2020 ᠤᠨ᠎ᠤ ᠤᠯᠤᠰ᠎ᠤᠨ ᠰᠦᠯᠵᠢᠶᠡᠨ᠎ᠤ ᠠᠮᠤᠷ ᠳᠦᠪᠱᠢᠨ᠎ᠤ ᠤᠬᠠᠭᠤᠯᠭ᠎ᠠ᠎ᠶ᠋ᠢᠨ ᠭᠠᠷᠠᠬ ᠡᠬᠢᠯᠡᠪᠡ
2020-09-16 16:25:47
ᠵᠣᠬᠢᠶᠠᠭ᠍ᠴᠢ᠄
ᠢᠤᠢ ᠵᠢᠶᠦ᠋ᠨ ᠵᠢᠶᠧ ᠯᠢᠦ ᠬᠤᠸᠠᠢ ᠫᠸᠢ
ᠣᠩᠱᠢᠭ᠍ᠰᠠᠨ ᠣᠳᠠᠭ᠎ᠠ᠄
★★★☆☆

2020 ᠤᠨ᠎ᠤ ᠤᠯᠤᠰ᠎ᠤᠨ ᠰᠦᠯᠵᠢᠶᠡᠨ᠎ᠤ ᠠᠮᠤᠷ ᠳᠦᠪᠱᠢᠨ᠎ᠤ ᠤᠬᠠᠭᠤᠯᠭ᠎ᠠ᠎ᠶ᠋ᠢᠨ ᠭᠠᠷᠠᠬ᠎ᠤᠨ ᠠᠵᠢᠯᠯᠠᠭ᠎ᠠ 14 ᠎ᠤ ᠡᠳᠦᠷ ᠡᠬᠢᠯᠡᠵᠦ᠍᠂ ᠪᠦᠬᠦ᠌ ᠤᠯᠤᠰ᠎ᠤᠨ ᠬᠡᠪᠴᠢᠶᠠᠨ᠎ᠳᠤ 20 ᠎ᠤ ᠡᠳᠦᠷ ᠪᠤᠯᠳᠠᠯ᠎ᠠ ᠶᠠᠪᠤᠬ᠍ᠳᠠᠵᠦ᠍᠂ ᠰᠦᠯᠵᠢᠶᠡᠨ᠎ᠳᠠᠬᠢ ᠤᠬᠠᠭᠤᠯᠭ᠎ᠠ᠎ᠪᠠᠷ ᠭᠤᠤᠯᠳᠠᠯᠭ᠎ᠠ ᠪᠤᠯᠭᠠᠵᠦ᠍᠂ ᠰᠦᠯᠵᠢᠶᠡᠨ᠎ᠳᠠᠬᠢ ᠪᠡ ᠰᠦᠯᠵᠢᠶᠡᠨ᠎ᠤ ᠭᠠᠳᠠᠨᠡᠬᠢ᠎ᠶ᠋ᠢ ᠤᠶᠠᠯᠳᠤᠭᠤᠯᠵᠦ᠍᠂ ᠡᠬᠦᠯᠡᠨ ᠦᠵᠡᠬᠦᠯᠬᠡ᠂ ᠬᠡᠢᠰᠪᠤᠷᠢ ᠬᠢᠴᠢᠶᠡᠯ᠎ᠤᠨ ᠳᠠᠩᠬᠢᠮ᠂ ᠰᠦᠯᠵᠢᠶᠡᠨ᠎ᠳᠠᠬᠢ ᠠᠰᠠᠭᠤᠯᠳᠠ ᠬᠠᠷᠢᠭᠤᠯᠳᠡ᠂ ᠰᠦᠯᠵᠢᠶᠡᠨ᠎ᠳᠠᠬᠢ ᠱᠢᠭᠤᠳ ᠨᠡᠪᠳᠡᠷᠡᠬᠦᠯᠬᠡ᠎ᠶ᠋ᠢᠨ ᠳᠠᠰᠤᠬ ᠵᠡᠷᠬᠡ ᠤᠯᠠᠨ ᠬᠡᠯᠪᠡᠷᠢ ᠶᠠᠩᠵᠦ᠎ᠪᠠᠷ ᠳᠠᠮᠵᠢᠭᠤᠯᠤᠨ᠂ ᠠᠵᠦ᠍ ᠠᠬᠤᠢ᠍ᠢᠯᠡᠯ᠂ ᠨᠡᠢᠭᠡᠮ᠎ᠤᠨ ᠵᠤᠬᠢᠶᠠᠨ ᠪᠠᠢᠭᠤᠯᠤᠯᠳᠠ᠂ ᠤᠯᠠᠨ ᠳᠦᠮᠡᠨ᠎ᠢ ᠳᠠᠢᠴᠢᠯᠠᠨ ᠦᠷᠬᠡᠨ ᠬᠡᠪᠴᠢᠶ᠎ᠠ᠎ᠲᠠᠢ᠎ᠪᠠᠷ ᠤᠷᠤᠯᠴᠠᠭᠤᠯᠬᠤ ᠪᠤᠯᠤᠨ᠎ᠠ᠃

ᠤᠢ᠍ᠢᠯᠠᠭᠠᠬ᠍ᠰᠠᠨ᠎ᠢᠶᠠᠷ᠂ ᠤᠯᠤᠰ᠎ᠤᠨ ᠰᠦᠯᠵᠢᠶᠡᠨ᠎ᠤ ᠠᠮᠤᠷ ᠳᠦᠪᠱᠢᠨ᠎ᠤ ᠤᠬᠠᠭᠤᠯᠭ᠎ᠠ᠎ᠶ᠋ᠢᠨ ᠭᠠᠷᠠᠬ᠎ᠤᠨ ᠠᠵᠢᠯᠯᠠᠭ᠎ᠠ᠎ᠶ᠋ᠢ 2014 ᠤᠨ᠎ᠠᠴᠠ ᠡᠬᠢᠯᠡᠨ ᠵᠢᠯ ᠪᠦᠷᠢ ᠨᠢᠬᠡ ᠬᠤᠭᠤᠴᠠᠭ᠎ᠠ ᠶᠠᠪᠤᠬ᠍ᠳᠠᠭᠤᠯᠵᠦ᠍ ᠪᠤᠢ᠂ ᠡᠨᠡ ᠵᠢᠯ᠎ᠳᠤ 《ᠠᠷᠠᠳ ᠲᠦᠮᠡᠨ᠎ᠤ ᠲᠦᠯᠦᠭᠡ ᠰᠦᠯᠵᠢᠶᠡᠨ᠎ᠤ ᠠᠮᠤᠷ ᠲᠦᠪᠱᠢᠨ᠎ᠢ ᠪᠠᠲᠤᠯᠠᠵᠤ᠂ ᠰᠦᠯᠵᠢᠶᠡᠨ᠎ᠤ ᠠᠮᠤᠷ ᠲᠦᠪᠱᠢᠨ᠎ᠢ ᠪᠠᠲᠤᠯᠠᠬᠤ᠎ᠳᠤ ᠠᠷᠠᠳ ᠲᠦᠮᠡᠨ᠎ᠳᠤ ᠲᠦᠱᠢᠭ᠌ᠯᠡᠨ᠎ᠡ》 ᠬᠡᠳᠡᠭ᠎ᠢᠶᠠᠷ ᠭᠤᠤᠯ ᠰᠠᠳᠦᠪ ᠪᠤᠯᠭᠠᠵᠤ᠂ ᠲᠦᠷᠦᠬᠦᠴᠤᠳ᠎ᠤᠨ ᠶᠠᠷᠢᠶᠠᠨ᠎ᠤ ᠳᠠᠪᠴᠠᠩ᠂ ᠳᠤᠭᠠᠴᠢᠯᠠᠬ᠍ᠰᠠᠨ ᠦᠵᠡᠰᠭᠦᠯᠡᠩ᠎ᠤᠨ ᠴᠤᠬ᠍ᠯᠠᠭᠠᠨ᠂ 《ᠰᠦᠯᠵᠢᠶ᠎ᠠ᠎ᠶ᠋ᠢ ᠴᠢᠩᠭᠠᠳᠭᠠᠬᠤ ᠬᠤᠨᠳᠠᠭᠠᠳᠤ》 ᠰᠦᠯᠵᠢᠶᠡᠨ᠎ᠤ ᠠᠮᠤᠷ ᠳᠦᠪᠱᠢᠨ᠎ᠤ ᠦᠷᠢᠰᠦᠯᠳᠦᠭᠡᠨᠲᠦ ᠤᠷᠤᠯᠳᠤᠭᠠᠨ ᠵᠡᠷᠬᠡ᠎ᠶ᠋ᠢ ᠪᠠᠭ᠍ᠳᠠᠭᠠᠬ᠍ᠰᠠᠨ ᠭᠤᠤᠯ ᠠᠵᠢᠯᠯᠠᠭ᠎ᠠ᠎ᠨᠤᠭᠤᠳ᠎ᠢ ᠶᠠᠪᠤᠭ᠍ᠲᠠᠭᠤᠯᠤᠨ᠎ᠠ᠂ ᠠᠵᠢᠯᠯᠠᠭᠠᠨ᠎ᠤ ᠬᠤᠭᠤᠴᠠᠭᠠᠨ᠎ᠳᠤ ᠪᠠᠰᠠ ᠴᠠᠬᠢᠯᠭᠠᠨ ᠴᠢᠮᠡᠭᠡ ᠬᠤᠯᠪᠤᠭ᠎ᠠ᠎ᠶ᠋ᠢᠨ ᠡᠳᠦᠷ᠂ ᠬᠠᠤᠯᠢᠵᠢᠯ᠎ᠤᠨ ᠡᠳᠦᠷ ᠵᠡᠷᠬᠡ ᠱᠢᠷᠢᠰ ᠭᠤᠤᠯ ᠰᠡᠳᠦᠪᠳᠦ ᠡᠳᠦᠷ᠎ᠤᠨ ᠠᠵᠢᠯᠯᠠᠭ᠎ᠠ ᠶᠠᠪᠤᠭᠤᠯᠤᠨ᠎ᠠ᠃

ᠡᠬᠦᠨ᠎ᠠᠴᠠ ᠭᠠᠳᠠᠨ᠎ᠠ᠂ ᠰᠦᠯᠵᠢᠶᠡᠨ᠎ᠤ ᠠᠮᠤᠷ ᠳᠦᠪᠱᠢᠨ᠎ᠢ ᠠᠵᠦ᠍ ᠠᠬᠤᠢ᠍ᠢᠯᠡᠯ᠎ᠳᠤ ᠤᠷᠤᠭᠤᠯᠬᠤ᠂ ᠰᠤᠷᠭᠠᠭᠤᠯᠢ᠎ᠶ᠋ᠢᠨ ᠬᠦᠷᠢᠶᠡᠨ᠎ᠳᠤ ᠤᠷᠤᠭᠤᠯᠬᠤ᠂ ᠨᠡᠢᠭᠡᠮ ᠳᠤᠭᠤᠷᠢᠬ᠎ᠲᠤ ᠤᠷᠤᠭᠤᠯᠬᠤ᠂ ᠬᠦᠳᠡᠭᠡ ᠳᠤᠰᠭᠤᠨ᠎ᠳᠤ ᠤᠷᠤᠭᠤᠯᠬᠤ ᠵᠡᠷᠬᠡ ᠤᠬᠠᠭᠤᠯᠤᠨ ᠳᠦᠬᠡᠮᠡᠯᠵᠢᠬᠦᠯᠬᠦ᠌ ᠠᠵᠢᠯᠯᠠᠭ᠎ᠠ᠎ᠶ᠋ᠢ ᠵᠤᠬᠢᠶᠠᠨ ᠪᠠᠢᠭᠤᠯᠤᠨ ᠦᠷᠨᠢᠬᠦᠯᠵᠦ᠍᠂ ᠠᠷᠡᠳ ᠤᠯᠠᠨ᠎ᠤ ᠤᠢ᠍ᠢᠯᠠᠭᠠᠵᠦ᠍ ᠮᠡᠳᠡᠬᠦ᠂ ᠦᠵᠡᠵᠦ᠍ ᠰᠤᠨᠢᠷᠬᠠᠬᠤ ᠳᠤᠷᠠᠳᠠᠢ ᠠᠷᠭ᠎ᠠ ᠬᠡᠯᠪᠡᠷᠢ᠎ᠪᠠᠷ ᠰᠦᠯᠵᠢᠶᠡᠨ᠎ᠤ ᠠᠮᠤᠷ ᠳᠦᠪᠱᠢᠨ᠎ᠤ ᠮᠡᠳᠡᠯᠬᠡ ᠪᠤᠯᠤᠨ ᠰᠡᠷᠬᠡᠢᠯᠡᠨ ᠬᠠᠮᠠᠭᠠᠯᠠᠬᠤ ᠮᠡᠳᠡᠯᠭᠡ ᠮᠡᠷᠭᠡᠵᠢᠯ᠎ᠢ ᠤᠬᠠᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号