ᠪᠠᠳᠠᠷᠠᠬᠤ ᠲᠠᠷᠢᠶᠠᠯᠠᠩ᠎ᠤᠨ ᠲᠠᠯᠠᠪᠠᠢ᠎ᠶ᠋ᠢᠨ 7000 ᠮᠦ᠍ 《13 ᠨᠤᠮᠧᠷᠳᠤ ᠴᠢᠭᠤᠯᠤᠯᠳᠤ ᠬᠠᠭᠠᠯᠭ᠎ᠠ ᠡᠷᠯᠢᠰᠡᠵᠢᠬᠦᠯᠦᠭ᠌ᠰᠠᠨ ᠨᠠᠷᠢᠮᠦ᠍》 ᠡᠯᠪᠡᠭ ᠬᠤᠷᠢᠶᠠᠯᠳᠠ ᠤᠯᠤᠯ᠎ᠠ
2020-09-14 16:32:47
ᠵᠣᠬᠢᠶᠠᠭ᠍ᠴᠢ᠄
ᠬᠡᠱᠢᠭ᠌ᠪᠦᠶᠠᠨ
ᠣᠩᠱᠢᠭ᠍ᠰᠠᠨ ᠣᠳᠠᠭ᠎ᠠ᠄
★★★☆☆

ᠥᠢᠷ᠎ᠠ᠎ᠳᠤ ᠭᠠᠵᠠᠷ ᠪᠦᠬᠦᠨ᠎ᠳᠤ ᠡᠯᠪᠡᠭ ᠬᠤᠷᠢᠶᠠᠯᠳᠡ᠎ᠶ᠋ᠢᠨ ᠲᠠᠭᠤᠤ ᠬᠠᠨᠭ᠌ᠬᠢᠨᠠᠨ᠎ᠡ᠃ ᠬᠢᠨᠭ᠌ᠭᠠᠨ ᠠᠢᠮᠠᠭ᠎ᠤᠨ ᠠᠳᠠᠷ ᠬᠠᠭᠠᠯᠪᠦᠷᠢᠯᠠᠯᠳᠠ᠎ᠶ᠋ᠢᠨ ᠪᠦᠯᠦᠭ᠌ᠯᠠᠯ᠎ᠤᠨ ᠪᠠᠳᠠᠷᠠᠬᠤ ᠲᠠᠷᠢᠶᠠᠯᠠᠩ᠎ᠤᠨ ᠲᠠᠯᠠᠪᠠᠢ᠎ᠶ᠋ᠢᠨ 7000 ᠮᠦ᠍ 《13 ᠳ᠋ᠤᠭᠠᠷ ᠨᠤᠮᠧᠷᠳᠤ ᠴᠢᠭᠤᠯᠤᠯᠳᠤ ᠬᠠᠭᠠᠯᠭ᠎ᠠ ᠡᠷᠯᠢᠰᠡᠵᠢᠬᠦᠯᠦᠭ᠌ᠰᠡᠨ ᠨᠠᠷᠢᠮᠦ᠍》 ᠎ᠶ᠋ᠢᠨ ᠳᠠᠷᠢᠶ᠎ᠠ ᠬᠦᠮᠦᠰ᠎ᠤᠨ ᠪᠠᠭ᠍ᠠᠷᠬᠠᠯ᠎ᠢ ᠲᠠᠳᠠᠨ᠎ᠠ᠃ ᠡᠨᠡ ᠪᠤᠯ ᠪᠠᠳᠠᠷᠠᠬᠤ ᠲᠠᠷᠢᠶᠠᠯᠠᠩ᠎ᠤᠨ ᠲᠠᠯᠠᠪᠠᠢ᠎ᠶ᠋ᠢᠨ ᠲᠦᠷᠪᠡᠳᠦᠬᠡᠷ ᠲᠤᠭᠤᠢ᠍ᠢᠯᠠᠩ 3 ᠰᠠᠷ᠎ᠠ ᠨᠠᠷᠢᠯᠢᠭ ᠪᠤᠢᠵᠢᠭᠤᠯᠬᠤ᠎ᠪᠠᠷ ᠲᠠᠮᠵᠢᠭᠠᠳ ᠡᠳᠦᠬᠡ ᠡᠯᠪᠡᠭ ᠬᠤᠷᠢᠶᠠᠯᠳᠠ᠎ᠪᠠᠨ ᠤᠬ᠍ᠳᠤᠵᠦ᠍ ᠪᠠᠢᠨ᠎ᠠ᠃

ᠡᠨᠡ ᠵᠤᠨ᠂ ᠪᠠᠳᠠᠷᠠᠬᠤ ᠲᠠᠷᠢᠶᠠᠯᠠᠩ᠎ᠤᠨ ᠲᠠᠯᠠᠪᠠᠢ ᠬᠦᠨᠳᠤ ᠨᠤᠴᠢᠳᠠᠢ ᠭᠠᠩ ᠬᠠᠭ᠍ᠰᠠᠷᠠᠭᠠᠨ᠎ᠳᠤ ᠲᠠᠭᠠᠷᠢᠬ᠍ᠳᠠᠵᠦ᠍᠂ 6 ᠰᠠᠷ᠎ᠠ᠎ᠶ᠋ᠢᠨ ᠰᠡᠬᠦᠯᠴᠢ᠎ᠠᠴᠠ 7 ᠰᠠᠷ᠎ᠠ᠎ᠶ᠋ᠢᠨ ᠰᠡᠬᠦᠯᠴᠢ ᠪᠤᠯᠳᠠᠯ᠎ᠠ᠂ 40 ᠭᠠᠷᠤᠢ ᠡᠳᠦᠷ ᠦᠷᠬᠦᠯᠵᠢᠯᠡᠨ ᠭᠠᠨᠭ᠌ᠳᠠᠭᠠᠳ ᠡᠷᠳᠡᠨᠢ ᠱᠢᠰᠢ᠎ᠨᠢ ᠬᠤᠷᠢᠶᠠᠯᠳᠡ ᠦᠭᠡᠢ ᠪᠤᠯᠵᠠᠢ᠂ ᠬᠡᠳᠡᠯ᠎ᠠ ᠲᠤᠰ ᠪᠠᠷᠢᠭᠠᠳᠠ᠎ᠶ᠋ᠢᠨ ᠨᠠᠮ᠎ᠤᠨ ᠡᠬᠦᠷ ᠲᠤᠰ ᠭᠠᠵᠠᠷ ᠤᠷᠤᠨ᠎ᠤ᠎ᠪᠠᠨ 《ᠠᠷᠪᠠᠨ ᠵᠢᠯ᠎ᠳᠤ ᠶᠢᠰᠦ᠎ᠨᠢ ᠭᠠᠨᠭ᠌ᠳᠠᠬᠤ》 ᠠᠭᠤᠷ ᠠᠮᠢᠰᠭᠤᠯ᠎ᠤᠨ ᠤᠨᠴᠠᠯᠢᠭ᠎ᠲᠠᠭᠠᠨ ᠵᠤᠬᠢᠴᠠᠭᠤᠯᠤᠨ᠂ ᠭᠠᠩ ᠬᠠᠭ᠍ᠰᠠᠷᠠᠭᠠᠨ᠎ᠳᠤ ᠲᠡᠰᠪᠦᠷᠢᠳᠠᠢ᠂ ᠸᠢᠷᠦ᠋ᠰ᠎ᠢ ᠡᠰᠡᠷᠬᠦᠴᠡᠬᠦ᠌ ᠴᠢᠳᠠᠪᠤᠷᠢ᠎ᠪᠠᠷ ᠰᠠᠢᠨ 《13 ᠳ᠋ᠤᠭᠠᠷ ᠨᠤᠮᠧᠷᠳᠤ ᠴᠢᠭᠤᠯᠤᠯᠳᠤ ᠬᠠᠭᠠᠯᠭ᠎ᠠ᠎ᠶ᠋ᠢᠨ ᠡᠷᠯᠢᠰᠡᠵᠢᠬᠦᠯᠦᠭ᠌ᠰᠡᠨ ᠨᠠᠷᠢᠮᠦ᠍》 ᠎ᠶ᠋ᠢ ᠤᠷᠤᠭᠤᠯᠵᠦ᠍ ᠢᠷᠡᠬᠡᠳ ᠭᠠᠩ ᠵᠢᠯ᠎ᠳᠤ ᠲᠠᠪᠠᠭᠤᠯᠢᠭ᠎ᠢ᠎ᠨᠢ ᠪᠠᠳᠠᠷᠠᠭᠤᠯᠵᠠᠢ᠃ ᠲᠤᠰ ᠨᠠᠷᠢᠮᠤ᠎ᠶ᠋ᠢᠨ ᠲᠤᠯᠤᠭᠠᠢ᠎ᠨᠢ ᠤᠷᠳᠤ ᠪᠦᠭᠡᠳ ᠮᠦᠬᠦᠯᠢᠭ᠎ᠨᠢ ᠪᠦᠳᠦᠭᠦᠨ ᠪᠠᠢᠳᠠᠭ᠃

ᠨᠠᠷᠢᠮᠦ᠍ ᠲᠠᠷᠢᠬᠤ ᠲᠤᠬᠠᠢ ᠶᠠᠷᠢᠪᠠᠯ ᠪᠠᠳᠠᠷᠠᠬᠤ ᠲᠠᠷᠢᠶᠠᠯᠠᠩ᠎ᠤᠨ ᠲᠠᠯᠠᠪᠠᠢ᠎ᠶ᠋ᠢᠨ ᠲᠦᠷᠪᠡᠳᠦᠬᠡᠷ ᠲᠤᠭᠤᠢ᠍ᠢᠯᠠᠩ᠎ᠤᠨ ᠤᠳᠤᠷᠢᠤᠡᠬᠤ ᠪᠠᠭ ᠠᠵᠢᠯᠳᠠᠳ᠎ᠤᠨ ᠤᠯᠠᠨ ᠵᠢᠯ ᠲᠠᠷᠢᠵᠦ᠍ ᠢᠷᠡᠭ᠌ᠰᠡᠨ ᠡᠷᠳᠡᠨᠢ ᠱᠢᠰᠢ᠂ ᠨᠤᠭᠤᠭᠠᠨ ᠪᠤᠷᠴᠠᠭ᠂ ᠱᠢᠷ᠎ᠠ ᠪᠤᠷᠴᠠᠭ ᠲᠠᠷᠢᠬᠤ ᠲᠠᠤᠡᠬᠠᠯ᠎ᠢ ᠦᠬᠡᠷᠡᠴᠢᠯᠠᠬᠦ᠌᠎ᠳᠤ ᠲᠡᠢᠮᠦ᠍ ᠬᠢᠯᠪᠡᠷ ᠪᠢᠰᠢ᠃ ᠲᠠᠯᠠᠪᠠᠢ᠎ᠶ᠋ᠢᠨ ᠨᠠᠮ᠎ᠤᠨ ᠡᠬᠦᠷ᠎ᠠᠴᠠ ᠲᠠᠷᠢᠮᠠᠯ᠎ᠤᠨ ᠪᠦᠳᠦᠴᠡ᠎ᠳᠤ ᠲᠤᠬᠢᠷᠠᠭᠤᠯᠤᠯᠳᠠ ᠬᠢᠵᠦ᠍ ᠠᠵᠦ᠍ ᠦᠢᠯᠡᠰ᠎ᠤᠨ ᠬᠦᠭ᠌ᠵᠢᠯᠳᠠ᠎ᠶ᠋ᠢᠨ ᠬᠠᠨᠳᠤᠰᠢ᠎ᠪᠠᠨ ᠬᠤᠪᠢᠷᠠᠭᠤᠯᠬᠤ ᠲᠤᠬᠠᠢ ᠲᠤᠷᠠᠳᠤᠮᠠᠬ᠍ᠴᠨ ᠡᠯ᠎ᠠ ᠲᠤᠭᠤᠢ᠍ᠢᠯᠠᠩ᠎ᠤᠨ ᠤᠳᠤᠷᠢᠳᠭᠤ ᠪᠠᠭ ᠪᠠᠢᠴᠠᠭᠠᠨ ᠰᠤᠳᠤᠯᠤᠯᠳᠠ᠎ᠶ᠋ᠢ ᠬᠦᠨᠵᠡᠬᠡᠢ ᠦᠷᠨᠢᠬᠦᠯᠵᠦ᠍᠂ ᠲᠤᠰ ᠭᠠᠵᠠᠷ ᠤᠷᠤᠨ᠎ᠤ ᠠᠭᠤᠷ ᠠᠮᠢᠰᠭᠤᠯ᠂ ᠬᠦᠷᠦᠰᠦ ᠱᠢᠷᠤᠢ᠎ᠨᠢ ᠴᠦᠮ ᠨᠠᠷᠢᠮᠦ᠍ ᠲᠠᠷᠢᠬᠤ᠎ᠳᠤ ᠲᠤᠬᠢᠷᠠᠬᠤ᠎ᠶ᠋ᠢ ᠤᠢ᠍ᠢᠯᠠᠭᠠᠭ᠍ᠰᠠᠨ᠎ᠤ ᠲᠠᠷᠠᠭ᠎ᠠ᠂ ᠤᠯᠠᠭᠠᠨᠬᠤᠳᠠ᠎ᠶ᠋ᠢᠨ ᠱᠢᠨ ᠢᠤᠢ ᠲᠠᠷᠢᠶᠠᠯᠠᠩ᠎ᠤᠨ ᠺᠤᠮᠫᠠᠨᠢ᠎ᠲᠠᠢ ᠬᠠᠷᠢᠯᠴᠠᠵᠤ᠂ ᠮᠡᠷᠬᠡᠵᠢᠯ᠎ᠤᠨ ᠵᠢᠯᠤᠭᠤᠳᠤᠯᠭ᠎ᠠ᠂ ᠲᠠᠷᠢᠶᠠᠨ ᠭᠠᠵᠠᠷ᠎ᠤᠨ ᠡᠵᠡᠩᠨᠡᠯᠳᠡ᠎ᠶ᠋ᠢᠨ ᠡᠷᠬᠡ᠎ᠶ᠋ᠢ ᠱᠢᠯᠵᠢᠬᠦᠯᠬᠦ᠂ ᠤᠷᠤᠯᠠᠨ ᠲᠠᠷᠢᠵᠦ᠍ ᠤᠷᠤᠯᠠᠨ ᠬᠠᠮᠢᠶᠠᠷᠬᠤ ᠵᠡᠷᠬᠡ ᠬᠡᠯᠪᠡᠷᠢ᠎ᠪᠠᠷ ᠲᠠᠮᠵᠢᠵᠦ᠍᠂ 《13 ᠳ᠋ᠤᠭᠠᠷ ᠨᠤᠮᠧᠷᠳᠤ ᠴᠢᠭᠤᠯᠤᠯᠳᠤ ᠬᠠᠭᠠᠯᠭ᠎ᠠ ᠡᠷᠯᠢᠰᠡᠵᠢᠬᠦᠯᠦᠭ᠌ᠰᠠᠨ ᠨᠠᠷᠢᠮᠦ᠍》 ᠎ᠶ᠋ᠢ ᠠᠩᠬ᠎ᠠ ᠤᠳᠠᠭ᠎ᠠ ᠪᠠᠳᠠᠷᠠᠬᠤ ᠲᠠᠷᠢᠶᠠᠯᠠᠩ᠎ᠤᠨ ᠲᠠᠯᠠᠪᠠᠢ᠎ᠳᠤ ᠨᠤᠳᠤᠬ᠍ᠰᠢᠭᠤᠯᠵᠦ᠍᠂ ᠲᠠᠷᠢᠮᠠᠯ᠎ᠤᠨ ᠪᠦᠳᠦᠴᠡ᠎ᠶ᠋ᠢᠨ ᠲᠤᠬᠢᠷᠠᠭᠤᠯᠤᠯᠳᠠ᠎ᠶ᠋ᠢᠨ ᠲᠠᠯ᠎ᠠ᠎ᠪᠠᠷ ᠱᠢᠨ᠎ᠠ ᠱᠢᠪᠳᠤᠯᠤᠯᠳᠠ᠎ᠲᠠᠢ ᠪᠤᠯᠤᠭ᠍ᠰᠠᠨ᠎ᠢᠶᠠᠷ ᠪᠠᠷᠠᠬᠤ ᠦᠬᠡᠢ ᠪᠠᠰᠠ ᠠᠵᠦ᠍ ᠦᠢᠯᠡᠰ᠎ᠤᠨ ᠡᠵᠡᠩᠨᠡᠯᠳᠡ᠎ᠶ᠋ᠢᠨ ᠠᠷᠭ᠎ᠠ ᠬᠡᠯᠪᠡᠷᠢ᠎ᠪᠠᠨ ᠬᠤᠪᠢᠷᠠᠭᠤᠯᠬᠤ ᠲᠠᠯ᠎ᠠ᠎ᠪᠠᠷ ᠱᠢᠨ᠎ᠠ ᠠᠬᠢᠴᠡ᠎ᠲᠠᠢ ᠪᠤᠯᠵᠠᠢ᠃ ᠡᠨᠡ ᠵᠢᠯ ᠲᠤᠷᠱᠢᠨ ᠲᠠᠷᠢᠬᠤ᠎ᠪᠠᠷ ᠲᠠᠮᠵᠢᠵᠦ᠍᠂ ᠠᠵᠢᠯᠳᠠᠳ ᠴᠢᠭᠤᠯᠤᠯᠳᠤ ᠬᠠᠭᠠᠯᠭ᠎ᠠ ᠡᠷᠯᠢᠰᠡᠵᠢᠬᠦᠯᠦᠭ᠌ᠰᠠᠨ ᠨᠠᠷᠢᠮᠦ᠍ ᠲᠠᠷᠢᠬᠤ ᠵᠡᠬ᠍ᠪᠦᠷ ᠪᠡ ᠠᠵᠦ᠍ ᠠᠬᠤᠢ᠎ᠶ᠋ᠢᠨ ᠦᠨ᠎ᠡ ᠦᠷᠳᠡᠭ᠎ᠢ ᠲᠠᠨᠢᠵᠦ᠍ ᠤᠯᠪᠡ᠃ ᠲᠤᠰ ᠲᠠᠷᠢᠶᠠᠯᠠᠩ᠎ᠤᠨ ᠲᠠᠯᠠᠪᠠᠢ ᠲᠠᠷᠠᠭ᠎ᠠ ᠵᠢᠯ ᠶᠡᠭᠡ ᠭᠡᠪᠴᠢᠶ᠎ᠡ᠎ᠪᠠᠷ ᠲᠡᠯᠭᠡᠷᠡᠬᠦᠯᠦᠨ ᠲᠠᠷᠢᠬᠤ᠎ᠶ᠋ᠢᠨ ᠬᠠᠮᠳᠤ ᠨᠠᠷᠢᠮᠦ᠎ᠶ᠋ᠢ ᠨᠠᠷᠢᠯᠢᠬ ᠪᠤᠯᠪᠠᠰᠤᠷᠠᠭᠤᠯᠬᠤ ᠠᠵᠦ᠍ ᠦᠢᠯᠡᠰ᠎ᠢ ᠰᠦᠪᠡᠭ᠌ᠴᠢᠯᠠᠵᠦ᠍᠂ ᠠᠵᠦ᠍ ᠦᠢᠯᠡᠰ᠎ᠤᠨ ᠭᠡᠯᠬᠢᠶ᠎ᠡ᠎ᠶ᠋ᠢ ᠤᠷᠳᠤᠤᠡᠬᠠᠵᠦ᠍᠂ ᠠᠵᠢᠯᠳᠠᠳ᠎ᠲᠠᠭᠠᠨ ᠠᠱᠢᠭ ᠲᠤᠰᠠ ᠬᠦᠷᠳᠡᠬᠡᠬᠦ᠌᠎ᠪᠠᠷ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号