ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠨᠥᠯᠥᠭᠡ᠎ᠶ᠋ᠢ ᠪᠠᠭᠠᠰᠭᠠᠬᠤ᠎ᠪᠠᠷ᠂ ᠬᠤᠷᠴᠢᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠢᠯ ᠦᠢᠯᠡᠳᠪᠦᠷᠢᠯᠡᠯ᠎ᠢᠶᠠᠨ ᠰᠡᠷᠭᠦᠭᠡᠬᠦ᠌᠎ᠶ᠋ᠢ ᠨᠢᠭᠡᠳᠦᠯᠲᠡᠶ ᠲᠥᠯᠥᠪᠯᠡᠨ ᠠᠬᠢᠭᠤᠯᠬᠤ᠎ᠶ᠋ᠢ ᠪᠠᠷᠢᠮᠲᠠᠯᠠᠨ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ 《ᠵᠢᠷᠭᠤᠭ᠎ᠠ᠎ᠶ᠋ᠢ ᠪᠠᠲᠤᠯᠠᠬᠤ》 ᠡᠭᠦᠷᠭᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠥᠨ᠂ ᠪᠠᠳᠤᠯᠠᠭ᠎ᠠ᠎ᠪᠠᠷ ᠲᠣᠭ᠍ᠲᠠᠭᠤᠨ᠎ᠢ ᠠᠬᠢᠭᠤᠯᠵᠤ᠂ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠪᠠᠷ ᠤᠷᠤᠬ᠍ᠰᠢᠯᠠᠬᠤ᠎ᠶ᠋ᠢ ᠠᠬᠢᠭᠤᠯᠵᠤ ᠪᠠᠢᠨ᠎ᠠ᠃
ᠣᠢᠷ᠎ᠠ᠎ᠳᠤ᠂ ᠬᠦᠷᠢᠶᠡᠯᠡᠩ ᠲᠣᠭᠤᠷᠢᠭ᠎ᠲᠤ ᠨᠤᠳᠤᠬ᠍ᠰᠢᠬ᠍ᠰᠠᠨ 2 ᠭᠤᠤᠯᠳᠠᠯᠭ᠎ᠠ᠎ᠲᠠᠢ ᠲᠥᠷᠥᠯ ᠵᠦᠢᠯ ᠵᠠᠯᠭᠠᠭ᠎ᠠ᠎ᠪᠠᠷ ᠠᠵᠢᠯ ᠡᠬᠢᠯᠡᠵᠦ᠍᠂ ᠠᠵᠤ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠥᠷᠨᠢᠯᠲᠡ᠎ᠶ᠋ᠢ ᠳᠠᠬᠢᠨᠳᠠ ᠪᠤᠢ ᠪᠤᠯᠭᠠᠪᠠ᠃ ᠯᠦᠩ ᠮᠠ ᠪᠦᠯᠦᠭ᠌ᠯᠡᠯ᠎ᠤᠨ ᠳᠡᠭᠡᠳᠦ ᠲᠠᠰ᠎ᠤᠨ ᠲᠣᠨᠣᠭ᠍ᠯᠠᠯ ᠦᠢᠯᠡᠳᠬᠦ᠌ ᠰᠠᠭᠤᠷᠢᠨ᠎ᠨᠢ ᠭᠤᠤᠯᠳᠠᠭᠤ ᠲᠣᠮᠣ ᠬᠡᠯᠪᠡᠷᠢ᠎ᠶ᠋ᠢᠨ ᠰᠠᠯᠬᠢᠨ ᠬᠦᠴᠦᠨ᠎ᠤ ᠴᠠᠬᠢᠯᠭᠠᠨ᠎ᠤ ᠴᠢᠳᠭᠤᠮᠠᠯ ᠲᠣᠨᠤᠭ᠎ᠢ ᠰᠤᠳᠤᠯᠤᠨ ᠨᠡᠭᠡᠭᠡᠬᠦ᠌ ᠪᠠ ᠦᠶᠯᠡᠳᠴᠤ᠌᠂ ᠤᠷᠲᠤ ᠬᠤᠭᠤᠴᠠᠭ᠎ᠠ᠎ᠪᠠᠷ ᠣᠯᠠᠨ ᠤᠯᠤᠰ᠎ᠤᠨ ᠦᠢᠯᠡᠳᠬᠦ᠌ ᠦᠢᠯᠡᠰ᠎ᠤᠨ ᠲᠣᠮᠣ ᠠᠵᠤ ᠠᠬᠤᠢᠯᠠᠯ ᠪᠤᠯᠬᠤ ᠰᠢ ᠮᠧᠨ ᠽᠢᠳᠤ ᠰᠠᠯᠬᠢᠨ᠎ᠢᠶᠠᠷ ᠴᠠᠬᠢᠯᠭᠠᠨ ᠭᠠᠷᠭᠠᠬᠤ ᠮᠠᠱᠢᠨ᠎ᠤ ᠰᠠᠭᠤᠷᠢ᠎ᠶ᠋ᠢ ᠬᠠᠩᠭᠠᠵᠤ᠂ ᠶ᠋ᠢᠨ ᠹᠧᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠶᠤᠧᠠᠨ ᠵᠢᠩ ᠡᠨᠧᠷᠭᠢ ᠵᠡᠷᠭᠡ 10 ᠭᠠᠷᠤᠶ ᠰᠠᠯᠬᠢᠨ ᠬᠦᠴᠦᠨ᠎ᠤ ᠴᠠᠬᠢᠯᠭᠠᠨ᠎ᠤ ᠠᠵᠤ ᠠᠬᠤᠢᠯᠠᠯ᠎ᠤᠨ ᠭᠤᠤᠯ ᠴᠢᠳᠭᠤᠮᠠᠯ ᠲᠣᠨᠤᠭ᠎ᠤᠨ ᠬᠠᠩᠭᠠᠭ᠍ᠴᠢ ᠠᠵᠤ ᠠᠬᠤᠢ᠍ᠢᠯᠠᠯ ᠪᠣᠯᠤᠨ᠎ᠠ᠃ ᠲᠤᠰ ᠪᠦᠯᠦᠭ᠌ᠯᠡᠯ 120 ᠳ᠋ᠦᠩᠱᠢᠭᠤᠷ ᠲᠥᠭᠦᠷᠢᠭ᠎ᠤᠨ ᠪᠡᠯᠡ ᠣᠷᠣᠭᠤᠯᠬᠤ᠎ᠪᠠᠷ ᠲᠥᠯᠥᠪᠯᠡᠵᠦ᠍᠂ ᠬᠤᠷᠴᠢᠨ᠎ᠤ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠲᠤ ᠣᠳᠣ ᠦᠶ᠎ᠡ᠎ᠶ᠋ᠢᠨ ᠲᠣᠨᠣᠭ᠍ᠯᠠᠯ ᠦᠢᠯᠡᠳᠬᠦ᠌ ᠠᠵᠤ ᠦᠢᠯᠡᠰ᠎ᠤᠨ ᠰᠠᠭᠤᠷᠢᠨ᠎ᠢ ᠪᠦᠲᠦᠭᠡᠨ ᠪᠠᠢᠭᠤᠯᠵᠥ᠍᠂ ᠵᠢᠯ᠎ᠳᠤ 30 ᠲᠦᠮᠡᠨ ᠲᠣᠨ ᠴᠢᠳᠭᠤᠮᠠᠯ ᠲᠣᠨᠤᠭ᠂ 50 ᠲᠦᠮᠡᠨ ᠲᠣᠨ ᠳᠠᠪᠲᠠᠮᠠᠯ ᠲᠣᠨᠤᠭ᠂ 2000 ᠢᠵᠢ ᠰᠠᠯᠬᠢᠨ ᠬᠥᠴᠥᠨ᠎ᠤ ᠴᠠᠬᠢᠯᠭᠠᠨ ᠭᠠᠷᠭᠠᠬᠤ ᠮᠠᠱᠢᠨ᠎ᠤ ᠰᠤᠪᠤᠷᠭ᠎ᠠ᠂ 2000 ᠰᠠᠭᠤᠷᠢ ᠭᠤᠤᠯ ᠲᠡᠩᠭᠡᠯᠢᠭ᠂ 5000 ᠢᠵᠢ ᠬᠤᠯᠬᠤᠪᠴᠢ᠂ 1000 ᠢᠵᠢ ᠳᠡᠯᠪᠢ ᠵᠢᠴᠢ ᠰᠠᠯᠬᠢᠨ ᠬᠦᠴᠦᠨ᠎ᠤ ᠴᠠᠬᠢᠯᠭᠠᠨ ᠬᠡᠷᠡᠭ᠌ᠰᠡᠯ ᠪᠣᠯᠤᠨ ᠮᠠᠱᠢᠨ ᠲᠡᠷᠭᠡᠨ᠎ᠤ ᠰᠡᠯᠪᠢᠭ ᠲᠣᠨᠤᠭ ᠦᠢᠯᠡᠳᠪᠦᠷᠢᠯᠡᠵᠦ᠍ ᠪᠠᠢᠨ᠎ᠠ᠃ ᠭᠤᠷᠪᠠᠨ ᠬᠤᠭᠤᠴᠠᠭ᠎ᠠ᠎ᠶ᠋ᠢ ᠪᠦᠬᠦᠨ᠎ᠢ ᠪᠠᠢᠭᠤᠯᠵᠤ ᠳᠠᠭᠤᠰᠤᠭ᠍ᠰᠠᠭᠠᠷ᠂ ᠵᠢᠯ᠎ᠳᠤ 170 ᠳ᠋ᠦᠩᠱᠢᠭᠤᠷ ᠲᠥᠭᠦᠷᠢᠭ᠎ᠤᠨ ᠦᠢᠯᠡᠳᠬᠦᠨ᠎ᠤ ᠥᠷᠲᠡᠭ ᠪᠠ 5 ᠳ᠋ᠦᠩᠱᠢᠭᠤᠷ ᠲᠥᠭᠦᠷᠢᠭ᠎ᠤᠨ ᠠᠱᠢᠬ ᠭᠠᠢᠯᠢ ᠪᠡᠶᠡᠯᠡᠭᠦᠯᠬᠦ᠌ ᠪᠣᠯᠤᠨ᠎ᠠ᠃
ᠭᠦᠸᠧ ᠨᠧᠩ ᠲᠦᠩᠯᠢᠶᠣᠤ᠎ᠶ᠋ᠢᠨ ᠠᠮᠢᠳᠤ ᠪᠣᠳᠠᠰ᠎ᠤᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠬᠤᠷᠴᠢᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠲᠤ ᠣᠷᠣᠵᠤ ᠰᠠᠭᠤᠭ᠍ᠰᠠᠨ ᠲᠦᠷᠦᠭᠦᠦ ᠪᠦᠯᠦᠭ ᠭᠤᠣᠯᠳᠠᠯᠭ᠎ᠠ᠎ᠲᠠᠢ ᠠᠵᠤ ᠠᠬᠤᠢᠯᠠᠯ᠎ᠤᠨ ᠨᠢᠭᠡ ᠪᠣᠯᠤᠭ᠍ᠰᠠᠨ᠎ᠤ ᠬᠤᠪᠢ᠎ᠳᠤ᠂ 10 ᠭᠠᠷᠤᠶ ᠵᠢᠯ᠎ᠤᠨ ᠬᠥᠭ᠌ᠵᠢᠯᠲᠡ᠎ᠪᠠᠷ ᠠᠷᠢᠭᠤᠨ ᠴᠡᠪᠡᠷ ᠱᠢᠨᠡᠳᠭᠡᠮᠡᠯ ᠠᠮᠢᠳᠤ ᠪᠣᠳᠠᠰ᠎ᠤᠨ ᠶᠡᠷᠦᠩᠬᠡᠢᠯᠡᠭ᠌ᠰᠡᠨ ᠡᠨᠧᠷᠭᠢ᠎ᠶ᠋ᠢᠨ ᠰᠤᠷᠪᠤᠯᠵᠢ᠎ᠶ᠋ᠢᠨ ᠱᠢᠨ᠎ᠡ᠎ᠶ᠋ᠢ ᠡᠭᠦᠳᠴᠥ᠍ ᠡᠷᠭᠢᠯᠳᠦᠭᠦᠯᠦᠨ ᠠᠱᠢᠬ᠍ᠯᠠᠬᠤ᠂ ᠨᠡᠭᠡᠭᠡᠨ ᠬᠥᠭ᠌ᠵᠢᠭᠦᠯᠬᠦ᠌ ᠪᠠ ᠦᠢᠯᠡᠴᠢᠯᠡᠬᠦ᠌᠎ᠪᠠᠷ ᠭᠤᠤᠯᠳᠠᠯᠭ᠎ᠠ ᠪᠤᠯᠭᠠᠵᠤ ᠪᠠᠢᠨ᠎ᠠ᠃ ᠺᠣᠮᠫᠠᠨᠢ᠎ᠶ᠋ᠢᠨ ᠨᠢᠭᠡᠳᠦᠭᠡᠷ ᠬᠤᠭᠤᠴᠠᠭᠠᠨ᠎ᠤ ᠠᠮᠢᠳᠤ ᠪᠣᠳᠠᠰ᠎ᠤᠨ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ 2008 ᠤᠨ᠎ᠤ 12 ᠰᠠᠷ᠎ᠠ᠎ᠶ᠋ᠢᠨ 31 ᠤ ᠡᠳᠦᠷ ᠠᠱᠢᠬ᠍ᠯᠠᠯᠳᠠ᠎ᠳᠤ ᠤᠷᠤᠭ᠍ᠰᠠᠨ᠎ᠠᠴᠠ ᠨᠠᠭᠠᠰᠢ ᠡᠵᠡᠩᠨᠡᠯᠲᠡ᠎ᠶ᠋ᠢᠨ ᠪᠠᠢᠳᠠᠯ ᠨᠡᠢᠳᠡᠮ ᠰᠠᠢᠨ ᠪᠠᠢᠨ᠎ᠠ᠃ ᠲᠤᠬᠠᠶ᠎ᠶ᠋ᠢᠨ ᠭᠠᠵᠠᠷ᠎ᠤᠨ ᠰᠠᠢᠨ ᠰᠠᠢᠬᠠᠨ ᠪᠡᠯᠡ ᠣᠷᠣᠭᠤᠯᠤᠯᠲᠠ᠎ᠶ᠋ᠢᠨ ᠣᠷᠴᠢᠨ ᠲᠣᠭᠤᠷᠢᠨ ᠪᠠ ᠡᠬᠢ ᠪᠠᠶᠠᠯᠢᠭ᠎ᠤᠨ ᠳᠠᠪᠠᠭᠤᠯᠢᠭ᠎ᠲᠤ ᠲᠦᠱᠢᠭ᠌ᠯᠡᠨ᠂ ᠺᠣᠮᠫᠠᠨᠢ᠎ᠶ᠋ᠢᠨ ᠬᠤᠶᠠᠳᠤᠭᠠᠷ ᠬᠤᠭᠤᠴᠠᠭᠠᠨ᠎ᠤ ᠠᠮᠢᠳᠤ ᠪᠣᠳᠠᠰ᠎ᠤᠨ ᠢᠯᠴᠢ᠎ᠶ᠋ᠢᠨ ᠴᠠᠬᠢᠯᠭᠠᠨ᠎ᠲᠠᠢ ᠬᠤᠯᠪᠣᠭᠠᠯᠠᠨ ᠥᠷᠭᠡᠳᠭᠡᠨ ᠪᠠᠢᠭᠤᠯᠬᠤ ᠭᠡᠵᠤ ᠪᠠᠢᠭ᠎ᠠ ᠲᠥᠷᠥᠯ ᠵᠦᠢᠯ᠎ᠤᠨ ᠶᠡᠷᠦᠩᠬᠡᠶ ᠪᠡᠯᠡ ᠣᠷᠣᠭᠤᠯᠤᠯᠲᠠ 3.5 ᠳ᠋ᠦᠩᠱᠢᠭᠤᠷ ᠲᠥᠭᠦᠷᠢᠭ ᠪᠠᠢᠵᠤ᠂ ᠣᠳᠣ ᠴᠠᠬ᠎ᠢ ᠵᠠᠪᠳᠤᠠ ᠪᠦᠲᠦᠭᠡᠨ ᠪᠠᠢᠭᠤᠯᠵᠤ᠂ ᠲᠦᠩᠯᠢᠶᠣᠤ ᠣᠷᠣᠨ᠎ᠤ ᠴᠠᠬᠢᠯᠭᠠᠨ᠂ ᠢᠯᠴᠢ ᠵᠡᠷᠭᠡ ᠶᠡᠷᠦᠩᠬᠡᠢᠯᠡᠭ᠌ᠰᠡᠨ ᠡᠨᠧᠷᠭᠢ᠎ᠶ᠋ᠢᠨ ᠦᠢᠯᠡᠴᠢᠯᠡᠭᠡᠨ ᠪᠣᠯᠤᠨ ᠬᠥᠳᠡᠭᠡ ᠲᠣᠰᠭᠤᠨ᠎ᠤ ᠠᠮᠢᠳᠤ ᠪᠣᠳᠠᠰ᠎ᠤᠨ ᠡᠨᠧᠷᠭᠢ᠎ᠶ᠋ᠢᠨ ᠰᠤᠷᠪᠤᠯᠵᠢ᠎ᠶ᠋ᠢ ᠡᠷᠭᠢᠯᠳᠦᠭᠦᠯᠦᠨ ᠨᠡᠭᠡᠭᠡᠨ ᠠᠱᠢᠬ᠍ᠯᠠᠬᠤ ᠵᠢᠱ᠌ᠢᠶ᠎ᠡ ᠦᠵᠡᠭᠦᠯᠬᠦ᠌ ᠲᠥᠷᠥᠯ ᠵᠦᠢᠯ ᠪᠣᠯᠤᠨ᠎ᠠ᠃ ᠬᠤᠶᠠᠳᠤᠭᠠᠷ ᠬᠤᠭᠤᠴᠠᠭᠠᠨ᠎ᠤ ᠲᠥᠷᠥᠯ ᠵᠦᠢᠯ᠎ᠨᠢ ᠲᠦᠩᠯᠢᠶᠣᠤ ᠣᠷᠣᠨ᠎ᠤ ᠡᠯᠪᠡᠭ ᠪᠠᠶᠠᠯᠢᠭ ᠡᠷᠳᠡᠨᠢ ᠱᠢᠰᠢ᠎ᠶ᠋ᠢᠨ ᠡᠰᠢ ᠰᠦᠷᠡᠯ᠎ᠤᠨ ᠡᠬᠢ ᠪᠠᠶᠠᠯᠢᠭ᠎ᠢ ᠭᠦᠢᠴᠡᠳ ᠠᠱᠢᠬ᠍ᠯᠠᠵᠥ᠍᠂ ᠪᠣᠬᠢᠷᠲᠤᠯ ᠦᠭᠡᠶ ᠡᠨᠧᠷᠭᠢ᠎ᠶ᠋ᠢᠨ ᠡᠬᠢ ᠰᠤᠷᠪᠤᠯᠵᠢ᠎ᠪᠠᠷ ᠴᠠᠬᠢᠯᠭᠠᠨ ᠭᠠᠷᠭᠠᠬᠤ᠎ᠶ᠋ᠢᠨ ᠬᠠᠮᠲᠤ ᠠᠵᠤ ᠥᠢᠯᠡᠳᠪᠥᠷᠢ᠎ᠶ᠋ᠢᠨ ᠬᠦᠷᠢᠶᠡᠯᠡᠩ ᠲᠣᠭᠤᠷᠢᠭ ᠵᠢᠴᠢ ᠡᠷᠭᠢᠨ ᠲᠣᠭᠤᠷᠢᠨ᠎ᠤ ᠭᠠᠵᠠᠷ ᠣᠷᠣᠨ᠎ᠳᠤ ᠪᠣᠬᠢᠷᠲᠤᠯ ᠦᠭᠡᠶ ᠡᠨᠧᠷᠭᠢ᠎ᠶ᠋ᠢᠨ ᠢᠯᠴᠢ ᠬᠠᠩᠭᠠᠬᠤ᠂ ᠳᠤᠯᠠᠭᠠᠯᠠᠭ᠎ᠠ ᠬᠠᠩᠭᠠᠵᠤ᠂ ᠵᠢᠯ᠎ᠤᠨ ᠠᠱᠢᠭ ᠭᠠᠢᠯᠢ᠎ᠶ᠋ᠢ 3000 ᠲᠦᠮᠡᠨ ᠲᠥᠭᠦᠷᠢᠭ ᠪᠡᠶᠡᠯᠡᠭᠦᠯᠵᠤ᠂ ᠵᠢᠯ᠎ᠳᠤ ᠡᠰᠢ ᠰᠦᠷᠡᠯ ᠵᠡᠷᠭᠡ ᠲᠠᠷᠢᠶᠠᠯᠠᠩ ᠣᠶ ᠱᠢᠭᠤᠶ᠎ᠶ᠋ᠢᠨ ᠬᠠᠶᠠᠭ᠍ᠳᠠᠮᠠᠯ ᠪᠣᠳᠠᠰ᠎ᠢ ᠪᠠᠷᠤᠭ 50 ᠲᠦᠮᠡᠨ ᠲᠣᠨ ᠡᠳ᠋ᠱᠢᠭᠦᠯᠵᠤ᠂ ᠬᠦᠷᠢᠶᠡᠯᠡᠩ ᠲᠣᠭᠤᠷᠢᠭ᠎ᠤᠨ ᠡᠷᠭᠢᠨ ᠲᠣᠭᠤᠷᠢᠨ᠎ᠤ ᠭᠠᠵᠠᠷ ᠣᠷᠣᠨ᠎ᠤ ᠲᠠᠷᠢᠶᠠᠨ ᠭᠠᠵᠠᠷ᠎ᠤᠨ ᠮᠥ᠍ ᠨᠢᠭᠡᠴᠢ᠎ᠶ᠋ᠢᠨ ᠣᠷᠣᠯᠭ᠎ᠠ᠎ᠶ᠋ᠢ 100 ᠲᠥᠭᠦᠷᠢᠭ ᠨᠡᠮᠡᠭ᠌ᠳᠡᠭᠦᠯᠵᠤ᠂ ᠵᠢᠯ᠎ᠳᠤ 1.5 ᠳ᠋ᠦᠩᠱᠢᠭᠤᠷ ᠲᠥᠭᠦᠷᠢᠭ᠎ᠤᠨ ᠤᠷᠤᠯᠭ᠎ᠠ᠎ᠶ᠋ᠢᠨ ᠨᠡᠮᠡᠭ᠌ᠳᠡᠯ᠎ᠢ ᠪᠡᠶᠡᠯᠡᠭᠦᠯᠬᠦ᠌ ᠪᠤᠯᠤᠨ᠎ᠠ᠃
ᠡᠨᠡ ᠵᠢᠯ᠂ ᠬᠤᠷᠴᠢᠨ ᠲᠣᠭᠤᠷᠢᠭ 《ᠠᠵᠤ ᠦᠢᠯᠡᠳᠪᠦᠷᠢ᠎ᠶ᠋ᠢᠨ ᠬᠥᠴᠥᠷᠭᠡᠭ ᠳᠤᠭᠤᠷᠢᠬ》 ᠤᠨ ᠪᠠᠢᠯᠳᠤᠬᠤ ᠪᠣᠳᠣᠯᠭ᠎ᠠ᠎ᠶ᠋ᠢᠨ ᠲᠣᠭᠤᠷᠢᠨ᠎ᠳᠤ᠂ ᠬᠦᠷᠢᠶᠡᠯᠡᠩ ᠲᠣᠭᠤᠷᠢᠭ᠎ᠤᠨ ᠰᠠᠭᠤᠷᠢ ᠲᠥᠭᠦᠭᠡᠷᠥᠮᠵᠢ᠎ᠶ᠋ᠢᠨ ᠪᠦᠲᠦᠭᠡᠨ ᠪᠠᠢᠭᠤᠯᠤᠯᠲᠠ᠎ᠳᠠᠬᠢ ᠪᠠᠯᠠ ᠣᠷᠣᠭᠤᠯᠤᠯᠲᠠ᠎ᠶ᠋ᠢᠨ ᠡᠷᠴᠢᠮ᠎ᠢ ᠨᠡᠮᠡᠭ᠌ᠳᠡᠭᠦᠯᠵᠦ᠍᠂ ᠬᠡᠪ᠎ᠠᠴᠠ ᠳᠠᠪᠠᠭ᠍ᠰᠠᠨ ᠴᠢᠨᠠᠷ ᠰᠠᠢᠳᠠᠢ ᠬᠥᠭ᠌ᠵᠢᠯᠲᠠ᠎ᠶ᠋ᠢ ᠡᠷᠡᠰ ᠭᠤᠢᠪᠢᠰᠢ ᠦᠭᠡᠶ ᠠᠬᠢᠭᠤᠯᠵᠤ ᠪᠤᠢ᠃ ᠳᠡᠭᠡᠷ᠎ᠡ ᠬᠠᠭᠠᠰ ᠵᠢᠯ᠎ᠳᠤ᠂ ᠬᠦᠷᠢᠶᠡᠯᠡᠩ ᠲᠣᠭᠤᠷᠢᠭ᠎ᠤᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠢ ᠤᠶᠠᠯᠳᠤᠭᠤᠯᠤᠨ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠤᠨ ᠨᠠᠢᠷᠠᠭᠤᠯᠵᠤ᠂ ᠬᠦᠷᠢᠶᠡᠯᠡᠩ ᠲᠣᠭᠤᠷᠢᠭ᠎ᠲᠤ ᠱᠢᠨ᠎ᠡ ᠬᠥᠭ᠌ᠵᠢᠯᠲᠡ᠎ᠶ᠋ᠢᠨ ᠲᠥᠯᠥᠪᠵᠢᠭᠦᠯᠭᠡ ᠳᠤᠬ᠍ᠳᠠᠭᠠᠨ ᠱᠢᠨ᠎ᠡ ᠪᠠᠢᠷᠢᠱᠢᠯ᠎ᠢ ᠪᠦᠷᠢᠯᠳᠦᠭᠦᠯᠵᠦ᠍᠂ ᠡᠷᠬᠢᠯᠳᠤ᠎ᠳᠤ ᠠᠵᠤ ᠠᠬᠤᠶ᠎ᠶ᠋ᠢ ᠳᠠᠬᠢᠨ ᠠᠱᠢᠬ᠍ᠯᠠᠬᠤ᠂ ᠡᠬᠢ ᠪᠠᠶᠠᠯᠢᠭ᠍ᠵᠢᠭᠤᠯᠬᠤ᠂ ᠬᠡᠮᠵᠢᠶ᠎ᠡ᠎ᠶ᠋ᠢ ᠪᠠᠭᠠᠰᠭᠠᠬᠤ᠎ᠶ᠋ᠢ ᠲᠡᠷᠢᠭᠦᠨ᠎ᠳᠤ ᠲᠠᠯᠪᠢᠬᠤ ᠵᠠᠷᠴᠢᠮ᠎ᠢᠶᠠᠷ᠂ 《ᠬᠤᠷᠴᠢᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠤᠨ ᠡᠷᠭᠢᠯᠳᠦᠭᠦᠯᠦᠭ᠌ᠰᠡᠨ ᠥᠭᠡᠷᠡᠴᠢᠯᠡᠯᠲᠡ᠎ᠶ᠋ᠢ ᠬᠡᠷᠡᠭ᠌ᠵᠢᠭᠦᠯᠬᠦ᠌ ᠲᠥᠰᠦᠯ》 ᠢ ᠲᠣᠭ᠍ᠲᠠᠭᠠᠬᠤ᠎ᠶ᠋ᠢᠨ ᠬᠠᠮᠳᠤ ᠥᠪᠡᠷᠲᠡᠭᠡᠨ ᠵᠠᠰᠠᠬᠤ ᠣᠷᠣᠨ᠎ᠤ ᠬᠢᠨᠠᠨ ᠵᠥᠪᠱᠢᠶᠡᠷᠡᠯ᠎ᠢᠶᠠᠷ᠂ ᠲᠤᠰ ᠬᠤᠲᠠ᠎ᠶ᠋ᠢᠨ ᠠᠩᠬᠠᠳᠠᠭ᠍ᠴᠢ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠡᠷᠬᠢᠯᠳᠦᠬᠦᠯᠤᠨ ᠥᠭᠡᠷᠡᠴᠢᠯᠡᠬᠦ᠌ ᠲᠥᠰᠦᠯ᠎ᠢ ᠬᠢᠨᠠᠨ ᠲᠣᠭ᠍ᠲᠠᠭᠠᠭ᠍ᠰᠠᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ ᠪᠣᠯᠵᠠᠢ᠃