-- ᠮᠠᠨᠢ ᠣᠷᠣᠨ᠎ᠤ ᠰᠠᠭᠤᠭᠠᠯᠢ ᠠᠷᠠᠳ᠎ᠤᠨ ᠠᠵᠢᠯ ᠣᠯᠭᠤᠯᠲᠠ᠎ᠶ᠋ᠢ ᠬᠦᠴᠦᠯᠡᠨ ᠪᠠᠲᠤᠯᠠᠵᠤ ᠪᠠᠢᠬᠤ ᠲᠣᠬᠠᠢ ᠬᠦᠤᠷᠨᠢᠯ ᠱᠢᠭᠦᠮᠵᠢ
ᠠᠵᠢᠯ ᠣᠯᠭᠤᠯᠲᠠ ᠪᠤᠯ ᠬᠠᠮᠤᠭ᠎ᠤᠨ ᠶᠡᠭᠡ ᠠᠷᠠᠳ᠎ᠤᠨ ᠰᠡᠳᠭᠢᠯ᠎ᠤᠨ ᠢᠨᠵᠧᠨᠧᠷᠢᠩ ᠪᠤᠯᠬᠤ᠎ᠪᠠᠷ ᠪᠠᠷᠠᠬᠤ ᠦᠬᠡᠢ ᠮᠦᠨ ᠴᠦ᠍ ᠬᠠᠮᠤᠭ᠎ᠤᠨ ᠶᠡᠭᠡ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠠᠢᠵᠤ᠂ 《ᠵᠢᠷᠭᠤᠭ᠎ᠠ᠎ᠶ᠋ᠢ ᠲᠤᠭ᠍ᠳᠠᠪᠤᠷᠢᠵᠢᠭᠤᠯᠬᠤ》 ᠠᠵᠢᠯ ᠪᠤᠯᠤᠨ 《ᠵᠢᠷᠭᠤᠭ᠎ᠠ᠎ᠶ᠋ᠢ ᠪᠠᠳᠤᠯᠠᠬᠤ》 ᠡᠬᠦᠷᠬᠡ᠎ᠶ᠋ᠢᠨ ᠲᠠᠷᠢᠬᠦᠨ ᠴᠢᠬᠤᠯᠠ ᠶᠠᠪᠤᠳᠠᠯ ᠪᠤᠯᠬᠤ ᠶᠤᠮ᠃ ᠠᠵᠢᠯ ᠤᠯᠭᠤᠯᠳᠠ᠎ᠶ᠋ᠢ ᠲᠤᠭ᠍ᠳᠠᠪᠤᠷᠢᠵᠢᠭᠤᠯᠬᠤ᠎ᠨᠢ ᠬᠦᠮᠤᠰ᠎ᠤᠨ ᠠᠵᠤ ᠠᠮᠢᠳᠤᠷᠠᠯ ᠪᠠ ᠬᠦᠭ᠌ᠵᠢᠯᠳᠠ᠎ᠲᠠᠢ ᠨᠢᠬ᠍ᠳᠠ ᠬᠤᠯᠪᠤᠭ᠍ᠳᠠᠵᠤ ᠪᠠᠢᠳᠠᠭ᠃
ᠱᠢᠨ᠎ᠠ ᠲᠢᠳᠢᠮᠯᠢᠭ ᠠᠭᠤᠰᠭᠢᠨ ᠦᠷᠪᠢᠰᠤᠯ᠎ᠤᠨ ᠬᠢᠵᠢᠭ᠎ᠤᠨ ᠪᠠᠢᠳᠠᠯ᠎ᠤᠨ ᠡᠮᠤᠨ᠎ᠠ᠂ ᠮᠠᠨ᠎ᠤ ᠤᠷᠤᠨ ᠨᠠᠮ᠎ᠤᠨ ᠲᠦᠪ ᠬᠤᠷᠢᠶᠠᠨ᠎ᠤ ᠪᠠᠢᠷᠢᠯᠠᠭᠤᠯᠤᠯᠳᠠ ᠱᠠᠭᠠᠷᠳᠠᠯᠭ᠎ᠠ᠎ᠶ᠋ᠢ ᠲᠤᠭᠤᠱᠢᠳᠠᠢ ᠨᠠᠢᠳᠠᠪᠤᠷᠢᠵᠢᠭᠤᠯᠵᠤ᠂ ᠠᠷᠠᠳ ᠲᠦᠮᠡᠨ᠎ᠢᠶᠠᠷ ᠭᠤᠤᠯ ᠪᠤᠯᠭᠠᠬᠤ ᠬᠦᠭ᠌ᠵᠢᠯᠳᠠ᠎ᠶ᠋ᠢᠨ ᠦᠵᠡᠯᠳᠠ᠎ᠶ᠋ᠢ ᠪᠠᠷᠢᠮᠳᠠᠯᠠᠨ ᠬᠦᠴᠢᠷ᠎ᠢ ᠲᠤᠭᠤᠯᠤᠨ ᠪᠡᠷᠭᠡ᠎ᠶ᠋ᠢ ᠲᠠᠪᠠᠵᠤ᠂ ᠠᠵᠢᠯ ᠦᠢᠯᠡᠳᠪᠤᠷᠢᠯᠡᠯ᠎ᠢᠶᠠᠨ ᠰᠡᠷᠬᠦᠭᠡᠬᠦ᠌ ᠪᠦᠳᠤᠮᠵᠢᠳᠠᠢ ᠠᠷᠭ᠎ᠠ ᠪᠤᠳᠤᠯᠭ᠎ᠠ᠎ᠨᠤᠭᠤᠳ᠎ᠢ ᠲᠤᠭ᠍ᠳᠠᠭᠠᠨ ᠬᠡᠷᠡᠭ᠌ᠵᠢᠬᠦᠯᠵᠤ᠂ ᠠᠷᠭ᠎ᠠ ᠪᠦᠬᠦᠨ᠎ᠢ ᠰᠦᠪᠡᠭ᠌ᠴᠢᠯᠡᠵᠤ ᠠᠵᠢᠯ ᠤᠯᠭᠤᠯᠳᠠ᠎ᠶ᠋ᠢ ᠪᠠᠳᠤᠯᠠᠨ ᠠᠷᠠᠳ ᠤᠯᠠᠨ᠎ᠳᠤ ᠨᠠᠷᠠᠯᠠᠭ ᠠᠮᠢᠳᠤᠷᠠᠯ᠎ᠢ ᠡᠳ᠋ᠯᠡᠬᠦᠯᠤᠯᠠ᠃ ᠪᠦᠷᠢᠳᠭᠡᠯ᠎ᠢ ᠦᠨᠳᠦᠰᠦᠯᠡᠪᠡᠯ᠂ 6 ᠰᠠᠷ᠎ᠠ᠎ᠶ᠋ᠢᠨ ᠰᠡᠬᠦᠯᠴᠢ ᠪᠤᠯᠳᠠᠯ᠎ᠠ ᠪᠦᠬᠦ᠌ ᠤᠷᠤᠨ᠎ᠢᠶᠠᠷ᠎ᠢᠶᠠᠨ ᠬᠤᠲᠠ ᠪᠠᠯᠭᠠᠰᠤ᠎ᠶ᠋ᠢᠨ 10.98 ᠲᠦᠮᠡᠨ ᠬᠥᠮᠦᠨ᠎ᠳᠤ ᠱᠢᠨ᠎ᠡ᠎ᠪᠠᠷ ᠠᠵᠢᠯ ᠣᠯᠭᠤᠵᠤ᠂ ᠵᠢᠯ᠎ᠤᠨ ᠡᠭᠦᠷᠭᠡ᠎ᠶ᠋ᠢᠨ᠎ᠢᠶᠠᠨ 49.9% ᠶ᠋ᠢ ᠪᠠᠶᠡᠯᠡᠬᠦᠯᠵᠤ᠂ ᠠᠵᠢᠯ ᠤᠯᠭᠤᠯᠳᠠ᠎ᠶ᠋ᠢᠨ ᠲᠤᠬ᠍ᠳᠠᠭᠤᠨ ᠬᠠᠨᠳᠤᠰᠢ᠎ᠶ᠋ᠢ ᠪᠠᠳᠤᠯᠠᠭ᠍ᠰᠠᠨ ᠪᠠᠢᠨ᠎ᠠ᠃
ᠠᠵᠤ ᠠᠬᠤᠢ᠍ᠢᠯᠠᠯ᠎ᠢ ᠲᠤᠰᠠᠯᠠᠵᠤ ᠠᠵᠢᠯ᠎ᠤᠨ ᠪᠠᠢᠷᠢ᠎ᠶ᠋ᠢ ᠲᠤᠭ᠍ᠳᠠᠪᠤᠷᠢᠵᠢᠭᠤᠯᠪᠠ
ᠴᠠᠭᠠᠨ ᠰᠠᠷ᠎ᠠ ᠦᠡᠭ᠌ᠭᠡᠷᠡᠮᠡᠭ᠌ᠴᠡ ᠪᠠᠷᠢᠯᠭ᠎ᠠ᠎ᠶ᠋ᠢᠨ ᠠᠵᠢᠯ᠎ᠤᠨ ᠶᠠᠭᠠᠷᠠᠤ ᠴᠠᠭ᠎ᠲᠠᠭᠠᠨ ᠤᠷᠤᠳᠠᠭ ᠦᠪᠦᠷ ᠮᠤᠩᠭᠤᠯ᠎ᠤᠨ ᠨᠢᠭᠡᠳᠦᠭᠡᠷ ᠴᠠᠬᠢᠯᠭᠠᠨ ᠬᠦᠴᠦᠨ᠎ᠤ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠤᠨ ᠬᠢᠵᠠᠭᠠᠷᠲᠤ ᠺᠤᠮᠫᠠᠨᠢ ᠡᠨᠡ ᠵᠢᠯ ᠨᠢᠬᠦᠯᠳᠤ ᠬᠢᠵᠢᠭ᠎ᠤᠨ ᠤᠷᠱᠢᠭ᠎ᠢᠶᠠᠷ ᠠᠷᠭ᠎ᠠ ᠪᠤᠰᠤ ᠪᠠᠷᠢᠯᠭ᠎ᠠ᠎ᠶ᠋ᠢᠨ ᠠᠵᠢᠯ᠎ᠤᠳ᠎ᠢᠶᠠᠨ ᠬᠤᠢᠱᠢᠯᠠᠭᠤᠯᠵᠠᠢ᠃ ᠡᠬᠦᠨ᠎ᠠᠴᠠ ᠪᠤᠯᠵᠤ ᠺᠤᠮᠫᠠᠨᠢ᠎ᠶ᠋ᠢᠨ ᠦᠢᠯᠡᠳᠪᠦᠷᠢᠯᠡᠯ᠎ᠤᠨ ᠦᠷᠲᠡᠭ ᠪᠠᠭᠤᠷᠠᠵᠤ᠂ ᠡᠵᠡᠩᠨᠡᠯᠲᠡ᠎ᠶ᠋ᠢᠨ ᠳᠠᠷᠤᠭᠠᠰᠤ᠎ᠨᠢ ᠬᠦᠨᠳᠤᠷᠡᠭ᠌ᠰᠡᠨ ᠠᠵᠢ᠃
713.63 ᠲᠦᠮᠡᠨ ᠲᠦᠭᠦᠷᠢᠭ᠎ᠤᠨ ᠪᠡᠯᠡ ᠮᠦᠡᠭ᠌ᠭᠦ ᠲᠤᠰ ᠺᠤᠮᠫᠠᠨᠢ᠎ᠳᠤ ᠢᠳᠡᠭᠡᠯ ᠵᠤᠷᠢᠭ᠂ ᠭᠡᠷᠡᠯ ᠭᠡᠭᠡ ᠤᠯᠭᠤᠯ᠎ᠠ᠃ 5 ᠰᠠᠷ᠎ᠠ᠎ᠶ᠋ᠢᠨ 8 ᠤ ᠡᠳᠦᠷ᠂ ᠪᠤᠭᠤᠲᠤ ᠬᠤᠲᠠ᠎ᠶ᠋ᠢᠨ ᠠᠵᠢᠯ ᠠᠯᠳᠠᠭ᠍ᠰᠠᠳ᠎ᠤᠨ ᠳᠠᠭᠠᠳᠭᠠᠯ᠎ᠤᠨ ᠲᠦᠪ᠎ᠠᠴᠠ ᠲᠤᠰ ᠺᠤᠮᠫᠠᠨᠢ᠎ᠳᠤ ᠠᠵᠤ ᠠᠬᠤᠢ᠍ᠢᠯᠠᠯ᠎ᠢ ᠲᠤᠰᠠᠯᠠᠵᠤ ᠠᠵᠢᠯ᠎ᠤᠨ ᠪᠠᠢᠷᠢ᠎ᠶ᠋ᠢ ᠲᠤᠭ᠍ᠲᠠᠪᠤᠷᠢᠵᠢᠭᠤᠯᠬᠤ ᠪᠡᠯᠡ ᠮᠦᠡᠭ᠌ᠭᠦ ᠪᠠᠭᠤᠯᠭᠠᠪᠠ᠃
《713 ᠲᠦᠮᠡ ᠭᠠᠷᠤᠢ ᠲᠦᠭᠦᠷᠢᠭ᠎ᠤᠨ ᠪᠡᠯᠡ ᠮᠦᠡᠭ᠌ᠭᠦ ᠺᠤᠮᠫᠠᠨᠢ᠎ᠶ᠋ᠢᠨ ᠳᠠᠷᠤᠭᠠᠰᠤ᠎ᠶ᠋ᠢ ᠬᠦᠡᠭ᠌ᠭᠡᠯᠡᠵᠤ᠂ ᠪᠢᠳᠡᠨ᠎ᠤ ᠬᠦᠴᠢᠷ᠎ᠢ ᠲᠠᠪᠠᠵᠤ ᠪᠡᠷᠭᠡ᠎ᠶ᠋ᠢ ᠲᠤᠭᠤᠯᠬᠤ ᠢᠲᠡᠭᠡᠯ ᠵᠤᠷᠢᠭ᠎ᠢ ᠬᠦᠪᠴᠢᠯᠡᠭ᠌ᠰᠡᠨ》 ᠭᠡᠵᠤ ᠺᠤᠮᠫᠠᠨᠢ᠎ᠶ᠋ᠢᠨ ᠶᠡᠷᠦᠩᠬᠡᠢ ᠳᠠᠭᠠᠭᠠᠮᠠᠯ ᠵᠠᠩ ᠶᠦᠡᠭ ᡁᠢ ᠶᠠᠷᠢᠨ᠎ᠠ᠃
ᠠᠵᠤ ᠠᠬᠤᠢᠯᠠᠯ ᠪᠣᠯ ᠠᠵᠢᠯ ᠣᠯᠭᠤᠯᠲᠠ᠎ᠶ᠋ᠢ ᠳᠠᠢᠴᠢᠯᠠᠬᠤ ᠭᠤᠣᠯ ᠬᠦᠴᠦᠨ᠂ ᠠᠵᠤ ᠠᠬᠤᠢᠯᠠᠯ᠎ᠢ ᠲᠤᠰᠠᠯᠠᠬᠤ ᠪᠤᠯ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠬᠤ ᠤᠷᠢᠳᠠᠯ ᠶᠤᠮᠰᠠᠨ᠃ ᠠᠵᠤ ᠠᠬᠤᠢ᠍ᠢᠯᠠᠯ᠎ᠢ ᠲᠤᠰᠠᠯᠠᠵᠤ ᠠᠵᠢᠯ ᠦᠶᠯᠡᠳᠪᠦᠷᠢᠯᠡᠯ᠎ᠢᠶᠠᠨ ᠰᠡᠷᠬᠦᠭᠡᠬᠦ᠌᠎ᠶ᠋ᠢ ᠠᠬᠢᠭᠤᠯᠬᠤ᠎ᠨᠢ ᠲᠠᠷᠤᠢ ᠠᠵᠢᠯ ᠤᠯᠭᠤᠯᠲᠠ᠎ᠶ᠋ᠢ ᠪᠠᠲᠤᠯᠠᠵᠤ ᠠᠵᠤ ᠠᠬᠤᠶ᠎ᠶ᠋ᠢᠨ ᠡᠷᠡᠭᠦᠯ ᠲᠤᠭ᠍ᠳᠠᠭᠤᠨ ᠬᠦᠭ᠌ᠵᠢᠯᠳᠡ᠎ᠶ᠋ᠢ ᠪᠠᠲᠤᠯᠠᠵᠤ ᠪᠠᠢᠭ᠎ᠠ ᠶᠠᠪᠤᠳᠠᠯ ᠪᠤᠯᠤᠨ᠎ᠠ᠃ ᠬᠦᠨᠳᠤ ᠭᠡᠴᠡᠭᠦᠤ ᠬᠢᠵᠢᠭ᠎ᠤᠨ ᠲᠠᠭᠠᠷᠢᠯᠳᠠ᠎ᠳᠤ ᠮᠠᠰᠢ ᠣᠯᠠᠨ ᠠᠵᠤ ᠠᠬᠤᠢᠯᠠᠯ᠎ᠤᠨ ᠠᠵᠢᠯ ᠦᠢᠯᠡᠳᠪᠤᠷᠢᠯᠡᠯ ᠵᠤᠭ᠍ᠰᠤᠩᠭᠤᠢ᠍ᠢᠷᠠᠵᠤ᠂ ᠪᠡᠯᠡ ᠮᠥᠩᠭᠦ᠌ ᠬᠤᠮᠰᠠᠳᠠᠨ ᠡᠵᠡᠩᠨᠡᠯᠲᠠ᠎ᠨᠢ ᠬᠦᠴᠢᠷᠳᠡᠯ᠎ᠳᠤ ᠤᠴᠠᠷᠠᠵᠠᠢ᠃ ᠡᠳᠡᠭᠡᠷ ᠪᠠᠢᠳᠠᠯ᠎ᠳᠤ ᠬᠠᠨᠳᠤᠭᠤᠯᠤᠨ ᠮᠠᠨ᠎ᠤ ᠤᠷᠤᠨ ᠬᠢᠵᠢᠭ᠎ᠤᠨ ᠪᠠᠢᠳᠠᠯ᠎ᠢ ᠰᠡᠷᠬᠡᠢᠯᠡᠨ ᠡᠵᠡᠮᠳᠡᠬᠦ᠌᠎ᠳᠤ ᠪᠠᠳᠤᠯᠭ᠎ᠠ ᠬᠠᠩᠭᠠᠬᠤ ᠭᠤᠤᠯᠳᠠᠯᠭ᠎ᠠ᠎ᠲᠠᠢ ᠠᠵᠦ᠍ ᠠᠬᠤᠢ᠍ᠢᠯᠠᠯ ᠪᠤᠯᠤᠨ ᠬᠦᠴᠢᠷᠳᠡᠯ᠎ᠳᠤ ᠲᠤᠯᠭᠠᠷᠠᠭ᠍ᠰᠠᠨ ᠲᠤᠮᠳᠠ ᠪᠠᠭ᠎ᠠ ᠵᠢᠵᠢᠭ ᠠᠵᠦ᠍ ᠠᠬᠤᠢ᠍ᠢᠯᠠᠯ᠎ᠢ ᠲᠡᠮᠵᠢᠬᠦ᠌ 15 ᠵᠤᠷᠪᠤᠰ ᠲᠦᠷᠦ᠎ᠶ᠋ᠢᠨ ᠪᠤᠳᠤᠯᠭ᠎ᠠ ᠠᠷᠭ᠎ᠠ ᠬᠡᠮᠵᠢᠶ᠎ᠠ ᠵᠡᠷᠬᠡ᠎ᠶ᠋ᠢ ᠲᠤᠭ᠍ᠳᠠᠭᠠᠨ ᠬᠡᠷᠡᠭ᠌ᠵᠢᠬᠦᠯᠵᠦ᠍᠂ ᠬᠢᠵᠢᠭ᠎ᠤᠨ ᠬᠤᠭᠤᠴᠠᠭᠠᠨ᠎ᠳᠤ ᠳᠤᠮᠳᠠ ᠪᠠᠭ᠎ᠠ ᠵᠢᠵᠢᠭ ᠠᠵᠦ᠍ ᠠᠬᠤᠢ᠍ᠢᠯᠠᠯ᠎ᠤᠨ ᠭᠡᠷ ᠪᠠᠢᠱᠢᠩ᠎ᠤᠨ ᠦᠮᠴᠢᠯᠡᠯ᠎ᠤᠨ ᠡᠷᠬᠡ᠎ᠶ᠋ᠢᠨ ᠭᠠᠢᠯᠢ ᠪᠠ ᠬᠤᠳᠠ ᠪᠠᠯᠭᠠᠰᠤᠨ᠎ᠤ ᠭᠠᠵᠠᠷ ᠱᠢᠷᠤᠢ ᠬᠡᠷᠡᠭ᠌ᠯᠡᠬᠦ᠌ ᠭᠠᠢᠯᠢ᠎ᠶ᠋ᠢ ᠬᠠᠰᠤᠨ ᠬᠡᠯᠳᠦᠷᠢᠬᠦᠯᠪᠠ᠃ ᠠᠵᠤ ᠠᠬᠤᠢ᠍ᠢᠯᠠᠯ᠎ᠠᠴᠠ ᠲᠤᠱᠢᠶᠠᠳᠠᠭ ᠨᠠᠰᠤᠵᠢᠯ᠎ᠤᠨ ᠳᠠᠭᠠᠳᠭᠠᠯ᠂ ᠠᠵᠢᠯ᠎ᠠᠴᠠ ᠪᠤᠯᠤᠭ᠍ᠰᠠᠨ ᠬᠡᠮᠲᠤᠯ᠎ᠤᠨ ᠳᠠᠭᠠᠳᠭᠠᠯ ᠪᠠ ᠠᠵᠢᠯ ᠠᠯᠳᠠᠭ᠍ᠰᠠᠳ᠎ᠤᠨ ᠳᠠᠭᠠᠳᠭᠠᠯ ᠵᠡᠷᠭᠡ ᠭᠤᠷᠪᠠᠨ ᠵᠦᠢᠯ᠎ᠤᠨ ᠨᠡᠢᠭᠡᠮ᠎ᠤᠨ ᠳᠠᠭᠠᠳᠭᠠᠯ᠎ᠤᠨ ᠰᠦᠢᠳᠭᠡᠯ᠎ᠳᠤ 《ᠬᠡᠯᠳᠦᠷᠢᠭᠦᠯᠬᠦ᠂ ᠬᠠᠰᠤᠬᠤ᠂ ᠡᠭᠡᠭᠦᠯᠦᠨ ᠪᠤᠴᠠᠭᠠᠬᠤ᠂ ᠬᠤᠢᠱᠢᠯᠠᠭᠤᠯᠤᠨ ᠲᠤᠱᠢᠶᠠᠬᠤ》 ᠠᠷᠭ᠎ᠠ ᠬᠡᠮᠵᠢᠶ᠎ᠠ ᠠᠪᠴᠤ᠌᠂ ᠠᠵᠤ ᠠᠬᠤᠢᠯᠠᠯ᠎ᠤᠨ ᠳᠠᠷᠤᠭᠠᠰᠤ᠎ᠶ᠋ᠢ ᠬᠦᠡᠭ᠌ᠭᠡᠷᠡᠭᠦᠯᠤᠨ ᠠᠵᠢᠯ ᠦᠢᠯᠡᠳᠪᠤᠷᠢᠯᠡᠯ᠎ᠢ ᠱᠢᠯᠤᠭᠤᠳᠭᠠᠵᠤ᠂ ᠠᠵᠢᠯᠴᠢᠨ᠎ᠢᠶᠠᠨ ᠬᠠᠰᠤᠬᠤ ᠥᠬᠡᠶ ᠪᠤᠶᠤ ᠴᠥᠭᠡᠨ ᠬᠠᠰᠤᠭᠤᠯᠵᠤ ᠠᠵᠢᠯ᠎ᠤᠨ ᠪᠠᠢᠷᠢ᠎ᠶ᠋ᠢ ᠪᠦᠳᠦᠮᠵᠢᠳᠠᠢ ᠲᠣᠭ᠍ᠲᠠᠪᠤᠷᠢᠵᠢᠭᠤᠯᠵᠠᠢ᠃ ᠳᠡᠭᠡᠷ᠎ᠠ ᠬᠠᠭᠠᠰ ᠵᠢᠯ᠎ᠳᠤ ᠤᠷᠤᠨ ᠪᠥᠬᠦ᠌ ᠣᠷᠣᠨ᠎ᠢᠶᠠᠷ᠎ᠢᠶᠠᠨ 7008 ᠠᠵᠤ ᠠᠬᠤᠢᠯᠠᠯ᠎ᠳᠤ 5.8 ᠳ᠋ᠦᠩᠱᠢᠭᠤᠷ ᠲᠥᠭᠦᠷᠢᠭ᠎ᠤᠨ ᠨᠡᠢᠬᠡᠮ᠎ᠤᠨ ᠲᠠᠭᠠᠳᠭᠠᠯ᠎ᠢ ᠪᠤᠴᠠᠭᠠᠵᠤ᠂ 91.7 ᠲᠦᠮᠡᠨ ᠠᠵᠢᠯᠲᠠᠨ ᠠᠵᠢᠯᠴᠢᠨ᠎ᠳᠤ ᠠᠱᠢᠭ ᠬᠦᠷᠲᠡᠭᠡᠪᠡ; ᠠᠵᠤ ᠠᠬᠤᠢ᠍ᠢᠯᠠᠯ᠎ᠤᠨ ᠨᠡᠢᠭᠡᠮ᠎ᠤᠨ ᠳᠠᠭᠠᠳᠭᠠᠯ᠎ᠤᠨ ᠰᠦᠢᠳᠭᠡᠯ᠎ᠢ ᠨᠡᠢᠳᠡ 52.8 ᠳ᠋ᠦᠩᠱᠢᠭᠤᠷ ᠲᠥᠭᠦᠷᠢᠭ ᠬᠠᠰᠤᠵᠤ ᠬᠡᠯᠳᠦᠷᠢᠭᠦᠯᠤᠨ᠂ ᠠᠵᠤ ᠠᠬᠤᠢ᠍ᠢᠯᠠᠯ᠎ᠤᠨ ᠳᠠᠷᠤᠭᠠᠰᠤ᠎ᠶ᠋ᠢ ᠬᠦᠡᠭ᠌ᠭᠡᠯᠡᠬᠦ᠌ᠪᠠᠷ ᠲᠠᠮᠵᠢᠨ ᠠᠵᠢᠯ᠎ᠤᠨ ᠪᠠᠢᠷᠢ᠎ᠶ᠋ᠢ ᠲᠤᠭ᠍ᠳᠠᠪᠤᠷᠢᠵᠢᠭᠤᠯᠤᠭ᠍ᠰᠠᠨ ᠪᠠᠢᠨ᠎ᠠ᠃
ᠠᠵᠤ ᠠᠬᠤᠢᠯᠠᠯ ᠲᠣᠭ᠍ᠲᠠᠭᠤᠨ ᠪᠤᠯ ᠠᠵᠢᠯ ᠣᠯᠭᠤᠯᠲᠠ ᠲᠣᠭ᠍ᠲᠠᠭᠤᠨ᠂ ᠳᠡᠭᠡᠷ᠎ᠠ ᠬᠠᠭᠠᠰ ᠵᠢᠯ᠎ᠳᠤ 148.2 ᠲᠦᠮᠡᠨ ᠬᠦᠮᠦᠨ ᠪᠦᠬᠦ᠌ ᠤᠷᠤᠨ᠎ᠤ ᠬᠡᠪᠴᠢᠶᠠᠵᠢᠯ᠎ᠠᠴᠠ ᠳᠡᠭᠡᠭ᠌ᠰᠢᠬᠢ ᠠᠵᠤ ᠠᠬᠤᠢ᠍ᠢᠯᠠᠯ᠎ᠳᠤ ᠠᠵᠢᠯ ᠤᠯᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ ᠵᠦᠪᠬᠡᠨ 0.2% ᠯᠡ ᠪᠠᠭᠤᠷᠠᠪᠠ᠃ ᠡᠭᠦᠨ᠎ᠳᠤ 83.8 ᠲᠦᠮᠡᠨ ᠬᠦᠮᠦᠨ ᠪᠦᠬᠦ᠌ ᠤᠷᠤᠨ᠎ᠤ ᠬᠡᠪᠴᠢᠶᠠᠵᠢᠯ᠎ᠠᠴᠠ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠠᠵᠤ ᠠᠬᠤᠢ᠍ᠢᠯᠠᠯ᠎ᠳᠤ ᠠᠵᠢᠯ ᠤᠯᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 2.3% ᠪᠠᠷ ᠨᠡᠮᠡᠭ᠌ᠳᠡᠭ᠌ᠰᠡᠨ ᠠᠵᠢ᠃
ᠦᠢᠯᠡᠰ ᠪᠤᠰᠭᠠᠬᠤ᠎ᠶ᠋ᠢ ᠳᠡᠮᠵᠢᠵᠤ ᠠᠵᠢᠯ ᠤᠯᠭᠤᠯᠲᠠ᠎ᠶ᠋ᠢ ᠠᠬᠢᠭᠤᠯᠪᠠ
ᠯᠢᠦᠢ ᠲᠦᠩ ᠪᠤᠯ ᠶᠡᠭᠡ ᠰᠤᠷᠭᠠᠭᠤᠯᠢ᠎ᠪᠠᠨ ᠲᠠᠭᠦᠰᠦᠭᠡᠳ ᠪᠤᠭᠤᠲᠤ ᠬᠤᠳᠠ᠎ᠳᠤ ᠰᠤᠷᠭᠠᠨ ᠬᠥᠮᠦᠵᠢᠯ᠎ᠤᠨ ᠪᠠᠢᠭᠤᠯᠤᠮᠵᠢ ᠡᠷᠬᠢᠯᠡᠵᠤ᠂ ᠦᠢᠯᠡᠰ ᠪᠤᠰᠭᠠᠭ᠍ᠰᠠᠨ ᠵᠠᠯᠠᠭᠤᠰ᠎ᠤᠨ ᠨᠢᠬᠡ ᠶᠤᠮ᠃ 《ᠬᠢᠵᠢᠭ᠎ᠤᠨ ᠨᠥᠯᠥᠭᠡ᠎ᠠᠴᠠ ᠪᠣᠯᠵᠤ ᠮᠠᠨ᠎ᠤ ᠰᠤᠷᠭᠠᠨ ᠬᠦᠮᠦᠵᠢᠯ᠎ᠤᠨ ᠪᠠᠢᠭᠤᠯᠤᠮᠵᠢ 6 ᠰᠠᠷ᠎ᠠ ᠪᠤᠯᠲᠠᠯ᠎ᠠ ᠠᠵᠢᠯ ᠤᠷᠤᠯᠭ᠎ᠠ ᠦᠭᠡᠢ ᠰᠠᠭᠤᠭ᠍ᠰᠠᠨ᠃ ᠭᠡᠷ᠎ᠤᠨ ᠲᠦᠷᠢᠶᠡᠰᠦ ᠪᠤᠯᠤᠨ ᠠᠵᠢᠯᠴᠢᠳ᠎ᠤᠨ᠎ᠢᠶᠠᠨ ᠴᠠᠯᠢᠩ ᠮᠦᠩᠭᠦ᠎ᠶ᠋ᠢ ᠦᠭ᠌ᠴᠤ ᠳᠡᠢᠯᠬᠦ᠌ ᠦᠭᠡᠢ ᠭᠠᠴᠢᠭ᠍ᠳᠠᠵᠤ ᠪᠠᠢᠬᠤ᠎ᠳᠤ ᠵᠠᠰᠠᠭ᠎ᠤᠨ ᠣᠷᠳᠣᠨ᠎ᠠᠴᠠ ᠦᠶᠯᠡᠰ ᠪᠤᠰᠭᠠᠬᠤ ᠪᠠᠲᠤᠯᠠᠭᠠᠲᠤ ᠵᠢᠭᠡᠯᠡᠯᠭᠡ᠎ᠶ᠋ᠢᠨ ᠲᠥᠷᠥ᠎ᠶ᠋ᠢᠨ ᠪᠣᠳᠣᠯᠭ᠎ᠠ ᠭᠠᠷᠭᠠᠯ᠎ᠠ᠂ ᠪᠢᠳᠡ ᠬᠤᠯᠪᠤᠭ᠍ᠳᠠᠯ ᠪᠦᠬᠦᠢ ᠮᠠᠲ᠋ᠧᠷᠢᠶᠠᠯ᠎ᠢᠶᠠᠨ ᠲᠤᠱᠢᠶᠠᠭ᠍ᠰᠠᠨ᠎ᠤ ᠳᠠᠷᠠᠭ᠎ᠠ ᠤᠳᠠᠯ ᠦᠭᠡᠢ ᠦᠶᠯᠡᠰ ᠪᠣᠰᠭᠠᠬᠤ ᠪᠠᠲᠤᠯᠠᠭᠠᠲᠤ ᠵᠢᠭᠡᠯᠡᠯᠭᠡ᠎ᠪᠠᠨ ᠤᠯᠴᠢᠬᠠᠭ᠍ᠰᠠᠨ ᠱᠢᠤ! ᠡᠨᠡ᠎ᠨᠢ ᠪᠢᠳᠡᠨ᠎ᠤ ᠠᠵᠢᠯᠴᠢᠨ᠎ᠢᠶᠠᠨ ᠦᠯᠡᠳᠡᠭᠡᠵᠤ᠂ ᠠᠵᠢᠯ᠎ᠢᠶᠠᠨ ᠦᠷᠭᠦᠯᠵᠢᠯᠡᠬᠦᠯᠬᠦ᠌ᠳᠤ ᠮᠠᠰᠢ ᠶᠡᠭᠡ ᠳᠡᠮᠵᠢᠯᠭᠡ ᠦᠵᠡᠭᠦᠯᠵᠠᠢ》 ᠭᠡᠵᠤ ᠯᠢᠦᠢ ᠲᠦᠩ ᠪᠠᠶᠠᠷᠲᠠᠢ ᠭᠡᠯᠡᠨ᠎ᠠ᠃
ᠦᠢᠯᠡᠰ ᠪᠤᠰᠭᠠᠬᠤ᠎ᠨᠢ ᠦᠪᠡᠷ᠎ᠤᠨ ᠡᠬᠢ ᠪᠠᠶᠠᠯᠢᠭ ᠪᠠ ᠱᠢᠷᠭᠠᠭᠤ ᠴᠢᠷᠮᠠᠢᠯᠭ᠎ᠠ᠎ᠪᠠᠷ᠎ᠢᠶᠠᠨ ᠠᠵᠤ ᠠᠬᠤᠢ ᠪᠠ ᠨᠡᠢᠬᠡᠮ᠎ᠤᠨ ᠦᠨ᠎ᠠ ᠦᠷᠳᠡᠭ ᠡᠬᠦᠳᠴᠦ᠍᠂ ᠠᠵᠢᠯ ᠤᠯᠭᠤᠯᠲᠠ᠎ᠶ᠋ᠢ ᠳᠡᠢᠴᠢᠯᠠᠨ ᠠᠵᠢᠯ ᠤᠯᠭᠤᠯᠲᠠ᠎ᠶ᠋ᠢ ᠠᠬᠢᠭᠤᠯᠬᠤ ᠲᠠᠯ᠎ᠠ᠎ᠪᠠᠷ ᠤᠷᠤᠯᠠᠭᠤᠯᠵᠤ ᠪᠤᠯᠤᠰᠢ ᠦᠬᠡᠢ ᠴᠢᠬᠤᠯᠠ ᠦᠢᠯᠡᠳᠤᠯ᠎ᠲᠠᠢ ᠶᠤᠮ᠃ ᠬᠥᠬᠡᠬᠤᠲᠠ᠂ ᠪᠤᠭᠤᠲᠤ ᠵᠡᠷᠭᠡ ᠭᠠᠵᠠᠷ᠎ᠤᠨ᠎ᠬᠢᠨ ᠦᠢᠯᠡᠰ ᠪᠣᠰᠭᠠᠵᠤ ᠠᠵᠢᠯ ᠣᠯᠭᠤᠬᠤ᠎ᠶ᠋ᠢ ᠠᠬᠢᠭᠤᠯᠬᠤ᠎ᠶ᠋ᠢᠨ ᠲᠥᠯᠥᠭᠡ ᠵᠠᠯᠭᠠᠭ᠎ᠠ᠎ᠪᠠᠷ ᠦᠶᠯᠡᠰ ᠪᠤᠰᠭᠠᠬᠤ ᠪᠠᠲᠤᠯᠭᠠᠲᠤ ᠵᠢᠭᠡᠯᠡᠯᠭᠡ᠎ᠶ᠋ᠢᠨ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢ ᠲᠤᠭ᠍ᠳᠠᠭᠠᠨ ᠬᠡᠷᠡᠭ᠌ᠵᠢᠬᠦᠯᠵᠤ᠂ ᠨᠥᠬᠦᠴᠡᠯ᠎ᠳᠤ ᠨᠡᠢᠴᠡᠬᠦ᠌ ᠪᠠᠭ᠎ᠠ ᠵᠢᠵᠢᠭ ᠠᠵᠤ ᠠᠬᠤᠢᠯᠠᠯ ᠬᠠᠮᠤᠭ᠎ᠤᠨ ᠠᠷᠪᠢᠨ᠎ᠳᠠᠭᠠᠨ 300 ᠲᠦᠮᠡᠨ ᠲᠥᠭᠦᠷᠢᠭ᠎ᠤᠨ ᠵᠢᠭᠡᠯᠡᠯᠭᠡ ᠭᠤᠶᠤᠴᠢᠯᠠᠵᠤ ᠪᠣᠯᠤᠨ᠎ᠠ; ᠬᠥᠭ᠌ᠵᠢᠯᠲᠡ᠎ᠶ᠋ᠢᠨ ᠢᠷᠡᠭᠡᠳᠦᠶ᠎ᠲᠠᠢ᠂ ᠠᠵᠢᠯ ᠣᠯᠭᠤᠯᠲᠠ᠎ᠶ᠋ᠢ ᠳᠠᠢᠴᠢᠯᠠᠬᠤ ᠴᠢᠳᠠᠪᠤᠷᠢ᠎ᠲᠠᠢ ᠠᠵᠤ ᠠᠬᠤᠢ᠍ᠢᠯᠠᠯ ᠬᠠᠮᠤᠭ᠎ᠤᠨ ᠠᠷᠪᠢᠨ᠎ᠳᠠᠭᠠᠨ 600 ᠲᠦᠮᠡᠨ ᠲᠥᠭᠦᠷᠢᠭ᠎ᠤᠨ ᠵᠢᠭᠡᠯᠡᠯᠭᠡ ᠭᠤᠶᠤᠴᠢᠯᠠᠵᠤ ᠪᠤᠯᠤᠨ᠎ᠠ ᠭᠡᠵᠤ ᠲᠤᠭ᠍ᠳᠠᠭᠠᠵᠠᠢ᠃ ᠪᠤᠭᠤᠳᠤ ᠬᠤᠳᠠ ᠦᠢᠯᠡᠰ ᠪᠤᠰᠭᠠᠬᠤ᠎ᠶ᠋ᠢ ᠳᠠᠮᠵᠢᠬᠦ᠌᠎ᠪᠠᠷ ᠳᠠᠮᠵᠢᠨ ᠠᠵᠢᠯ ᠤᠯᠭᠤᠯᠲᠠ᠎ᠶ᠋ᠢ ᠪᠦᠳᠦᠮᠵᠢᠳᠠᠢ ᠳᠠᠢᠴᠢᠯᠠᠵᠤ᠂ 6 ᠰᠠᠷ᠎ᠠ᠎ᠶ᠋ᠢᠨ ᠰᠡᠭᠦᠯᠴᠢ ᠪᠣᠯᠲᠠᠯ᠎ᠠ ᠨᠡᠢᠳᠡ 2.28 ᠳ᠋ᠦᠩᠱᠢᠭᠤᠷ ᠲᠥᠭᠦᠷᠢᠭ᠎ᠤᠨ ᠠᠵᠢᠯ ᠣᠯᠭᠤᠵᠤ ᠦᠶᠯᠡᠰ ᠪᠤᠰᠭᠠᠬᠤ ᠪᠠᠯᠠ ᠮᠥᠩᠭᠦ᠌ ᠪᠠᠭᠤᠯᠭᠠᠨ᠂ 2.27 ᠲᠦᠮᠡᠨ ᠬᠥᠮᠦᠨ᠎ᠳᠤ ᠱᠢᠨ᠎ᠡ᠎ᠪᠠᠷ ᠠᠵᠢᠯ ᠤᠯᠭᠤᠵᠤ᠂ ᠠᠵᠢᠯ ᠠᠯᠳᠠᠭ᠍ᠰᠠᠨ 8724 ᠬᠦᠮᠦᠨ᠎ᠳᠤ ᠳᠠᠬᠢᠨ ᠠᠵᠢᠯ ᠤᠯᠭᠤᠭ᠍ᠰᠠᠨ ᠪᠠᠢᠨ᠎ᠠ᠃
《ᠳᠡᠮ ᠳᠡᠮ᠎ᠳᠡᠭᠡᠨ ᠳᠡᠭᠡᠰᠤ ᠡᠷᠴᠢᠮ᠎ᠳᠡᠭᠡᠨ》 ᠭᠡᠳᠡᠭ᠌ᠴᠢᠯᠡᠨ ᠵᠠᠰᠠᠭ᠎ᠤᠨ ᠣᠷᠳᠣᠨ᠂ ᠠᠵᠤ ᠠᠬᠤᠢᠯᠠᠯ᠂ ᠦᠢᠯᠡᠰ ᠪᠤᠰᠭᠠᠭ᠍ᠴᠢᠳ ᠰᠠᠳᠭᠢᠯ ᠨᠢᠭᠡᠳᠤᠨ ᠬᠦᠴᠤ᠎ᠪᠠᠨ ᠬᠠᠮᠲᠤᠳᠭᠠᠪᠠᠯ ᠰᠠᠶᠢ ᠬᠦᠴᠢᠷ᠎ᠢ ᠲᠤᠭᠤᠯᠤᠨ ᠪᠠᠷᠭᠡ᠎ᠶ᠋ᠢ ᠲᠠᠪᠠᠵᠤ᠂ ᠠᠵᠤ ᠠᠬᠤᠢ᠎ᠶ᠋ᠢᠨ ᠲᠤᠭ᠍ᠲᠠᠭᠤᠨ ᠬᠦᠭ᠌ᠵᠢᠯᠲᠠ᠎ᠶ᠋ᠢ ᠪᠠᠲᠤᠯᠠᠨ ᠠᠵᠢᠯ ᠣᠯᠭᠤᠯᠲᠠ᠎ᠶ᠋ᠢ ᠴᠢᠨᠠᠷ ᠰᠠᠢᠲᠠᠶ᠎ᠪᠠᠷ ᠠᠬᠢᠭᠤᠯᠵᠤ ᠴᠢᠳᠠᠬᠤ᠎ᠨᠢ ᠯᠠᠪᠳᠠᠢ᠃ ᠵᠢᠱ᠌ᠢᠯᠲᠠ᠎ᠪᠠᠷ᠂ ᠡᠨᠡ ᠵᠢᠯ ᠮᠠᠨ᠎ᠤ ᠤᠷᠤᠨ 2 ᠲᠦᠮᠡᠨ ᠬᠥᠮᠦᠨ᠎ᠢ ᠦᠢᠯᠡᠰ ᠪᠤᠰᠭᠠᠬᠤ ᠪᠣᠯᠪᠠᠰᠤᠷᠠᠯ᠎ᠳᠤ ᠤᠷᠤᠯᠴᠠᠭᠤᠯᠵᠤ᠂ 12 ᠳ᠋ᠦᠩᠱᠢᠭᠤᠷ ᠲᠥᠭᠦᠷᠢᠭ᠎ᠤᠨ ᠦᠢᠯᠡᠰ ᠪᠤᠰᠭᠠᠬᠤ ᠪᠠᠲᠤᠯᠭᠠᠲᠤ ᠵᠢᠭᠡᠯᠡᠯᠭᠡ ᠲᠠᠷᠬᠠᠭᠠᠬᠤ ᠪᠤᠯᠤᠨ᠎ᠠ᠃
ᠭᠤᠤᠯᠳᠠᠯᠭ᠎ᠠ᠎ᠲᠠᠢ ᠬᠦᠮᠦᠰ᠎ᠢ ᠲᠠᠳᠬᠦᠵᠤ ᠠᠵᠢᠯ ᠤᠯᠭᠤᠯᠳᠠ᠎ᠶ᠋ᠢ ᠪᠠᠳᠤᠯᠠᠪᠠ
ᠡᠬᠦᠳᠠ᠎ᠪᠠᠨ ᠨᠡᠭᠡᠭᠡᠵᠤ ᠡᠷᠤᠭᠡ᠎ᠪᠠᠨ ᠰᠡᠬᠦᠯ᠎ᠠ᠃ 6 ᠰᠠᠷ᠎ᠠ᠎ᠶ᠋ᠢᠨ 20 ᠤ ᠡᠳᠦᠷ᠂ ᠴᠤᠭ᠍ᠯᠠᠷᠠᠵᠤ ᠢᠷᠡᠭ᠌ᠰᠡᠨ ᠬᠦᠮᠤᠰ᠎ᠤᠨ ᠬᠠᠯᠠᠭᠤᠨ ᠠᠯᠠᠭ᠎ᠠ ᠲᠠᠱᠢᠯᠲᠠ ᠪᠠ ᠨᠢᠵᠢᠭᠢᠨᠡᠭ᠌ᠰᠡᠨ ᠫᠤᠤᠵᠢᠩ᠎ᠤᠨ ᠳᠠᠭᠤᠨ᠎ᠤ ᠲᠤᠮᠳᠠ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠨ ᠵᠠᠩ ᠳ᠋ᠠ ᠸᠧᠢ᠎ᠶ᠋ᠢᠨ ᠠᠷᠠᠳ᠎ᠲᠤ ᠳᠦᠬᠦᠮ ᠦᠵᠡᠭᠦᠯᠬᠦ᠌ ᠵᠠᠬ᠎ᠠ ᠲᠠᠯᠬᠡᠬᠦᠷ ᠠᠱᠢᠬ᠍ᠯᠠᠯᠳᠠ᠎ᠳᠤ ᠤᠷᠤᠪᠠ᠃
《ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠳ᠎ᠤᠨ ᠠᠵᠢᠯ ᠣᠯᠵᠤ ᠦᠢᠯᠡᠰ ᠪᠤᠰᠭᠠᠬᠤ᠎ᠶ᠋ᠢ ᠬᠠᠪᠰᠤᠷᠤᠨ ᠲᠡᠳᠬᠦᠬᠦ᠌ ᠬᠠᠷᠠᠭᠠᠯᠵᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠰᠠᠢᠨ᠎ᠢᠶᠠᠷ ᠪᠢ ᠡᠨᠡ ᠬᠦ᠌ ᠵᠠᠬ᠎ᠠ ᠲᠠᠯᠬᠡᠬᠦᠷ᠎ᠢᠶᠠᠨ ᠨᠡᠬᠡᠬᠡᠭ᠌ᠰᠡᠨ ᠶᠤᠮ᠃ ᠡᠬᠦᠨ᠎ᠢᠶᠠᠷ ᠲᠠᠮᠵᠢᠨ ᠪᠠᠶᠠᠨᠨᠠᠭᠤᠷ ᠬᠤᠲᠠ᠎ᠶ᠋ᠢᠨ᠎ᠢᠶᠠᠨ ᠳᠤᠤᠷ᠎ᠠ ᠤᠷᠤᠯᠭ᠎ᠠ᠎ᠲᠠᠢ ᠭᠡᠷ ᠪᠦᠯᠢ ᠪᠠ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠳ᠎ᠲᠤ ᠠᠵᠢᠯ ᠤᠯᠵᠤ ᠦᠢᠯᠡᠰ ᠪᠤᠰᠭᠠᠬᠤ ᠲᠠᠪᠴᠠᠩ ᠬᠠᠨᠭ᠌ᠭᠠᠬᠤ ᠬᠦ᠍ᠰᠡᠯᠲᠠᠢ᠂ ᠪᠢᠳᠡ ᠠᠳᠠ ᠨᠤᠳᠤᠭ᠍ᠰᠢᠭ᠍ᠰᠠᠨ ᠬᠤᠳᠠᠯᠳᠤᠭᠠᠴᠢᠳ᠎ᠤᠨ 2 ᠰᠠᠷ᠎ᠠ᠎ᠶ᠋ᠢᠨ ᠬᠠᠮᠢᠶᠠᠷᠤᠯᠲᠠ᠎ᠶ᠋ᠢᠨ ᠵᠠᠷᠤᠳᠠᠯ᠂ ᠳᠤᠯᠠᠭᠠᠯᠠᠯᠭ᠎ᠠ᠎ᠶ᠋ᠢᠨ ᠵᠠᠷᠤᠳᠠᠯ ᠪᠠ ᠤᠰᠤᠨ᠎ᠤ ᠵᠠᠷᠤᠳᠠᠯ᠎ᠢ ᠬᠡᠯᠳᠦᠷᠢᠭᠦᠯᠦᠨ᠎ᠠ᠃ ᠤᠨᠴᠠᠭᠠᠢᠯᠠᠨ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠳ ᠪᠠ ᠦᠷᠡᠭ᠌ᠳᠡᠭ᠌ᠰᠡᠨ ᠪᠠᠭᠠᠲᠤᠷᠴᠤᠳ᠎ᠤᠨ ᠭᠡᠷ ᠪᠦᠯᠢ᠎ᠶ᠋ᠢᠨ᠎ᠬᠢᠨ᠎ᠳᠤ ᠨᠠᠩ ᠣᠯᠠᠨ ᠬᠠᠷᠠᠭᠠᠯᠵᠠᠯ ᠦᠵᠡᠭᠦᠯᠦᠨ᠎ᠠ》 ᠭᠡᠵᠤ ᠵᠠᠩ ᠳ᠋ᠠ ᠸᠧᠶ ᠪᠤᠳᠤᠯ᠎ᠢᠶᠠᠨ ᠲᠤᠳᠤᠷᠠᠭᠤᠯᠤᠨ᠎ᠠ᠃ ᠵᠠᠩ ᠳ᠋ᠠ ᠸᠧᠶ᠎ᠶ᠋ᠢᠨ ᠨᠡᠭᠡᠭᠡᠭ᠌ᠰᠡᠨ ᠡᠨᠡ ᠬᠦ᠌ ᠠᠷᠠᠳ᠎ᠲᠤ ᠳᠥᠭᠦᠮ ᠦᠵᠡᠭᠦᠯᠬᠦ᠌ ᠵᠠᠬ᠎ᠠ ᠲᠠᠯᠬᠡᠬᠦᠷ ᠨᠢᠬᠡᠨᠳᠡ 200 ᠭᠠᠷᠤᠶ ᠬᠥᠮᠦᠨ᠎ᠳᠤ ᠠᠵᠢᠯ ᠣᠯᠭᠤᠪᠠ᠃ ᠡᠭᠦᠨ᠎ᠳᠤ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠨ 7 ᠬᠥᠮᠦᠨ᠂ ᠠᠵᠢᠯ᠎ᠤᠨ ᠪᠠᠢᠷᠢ᠎ᠠᠴᠠ᠎ᠪᠠᠨ ᠪᠠᠭᠤᠭ᠍ᠰᠠᠨ ᠠᠵᠢᠯᠴᠢᠨ 20 ᠭᠠᠷᠤᠶ ᠬᠦᠮᠦᠨ ᠪᠤᠢ᠃
ᠬᠢᠵᠢᠭ᠎ᠤᠨ ᠪᠠᠢᠳᠠᠯ᠎ᠤᠨ ᠡᠮᠤᠨ᠎ᠠ᠂ ᠪᠦᠬᠦ᠌ ᠬᠦᠴᠦᠨ᠎ᠢᠶᠠᠷ᠎ᠢᠶᠠᠨ ᠴᠢᠷᠮᠠᠢᠵᠤ ᠠᠵᠢᠯ ᠣᠯᠭᠤᠯᠲᠠ᠎ᠶ᠋ᠢᠨ ᠶᠡᠭᠡ ᠲᠠᠯ᠎ᠠ᠎ᠶ᠋ᠢ ᠲᠤᠭ᠍ᠳᠠᠪᠤᠷᠢᠵᠢᠭᠤᠯᠵᠤ᠂ ᠲᠦᠭ ᠲᠦᠮᠡᠨ ᠠᠢᠯ ᠡᠷᠦᠬᠡ᠎ᠶ᠋ᠢᠨ ᠠᠵᠤ ᠠᠬᠤᠢ᠎ᠶ᠋ᠢᠨ ᠤᠷᠤᠯᠭ᠎ᠠ᠎ᠶ᠋ᠢᠨ ᠢᠷᠡᠯᠳᠡ᠎ᠶ᠋ᠢ ᠪᠠᠲᠤᠯᠠᠬᠤ ᠪᠤᠯ ᠲᠡᠷᠢᠭᠦᠨ ᠴᠢᠬᠤᠯᠠ ᠶᠠᠪᠤᠳᠠᠯ ᠪᠤᠯᠬᠤ ᠠᠵᠢ᠃ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠬᠤ᠎ᠳᠤ ᠲᠦᠷᠦ᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠠᠴᠠ ᠰᠠᠯᠵᠤ ᠴᠢᠳᠠᠬᠤ ᠦᠬᠡᠢ᠎ᠨᠢ ᠮᠡᠳᠡᠬᠡᠵᠢ᠎ᠶ᠋ᠢᠨ ᠬᠡᠷᠡᠭ᠃ ᠮᠠᠨ᠎ᠤ ᠤᠷᠤᠨ ᠤᠷᠢᠳ ᠬᠤᠵᠢᠳ ᠬᠦᠯᠦᠰᠤᠨ ᠮᠠᠯᠴᠢᠨ ᠲᠠᠷᠢᠶᠠᠴᠢᠨ᠎ᠢ ᠬᠠᠪᠰᠤᠷᠤᠨ ᠠᠵᠢᠯ᠎ᠤᠨ ᠪᠠᠢᠷᠢ᠎ᠳᠤᠨᠢ ᠪᠤᠴᠠᠭᠠᠬᠤ᠂ ᠶᠡᠭᠡ ᠳᠡᠭᠡᠳᠤ ᠰᠤᠷᠭᠠᠭᠤᠯᠢ᠎ᠠᠴᠠ ᠲᠡᠭᠦᠰᠦᠭ᠌ᠰᠡᠨ ᠤᠶᠤᠲᠠᠳ᠎ᠤᠨ ᠦᠨᠳᠦᠰᠦᠨ ᠱᠠᠲᠤᠨ᠎ᠳᠤ ᠬᠦᠷᠴᠦ᠍ ᠠᠵᠢᠯ ᠣᠯᠬᠤ᠎ᠶ᠋ᠢ ᠵᠣᠷᠢᠭ᠍ᠵᠢᠭᠤᠯᠬᠤ ᠵᠡᠷᠭᠡ᠎ᠪᠠᠷ ᠭᠠᠷᠳᠠᠴᠠ ᠪᠣᠯᠭᠠᠭ᠍ᠰᠠᠨ 《2 + 16》 ᠶ᠋ᠢᠨ ᠱᠢᠷᠢᠰ ᠲᠥᠷᠥ᠎ᠶ᠋ᠢᠨ ᠪᠣᠳᠣᠯᠭ᠎ᠠ ᠪᠤᠯᠤᠨ 80 ᠵᠦᠢᠯ᠎ᠤᠨ ᠠᠷᠭ᠎ᠠ ᠬᠡᠮᠵᠢᠶ᠎ᠡ᠎ᠶ᠋ᠢ ᠲᠤᠭ᠍ᠳᠠᠭᠠᠨ ᠬᠡᠷᠭ᠌ᠵᠢᠬᠦᠯᠵᠤ᠂ ᠶᠡᠭᠡ ᠳᠡᠭᠡᠳᠦ ᠰᠤᠷᠭᠠᠭᠤᠯᠢ᠎ᠠᠴᠠ ᠲᠡᠭᠦᠰᠦᠭ᠌ᠰᠡᠨ ᠤᠶᠤᠲᠠᠨ᠂ ᠬᠥᠯᠥᠰᠥᠨ ᠮᠠᠯᠴᠢᠨ ᠲᠠᠷᠢᠶᠠᠴᠢᠨ᠂ ᠴᠡᠷᠢᠭ᠎ᠤᠨ ᠠᠯᠪᠠ᠎ᠠᠴᠠ ᠬᠠᠯᠠᠭ᠍ᠳᠠᠭ᠍ᠰᠠᠨ ᠵᠡᠷᠭᠡ ᠭᠤᠤᠯᠳᠠᠯᠭ᠎ᠠ᠎ᠲᠠᠢ ᠬᠦᠮᠦᠰ᠎ᠤᠨ ᠠᠵᠢᠯ ᠣᠯᠭᠤᠯᠲᠠ᠎ᠶ᠋ᠢ ᠠᠬᠢᠭᠤᠯᠤᠭᠠᠳ ᠨᠡᠯᠢᠶᠡᠳ ᠰᠠᠢᠨ ᠦᠷ᠎ᠠ ᠪᠦᠲᠦᠮᠵᠢ ᠤᠯᠵᠠᠢ᠃
ᠤᠳᠤᠬᠠᠨ ᠪᠤᠯᠳᠠᠯ᠎ᠠ᠂ ᠮᠠᠨ᠎ᠤ ᠤᠷᠤᠨ᠎ᠤ 5.8 ᠲᠦᠮᠡᠨ ᠶᠡᠭᠡ ᠳᠡᠭᠡᠳᠦ ᠰᠤᠷᠭᠠᠭᠤᠯᠢ᠎ᠠᠴᠠ ᠲᠡᠭᠦᠰᠦᠭ᠌ᠰᠡᠨ ᠤᠶᠤᠲᠠᠨ ᠨᠢᠬᠡᠨᠳᠡ ᠠᠵᠢᠯ ᠤᠯᠤᠭ᠍ᠰᠠᠨ ᠪᠤᠶᠤ ᠠᠵᠢᠯ ᠣᠯᠬᠤ ᠰᠠᠨᠠᠮᠵᠢ ᠲᠤᠭ᠍ᠳᠠᠪᠠ; ᠪᠦᠬᠦ᠌ ᠣᠷᠣᠨ᠎ᠢᠶᠠᠷ᠎ᠢᠶᠠᠨ 181.1 ᠲᠦᠮᠡᠨ ᠮᠠᠯᠴᠢᠨ ᠲᠠᠷᠢᠶᠠᠴᠢᠨ᠎ᠢ ᠱᠢᠯᠵᠢᠭᠦᠯᠦᠨ ᠠᠵᠢᠯ ᠣᠯᠭᠤᠵᠤ᠂ ᠡᠭᠦᠨ᠎ᠳᠤ 135.8 ᠲᠦᠮᠡᠨ ᠮᠠᠯᠴᠢᠨ ᠲᠠᠷᠢᠶᠠᠴᠢᠨ᠎ᠢ 6 ᠰᠠᠷ᠎ᠠ᠎ᠠᠴᠠ ᠳᠡᠭᠡᠭ᠌ᠰᠢ ᠱᠢᠯᠵᠢᠭᠦᠯᠵᠦ᠍᠂ ᠲᠤᠰ ᠲᠤᠰ ᠵᠢᠯ᠎ᠤᠨ ᠲᠥᠯᠥᠪᠯᠡᠭᠡ᠎ᠶ᠋ᠢᠨ᠎ᠢᠶᠠᠨ 73.9% ᠪᠠ 67.9% ᠶ᠋ᠢ ᠪᠡᠶᠡᠯᠡᠭᠦᠯᠪᠡ; ᠠᠵᠢᠯ ᠣᠯᠬᠤ᠎ᠳᠤ ᠬᠦᠴᠢᠷᠲᠡᠶ ᠬᠥᠮᠦᠰ᠎ᠤᠨ ᠦᠨᠳᠦᠰᠦᠨ ᠪᠠᠲᠤᠯᠠᠭ᠎ᠠ᠎ᠶ᠋ᠢ ᠴᠢᠩᠭᠠᠳᠭᠠᠨ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ ᠠᠵᠢᠯ᠎ᠤᠨ ᠪᠠᠢᠷᠢ ᠬᠠᠨᠭ᠌ᠭᠠᠬᠤ ᠡᠷᠴᠢᠮ᠎ᠢᠶᠠᠨ ᠴᠢᠩᠭᠠᠷᠠᠭᠤᠯᠵᠤ᠂ ᠪᠦᠬᠦ᠌ ᠤᠷᠤᠨ᠎ᠢᠶᠠᠷ᠎ᠢᠶᠠᠨ ᠠᠵᠢᠯ ᠣᠯᠬᠤ᠎ᠳᠤ ᠬᠦᠴᠢᠷᠲᠡᠶ 1.7 ᠲᠦᠮᠡᠨ ᠬᠥᠮᠦᠨ᠎ᠳᠤ ᠠᠵᠢᠯ ᠣᠯᠭᠤᠵᠤ᠂ ᠠᠵᠢᠯ ᠠᠯᠳᠠᠭ᠍ᠰᠠᠨ 3.5 ᠲᠦᠮᠡᠨ ᠬᠦᠮᠦᠨ᠎ᠳᠤ ᠳᠠᠬᠢᠨ ᠠᠵᠢᠯ ᠣᠯᠭᠤᠭ᠍ᠰᠠᠨ ᠪᠠᠢᠨ᠎ᠠ᠃
ᠨᠢᠭᠡ ᠲᠠᠯ᠎ᠠ᠎ᠪᠠᠷ ᠠᠵᠢᠯ ᠤᠯᠭᠤᠯᠳᠠ᠎ᠶ᠋ᠢ ᠪᠠᠳᠤᠯᠠᠵᠤ ᠨᠦᠬᠦᠭᠡ ᠲᠠᠯ᠎ᠠ᠎ᠪᠠᠷ ᠠᠵᠤ ᠠᠬᠤᠢ᠍ᠢᠯᠠᠯ᠎ᠤᠨ ᠲᠠᠷᠤᠭᠠᠰᠤ᠎ᠶ᠋ᠢ ᠬᠦᠡᠭ᠌ᠭᠡᠷᠡᠬᠦᠯᠤᠨᠠ᠂ ᠠᠷᠠᠳ᠎ᠤᠨ ᠰᠡᠳᠭᠢᠯ᠎ᠤᠨ ᠢᠨᠵᠧᠨᠧᠷᠢᠩ ᠠᠷᠠᠳ ᠤᠯᠠᠨ᠎ᠳᠤ ᠪᠠᠯ ᠪᠤᠷᠠᠮ ᠡᠮᠬᠦᠬᠦᠯᠦᠯᠠ᠃ ᠨᠠᠯᠠᠭᠠᠷ ᠨᠠᠮᠤᠷ᠎ᠢᠶᠠᠨ ᠤᠬ᠍ᠳᠤᠭ᠍ᠰᠠᠨ ᠦᠪᠤᠷ ᠮᠤᠩᠭᠤᠯ ᠠᠮᠢᠵᠢᠷᠠᠯ᠎ᠤᠨ ᠬᠦᠴᠤᠨ᠎ᠢᠶᠠᠷ ᠪᠢᠯᠬᠠᠵᠤ᠂ ᠤᠷᠤᠨ᠎ᠤ ᠲᠦᠪ ᠬᠦᠬᠡᠬᠤᠳᠡ᠎ᠠᠴᠠ ᠬᠤᠱᠢᠭᠤ ᠪᠠᠯᠭᠠᠰᠤ᠎ᠶ᠋ᠢᠨ ᠰᠠᠭᠤᠭ᠎ᠠ ᠭᠠᠵᠠᠷ ᠬᠦᠷᠳᠡᠯ᠎ᠠ᠂ ᠵᠠᠬ᠎ᠠ ᠵᠡᠭᠡᠯᠢ᠎ᠶ᠋ᠢᠨ ᠲᠡᠯᠭᠡᠭᠦᠷ ᠮᠠᠢᠮᠠᠢ᠎ᠠᠴᠠ ᠠᠵᠤ ᠠᠬᠤᠢ᠍ᠢᠯᠠᠯ᠎ᠤᠨ ᠦᠢᠯᠡᠳᠪᠤᠷᠢᠯᠡᠯ᠎ᠤᠨ ᠲᠠᠰᠤᠭ ᠬᠦᠷᠳᠡᠯ᠎ᠠ᠂ ᠢᠳᠡᠭᠡᠨ ᠤᠮᠳᠠᠭᠠᠨ᠎ᠤ ᠭᠠᠵᠠᠷ᠎ᠠᠴᠠ ᠠᠰᠠᠷ ᠪᠠᠷᠢᠯᠭ᠎ᠠ᠎ᠶ᠋ᠢᠨ ᠭᠠᠵᠠᠷ ᠬᠦᠷᠳᠡᠯ᠎ᠠ ᠁ ᠦᠪᠡᠷ ᠦᠪᠡᠷ᠎ᠤᠨ ᠠᠵᠢᠯ᠎ᠤᠨ ᠪᠠᠢᠷᠢ᠎ᠪᠠᠨ ᠰᠠᠬᠢᠵᠤ᠂ ᠬᠦᠳᠠᠯᠮᠤᠷᠢᠴᠢ ᠬᠤᠶᠠᠷ ᠭᠠᠷ᠎ᠢᠶᠠᠷ᠎ᠢᠶᠠᠨ ᠬᠦᠰᠡᠵᠤ ᠰᠠᠨᠠᠭ᠍ᠰᠠᠨ ᠠᠮᠢᠳᠤᠷᠠᠯ᠎ᠢᠶᠠᠨ ᠴᠤᠭ᠍ᠴᠠᠯᠠᠬᠤ ᠬᠦᠳᠡᠯᠮᠤᠷᠢᠴᠢᠨ ᠠᠷᠠᠳ᠎ᠤᠨ ᠶᠠᠭᠠᠷᠠᠯᠳᠠᠢ ᠠᠵᠢᠯᠯᠠᠬᠤ ᠪᠠᠷ᠎ᠠ ᠬᠠᠶᠠ ᠦᠬᠡᠢ ᠬᠠᠷᠠᠭ᠍ᠳᠠᠨ᠎ᠠ᠃