ᠬᠤᠷᠴᠢᠨ ᠪᠠᠷᠠᠭᠤᠨ ᠭᠠᠷᠤᠨ ᠡᠮᠥᠨᠡᠳᠥ ᠬᠤᠱᠢᠭᠤ ᠠᠵᠢᠯ ᠤᠯᠭᠤᠯᠳᠠ᠎ᠪᠠᠷ 《ᠵᠢᠷᠭᠤᠭ᠎ᠠ᠎ᠶ᠋ᠢ ᠪᠠᠳᠤᠯᠠᠬᠤ》 《ᠵᠢᠷᠭᠤᠭ᠎ᠠ᠎ᠶ᠋ᠢ ᠳᠤᠭ᠍ᠳᠠᠪᠤᠷᠢᠵᠢᠭᠤᠯᠬᠤ》 ᠠᠵᠢᠯ᠎ᠢ ᠠᠬᠢᠭᠤᠯᠵᠥ᠍ ᠪᠤᠢ
2020-09-13 11:04:27
ᠵᠣᠬᠢᠶᠠᠭ᠍ᠴᠢ᠄
ᠬᠡᠱᠢᠭ᠌ᠪᠦᠶᠠᠨ ᠲᠠᠳᠤᠯᠭ᠎ᠠ᠎ᠶ᠋ᠢᠨ ᠰᠤᠷᠤᠬ᠍ᠴᠢ ᠤᠷᠠᠨᠳᠤᠳᠢ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠬᠤᠷᠴᠢᠨ ᠪᠠᠷᠠᠭᠤᠨ ᠭᠠᠷᠥᠨ ᠡᠮᠥᠨᠡᠳᠥ ᠬᠤᠱᠢᠭᠤ ᠠᠷᠭ᠎ᠠ ᠪᠦᠬᠦᠨ᠎ᠢ ᠰᠦᠪᠡᠭ᠌ᠴᠢᠯᠡᠨ ᠠᠵᠢᠯ ᠤᠯᠭᠤᠯᠳᠠ᠎ᠶ᠋ᠢ ᠡᠷᠴᠢᠮ᠎ᠲᠠᠢ ᠠᠳᠭᠤᠵᠦ᠍ 《ᠵᠢᠷᠭᠤᠭ᠎ᠠ᠎ᠶ᠋ᠢ ᠪᠠᠳᠤᠯᠠᠬᠤ》 《ᠵᠢᠷᠭᠤᠭ᠎ᠠ᠎ᠶ᠋ᠢ ᠳᠤᠭ᠍ᠳᠠᠪᠤᠷᠢᠵᠢᠭᠤᠯᠬᠤ》 ᠠᠵᠢᠯ᠎ᠢ ᠦᠨᠡᠨ ᠪᠠᠳᠤᠳᠠᠢ ᠲᠤᠭᠤᠱᠢᠯᠠᠭᠤᠯᠵᠦ᠍ ᠪᠠᠢᠨ᠎ᠠ᠃

ᠲᠤᠰ ᠬᠤᠱᠢᠭᠤ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠬᠤ ᠠᠵᠢᠯ᠎ᠢ ᠤᠯᠠᠮ ᠰᠠᠢᠨ ᠠᠬᠢᠭᠤᠯᠬᠤ᠎ᠶ᠋ᠢᠨ ᠲᠥᠯᠥᠭᠡ ᠳᠥᠷᠪᠡᠨ ᠵᠦᠢᠯ᠎ᠤᠨ ᠠᠷᠭ᠎ᠠ ᠬᠡᠮᠵᠢᠶ᠎ᠡ ᠠᠪᠴᠤ᠌᠂ ᠳᠤᠮᠳᠠ ᠪᠠᠭ᠎ᠠ ᠵᠢᠵᠢᠭ ᠠᠵᠤ ᠠᠬᠤᠢᠯᠠᠯ ᠪᠣᠯᠤᠨ ᠬᠤᠪᠢ᠎ᠶ᠋ᠢᠨ ᠡᠵᠡᠩᠨᠡᠯᠳᠠ᠎ᠶ᠋ᠢᠨ ᠡᠷᠦᠬᠡ᠎ᠪᠠᠷ ᠠᠵᠢᠯ ᠤᠯᠭᠤᠬᠤ ᠠᠷᠭ᠎ᠠ ᠵᠠᠮ᠎ᠢ ᠦᠷᠬᠡᠳᠭᠡᠵᠥ᠍᠂ ᠦᠢᠯᠡᠰ ᠪᠤᠰᠭᠠᠭ᠍ᠴᠢᠳ᠎ᠤᠨ ᠦᠢᠯᠡᠰ ᠪᠤᠰᠭᠠᠬᠤ᠎ᠶ᠋ᠢ ᠵᠣᠷᠢᠭ᠍ᠵᠢᠭᠤᠯᠵᠤ ᠪᠠᠢᠨ᠎ᠠ᠃ ᠠᠵᠢᠯ ᠤᠯᠭᠤᠵᠥ᠍ ᠥᠢᠯᠡᠰ ᠪᠤᠰᠭᠠᠬᠤ ᠲᠠᠪᠴᠠᠩ᠎ᠤᠨ ᠦᠢᠯᠡᠳᠦᠯ᠎ᠢ ᠪᠠᠳᠠᠷᠠᠭᠤᠯᠵᠤ᠂ ᠴᠢᠳᠠᠪᠤᠷᠢᠳᠠᠨ ᠬᠦᠮᠥᠵᠢᠬᠦᠯᠬᠦ᠌ ᠰᠠᠭᠤᠷᠢᠨ᠎ᠤ ᠬᠠᠰᠤᠵᠤ ᠬᠡᠯᠲᠦᠷᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠠᠱᠢᠬ᠍ᠯᠠᠠ᠂ ᠱᠢᠨ᠎ᠡ᠎ᠶ᠋ᠢ ᠡᠬᠦᠳᠴᠤ᠌ ᠠᠵᠢᠯ ᠤᠯᠭᠤᠵᠦ᠍ ᠥᠢᠯᠡᠰ ᠪᠤᠰᠭᠠᠬᠤ ᠲᠥᠷᠥᠯ ᠵᠦᠢᠯ ᠪᠠ ᠦᠢᠯᠡᠰ ᠪᠤᠰᠭᠠᠭ᠍ᠴᠢ᠎ᠶ᠋ᠢ ᠱᠢᠩᠭᠡᠭᠡᠨ ᠠᠪᠴᠤ᠌᠂ ᠴᠢᠳᠠᠪᠤᠷᠢᠳᠠᠨ ᠬᠦᠮᠥᠵᠢᠬᠦᠯᠬᠦ᠌ ᠰᠠᠭᠤᠷᠢᠨ᠎ᠤ ᠳᠣᠲᠣᠭᠠᠳᠤ᠎ᠶ᠋ᠢᠨ ᠪᠠᠢᠭᠤᠯᠤᠯᠲᠠ ᠪᠠ ᠦᠢᠯᠡᠴᠢᠯᠡᠭᠡᠨ᠎ᠤ ᠴᠢᠳᠠᠪᠤᠷᠢ᠎ᠶ᠋ᠢ ᠲᠠᠰᠤᠷᠠᠯᠲᠠ ᠦᠭᠡᠢ ᠴᠢᠩᠭᠠᠳᠭᠠᠪᠠ᠃ ᠡᠨᠡ ᠵᠢᠯ ᠬᠢᠵᠢᠭ᠎ᠤᠨ ᠪᠠᠢᠳᠠᠯ᠎ᠠᠴᠠ ᠪᠣᠯᠵᠤ ᠰᠦᠯᠵᠢᠶᠡᠨ ᠳᠡᠭᠡᠷ᠎ᠡ 40 ᠠᠵᠤ ᠠᠬᠤᠢ᠍ᠢᠯᠠᠯ᠂ ᠬᠤᠪᠢ᠎ᠶ᠋ᠢᠨ ᠡᠵᠡᠩᠨᠡᠯᠳᠡ᠎ᠶ᠋ᠢᠨ ᠡᠷᠥᠭᠡ ᠳᠠᠩᠰᠠᠯᠠᠯᠳᠠ ᠬᠢᠪᠡ᠃ ᠴᠢᠳᠠᠪᠤᠷᠢᠳᠠᠨ ᠬᠦᠮᠥᠵᠢᠬᠦᠯᠬᠦ᠌ ᠰᠠᠭᠤᠷᠢᠨ ᠠᠵᠢᠯ ᠡᠷᠢᠵᠤ ᠦᠢᠯᠡᠰ ᠪᠤᠰᠭᠠᠭ᠍ᠴᠢᠳ᠎ᠲᠤ ᠨᠢᠭᠡ ᠥᠷᠲᠡᠭᠡ ᠮᠠᠶᠢᠭ᠎ᠤᠨ ᠦᠢᠯᠡᠴᠢᠯᠡᠭᠡ ᠬᠠᠩᠭᠠᠵᠤ᠂ ᠥᠢᠯᠡᠰ ᠪᠤᠰᠭᠠᠬᠤ᠎ᠪᠠᠷ ᠠᠵᠢᠯ ᠣᠯᠭᠤᠯᠲᠠ᠎ᠶ᠋ᠢ ᠳᠠᠢᠴᠢᠯᠠᠪᠠ᠃

ᠲᠤᠰ ᠬᠤᠱᠢᠭᠤ ᠠᠵᠢᠯ ᠤᠯᠭᠤᠬᠤ ᠬᠢᠭᠡᠳ ᠦᠢᠯᠡᠰ ᠪᠣᠰᠭᠠᠬᠤ ᠠᠵᠢᠯ᠎ᠢ ᠶᠠᠪᠤᠭ᠍ᠳᠠᠭᠤᠯᠬᠤ ᠳᠤᠮᠳᠠ ᠪᠠᠭ᠎ᠠ ᠵᠢᠵᠢᠭ ᠠᠵᠤ ᠠᠬᠤᠢᠯᠠᠯ᠂ ᠬᠤᠪᠢ᠎ᠶ᠋ᠢᠨ ᠡᠵᠡᠩᠨᠡᠯᠳᠡ᠎ᠶ᠋ᠢᠨ ᠡᠷᠦᠬᠡ᠎ᠳᠤ ᠦᠢᠯᠡᠰ ᠪᠣᠰᠭᠠᠬᠤ ᠵᠢᠭᠡᠯᠡᠯᠭᠡ᠎ᠶ᠋ᠢᠨ ᠳᠡᠮᠵᠢᠯᠭᠡ ᠦᠵᠡᠭᠦᠯᠵᠦ᠍᠂ ᠪᠡᠯᠡ ᠮᠥᠩᠭᠦ᠎ᠪᠠᠷ ᠲᠡᠳᠬᠦᠬᠦ᠌ ᠡᠷᠴᠢᠮ᠎ᠢᠶᠠᠨ ᠴᠢᠩᠭᠠᠷᠠᠭᠤᠯᠵᠤ᠂ ᠠᠵᠤ ᠠᠬᠤᠢᠯᠠᠯ ᠵᠢᠴᠢ ᠬᠤᠪᠢ᠎ᠶ᠋ᠢᠨ ᠡᠵᠡᠩᠨᠡᠯᠳᠡ᠎ᠶ᠋ᠢᠨ ᠡᠷᠦᠬᠡ᠎ᠶ᠋ᠢᠨ ᠠᠵᠢᠯᠳᠠᠨ ᠡᠯᠰᠡᠬᠦ᠂ ᠠᠵᠢᠯ᠎ᠤᠨ ᠪᠠᠢᠷᠢ᠎ᠶ᠋ᠢ ᠲᠤᠭ᠍ᠳᠠᠪᠤᠷᠢᠳᠠᠢ ᠪᠠᠢᠯᠭᠠᠬᠤ᠎ᠶ᠋ᠢ ᠵᠤᠷᠢᠭ᠍ᠵᠢᠭᠤᠯᠪᠠ᠃ ᠠᠵᠢᠯ ᠡᠷᠢᠭ᠌ᠴᠢᠳ᠎ᠤᠨ ᠠᠵᠢᠯ ᠣᠯᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠪᠠᠷ ᠡᠨᠡ ᠵᠢᠯ 41 ᠬᠤᠭᠤᠴᠠᠭᠠᠨ᠎ᠤ ᠪᠤᠯᠪᠠᠰᠤᠷᠠᠯ ᠡᠷᠬᠢᠯᠡᠨ᠂ 1842 ᠬᠥᠮᠦᠨ᠎ᠳᠤ ᠮᠡᠷᠭᠡᠵᠢᠯ᠎ᠤᠨ ᠪᠣᠯᠪᠠᠰᠤᠷᠠᠯ ᠬᠦᠷᠲᠡᠭᠡᠵᠡᠶ᠂ ᠡᠭᠦᠨ᠎ᠳᠤ ᠳᠠᠩᠰᠠᠯᠠᠵᠤ ᠺᠠᠷᠲᠯᠠᠭ᠍ᠳᠠᠬ᠍ᠰᠠᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ 204 ᠪᠠᠢᠨ᠎ᠠ᠃

ᠠᠳᠠᠯᠢ ᠪᠤᠰᠥ᠍ ᠨᠦᠬᠦᠴᠠᠯ᠎ᠲᠠᠢ ᠬᠦᠮᠥᠰ᠎ᠤᠨ ᠬᠡᠷᠡᠭ᠌ᠴᠡᠭᠡ ᠱᠠᠭᠠᠷᠳᠠᠯᠭ᠎ᠠ᠎ᠳᠤ ᠵᠤᠬᠢᠴᠠᠭᠤᠯᠤᠠ ᠠᠳᠠᠯᠢ ᠪᠤᠰᠥ᠎ᠶ᠋ᠢᠨ ᠬᠠᠪᠰᠤᠷᠥᠨ ᠳᠡᠳᠬᠦᠬᠦ᠌ ᠠᠷᠭ᠎ᠠ ᠬᠡᠮᠵᠢᠶ᠎ᠡ ᠠᠪᠴᠥ᠍ ᠠᠵᠢᠯ ᠤᠯᠭᠤᠯᠳᠠ᠎ᠶ᠋ᠢ ᠠᠬᠢᠭᠤᠯᠵᠤ ᠪᠠᠢᠨ᠎ᠠ᠃ ᠲᠤᠰ ᠬᠤᠱᠢᠭᠤᠨ᠎ᠤ ᠮᠠᠯᠴᠢᠨ ᠲᠠᠷᠢᠶᠠᠴᠢᠨ ᠬᠦᠳᠡᠯᠮᠥᠷᠢ ᠬᠦᠴᠥ᠎ᠶ᠋ᠢ 8 ᠪᠦᠯᠦᠭ ᠬᠤᠪᠢᠶᠠᠨ ᠵᠣᠬᠢᠶᠠᠨ ᠪᠠᠢᠭᠤᠯᠵᠤ ᠭᠠᠳᠠᠷ ᠮᠤᠵᠢ ᠤᠷᠤᠨ᠎ᠤ ᠠᠵᠤ ᠠᠬᠤᠢᠯᠠᠯ᠂ ᠲᠠᠯᠠᠢ ᠳᠠᠭᠠᠤ ᠭᠠᠵᠠᠷ ᠤᠷᠤᠠ᠎ᠤ ᠠᠵᠤ ᠠᠬᠤᠢᠯᠠᠯ᠎ᠳᠤ ᠤᠴᠢᠭᠤᠯᠵᠥ᠍ ᠠᠵᠢᠯ ᠬᠢᠵᠥ᠍ ᠤᠷᠤᠯᠭ᠎ᠠ᠎ᠪᠠᠨ ᠨᠡᠮᠡᠭ᠌ᠳᠡᠬᠦᠯᠬᠦ᠌᠎ᠳᠤ ᠵᠠᠪᠱᠢᠶᠠᠨ ᠤᠯᠭᠤᠪᠠ᠃ ᠠᠵᠤ ᠠᠬᠤᠢᠯᠠᠯ᠎ᠤᠨ ᠠᠵᠢᠯ ᠣᠯᠭᠤᠯᠲᠠ᠂ ᠰᠤᠮᠤ ᠱᠢᠶᠠᠩ ᠪᠠᠯᠭᠠᠰᠤ᠎ᠶ᠋ᠢᠨ ᠠᠵᠢᠯ ᠣᠯᠭᠤᠯᠲᠠ᠎ᠶ᠋ᠢ ᠬᠦᠴᠦᠳᠡᠢ ᠠᠳᠭᠤᠵᠤ ᠶᠠᠳᠠᠭᠤ᠎ᠶ᠋ᠢ ᠲᠡᠳᠬᠦᠬᠦ᠌ ᠠᠵᠢᠯ᠎ᠤᠨ ᠲᠠᠰᠤᠭ ᠵᠡᠷᠭᠡ ᠠᠴᠢᠶᠠᠯᠠᠪᠤᠷᠢ᠎ᠶ᠋ᠢᠨ ᠨᠥᠬᠦᠪᠥᠷᠢ᠎ᠶ᠋ᠢ ᠨᠠᠢᠳᠠᠪᠤᠷᠢᠵᠢᠭᠤᠯᠵᠥ᠍᠂ ᠲᠤᠬᠠᠢ᠎ᠶ᠋ᠢᠨ ᠭᠠᠵᠠᠷ᠎ᠤᠨ ᠬᠦᠴᠦᠠ᠎ᠤ ᠠᠵᠢᠯ ᠬᠢᠵᠥ᠍ ᠪᠠᠢᠭ᠎ᠠ ᠮᠠᠯᠴᠢᠨ ᠲᠠᠷᠢᠶᠠᠴᠢᠳ᠎ᠢ ᠭᠥᠯᠢᠶᠡᠨ ᠠᠪᠴᠤ᠌ ᠲᠣᠬᠠᠢ᠎ᠶ᠋ᠢᠨ ᠭᠠᠵᠠᠷ᠎ᠲᠤᠨᠢ ᠠᠵᠢᠯ ᠣᠯᠭᠤᠵᠤ ᠪᠠᠢᠨ᠎ᠠ᠃ ᠲᠤᠰ ᠬᠤᠱᠢᠭᠤ ᠪᠠᠰᠠ ᠠᠵᠢᠯ ᠣᠯᠭᠤᠯᠲᠠ᠎ᠶ᠋ᠢᠨ ᠦᠢᠯᠡᠴᠢᠯᠡᠭᠡᠨ᠎ᠤ ᠲᠠᠪᠴᠠᠩ ᠪᠠᠢᠭᠤᠯᠵᠥ᠍᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠬᠡᠯᠪᠡᠷᠢ᠎ᠪᠠᠷ ᠠᠵᠢᠯ ᠣᠯᠭᠤᠬᠤ ᠮᠡᠳᠡᠭᠡ ᠵᠠᠩᠬᠢ᠎ᠶ᠋ᠢᠨ ᠤᠬᠠᠭᠤᠯᠭ᠎ᠠ᠎ᠶ᠋ᠢᠨ ᠡᠷᠴᠢᠮ᠎ᠢ ᠴᠢᠩᠭᠠᠷᠠᠭᠤᠯᠵᠤ ᠪᠠᠢᠨ᠎ᠠ᠃

《ᠪᠡᠭᠡᠵᠢᠩ ᠥᠪᠥᠷ ᠮᠣᠩᠭᠤᠯ᠎ᠢ ᠬᠠᠪᠰᠥᠷᠥᠨ ᠲᠡᠳᠬᠦᠬᠦ᠌ ᠬᠠᠮᠳᠤᠷᠠᠯᠴᠠᠭ᠎ᠠ》 ᠎ᠶ᠋ᠢᠨ ᠦᠢᠯᠡᠳᠦᠯ᠎ᠢ ᠬᠥᠢᠴᠡᠳ ᠪᠠᠳᠠᠷᠠᠭᠤᠯᠵᠥ᠍᠂ ᠭᠠᠳᠠᠭ᠍ᠰᠢ ᠭᠠᠷᠴᠤ᠌ ᠠᠵᠢᠯ ᠬᠢᠵᠥ᠍ ᠲᠡᠢᠯᠬᠦ᠌ ᠦᠬᠡᠢ ᠳᠠᠩᠰᠠᠯᠠᠵᠤ ᠺᠠᠷᠲᠯᠠᠭ᠍ᠳᠠᠬ᠍ᠰᠠᠨ ᠶᠠᠳᠠᠭᠤ ᠬᠦᠴᠢᠷᠳᠡᠯᠳᠡᠢ ᠡᠷᠥᠭᠡ᠎ᠳᠤ ᠠᠵᠢᠯ᠎ᠤᠨ ᠪᠠᠢᠷᠢ ᠬᠠᠨᠭ᠌ᠭᠠᠪᠠ᠃ ᠭᠠᠴᠠᠭ᠎ᠠ ᠲᠤᠰᠭᠤᠨ᠎ᠢᠶᠠᠷ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠢ ᠠᠵᠢᠯ᠎ᠤᠨ ᠪᠠᠢᠷᠢ ᠳᠤᠬᠢᠷᠠᠭᠤᠯᠥᠨ᠂ ᠲᠥᠷᠥ᠎ᠶ᠋ᠢᠨ ᠪᠣᠳᠣᠯᠭ᠎ᠠ᠎ᠶ᠋ᠢᠨ ᠬᠠᠷᠠᠭᠠᠯᠵᠠᠯ ᠳᠡᠮᠵᠢᠯᠭᠡ ᠦᠵᠡᠬᠦᠯᠵᠤ᠂ ᠠᠵᠢᠯ᠎ᠤᠨ ᠪᠠᠢᠷᠢ᠎ᠳᠤ ᠭᠠᠷᠬᠤ ᠱᠠᠭᠠᠷᠳᠠᠯᠭ᠎ᠠ᠎ᠳᠤ ᠨᠡᠢᠴᠡᠭ᠌ᠰᠡᠨ ᠬᠦᠮᠥᠰ᠎ᠢ ᠢᠯᠡ᠎ᠪᠠᠷ ᠡᠯᠰᠡᠨ ᠬᠡᠷᠡᠭ᠌ᠯᠡᠵᠥ᠍ ᠪᠠᠢᠨ᠎ᠠ᠃ ᠡᠬᠦᠨ᠎ᠠᠴᠠ ᠭᠠᠳᠠᠨ᠎ᠠ᠂ ᠲᠦᠷᠥ᠎ᠶ᠋ᠢᠨ ᠪᠤᠳᠤᠯᠭ᠎ᠠ᠎ᠶ᠋ᠢ ᠠᠵᠤ ᠠᠬᠤᠢ᠍ᠢᠯᠠᠯ᠎ᠳᠤ ᠬᠦᠷᠭᠡᠬᠦ᠂ ᠠᠵᠤ ᠥᠢᠯᠡᠳᠪᠤᠷᠢ᠎ᠶ᠋ᠢᠨ ᠨᠡᠭᠡᠭᠡᠯᠳᠡ᠎ᠶ᠋ᠢᠨ ᠳᠤᠭᠤᠷᠢᠭ᠎ᠲᠤ ᠬᠦᠷᠭᠡᠬᠦ᠌ ᠵᠡᠷᠭᠡ ᠬᠡᠯᠪᠡᠷᠢ᠎ᠪᠠᠷ ᠦᠨᠳᠥᠰᠥᠨ ᠱᠠᠳᠥᠨ᠎ᠳᠤ ᠠᠱᠢᠭ ᠬᠦᠷᠳᠡᠬᠡᠵᠥ᠍᠂ ᠵᠢᠷᠬᠢᠶ᠎ᠠ ᠵᠡᠷᠭᠡ ᠱᠢᠨ᠎ᠡ ᠵᠠᠭᠤᠴᠢᠯᠠᠭᠤᠷ᠎ᠢ ᠠᠱᠢᠬ᠍ᠯᠠᠠ ᠲᠦᠷᠥ᠎ᠶ᠋ᠢᠨ ᠪᠤᠳᠤᠯᠭ᠎ᠠ᠎ᠶ᠋ᠢ ᠴᠠᠭ ᠳᠤᠬᠠᠢ᠎ᠳᠤᠨᠢ ᠵᠦᠪ ᠤᠨᠤᠪᠴᠢᠳᠠᠢ ᠤᠬᠠᠭᠤᠯᠵᠥ᠍᠂ ᠤᠯᠠᠨ ᠲᠦᠮᠡᠨ᠎ᠤ ᠠᠵᠢᠯ ᠤᠯᠵᠥ᠍ ᠥᠢᠯᠡᠰ ᠪᠤᠰᠭᠠᠬᠤ ᠠᠷᠭ᠎ᠠ ᠵᠠᠮ᠎ᠢ ᠦᠷᠭᠡᠳᠭᠡᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号