-- ᠱᠢᠨ᠎ᠡ ᠴᠠᠭ ᠦᠶ᠎ᠡ᠎ᠶ᠋ᠢᠨ ᠮᠠᠨ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠬᠦᠭ᠌ᠵᠢᠯᠲᠡ᠎ᠶ᠋ᠢᠨ ᠲᠣᠬᠠᠢ ᠬᠦᠤᠷᠨᠢᠯ
《ᠠᠷᠠᠳ ᠲᠦᠮᠡᠨ᠎ᠤ ᠲᠦᠯᠦᠭᠡ ᠰᠦᠯᠵᠢᠶᠡᠨ᠎ᠤ ᠠᠮᠤᠷ ᠲᠦᠪᠱᠢᠨ᠎ᠢ ᠪᠠᠲᠤᠯᠠᠵᠤ᠂ ᠰᠦᠯᠵᠢᠶᠡᠨ᠎ᠤ ᠠᠮᠤᠷ ᠲᠦᠪᠱᠢᠨ᠎ᠢ ᠪᠠᠲᠤᠯᠠᠬᠤ᠎ᠳᠤ ᠠᠷᠠᠳ ᠲᠦᠮᠡᠨ᠎ᠳᠤ ᠲᠦᠱᠢᠭ᠌ᠯᠡᠨ᠎ᠡ》 ᠭᠡᠳᠡᠭ᠎ᠢᠶᠠᠷ ᠭᠤᠣᠯ ᠰᠡᠳᠦᠪ ᠪᠣᠯᠭᠠᠭ᠍ᠰᠠᠨ 2020 ᠣᠨ᠎ᠤ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠤᠬᠠᠭᠤᠯᠭ᠎ᠠ᠎ᠶ᠋ᠢᠨ ᠭᠠᠷᠠᠭ᠎ᠤᠨ ᠠᠵᠢᠯᠯᠠᠭ᠎ᠠ 9 ᠰᠠᠷ᠎ᠠ᠎ᠶ᠋ᠢᠨ 14 ᠤ ᠡᠳᠦᠷ ᠡᠬᠢᠯᠡᠵᠤ 20 ᠤ ᠡᠳᠦᠷ ᠪᠣᠯᠲᠠᠯ᠎ᠠ ᠪᠦᠬᠦ᠌ ᠤᠯᠤᠰ᠎ᠤᠨ ᠬᠡᠪᠴᠢᠶᠡᠨ᠎ᠳᠤ ᠶᠠᠪᠤᠭ᠍ᠲᠠᠵᠤ᠂ ᠪᠦᠬᠦ᠌ ᠠᠷᠠᠳ᠎ᠤᠨ ᠰᠦᠯᠵᠢᠶᠡᠨ᠎ᠤ ᠠᠮᠤᠷ ᠲᠦᠪᠱᠢᠨ᠎ᠤ ᠤᠬᠠᠮᠰᠠᠷ ᠪᠣᠯᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠤᠯᠤᠨ᠎ᠠ᠃
ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠲᠥᠪ᠎ᠤᠨ ᠰᠦᠯᠵᠢᠶᠡᠨ᠎ᠤ ᠠᠮᠤᠷ ᠲᠦᠪᠱᠢᠨ ᠪᠣᠯᠤᠨ ᠮᠡᠳᠡᠭᠡ ᠵᠠᠩᠭᠢᠵᠢᠯᠲᠠ᠎ᠶ᠋ᠢᠨ ᠤᠳᠤᠷᠢᠳᠭᠤ ᠳᠤᠭᠤᠢᠯᠠᠩ᠎ᠤᠨ ᠤᠳᠤᠷᠢᠳᠤᠯᠭ᠎ᠠ ᠳᠣᠣᠷ᠎ᠠ᠂ ᠮᠠᠨ᠎ᠤ ᠤᠯᠤᠰ ᠰᠦᠯᠵᠢᠶᠡᠨ᠎ᠤ ᠠᠮᠤᠷ ᠲᠦᠪᠱᠢᠨ᠎ᠢ ᠪᠠᠲᠤᠯᠠᠬᠤ ᠦᠵᠦ᠍ ᠲᠥᠯᠥᠪᠯᠡᠭᠡ᠎ᠶ᠋ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠍᠂ ᠰᠦᠯᠵᠢᠶᠡᠨ᠎ᠤ ᠣᠷᠣᠨ ᠵᠠᠶ᠎ᠳᠠᠬᠢ ᠰᠠᠮᠠᠭᠤᠨ ᠪᠠᠢᠳᠠᠯ᠎ᠢ ᠪᠦᠲᠦᠮᠵᠢᠲᠡᠶ ᠵᠠᠰᠠᠵᠤ᠂ ᠠᠷᠠᠳ ᠣᠯᠠᠨ᠎ᠤ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠵᠤ᠂ ᠠᠯᠢ ᠤᠯᠠᠨ ᠳᠤᠪᠤᠢᠮ᠎ᠠ ᠠᠮᠵᠢᠯᠲᠠ ᠣᠯᠤᠭ᠍ᠰᠠᠨ ᠪᠠᠢᠨ᠎ᠠ᠃
ᠰᠦᠯᠵᠢᠶᠡᠨ᠎ᠤ ᠠᠮᠤᠷ ᠲᠦᠪᠱᠢᠨ᠎ᠤ 《ᠨᠢᠷᠤᠭᠤ ᠲᠤᠯᠭᠠᠭᠤᠷᠢ》 ᠶ᠋ᠢ ᠦᠨᠳᠦᠰᠦᠨ᠎ᠳᠡᠭᠡᠨ ᠲᠣᠭ᠍ᠲᠠᠭᠠᠪᠠ
ᠱᠢᠨ᠎ᠡ ᠴᠠᠭ ᠣᠢᠶ᠎ᠠ᠎ᠳᠤ ᠣᠷᠣᠭ᠍ᠰᠠᠨ᠎ᠠᠴᠠ ᠨᠠᠭᠠᠰᠢ᠂ ᠬᠠᠤᠯᠢᠵᠢᠯ᠎ᠤᠨ ᠰᠡᠳᠭᠢᠬᠦᠶ᠎ᠶ᠋ᠢ ᠢᠨᠲ᠋ᠧᠷ ᠰᠦᠯᠵᠢᠶᠡᠨ᠎ᠤ ᠮᠡᠳᠡᠭᠡ ᠵᠠᠩᠭᠢ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠬᠠᠤᠯᠢ ᠶᠤᠰᠤᠭᠠᠷ ᠰᠦᠯᠵᠢᠶ᠎ᠡ᠎ᠶ᠋ᠢ ᠬᠠᠮᠢᠶᠠᠷᠬᠤ᠂ ᠬᠠᠤᠯᠢ ᠶᠤᠰᠤᠭᠠᠷ ᠰᠦᠯᠵᠢᠶ᠎ᠡ᠎ᠶ᠋ᠢ ᠡᠷᠭᠢᠯᠡᠬᠦ᠂ ᠬᠠᠤᠯᠢ ᠶᠣᠰᠣᠭᠠᠷ ᠰᠦᠯᠵᠢᠶᠡᠨ᠎ᠳᠤ ᠭᠠᠷᠬᠤ᠎ᠨᠢ ᠵᠠᠰᠠᠭ᠎ᠤᠨ ᠣᠷᠳᠣᠨ᠂ ᠠᠵᠤ ᠠᠬᠤᠢᠯᠠᠯ ᠪᠠ ᠨᠡᠢᠭᠡᠮ᠎ᠤᠨ ᠡᠯ᠎ᠡ ᠡᠲᠡᠭᠡᠳ᠎ᠤᠨ ᠬᠠᠮᠲᠤ᠎ᠶ᠋ᠢᠨ ᠲᠠᠨᠢᠯᠲᠠ ᠪᠣᠯᠪᠠ᠃ 《ᠰᠦᠯᠵᠢᠶᠡᠨ᠎ᠤ ᠠᠮᠤᠷ ᠲᠦᠪᠱᠢᠨ᠎ᠤ ᠬᠠᠤᠯᠢ》 ᠪᠠᠷ ᠭᠤᠣᠯ ᠪᠣᠯᠭᠠᠭ᠍ᠰᠠᠨ ᠰᠦᠯᠵᠢᠶᠡᠨ᠎ᠤ ᠠᠮᠤᠷ ᠲᠦᠪᠱᠢᠨ᠎ᠤ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠲᠥᠷᠥ᠎ᠶ᠋ᠢᠨ ᠪᠣᠳᠣᠯᠭ᠎ᠠ᠎ᠶ᠋ᠢᠨ ᠪᠠᠷᠢᠮᠵᠢᠶ᠎ᠠ᠎ᠶ᠋ᠢᠨ ᠱᠢᠰᠲ᠋ᠧᠮ᠎ᠢ ᠦᠨᠳᠦᠰᠦᠨ᠎ᠳᠡᠭᠡᠨ ᠪᠦᠷᠢᠯᠳᠦᠭᠦᠯᠵᠦ᠍᠂ ᠰᠦᠯᠵᠢᠶᠡᠨ᠎ᠤ ᠠᠮᠤᠷ ᠲᠦᠪᠱᠢᠨ᠎ᠤ 《ᠨᠢᠷᠤᠭᠤ ᠲᠤᠯᠭᠠᠭᠤᠷᠢ》 ᠶ᠋ᠢ ᠦᠨᠳᠦᠰᠦᠨ᠎ᠳᠡᠭᠡᠨ ᠲᠣᠭ᠍ᠲᠠᠭᠠᠪᠠ᠃
— ᠪᠠᠢᠭᠤᠯᠤᠮᠵᠢ ᠲᠣᠭ᠍ᠲᠠᠴᠠ᠎ᠶ᠋ᠢ ᠲᠣᠭ᠍ᠲᠠᠭᠠᠪᠠ᠃ 2014 ᠣᠨ᠎ᠳᠤ᠂ ᠲᠥᠪ᠎ᠤᠨ ᠰᠦᠯᠵᠢᠶᠡᠨ᠎ᠤ ᠠᠮᠤᠷ ᠲᠦᠪᠱᠢᠨ ᠪᠣᠯᠤᠨ ᠮᠡᠳᠡᠭᠡ ᠵᠠᠩᠭᠢᠵᠢᠯᠲᠠ᠎ᠶ᠋ᠢᠨ ᠤᠳᠤᠷᠢᠳᠭᠤ ᠳᠤᠭᠤᠢᠯᠠᠩ ᠪᠠᠢᠭᠤᠯᠤᠭ᠍ᠳᠠᠵᠤ᠂ ᠪᠦᠬᠦ᠌ ᠤᠯᠤᠰ᠎ᠤᠨ ᠢᠨᠲ᠋ᠧᠷ ᠰᠦᠯᠵᠢᠶᠡᠨ᠎ᠤ ᠠᠵᠢᠯ᠎ᠢ ᠲᠥᠪᠯᠡᠷᠡᠩᠭᠦᠢ ᠨᠢᠭᠡᠳᠦᠯᠲᠡᠢ ᠤᠳᠤᠷᠢᠳᠪᠠ᠃
— ᠪᠠᠢᠯᠳᠤᠬᠤ ᠪᠤᠳᠤᠯᠭ᠎ᠠ᠎ᠶ᠋ᠢ ᠲᠤᠭ᠍ᠲᠠᠭᠠᠵᠤ᠂ ᠵᠢᠷᠤᠮᠯᠠᠬᠤ ᠬᠠᠤᠯᠢ᠎ᠲᠠᠢ ᠪᠣᠯᠭᠠᠵᠠᠢ᠃ 2016 ᠣᠨ᠎ᠤ 12 ᠰᠠᠷ᠎ᠠ᠎ᠳᠤ᠂ 《ᠤᠯᠤᠰ᠎ᠤᠨ ᠰᠦᠯᠵᠢᠶᠡᠨ᠎ᠤ ᠣᠷᠣᠨ ᠵᠠᠶ᠎ᠶ᠋ᠢᠨ ᠠᠮᠤᠷ ᠲᠦᠪᠱᠢᠨ᠎ᠤ ᠪᠠᠢᠯᠳᠤᠬᠤ ᠪᠣᠳᠣᠯᠭ᠎ᠠ》 ᠶ᠋ᠢ ᠨᠡᠢᠲᠡᠯᠡᠵᠦ᠍᠂ ᠰᠦᠯᠵᠢᠶᠡᠨ᠎ᠤ ᠠᠮᠤᠷ ᠲᠦᠪᠱᠢᠨ᠎ᠤ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ᠂ ᠪᠠᠢᠯᠳᠤᠬᠤ ᠪᠣᠳᠣᠯᠭ᠎ᠠ᠎ᠶ᠋ᠢᠨ ᠵᠠᠷᠴᠢᠮ᠂ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢ ᠲᠣᠭ᠍ᠲᠠᠭᠠᠪᠠ; 2017 ᠣᠨ᠎ᠤ 6 ᠰᠠᠷ᠎ᠠ᠎ᠶ᠋ᠢᠨ 1 ᠤ ᠡᠳᠦᠷ᠎ᠠᠴᠠ ᠡᠬᠢᠯᠡᠨ᠂ 《ᠰᠦᠯᠵᠢᠶᠡᠨ᠎ᠤ ᠠᠮᠤᠷ ᠲᠦᠪᠱᠢᠨ᠎ᠤ ᠬᠠᠤᠯᠢ》 ᠶ᠋ᠢ ᠵᠢᠩᠬᠢᠨᠢ᠎ᠪᠠᠷ ᠬᠡᠷᠡᠭ᠌ᠵᠢᠭᠦᠯᠵᠦ᠍᠂ ᠮᠠᠨ᠎ᠤ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠬᠦᠷᠢᠶᠡᠨ᠎ᠳᠠᠬᠢ ᠠᠩᠬᠠᠳᠠᠭ᠍ᠴᠢ ᠰᠠᠭᠤᠷᠢ ᠴᠢᠨᠠᠷᠲᠠᠶ᠂ ᠪᠤᠷᠤ ᠲᠦᠯᠦᠪ᠎ᠤᠨ ᠴᠢᠨᠠᠷᠲᠠᠶ᠂ ᠶᠡᠷᠦᠩᠬᠡᠢᠯᠡᠭ᠌ᠰᠡᠨ ᠴᠢᠨᠠᠷᠲᠠᠶ ᠬᠠᠤᠯᠢ ᠴᠠᠭᠠᠵᠠ ᠪᠤᠯᠵᠠᠢ᠃
— ᠪᠠᠴᠢᠮ ᠪᠠᠢᠳᠠᠯ᠎ᠢ ᠠᠷᠭᠠᠴᠠᠭᠠᠬᠤ ᠴᠢᠳᠠᠪᠤᠷᠢ ᠳᠡᠭᠡᠭ᠌ᠰᠢᠯᠡᠵᠠᠢ᠃ 《ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠬᠡᠷᠡᠭ᠎ᠤᠨ ᠪᠠᠴᠢᠮ ᠪᠠᠢᠳᠠᠯ᠎ᠢ ᠠᠷᠭᠠᠴᠠᠭᠠᠬᠤ ᠲᠥᠰᠦᠯ》 ᠢ ᠨᠡᠢᠲᠡᠯᠡᠨ ᠬᠡᠷᠡᠭ᠌ᠵᠢᠭᠦᠯᠵᠦ᠍᠂ ᠰᠦᠯᠵᠢᠶᠡᠨ᠎ᠤ ᠠᠮᠤᠷ ᠲᠦᠪᠱᠢᠨ᠎ᠤ ᠪᠠᠴᠢᠮ ᠪᠠᠢᠳᠠᠯ᠎ᠢ ᠠᠷᠭᠠᠴᠠᠭᠠᠬᠤ ᠪᠠ ᠱᠢᠢᠳᠪᠦᠷᠢᠯᠡᠬᠦ᠌ ᠴᠢᠳᠠᠪᠤᠷᠢ ᠪᠦᠲᠦᠮᠵᠢᠲᠡᠶ ᠳᠡᠭᠡᠭ᠌ᠰᠢᠯᠡᠪᠡ᠃
— ᠰᠦᠯᠵᠢᠶᠡᠨ᠎ᠤ ᠠᠮᠤᠷ ᠲᠦᠪᠱᠢᠨ᠎ᠢ ᠨᠢᠭᠡᠳᠦᠯᠲᠡᠶ ᠪᠠᠷᠢᠮᠵᠢᠶ᠎ᠠ᠎ᠲᠠᠢ ᠪᠤᠯᠭᠠᠪᠠ᠃ ᠣᠳᠣᠬᠠᠠ᠎ᠳᠤ ᠪᠣᠯᠲᠠᠯ᠎ᠠ᠂ ᠬᠤᠪᠢ ᠬᠥᠮᠦᠨ᠎ᠤ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠤ ᠵᠢᠷᠤᠮᠵᠢᠯ ᠵᠡᠷᠭᠡ ᠤᠯᠤᠰ᠎ᠤᠨ ᠪᠠᠷᠢᠮᠵᠢᠶ᠎ᠠ᠎ᠶ᠋ᠢ 263 ᠵᠦᠢᠯ ᠵᠤᠷᠪᠤᠰ ᠨᠡᠢᠲᠡᠯᠡᠵᠦ᠍᠂ ᠪᠠᠰᠠ 79 ᠵᠦᠢᠯ᠎ᠢ ᠰᠤᠳᠤᠯᠤᠨ ᠲᠣᠭ᠍ᠲᠠᠭᠠᠵᠤ᠂ 39 ᠵᠦᠢᠯ᠎ᠤᠨ ᠤᠯᠤᠰ᠎ᠤᠨ ᠪᠠᠷᠢᠮᠵᠢᠶ᠎ᠠ ᠪᠤᠯᠤᠨ ᠮᠡᠷᠭᠡᠵᠢᠯ᠎ᠤᠨ ᠰᠠᠨᠠᠯ ᠲᠤᠷᠠᠲᠤᠯᠭ᠎ᠠ᠎ᠨᠢ ᠣᠯᠠᠨ ᠤᠯᠤᠰ᠎ᠤᠨ ᠪᠠᠷᠢᠮᠵᠢᠶᠠᠵᠢᠯᠲᠠ᠎ᠶ᠋ᠢᠨ ᠵᠣᠬᠢᠶᠠᠨ ᠪᠠᠢᠭᠤᠯᠤᠯᠲᠠ᠎ᠳᠤ ᠬᠡᠷᠡᠭ᠌ᠯᠡᠭ᠌ᠳᠡᠪᠡ ᠁
ᠬᠤᠪᠢ ᠬᠥᠮᠦᠨ᠎ᠤ ᠮᠡᠳᠡᠭᠡ ᠵᠠᠩᠭᠢ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠪᠠ
ᠰᠦᠯᠵᠢᠶᠡᠨ᠎ᠤ ᠠᠮᠤᠷ ᠲᠦᠪᠱᠢᠨ᠎ᠤ ᠦᠢᠯᠡᠰ ᠡᠷᠬᠡᠪᠰᠢ ᠠᠷᠠᠳ ᠲᠦᠮᠡᠨ᠎ᠢᠶᠠᠷ ᠭᠤᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠲᠤᠭᠤᠱᠢᠯᠠᠭᠤᠯᠵᠦ᠍᠂ ᠠᠷᠠᠳ ᠤᠯᠠᠨ᠎ᠢ ᠮᠡᠳᠡᠭᠡ ᠵᠠᠩᠭᠢᠵᠢᠯᠲᠠ᠎ᠶ᠋ᠢᠨ ᠬᠥᠭ᠌ᠵᠢᠯᠲᠡ᠎ᠶ᠋ᠢᠨ ᠳᠤᠮᠳᠠ ᠨᠡᠩ ᠤᠯᠠᠨ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ ᠪᠣᠯᠤᠨ ᠠᠮᠤᠷ ᠲᠦᠪᠱᠢᠨ᠎ᠤ ᠲᠦᠷᠦᠭ᠌ᠳᠡᠯ᠎ᠲᠠᠢ ᠪᠣᠯᠭᠠᠬᠤ ᠬᠡᠷᠡᠭ᠌ᠲᠡᠢ᠃
ᠣᠢᠷ᠎ᠠ᠎ᠶ᠋ᠢᠨ ᠵᠢᠯ᠎ᠤᠳ᠎ᠲᠤ᠌᠂ ᠮᠠᠨ᠎ᠤ ᠤᠯᠤᠰ᠎ᠤᠨ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠍᠂ ᠰᠦᠯᠵᠢᠶᠡᠨ᠎ᠤ ᠴᠤᠤᠷᠬᠠᠯ᠎ᠢ ᠴᠡᠭ᠌ᠴᠡᠯᠡᠨ ᠵᠠᠰᠠᠬᠤ᠂ ᠰᠦᠯᠵᠢᠶᠡᠨ᠎ᠤ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠬᠦ᠂ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ 《ᠬᠤᠪᠢ᠎ᠶ᠋ᠢᠨ ᠵᠠᠭᠤᠴᠢᠯᠠᠭᠤᠷ》 ᠢ ᠴᠡᠭ᠌ᠴᠡᠯᠡᠨ ᠵᠠᠰᠠᠬᠤ ᠵᠡᠷᠭᠡ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠵᠠᠢ᠃
2019 ᠣᠨ᠎ᠳᠤ᠂ ᠲᠦᠪ᠎ᠤᠨ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠬᠢᠵᠢᠯᠳᠠ᠎ᠶ᠋ᠢᠨ ᠵᠦᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠬᠠᠮᠲᠤᠷᠠᠨ ᠬᠥᠳᠡᠯᠦᠯᠴᠡᠵᠦ᠍᠂ ᠪᠥᠬᠦ᠌ ᠤᠯᠤᠰ᠎ᠤᠨ ᠬᠡᠪᠴᠢᠶᠡᠨ᠎ᠳᠤ APP ᠶ᠋ᠢᠨ ᠬᠠᠤᠯᠢ ᠲᠣᠭ᠍ᠲᠠᠭᠠᠯ᠎ᠠᠴᠠ ᠵᠥᠷᠢᠴᠡᠨ ᠬᠤᠪᠢ ᠬᠥᠮᠦᠨ᠎ᠤ ᠮᠡᠳᠡᠭᠡ ᠵᠠᠩᠭᠢ᠎ᠶ᠋ᠢ ᠴᠤᠭ᠍ᠯᠠᠭᠤᠯᠤᠨ ᠬᠡᠷᠡᠭ᠌ᠯᠡᠬᠦ᠌᠎ᠶ᠋ᠢ ᠲᠤᠰᠭᠠᠶ ᠵᠠᠰᠠᠬᠤ ᠠᠵᠢᠯᠯᠠᠭ᠎ᠠ ᠥᠷᠨᠢᠭᠦᠯᠪᠡ᠃
ᠨᠢᠭᠡ ᠵᠢᠯ᠎ᠤᠨ ᠲᠤᠷᠰᠢ᠂ ᠬᠡᠷᠡᠭ᠌ᠯᠡᠭ᠌ᠴᠢ ᠤᠯᠠᠠ᠂ ᠠᠮᠢᠳᠤᠷᠠᠯ᠎ᠲᠠᠢ ᠨᠢᠭ᠍ᠲᠠ ᠬᠠᠷᠢᠴᠠᠭ᠎ᠠ᠎ᠲᠠᠢ᠂ ᠠᠰᠠᠭᠤᠳᠠᠯ᠎ᠤᠨ ᠲᠤᠰᠭᠠᠯ ᠲᠥᠪᠯᠡᠷᠡᠭ᠌ᠰᠡᠨ ᠮᠢᠩᠭ᠎ᠠ ᠭᠠᠷᠤᠶ APP ᠶ᠋ᠢ ᠪᠦᠲᠦᠮᠵᠢᠲᠡᠶ ᠴᠡᠭ᠌ᠴᠡᠯᠡᠨ ᠵᠠᠰᠠᠵᠤ᠂ ᠬᠦᠨᠳᠦ ᠨᠣᠴᠢᠲᠠᠶ ᠠᠰᠠᠭᠤᠲᠠᠯ ᠤᠷᠤᠱᠢᠵᠤ ᠪᠠᠢᠭ᠍ᠰᠠᠠ 260 APP ᠲᠠᠢ ᠪᠣᠯᠵᠣᠨ ᠶᠠᠷᠢᠯᠴᠠᠵᠤ᠂ ᠢᠯᠡᠴᠢᠯᠡᠵᠦ᠍᠂ ᠲᠠᠪᠴᠠᠩ᠎ᠠᠴᠠ ᠪᠠᠭᠤᠯᠭᠠᠭ᠍ᠰᠠᠠ ᠪᠠᠢᠨ᠎ᠠ; APP ᠶ᠋ᠢᠨ ᠠᠯᠪᠠᠳᠠᠯᠭ᠎ᠠ᠎ᠪᠠᠷ ᠡᠷᠬᠡ ᠠᠪᠬᠤ᠂ ᠬᠡᠪᠴᠢᠶ᠎ᠡ᠎ᠠᠴᠠ ᠬᠡᠲᠦᠷᠡᠭᠦᠯᠦᠨ ᠴᠤᠭ᠍ᠯᠠᠭᠤᠯᠬᠤ᠂ ᠳᠠᠩᠰᠠ᠎ᠶ᠋ᠢ ᠬᠦᠴᠦᠨ ᠦᠭᠡᠢ ᠪᠣᠯᠭᠠᠬᠤ᠎ᠳᠤ ᠬᠦᠴᠢᠷ ᠪᠠᠢᠭ᠍ᠰᠠᠠ ᠵᠡᠷᠭᠡ ᠠᠰᠠᠭᠤᠳᠠᠯ ᠢᠯᠡᠳᠲᠡ ᠰᠠᠢᠵᠢᠷᠠᠵᠤ᠂ ᠪᠦᠬᠦ᠌ ᠨᠡᠢᠭᠡᠮ᠎ᠢᠶᠠᠷ᠎ᠢᠶᠠᠨ ᠬᠤᠪᠢ ᠬᠥᠮᠦᠨ᠎ᠤ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠢ ᠠᠩᠬᠠᠷᠴᠤ᠌ ᠴᠢᠬᠤᠯᠠᠴᠢᠯᠠᠬᠤ ᠠᠭᠤᠷ ᠠᠮᠢᠰᠭᠤᠯ ᠦᠨᠳᠦᠰᠦᠨ᠎ᠳᠡᠭᠡᠨ ᠪᠦᠷᠢᠯᠳᠦᠪᠡ᠃
ᠬᠠᠤᠯᠢ ᠴᠠᠭᠠᠵᠠ᠎ᠶ᠋ᠢᠨ ᠳᠠᠪᠬᠤᠷᠭ᠎ᠠ᠎ᠳᠤ᠂ ᠨᠢᠳᠤᠨᠤᠨ᠎ᠤ 11 ᠰᠠᠷ᠎ᠠ᠎ᠶ᠋ᠢᠨ 1 ᠤ ᠡᠳᠦᠷ᠂ ᠠᠷᠠᠳ᠎ᠤᠨ ᠲᠡᠭᠡᠲᠦ ᠪᠠᠢᠴᠠᠭᠠᠬᠤ ᠬᠤᠷᠢᠶ᠎ᠠ ᠪᠤᠯᠤᠨ ᠠᠷᠠᠳ᠎ᠤᠨ ᠲᠡᠭᠡᠲᠦ ᠱᠢᠭᠦᠬᠦ᠌ ᠬᠤᠷᠢᠶ᠎ᠠ᠎ᠶ᠋ᠢᠨ ᠬᠠᠤᠯᠢ ᠴᠠᠭᠠᠵᠠ᠎ᠶ᠋ᠢᠨ ᠲᠠᠢᠯᠪᠤᠷᠢᠯᠠᠯᠲᠠ᠎ᠳᠤ᠂ ᠰᠦᠯᠵᠢᠶᠡᠨ᠎ᠤ ᠲᠠᠪᠴᠠᠩ ᠮᠡᠳᠡᠭᠡ ᠵᠠᠩᠭᠢ᠎ᠶ᠋ᠢᠨ ᠰᠦᠯᠵᠢᠶᠡᠨ᠎ᠤ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠡᠭᠦᠷᠭᠡ᠎ᠪᠠᠨ ᠭᠦᠢᠴᠡᠳᠭᠡᠬᠦ᠌ ᠦᠭᠡᠢ᠂ ᠬᠡᠷᠡᠭ᠌ᠯᠡᠭ᠌ᠴᠢ᠎ᠶ᠋ᠢᠨ ᠴᠢᠮᠡᠭᠡ ᠬᠤᠯᠪᠣᠭᠠᠨ᠎ᠤ ᠠᠭᠤᠯᠭ᠎ᠠ᠎ᠶ᠋ᠢ 500 ᠵᠤᠷᠪᠤᠰ᠎ᠠᠴᠠ ᠳᠡᠭᠡᠭ᠌ᠰᠢ ᠯᠡᠪᠡᠷᠡᠭᠦᠯᠦᠭ᠌ᠰᠡᠡ ᠵᠡᠷᠭᠡ 8 ᠵᠦᠢᠯ᠎ᠤᠨ ᠪᠠᠢᠳᠠᠯ᠎ᠲᠠᠢ ᠪᠣᠯ ᠶᠠᠯ᠎ᠠ ᠬᠢᠭ᠌ᠰᠡᠡ᠎ᠳᠤ ᠲᠤᠭᠠᠴᠢᠭ᠍ᠲᠠᠵᠦ᠍ ᠡᠷᠡᠭᠦᠤ᠎ᠶ᠋ᠢᠨ ᠭᠡᠷᠡᠭ᠎ᠤᠨ ᠬᠠᠷᠢᠭᠤᠴᠠᠯᠭ᠎ᠠ ᠨᠡᠬᠡᠮᠵᠢᠯᠡᠵᠦ᠍ ᠪᠣᠯᠤᠨ᠎ᠠ ᠭᠡᠵᠡᠢ᠃
2014 ᠣᠨ᠎ᠠᠴᠠ ᠡᠬᠢᠯᠡᠨ ᠣᠯᠠᠨ ᠵᠢᠯ ᠳᠠᠷᠠᠭᠠᠯᠠᠨ ᠡᠷᠬᠢᠯᠡᠭ᠌ᠰᠡᠨ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠤᠬᠠᠭᠤᠯᠭ᠎ᠠ᠎ᠶ᠋ᠢᠨ ᠭᠠᠷᠠᠭᠲᠤ᠌᠂ ᠰᠦᠯᠵᠢᠶᠡᠨ᠎ᠤ ᠠᠮᠤᠷ ᠲᠦᠪᠱᠢᠨ᠎ᠢ ᠨᠡᠢᠭᠡᠮ ᠲᠣᠭᠤᠷᠢᠭ᠎ᠲᠤ ᠣᠷᠣᠭᠤᠯᠬᠤ᠂ ᠰᠤᠷᠭᠠᠭᠤᠯᠢ᠎ᠶ᠋ᠢᠨ ᠬᠦᠷᠢᠶᠡᠨ᠎ᠳᠤ ᠣᠷᠣᠭᠤᠯᠬᠤ᠂ ᠴᠡᠷᠢᠭ᠎ᠤᠨ ᠬᠤᠸᠠᠷᠠᠨ᠎ᠳᠤ ᠣᠷᠣᠭᠤᠯᠬᠤ ᠵᠡᠷᠭᠡ ᠠᠵᠢᠯᠯᠠᠭ᠎ᠠ ᠥᠷᠨᠢᠭᠦᠯᠬᠦ᠌᠎ᠪᠠᠷ ᠳᠠᠮᠵᠢᠭᠤᠯᠤᠨ᠂ ᠪᠦᠬᠦ᠌ ᠠᠷᠠᠳ᠎ᠤᠨ ᠰᠦᠯᠵᠢᠶᠡᠨ᠎ᠤ ᠠᠮᠤᠷ ᠲᠦᠪᠱᠢᠨ᠎ᠤ ᠦᠵᠡᠯ ᠤᠬᠠᠮᠰᠠᠷ ᠪᠠ ᠰᠡᠷᠭᠡᠢᠯᠡᠨ ᠬᠠᠮᠠᠭᠠᠯᠠᠬᠤ ᠴᠢᠳᠠᠪᠤᠷᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠵᠡᠢ᠃
ᠰᠦᠯᠵᠢᠶᠡᠨ᠎ᠤ ᠠᠮᠤᠷ ᠲᠦᠪᠱᠢᠨ᠎ᠤ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍ ᠨᠡᠩ ᠤᠯᠠᠨ ᠰᠦᠯᠵᠢᠶᠡᠨ᠎ᠤ ᠠᠮᠤᠷ ᠲᠦᠪᠱᠢᠨ᠎ᠤ ᠴᠢᠳᠠᠪᠤᠷᠢᠲᠠᠨ᠎ᠢ ᠬᠥᠮᠦᠵᠢᠭᠦᠯᠵᠡᠢ
ᠣᠢᠷ᠎ᠠ᠎ᠶ᠋ᠢᠨ ᠵᠢᠯ᠎ᠤᠳ᠎ᠲᠤ᠌᠂ ᠮᠠᠨ᠎ᠤ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠠᠵᠤ ᠦᠢᠯᠡᠰ ᠨᠢᠭᠡᠨᠲᠡ ᠦᠨᠳᠦᠷ ᠬᠤᠷᠳᠤᠴᠠ᠎ᠪᠠᠷ ᠨᠡᠮᠡᠭ᠌ᠳᠡᠬᠦ᠌ ᠪᠥᠬᠦ᠌ ᠲᠠᠯ᠎ᠠ᠎ᠶ᠋ᠢᠨ ᠬᠥᠭ᠌ᠵᠢᠯᠲᠡ᠎ᠶ᠋ᠢᠨ ᠴᠠᠭ ᠦᠶ᠎ᠡ᠎ᠳᠤ ᠣᠷᠣᠪᠠ᠃
2017 ᠣᠨ᠎ᠤ ᠰᠡᠭᠦᠯᠴᠢ᠎ᠪᠠᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ ᠪᠣᠯᠤᠨ ᠪᠡᠭᠡᠵᠢᠩ ᠬᠤᠳᠠ᠎ᠶ᠋ᠢᠨ᠎ᠬᠢᠨ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠢ ᠬᠠᠮᠲᠤ᠎ᠪᠠᠷ ᠪᠠᠢᠭᠤᠯᠬᠤ ᠵᠥᠪᠯᠡᠯᠴᠡᠭᠡᠷ ᠲᠣᠭ᠍ᠲᠠᠵᠤ᠂ ᠰᠦᠯᠵᠢᠶᠡᠨ᠎ᠤ ᠠᠮᠤᠷ ᠲᠦᠪᠱᠢᠨ᠎ᠤ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠬᠥᠱᠢᠭᠡ᠎ᠶ᠋ᠢ ᠰᠡᠬᠦᠪᠡ᠃
2019 ᠣᠨ᠎ᠤ ᠰᠡᠭᠦᠯᠴᠢ᠎ᠪᠠᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ ᠬᠤᠨᠠᠨ ᠮᠤᠵᠢ᠎ᠶ᠋ᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠎ᠳᠤ ᠬᠠᠷᠢᠭᠤ ᠵᠠᠬᠢᠲᠠᠯ ᠶᠠᠪᠤᠭᠤᠯᠵᠤ᠂ ᠬᠤᠨᠠᠨ᠎ᠤ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠠᠵᠤ ᠦᠢᠯᠡᠰ᠎ᠤᠨ ᠬᠦᠷᠢᠶᠡᠯᠡᠩ ᠲᠣᠭᠤᠷᠢᠭ ᠪᠠᠢᠭᠤᠯᠬᠤ᠎ᠶ᠋ᠢ ᠳᠠᠮᠵᠢᠭ᠍ᠰᠡᠡᠠᠴᠠ᠂ ᠪᠡᠭᠡᠵᠢᠩ᠎ᠤᠨ ᠳᠠᠷᠠᠭ᠎ᠠ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠢᠶᠠᠷ ᠵᠥᠪᠱᠢᠶᠡᠷᠡᠭ᠌ᠳᠡᠭ᠌ᠰᠡᠨ ᠬᠤᠶᠠᠳᠡᠬᠢ ᠮᠤᠵᠢ ᠬᠤᠲᠠ ᠪᠣᠯᠵᠠᠶ᠃ ᠣᠳᠣᠬᠠᠨ᠎ᠳᠤ ᠰᠦᠯᠵᠢᠶᠡᠨ᠎ᠤ ᠠᠮᠤᠷ ᠲᠦᠪᠱᠢᠨ᠎ᠤ ᠠᠵᠤ ᠦᠢᠯᠡᠰ᠎ᠤᠨ ᠬᠡᠪᠴᠢᠶ᠎ᠡ 100 ᠳ᠋ᠦᠩᠱᠢᠭᠤᠷ ᠲᠥᠭᠦᠷᠢᠭ᠎ᠢ ᠳᠠᠪᠠᠵᠤ᠂ ᠰᠠᠭᠤᠷᠢ ᠬᠠᠲᠠᠭᠤ ᠲᠣᠨᠤᠭ᠂ ᠬᠡᠷᠡᠭ᠌ᠯᠡᠭᠡᠨ᠎ᠤ ᠱᠢᠰᠲ᠋ᠧᠮ᠂ ᠬᠤᠳᠠᠯᠳᠤᠭᠠᠨ᠎ᠤ ᠨᠢᠭᠤᠴᠠ ᠨᠣᠮᠧᠷ᠂ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠤ ᠦᠢᠯᠡᠴᠢᠯᠡᠭᠡ᠂ ᠠᠵᠤ ᠦᠢᠯᠡᠳᠪᠦᠷᠢ᠎ᠶ᠋ᠢᠨ ᠢᠨᠲ᠋ᠧᠷ ᠰᠦᠯᠵᠢᠶᠡᠨ᠎ᠤ ᠠᠮᠤᠷ ᠲᠦᠪᠱᠢᠨ ᠵᠡᠷᠭᠡ ᠣᠯᠠᠨ ᠬᠦᠷᠢᠶ᠎ᠡ᠎ᠶ᠋ᠢ ᠬᠠᠮᠤᠷᠤᠭ᠍ᠰᠠᠨ ᠠᠵᠤ ᠦᠢᠯᠡᠰ᠎ᠤᠨ ᠬᠡᠯᠬᠢᠶ᠎ᠡ᠎ᠶ᠋ᠢ ᠪᠦᠷᠢᠯᠳᠦᠭᠦᠯᠵᠡᠶ᠃
ᠳᠤᠮᠳᠠᠳᠤ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠠᠵᠤ ᠦᠢᠯᠡᠰ᠎ᠤᠨ ᠬᠤᠯᠪᠣᠭ᠎ᠠ᠎ᠶ᠋ᠢᠨ ᠪᠦᠷᠢᠳᠭᠡᠭ᠌ᠰᠡᠨ ᠲᠤᠭ᠎ᠠ ᠪᠠᠷᠢᠮᠲᠠ᠎ᠳᠤ ᠬᠠᠷᠠᠭᠤᠯᠤᠬ᠍ᠰᠡᠨᠢᠶᠠᠷ᠂ 2019 ᠣᠨ᠎ᠳᠤ ᠮᠠᠨ᠎ᠤ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠠᠵᠤ ᠦᠶᠯᠡᠰ᠎ᠤᠨ ᠬᠡᠮᠵᠢᠶ᠎ᠡ ᠨᠢᠭᠡᠨᠲᠡ 480 ᠳ᠋ᠦᠩᠱᠢᠭᠤᠷ ᠲᠥᠭᠦᠷᠢᠭ᠎ᠲᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 21.52% ᠨᠡᠮᠡᠭ᠌ᠳᠡᠵᠦ᠍᠂ ᠵᠢᠱ᠌ᠢᠯᠲᠡ᠎ᠪᠠᠷ ᠢᠷᠡᠬᠦ᠌ ᠬᠡᠳᠦᠨ ᠵᠢᠯ᠎ᠳᠤ ᠠᠵᠤ ᠦᠢᠯᠡᠰ᠎ᠤᠨ ᠪᠦᠬᠦᠯᠢ ᠴᠤᠬ᠍ᠴᠠ᠎ᠶ᠋ᠢᠨ ᠵᠠᠬ᠎ᠠ ᠳᠡᠯᠭᠡᠭᠦᠷ ᠮᠥᠨ ᠬᠦ᠌ 20% ᠣᠷᠴᠢᠮ᠎ᠤᠨ ᠦᠨᠳᠦᠷ ᠬᠤᠷᠳᠤᠴᠠᠳᠦ ᠨᠡᠮᠡᠭ᠌ᠳᠡᠯ᠎ᠢ ᠪᠠᠲᠤᠯᠠᠬᠤ ᠪᠣᠯᠤᠨ᠎ᠠ᠃
ᠰᠦᠯᠵᠢᠶᠡᠨ᠎ᠤ ᠣᠷᠣᠨ ᠵᠠᠶ᠎ᠶ᠋ᠢᠨ ᠥᠷᠢᠰᠥᠯᠳᠦᠭᠡᠨ᠎ᠨᠢ ᠡᠴᠦᠰ᠎ᠤᠨ ᠡᠴᠦᠰ᠎ᠲᠡᠭᠡᠨ ᠴᠢᠳᠠᠪᠤᠷᠢᠲᠠᠨ᠎ᠤ ᠥᠷᠢᠰᠥᠯᠳᠦᠭᠡᠨ ᠪᠣᠯᠤᠨ᠎ᠠ᠃ ᠮᠠᠨ᠎ᠤ ᠤᠯᠤᠰ ᠰᠦᠯᠵᠢᠶᠡᠨ᠎ᠤ ᠠᠮᠤᠷ ᠲᠦᠪᠱᠢᠨ᠎ᠤ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠯᠠᠨ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠥᠷᠢᠰᠥᠯᠳᠦᠭᠡᠨ᠎ᠤ ᠠᠱᠢᠭ᠍ᠲᠠᠶ ᠪᠠᠢᠷᠢ᠎ᠶ᠋ᠢ ᠵᠠᠪᠳᠤᠨ ᠡᠵᠡᠯᠡᠵᠡᠢ᠃
2016 ᠣᠨ 6 ᠰᠠᠷ᠎ᠠ᠎ᠳᠤ᠂ ᠲᠦᠪ᠎ᠤᠨ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠬᠢᠵᠢᠯᠳᠠ᠎ᠶ᠋ᠢᠨ ᠵᠦᠪᠯᠡᠯ᠂ ᠰᠤᠷᠭᠠᠨ ᠬᠥᠮᠦᠵᠢᠯ᠎ᠤᠨ ᠶᠠᠮᠤᠨ ᠵᠡᠷᠭᠡ 6 ᠰᠠᠯᠠᠭ᠎ᠠ ᠮᠥᠴᠢᠷ ᠬᠠᠮᠲᠤᠷᠠᠨ 《ᠰᠦᠯᠵᠢᠶᠡᠨ᠎ᠤ ᠠᠮᠤᠷ ᠲᠦᠪᠱᠢᠨ᠎ᠤ ᠱᠢᠨᠵᠢᠯᠡᠭᠡᠨ᠎ᠤ ᠪᠠᠢᠭᠤᠯᠤᠯᠲᠠ ᠪᠠ ᠴᠢᠳᠠᠪᠤᠷᠢᠲᠠᠨ᠎ᠤ ᠬᠥᠮᠦᠵᠢᠭᠦᠯᠤᠯᠳᠠᠶ᠋ᠢ ᠴᠢᠩᠭᠠᠳᠭᠠᠬᠤ ᠲᠤᠬᠠᠶ ᠰᠠᠨᠠᠯ》 ᠢ ᠳᠠᠷᠤᠮᠠᠯᠯᠠᠨ ᠲᠠᠷᠬᠠᠭᠠᠵᠤ᠂ ᠰᠦᠯᠵᠢᠶᠡᠨ᠎ᠤ ᠠᠮᠤᠷ ᠲᠦᠪᠱᠢᠨ᠎ᠤ ᠱᠢᠨᠵᠢᠯᠡᠭᠡᠨ᠎ᠤ ᠲᠤᠰᠭᠠᠶ ᠮᠡᠷᠭᠡᠵᠢᠯ ᠪᠠ ᠳᠡᠭᠡᠳᠦ ᠰᠤᠷᠭᠠᠭᠤᠯᠢ ᠰᠠᠯᠪᠤᠷᠢ᠎ᠶ᠋ᠢᠨ ᠪᠠᠢᠭᠤᠯᠤᠯᠲᠠ᠎ᠶ᠋ᠢᠨ ᠠᠵᠢᠯ᠎ᠢ ᠦᠷᠨᠢᠬᠦᠯᠵᠦ᠍᠂ ᠰᠦᠯᠵᠢᠶᠡᠨ᠎ᠤ ᠠᠮᠤᠷ ᠲᠦᠪᠱᠢᠨ᠎ᠤ ᠴᠢᠳᠠᠪᠤᠷᠢᠲᠠᠨ᠎ᠢ ᠬᠥᠮᠦᠵᠢᠭᠦᠯᠬᠦ᠌ ᠲᠣᠭ᠍ᠲᠠᠴᠠ᠎ᠳᠤ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠪᠠ᠃ 2017 ᠣᠨ᠎ᠳᠤ᠂ ᠲᠦᠪ᠎ᠤᠨ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠬᠢᠵᠢᠯᠳᠠ᠎ᠶ᠋ᠢᠨ ᠵᠦᠪᠯᠡᠯ᠂ ᠰᠤᠷᠭᠠᠨ ᠬᠥᠮᠦᠵᠢᠯ᠎ᠤᠨ ᠶᠠᠮᠤᠨ᠎ᠠᠴᠠ ᠲᠡᠷᠢᠭᠦᠨ ᠵᠡᠷᠬᠡ᠎ᠶ᠋ᠢᠨ ᠰᠦᠯᠵᠢᠶᠡᠨ᠎ᠤ ᠠᠮᠤᠷ ᠲᠦᠪᠱᠢᠨ᠎ᠤ ᠳᠡᠭᠡᠳᠦ ᠰᠤᠷᠭᠠᠭᠤᠯᠢ᠎ᠶ᠋ᠢ ᠪᠥᠲᠥᠭᠡᠨ ᠪᠠᠢᠭᠤᠯᠬᠤ ᠵᠢᠱ᠌ᠢᠶ᠎ᠡ ᠦᠵᠡᠭᠦᠯᠬᠦ᠌ ᠲᠥᠷᠥᠯ ᠵᠦᠢᠯ᠎ᠢ ᠬᠡᠷᠡᠭ᠌ᠵᠢᠭᠦᠯᠵᠦ᠍᠂ ᠰᠢ ᠠᠨ᠎ᠤ ᠡᠯᠧᠺᠲᠷᠣᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠶᠡᠭᠡ ᠰᠤᠷᠭᠠᠭᠤᠯᠢ᠂ ᠵᠡᠭᠦᠨ ᠡᠮᠦᠨᠡᠲᠦ᠎ᠶ᠋ᠢᠨ ᠶᠡᠭᠡ ᠰᠤᠷᠭᠠᠭᠤᠯᠢ᠂ ᠪᠡᠭᠡᠵᠢᠩ᠎ᠤᠨ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠶᠡᠭᠡ ᠰᠤᠷᠭᠠᠭᠤᠯᠢ ᠵᠡᠷᠭᠡ 11 ᠳᠡᠭᠡᠳᠦ ᠰᠤᠷᠭᠠᠭᠤᠯᠢ᠎ᠶ᠋ᠢ ᠳᠦᠷᠦᠯ ᠵᠦᠢᠯ᠎ᠳᠡᠭᠡᠨ ᠰᠤᠩᠭᠤᠨ ᠤᠷᠤᠭᠤᠯᠵᠠᠢ᠃
(ᠱᠢᠨᠬᠤᠸᠠ ᠬᠤᠷᠢᠶᠠᠨ᠎ᠤ ᠪᠡᠭᠡᠵᠢᠩ᠎ᠤᠨ 9 ᠰᠠᠷ᠎ᠠ᠎ᠶ᠋ᠢᠨ 13 ᠤ ᠴᠠᠬᠢᠯᠭᠠᠨ ᠮᠡᠳᠡᠭᠡ᠎ᠠᠴᠠ)