰᠡᠭ ᠪᠠᠯᠠ ᠮᠥᠩᠭᠦ᠌ ᠭᠠᠷᠭᠠᠨ ᠵᠠᠬ᠎ᠠ ᠲᠠᠯᠬᠡᠬᠦᠷ᠎ᠤᠨ ᠭᠤᠤᠯ ᠴᠤᠭ᠍ᠴᠠ᠎ᠶ᠋ᠢᠨ ᠠᠵᠢᠯ ᠦᠢᠯᠡᠳᠪᠤᠷᠢᠯᠡᠯ᠎ᠢᠶᠠᠨ ᠰᠡᠷᠭᠦᠭᠡᠬᠦ᠌᠎ᠳᠤ ᠱᠢᠭᠤᠳ ᠨᠥᠬᠦᠪᠥᠷᠢ ᠪᠤᠯᠭᠠᠭ᠍ᠰᠠᠨ ᠪᠠᠢᠨ᠎ᠠ᠃

ᠤᠷᠳᠤᠰ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠤᠨ᠎ᠬᠢᠨ ᠵᠠᠬ᠎ᠠ ᠲᠠᠯᠬᠡᠬᠦᠷ᠎ᠤᠨ ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢᠨ 《ᠪᠡᠯᠡ ᠬᠤᠷᠠᠮᠳᠤᠭᠤᠯᠬᠤ᠎ᠳᠤ ᠬᠦᠴᠢᠷ᠎ᠲᠠᠢ》 ᠠᠰᠠᠭᠤᠳᠠᠯ᠎ᠢ ᠱᠢᠢᠳᠪᠦᠷᠢᠯᠡᠬᠦ᠌᠎ᠪᠠᠷ ᠤᠷᠢᠲᠠᠯ ᠪᠣᠯᠭᠠᠵᠤ᠂ ᠠᠵᠤ ᠠᠬᠤᠢ᠍ᠢᠯᠠᠯ᠎ᠤᠨ ᠰᠲ᠋ᠣᠺ᠎ᠤᠨ ᠡᠷᠬᠡ ᠪᠤᠶᠤ ᠲᠠᠸᠠᠷ᠎ᠤᠨ ᠲᠡᠮᠳᠡᠭ᠎ᠤᠨ ᠡᠷᠬᠡ᠎ᠪᠠᠨ ᠲᠠᠨᠵᠢᠯᠡᠨ ᠵᠢᠭᠡᠯᠡᠯᠭᠡ ᠠᠪᠬᠤ ᠶᠠᠪᠤᠴᠠ᠎ᠳᠤ ᠲᠤᠰᠭᠠᠶ ᠬᠥᠮᠦᠨ ᠳᠠᠭᠠᠵᠤ ᠲᠤᠬᠠᠶ᠎ᠶ᠋ᠢᠨ ᠭᠠᠵᠠᠷ᠎ᠲᠤᠨᠢ ᠭᠦᠶᠴᠡᠳᠭᠡᠬᠦ᠌᠎ᠶ᠋ᠢ ᠪᠠᠳᠤᠯᠠᠵᠠᠢ᠃ ᠣᠳᠣᠬᠠᠨ ᠪᠤᠯᠳᠠᠯ᠎ᠠ ᠪᠥᠬᠦ᠌ ᠬᠤᠲᠠ᠎ᠪᠠᠷ᠎ᠢᠶᠠᠨ ᠨᠡᠢᠳᠡ 87.5 ᠳ᠋ᠦᠩᠱᠢᠭᠤᠷ ᠲᠥᠭᠦᠷᠢᠭ᠎ᠤᠨ ᠠᠵᠤ ᠠᠬᠤᠢᠯᠠᠯ᠎ᠢ ᠲᠤᠰᠠᠯᠠᠬᠤ ᠪᠠᠯᠠ ᠮᠦᠩᠬᠦ᠌ ᠴᠣᠬ᠍ᠯᠠᠭᠤᠯᠤᠭ᠍ᠰᠠᠨ ᠪᠠᠢᠨ᠎ᠠ᠃ ᠡᠬᠦᠨ᠎ᠤ ᠬᠠᠮᠳᠤ 《ᠣᠷᠳᠣᠰ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠳᠤᠮᠳᠠ ᠵᠢᠵᠢᠭ ᠪᠠᠭ᠎ᠠ ᠠᠵᠤ ᠠᠬᠤᠢᠯᠠᠯ᠎ᠤᠨ ᠦᠢᠯᠡᠳᠪᠦᠷᠢᠯᠡᠯ᠎ᠢᠶᠠᠨ ᠰᠡᠷᠭᠦᠭᠡᠬᠦ᠌᠎ᠶ᠋ᠢ ᠳᠡᠮᠵᠢᠬᠦ᠌ 14 ᠵᠤᠷᠪᠤᠰ ᠠᠷᠭ᠎ᠠ》 ᠎ᠶ᠋ᠢ ᠨᠡᠢᠲᠡᠯᠡᠨ ᠬᠡᠷᠡᠭ᠌ᠵᠢᠬᠦᠯᠵᠤ᠂ ᠬᠤᠲᠠ᠎ᠶ᠋ᠢᠨ ᠱᠠᠳᠣ᠎ᠶ᠋ᠢᠨ ᠡᠳ᠋᠎ᠤᠨ ᠵᠠᠰᠠᠭ᠎ᠠᠴᠠ 5000 ᠲᠦᠮᠡᠨ ᠲᠥᠭᠦᠷᠢᠭ ᠭᠤᠶᠤᠴᠢᠯᠠᠨ ᠢᠳᠡᠭᠡᠨ ᠤᠮᠳᠠᠭᠠᠨ᠂ ᠬᠠᠮ ᠳᠡᠯᠭᠡᠭᠦᠷ ᠵᠡᠷᠭᠡ ᠦᠢᠯᠡᠴᠢᠯᠡᠭᠡᠨ᠎ᠤ ᠠᠵᠢᠯ ᠲᠥᠷᠥᠯ᠎ᠤᠨ᠎ᠬᠢᠨ᠎ᠤ ᠠᠵᠢᠯ᠎ᠢᠶᠠᠨ ᠰᠡᠷᠭᠦᠭᠡᠬᠦ᠌ ᠲᠤᠰᠭᠠᠶ ᠨᠥᠬᠦᠪᠥᠷᠢ ᠪᠣᠯᠭᠠᠨ ᠬᠡᠷᠡᠭ᠌ᠯᠡᠵᠠᠢ᠃ ᠪᠠᠰᠠ 《ᠤᠷᠳᠤᠰ ᠬᠤᠲᠠ᠎ᠶ᠋ᠢᠨ ᠵᠠᠰᠠᠭ᠎ᠤᠨ ᠣᠷᠳᠣᠨ᠎ᠤ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠤᠨ ᠠᠮᠢᠵᠢᠷᠠᠯ᠎ᠤᠨ ᠬᠦᠴᠦᠨ᠎ᠢ ᠬᠦᠭ᠌ᠵᠢᠬᠡᠵᠤ᠂ ᠢᠳᠡᠭᠡᠨ ᠤᠮᠳᠠᠭᠠᠨ᠎ᠤ ᠦᠢᠯᠡᠰ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠬᠤ ᠲᠤᠬᠠᠢ ᠰᠠᠨᠠᠯ》 ᠎ᠢ ᠲᠣᠭ᠍ᠲᠠᠭᠠᠨ ᠬᠡᠷᠡᠭ᠌ᠵᠢᠬᠦᠯᠵᠤ᠂ ᠲᠦᠷᠦ᠎ᠶ᠋ᠢᠨ ᠪᠤᠳᠤᠯᠭ᠎ᠠ᠎ᠶ᠋ᠢᠨ ᠳᠡᠮᠵᠢᠯᠭᠡ᠂ ᠡᠳ᠋᠎ᠤᠨ ᠵᠠᠰᠠᠭ᠎ᠤᠨ ᠳᠡᠮᠵᠢᠯᠭᠡ᠂ ᠮᠥᠩᠭᠦᠨ ᠭᠦᠢᠯᠭᠡᠭᠡᠨ᠎ᠤ ᠳᠡᠮᠵᠢᠯᠭᠡ᠂ ᠠᠵᠢᠯ ᠣᠯᠭᠤᠯᠲᠠ᠎ᠶ᠋ᠢᠨ ᠳᠡᠮᠵᠢᠯᠭᠡ ᠵᠡᠷᠭᠡ ᠠᠷᠪᠠᠨ ᠲᠠᠯ᠎ᠠ᠎ᠠᠴᠠ ᠢᠳᠡᠭᠡᠨ ᠤᠮᠳᠠᠭᠠᠨ᠎ᠤ ᠦᠢᠯᠡᠰ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠳᠡᠮᠵᠢᠵᠠᠢ᠃

ᠳ᠋ᠦᠩᠱᠧᠩ ᠲᠣᠭᠤᠷᠢᠭ ᠵᠠᠰᠠᠭ᠎ᠤᠨ ᠤᠷᠳᠤᠨ ᠬᠢᠬᠡᠳ ᠪᠠᠩᠬᠢ᠎ᠶ᠋ᠢᠨ ᠨᠢᠬᠡ ᠦᠷᠳᠡᠬᠡᠴᠢᠯᠡᠭ᠌ᠰᠡᠨ ᠬᠠᠮᠲᠤᠷᠠᠯᠴᠠᠭᠠᠨ᠎ᠤ ᠱᠢᠨ᠎ᠡ ᠵᠠᠭ᠍ᠪᠤᠷ᠎ᠢ ᠲᠦᠬᠡᠮᠡᠯᠵᠢᠬᠦᠯᠵᠤ᠂ 6 ᠰᠠᠷ᠎ᠠ᠎ᠶ᠋ᠢᠨ 30 ᠎ᠤ ᠡᠳᠦᠷ᠎ᠠᠴᠠ ᠡᠬᠢᠯᠡᠨ ᠪᠠᠩᠬᠢ᠎ᠶ᠋ᠢᠨ ᠲᠣᠤᠷ ᠴᠡᠭ᠎ᠤᠨ ᠡᠵᠡᠩᠨᠡᠯᠲᠡ᠎ᠶ᠋ᠢᠨ ᠦᠨᠡᠮᠯᠡᠯ᠎ᠢ ᠥᠪᠡᠰᠦᠪᠡᠨ ᠳᠠᠷᠤᠮᠠᠯᠯᠠᠨ ᠲᠠᠷᠬᠠᠭᠠᠬᠤ  ᠦᠢᠯᠡᠴᠢᠯᠡᠭᠡ᠎ᠶ᠋ᠢ ᠤᠷᠢᠳ᠎ᠢᠶᠠᠷ ᠶᠠᠪᠤᠭ᠍ᠳᠠᠭᠤᠯᠵᠤ᠂ ᠦᠢᠯᠡᠴᠢᠯᠡᠭᠡᠨ᠎ᠤ ᠴᠣᠩᠬᠤᠪᠴᠢ᠎ᠶ᠋ᠢ ᠮᠥᠩᠭᠦᠨ ᠭᠦᠢᠯᠭᠡᠭᠡᠨ᠎ᠤ ᠲᠣᠤᠷ ᠴᠡᠭ ᠬᠦᠷᠲᠡᠯ᠎ᠡ ᠤᠷᠲᠤᠤᠡᠬᠠᠪᠠ᠃ ᠣᠳᠤᠬ᠎ᠤᠨ ᠡᠮᠦᠨᠡᠲᠦ ᠬᠤᠱᠢᠭᠤ 226 ᠵᠦᠢᠯ᠎ᠤᠨ ᠤᠷᠢᠳᠴᠢᠯᠠᠨ ᠬᠢᠨᠠᠨ ᠵᠥᠪᠱᠢᠶᠡᠷᠡᠬᠦ᠌ ᠲᠥᠷᠥᠯ ᠵᠦᠢᠯ᠎ᠢ 32 ᠵᠦᠢᠯ ᠪᠣᠯᠭᠠᠨ ᠴᠦᠬᠡᠳᠭᠡᠵᠤ᠂ ᠡᠯ᠎ᠡ ᠲᠥᠷᠥᠯ᠎ᠤᠨ ᠬᠢᠨᠠᠨ ᠵᠥᠪᠱᠢᠶᠡᠷᠡᠬᠦ᠌ ᠴᠠᠭ ᠬᠤᠭᠤᠴᠠᠭ᠎ᠠ᠎ᠶ᠋ᠢ ᠬᠠᠤᠯᠢ᠎ᠳᠤ ᠲᠣᠭ᠍ᠲᠠᠭᠠᠭ᠍ᠰᠠᠨ ᠴᠠᠭ ᠬᠢᠵᠠᠭᠠᠷ᠎ᠤᠨ 60% ᠎ᠶ᠋ᠢᠨ ᠳᠣᠲᠣᠷ᠎ᠠ ᠬᠦᠷᠲᠡᠯ᠎ᠡ ᠪᠤᠭᠤᠨᠢᠰᠭᠠᠨ ᠬᠤᠪᠢᠷᠠᠭᠤᠯᠬᠤ᠂ ᠳᠠᠩᠰᠠᠯᠠᠭᠤᠯᠬᠤ ᠪᠠ ᠬᠦᠴᠦᠨ ᠥᠬᠡᠶ ᠪᠣᠯᠭᠠᠬᠤ ᠵᠡᠷᠭᠡ᠎ᠶ᠋ᠢ ᠪᠠᠷᠢᠨ ᠳᠣᠤᠷ᠎ᠠ᠎ᠨᠢ ᠭᠦᠢᠴᠡᠳᠭᠡᠵᠦ᠍᠂ ᠬᠥᠢᠴᠡᠳᠭᠡᠬᠦ᠌ ᠨᠣᠷᠮ᠎ᠠ᠎ᠶ᠋ᠢ 95% ᠎ᠶ᠋ᠢ ᠲᠠᠪᠠᠭᠤᠯᠪᠠ᠃ ᠲᠤᠰ ᠬᠤᠲᠠ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠪᠦᠬᠦ᠌ ᠶᠠᠪᠤᠴᠠ᠎ᠳᠤ ᠡᠯᠧᠺᠲᠷᠣᠨ ᠡᠵᠡᠩᠨᠡᠯᠲᠡ᠎ᠶ᠋ᠢᠨ ᠦᠨᠡᠮᠯᠡᠯ᠎ᠢ ᠢᠳᠡᠪᠬᠢᠲᠡᠶ ᠳᠡᠯᠭᠡᠷᠡᠭᠦᠯᠵᠥ᠍᠂ ᠤᠳᠤ ᠡᠯᠧᠺᠲᠷᠦᠡᠴᠢᠯᠡᠬ᠍ᠰᠡᠨ ᠠᠷᠭ᠎ᠠ ᠬᠡᠯᠪᠡᠷᠢ᠎ᠶ᠋ᠢ ᠬᠡᠷᠡᠭ᠌ᠯᠡᠭ᠌ᠰᠡᠨ ᠨᠣᠷᠮ᠎ᠠ 21% ᠎ᠳᠤ ᠬᠦᠷᠴᠠᠢ᠃ ᠪᠠᠰᠠ 《ᠰᠦᠯᠵᠢᠶᠡᠨ ᠳᠡᠭᠡᠷ᠎ᠡ ᠭᠦᠢᠴᠡᠳᠭᠡᠬᠦ᠂ ᠣᠷᠢᠳᠴᠢᠯᠠᠨ ᠪᠣᠯᠵᠣᠨ ᠬᠥᠢᠴᠡᠳᠭᠡᠬᠦ᠂ ᠱᠢᠦᠳᠠᠨ᠎ᠢᠶᠠᠷ ᠬᠥᠢᠴᠡᠳᠭᠡᠬᠦ᠌》 ᠎ᠶ᠋ᠢ ᠨᠡᠪᠲᠡᠷᠡᠭᠦᠯᠤᠨ᠂ ᠵᠠᠰᠠᠭ ᠵᠠᠬᠢᠷᠭᠠᠨ᠎ᠤ ᠵᠥᠪᠱᠢᠶᠡᠷᠡᠯ᠎ᠤᠨ ᠬᠤᠭᠤᠴᠠᠭ᠎ᠠ᠎ᠶ᠋ᠢ ᠤᠷᠲᠤᠤᠡᠬᠠᠵᠤ᠂ ᠣᠳᠣᠬᠠᠨ ᠪᠤᠯᠳᠠᠯ᠎ᠠ 29 ᠠᠵᠤ ᠠᠬᠤᠢᠯᠠᠯ᠎ᠳᠤ ᠱᠢᠦᠳᠠᠨ᠎ᠢᠶᠠᠷ ᠶᠠᠪᠤᠭᠤᠯᠬᠤ ᠵᠥᠪᠱᠢᠶᠡᠷᠡᠯ᠎ᠤᠨ ᠦᠨᠡᠮᠯᠡᠯ᠎ᠢ ᠬᠥᠢᠴᠡᠳᠭᠡᠨ᠂ ᠤᠷᠢᠳᠴᠢᠯᠠᠨ ᠪᠣᠯᠵᠣᠵᠣ ᠬᠥᠢᠴᠡᠳᠭᠡᠬᠦ᠌ ᠠᠵᠢᠯ᠎ᠢ 15 ᠪᠡᠶᠡᠯᠡᠬᠦᠯᠵᠣ᠂ 4 ᠡᠮ᠎ᠤᠨ ᠠᠵᠤ ᠠᠬᠤᠢᠯᠠᠯ᠎ᠳᠤ ᠵᠥᠪᠱᠢᠶᠡᠷᠡᠯ᠎ᠤᠨ ᠬᠤᠭᠤᠴᠠᠭ᠎ᠠ᠎ᠶ᠋ᠢ᠎ᠨᠢ ᠤᠷᠲᠤᠤᠡᠬᠠᠨ ᠥᠭ᠌ᠴᠦ᠂ ᠠᠶᠤᠯ ᠲᠦᠭ᠌ᠰᠢᠭᠦᠷᠢ ᠪᠠᠭ᠎ᠠ ᠢᠳᠡᠭᠡᠨ᠎ᠤ ᠦᠢᠯᠡᠳᠪᠦᠷᠢᠯᠡᠯ ᠪᠠ ᠲᠣᠭ᠍ᠲᠠᠭᠠᠯ᠎ᠳᠤ ᠨᠡᠢᠴᠡᠭ᠌ᠰᠡᠨ ᠢᠳᠡᠭᠡᠨ ᠤᠮᠳᠠᠭᠠᠨ᠎ᠤ ᠭᠦᠢᠯᠭᠡᠭᠡ᠎ᠳᠤ 《ᠳᠠᠩᠰᠠᠯᠠᠭᠤᠯᠬᠤ ᠠᠮᠠᠯᠠᠯᠲᠠ᠎ᠶ᠋ᠢᠨ ᠲᠦᠷᠢᠮ》 ᠎ᠢ ᠬᠡᠷᠡᠭ᠌ᠵᠢᠭᠦᠯᠵᠠᠢ᠃

ᠤᠷᠳᠤᠰ ᠬᠤᠳᠠ ᠡᠢᠨ ᠬᠦ᠌ ᠬᠦᠴᠦᠨ ᠪᠦᠬᠦᠢ ᠠᠷᠭ᠎ᠠ ᠬᠡᠮᠵᠢᠶ᠎ᠠ ᠠᠪᠴᠦ᠍ ᠠᠷᠠᠯᠵᠢᠶ᠎ᠠ ᠡᠵᠡᠩᠨᠡᠬᠦ᠌ ᠤᠷᠴᠢᠨ᠎ᠢ ᠬᠦᠴᠦᠯᠡᠨ ᠰᠠᠢᠵᠢᠷᠠᠭᠤᠯᠤᠭ᠍ᠰᠠᠨ᠎ᠠᠴᠠ ᠪᠦᠬᠦ᠌ ᠬᠤᠳᠠ᠎ᠶ᠋ᠢᠨ ᠠᠵᠢᠯ ᠦᠢᠯᠡᠳᠪᠤᠷᠢᠯᠡᠯ᠎ᠢᠶᠠᠨ ᠰᠡᠷᠭᠦᠭᠡᠬᠦ᠌ ᠶᠣᠰᠣᠲᠠᠶ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠨᠢ ᠪᠦᠬᠦᠨ᠎ᠢᠶᠠᠷ᠎ᠢᠶᠠᠨ ᠠᠵᠢᠯ ᠦᠢᠯᠡᠳᠪᠤᠷᠢᠯᠡᠯ᠎ᠢᠶᠠᠨ ᠰᠡᠷᠭᠦᠭᠡᠭ᠌ᠰᠡᠨ ᠪᠠᠢᠨ᠎ᠠ᠃

ᠬᠠᠩᠭᠢᠨ ᠬᠤᠱᠢᠭᠤ ᠵᠠᠰᠠᠭ ᠵᠠᠬᠢᠷᠭᠠᠨ᠎ᠤ ᠵᠥᠪᠱᠢᠶᠡᠷᠡᠯ᠂ ᠱᠢᠢᠳᠭᠡᠨ ᠲᠣᠷᠭᠠᠬᠤ ᠵᠡᠷᠭᠡ ᠠᠵᠤ ᠠᠬᠤᠢᠯᠠᠯ᠎ᠳᠤ ᠬᠤᠯᠪᠣᠭ᠍ᠳᠠᠬᠤ ᠮᠡᠳᠡᠭᠡ ᠵᠠᠩᠭᠢ᠎ᠶ᠋ᠢ ᠴᠤᠭ᠍ᠯᠠᠭᠤᠯᠵᠤ᠂ 28 ᠰᠠᠯᠠᠭ᠎ᠠ ᠮᠥᠴᠢᠷ ᠤᠷᠤᠯᠴᠠᠭ᠍ᠰᠠᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ᠎ᠢ ᠡᠬᠢᠯᠡᠨ ᠬᠡᠷᠡᠭ᠌ᠯᠡᠵᠦ᠍᠂ ᠬᠠᠮᠵᠢᠯᠴᠠᠨ ᠬᠢᠨᠡᠨ ᠬᠠᠮᠢᠶᠠᠷᠬᠤ ᠲᠠᠪᠴᠠᠩ᠎ᠳᠤ ᠣᠷᠣᠬ᠍ᠰᠠᠨ ᠨᠣᠷᠮ᠎ᠠ 100% ᠎ᠳᠤ ᠬᠥᠷᠴᠠᠢ᠃ ᠣᠷᠳᠣᠰ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ 《ᠬᠤᠶᠠᠷ᠎ᠢ ᠲᠠᠷᠣᠢ᠎ᠳᠤᠨᠢ ᠪᠠᠢᠴᠠᠭᠠᠵᠣ᠂ ᠨᠢᠭᠡ᠎ᠶ᠋ᠢ ᠢᠯᠡ ᠪᠣᠯᠭᠠᠬᠤ》 ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠭᠦᠨᠵᠡᠭᠡᠶ ᠠᠬᠢᠭᠤᠯᠵᠤ᠂ ᠢᠳᠡᠭᠡᠨ᠎ᠤ ᠵᠦᠢᠯ᠂ ᠡᠮ᠎ᠤᠨ ᠵᠦᠢᠯ᠂ ᠲᠠᠸᠠᠷ᠎ᠤᠨ ᠲᠡᠮᠳᠡᠭ᠂ ᠵᠠᠷ ᠮᠡᠳᠡᠭᠡ ᠵᠡᠷᠭᠡ ᠬᠦᠷᠢᠶᠡᠨ᠎ᠳᠤ ᠬᠤᠯᠪᠣᠭ᠍ᠳᠠᠭ᠍ᠰᠠᠨ 87 ᠠᠵᠤ ᠠᠬᠤᠢᠯᠠᠯ (ᠤᠳᠠᠭ᠎ᠠ) ᠎ᠢ ᠰᠤᠭᠤᠴᠢᠨ ᠪᠠᠢᠴᠠᠭᠠᠪᠠ᠃ ᠲᠤᠰ ᠬᠤᠳᠠ᠎ᠶ᠋ᠢᠨ ᠡᠯ᠎ᠠ ᠭᠠᠵᠠᠷ᠎ᠤᠨ᠎ᠬᠢᠨ ᠠᠵᠤ ᠠᠬᠤᠢᠯᠠᠯ᠎ᠳᠤ ᠬᠤᠯᠪᠣᠭ᠍ᠳᠠᠬᠤ ᠰᠦᠢᠳᠭᠡᠯ ᠬᠤᠷᠢᠶᠠᠬᠤ ᠲᠤᠰᠭᠠᠶ ᠵᠦᠢᠯ᠎ᠤᠨ ᠪᠠᠢᠴᠠᠭᠠᠯᠲᠠ᠎ᠶ᠋ᠢ ᠵᠣᠬᠢᠶᠠᠨ ᠪᠠᠢᠭᠤᠯᠤᠨ ᠶᠠᠪᠤᠭᠤᠯᠵᠤ᠂ ᠠᠵᠤ ᠠᠬᠤᠢᠯᠠᠯ᠎ᠳᠤ ᠬᠤᠯᠪᠣᠭ᠍ᠳᠠᠭ᠍ᠰᠠᠨ ᠰᠦᠢᠳᠭᠡᠯ ᠬᠤᠷᠢᠶᠠᠬᠤ ᠠᠵᠢᠯᠯᠠᠭ᠎ᠠ᠎ᠶ᠋ᠢ ᠬᠠᠤᠯᠢ ᠶᠣᠰᠣᠭᠠᠷ ᠵᠢᠷᠤᠮᠵᠢᠭᠤᠯᠤᠨ᠂ ᠬᠤᠷᠠᠮᠳᠤᠭᠤᠯᠤᠨ ᠳᠠᠷᠤᠵᠤ ᠬᠤᠨᠵᠢᠨ ᠵᠠᠪᠱᠢᠬᠤ᠂ ᠪᠠᠷᠠᠭᠠᠨ᠎ᠤ ᠦᠨ᠎ᠡ᠎ᠶ᠋ᠢ ᠳᠦᠷᠭᠢᠯᠳᠦᠨ ᠥᠰᠭᠡᠬᠦ᠂ ᠬᠡᠯᠪᠡᠷᠢ᠎ᠶ᠋ᠢ᠎ᠨᠢ ᠥᠭᠡᠷᠡᠳᠥᠭᠦᠯᠦᠨ ᠦᠨ᠎ᠡ ᠥᠰᠭᠡᠬᠦ᠌ ᠵᠡᠷᠭᠡ ᠵᠠᠬ᠎ᠠ ᠳᠡᠯᠭᠡᠭᠦᠷ᠎ᠤᠨ ᠦᠨ᠎ᠡ ᠬᠠᠩᠰᠢ᠎ᠶ᠋ᠢᠨ ᠡᠮᠬᠢ ᠳᠢᠭ᠌ᠯᠢᠮ᠎ᠢ ᠰᠠᠮᠠᠭᠤᠷᠠᠭᠤᠯᠬᠤ ᠪᠠ ᠬᠡᠷᠡᠭ᠌ᠯᠡᠭ᠌ᠴᠢᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠬᠤᠬᠢᠷᠠᠭᠤᠯᠬᠤ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠤᠯᠤᠰ᠎ᠤᠨ ᠡᠯ᠎ᠡ ᠵᠦᠢᠯ᠎ᠤᠨ ᠰᠦᠢᠳᠭᠡᠯ᠎ᠢ ᠬᠠᠰᠤᠵᠤ ᠬᠡᠯᠳᠤᠷᠢᠬᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠪᠠ᠃ ᠣᠳᠣᠬᠠᠨ ᠪᠤᠯᠳᠠᠯ᠎ᠠ ᠪᠥᠬᠦ᠌ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ᠎ᠬᠢᠨ ᠦᠨ᠎ᠡ ᠬᠠᠩᠰᠢ᠎ᠶ᠋ᠢ ᠲᠣᠬ᠍ᠲᠠᠭᠠᠯ ᠶᠣᠰᠣᠭᠠᠷ ᠢᠯᠡ ᠬᠠᠳᠠᠬᠤ ᠥᠬᠡᠶ ᠵᠡᠷᠭᠡ ᠡᠯ᠎ᠡ ᠲᠥᠷᠥᠯ᠎ᠤᠨ ᠦᠨ᠎ᠡ ᠬᠠᠩᠰᠢ᠎ᠶ᠋ᠢᠨ ᠬᠠᠤᠯᠢ᠎ᠠᠴᠠ ᠵᠥᠷᠢᠴᠡᠭ᠌ᠰᠡᠨ 30 ᠬᠡᠷᠡᠭ᠎ᠢ ᠪᠠᠢᠴᠠᠭᠠᠨ ᠱᠢᠢᠳᠪᠦᠷᠢᠯᠡᠵᠦ᠍᠂ ᠨᠡᠢᠳᠡ 105.65 ᠲᠦᠮᠡᠨ ᠲᠥᠭᠦᠷᠢᠭ᠎ᠢᠶᠠᠷ ᠳᠣᠷᠭᠠᠪᠠ᠃

ᠣᠷᠳᠣᠰ ᠬᠤᠲᠠ ᠡᠢᠨ ᠬᠦ᠌ ᠬᠢᠨᠠᠯᠲᠠ ᠬᠠᠮᠢᠶᠠᠷᠤᠯᠲᠠ᠎ᠶ᠋ᠢ ᠴᠢᠩᠭᠠᠤᠡᠬᠠᠨ ᠲᠤᠰᠭᠠᠶ ᠪᠠᠢᠴᠠᠭᠠᠯᠳᠠ᠎ᠶ᠋ᠢᠨ ᠡᠷᠴᠢᠮ᠎ᠢᠶᠠᠨ ᠴᠢᠩᠭᠠᠷᠠᠭᠤᠯᠬᠤ᠎ᠪᠠᠷ ᠲᠠᠮᠵᠢᠨ ᠠᠵᠤ ᠠᠬᠤᠢᠯᠠᠯ᠎ᠤᠨ ᠢᠲᠡᠭᠡᠮᠵᠢ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢᠨ ᠪᠦᠬᠦᠯᠢ ᠴᠣᠭ᠍ᠴᠠ᠎ᠶ᠋ᠢᠨ ᠲᠦᠪᠱᠢᠨ᠎ᠢ ᠪᠦᠲᠦᠮᠵᠢᠲᠡᠢ ᠳᠡᠭᠡᠭ᠌ᠰᠢᠯᠡᠭᠦᠯᠵᠤ᠂ ᠵᠠᠬ᠎ᠠ ᠲᠠᠯᠬᠡᠬᠦᠷ᠎ᠤᠨ ᠭᠤᠤᠯ ᠴᠤᠭ᠍ᠴᠠ᠎ᠶ᠋ᠢᠨ ᠦᠢᠯᠡᠳᠪᠤᠷᠢᠯᠡᠯ ᠡᠵᠡᠩᠨᠡᠯᠳᠡ᠎ᠶ᠋ᠢᠨ ᠰᠠᠢᠨ ᠰᠠᠢᠬᠠᠨ ᠤᠷᠴᠢᠯ᠎ᠢ ᠪᠦᠷᠢᠯᠳᠦᠬᠦᠯᠦᠭ᠌ᠰᠡᠨ ᠠᠵᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号