ᠰᠠᠷᠠᠭᠤᠯ᠄ ᠦᠨᠳᠦᠰᠦᠲᠡᠨ᠎ᠤ ᠪᠦᠯᠬᠦᠮᠳᠡᠯ᠎ᠳᠤ ᠨᠢᠭᠡ ᠮᠦᠷᠦᠨ᠎ᠤ ᠬᠦᠴᠦᠨ᠎ᠢᠶᠠᠨ ᠡᠷᠭᠦᠬᠦ᠌᠎ᠨᠢ ᠨᠠᠲᠠᠲᠦ ᠳᠣᠩ ᠢᠷᠠᠭᠤ ᠠᠯᠳᠠᠷᠲᠠᠶ ᠰᠠᠨᠠᠭ᠍ᠳᠠᠨ᠎ᠠ
2020-09-02 16:52:11
ᠵᠣᠬᠢᠶᠠᠭ᠍ᠴᠢ᠄
ᠯᠢ ᠱᠢᠨ ᠵᠢᠶᠦ᠋ᠨ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 28 ᠎ᠤ ᠡᠳᠦᠷ᠂ ᠰᠠᠷᠠᠭᠤᠯ ᠶᠠᠳᠠᠭᠤ ᠬᠦᠴᠢᠷᠳᠡᠯᠲᠡᠶ ᠡᠷᠦᠬᠡ ᠤᠳᠤᠩᠭᠤᠸ᠎ᠠ᠎ᠶ᠋ᠢᠨ᠎ᠬᠢᠨ᠎ᠳᠤ ᠲᠠᠬᠢᠨᠲᠠ ᠬᠦᠷᠴᠦ᠍᠂ ᠲᠡᠭᠦᠨ᠎ᠳᠤ ᠬᠦᠢᠴᠡᠳᠭᠡᠵᠦ᠍ ᠥᠭ᠌ᠭᠦᠭ᠌ᠰᠡᠨ ᠵᠡᠮᠳᠡᠭ᠌ᠴᠣᠳ᠎ᠤᠨ ᠦᠨᠠᠮᠯᠠᠯ ᠪᠣᠯᠤᠨ ᠶᠠᠳᠠᠭᠤ ᠬᠦᠴᠢᠷᠳᠡᠯᠲᠡᠶ ᠡᠷᠦᠬᠡ᠎ᠶ᠋ᠢᠨ ᠳᠠᠩᠰᠠᠯᠠᠵᠦ᠍ ᠺᠠᠷᠳ᠋ᠯᠠᠬ᠍ᠰᠠᠨ ᠦᠨᠡᠮᠯᠡᠯ᠎ᠢ᠎ᠨᠢ ᠭᠠᠷᠳᠠᠭᠤᠯᠬᠤ᠎ᠶ᠋ᠢᠨ ᠲᠠᠭᠠᠤ  ᠦᠢᠯᠡᠳᠪᠦᠷᠢᠯᠡᠯ ᠠᠮᠢᠳᠤᠷᠠᠯ ᠲᠤᠮᠲᠠ᠎ᠨᠢ ᠪᠠᠰᠠ ᠶᠠᠮᠠᠷ ᠬᠦᠴᠢᠷᠳᠡᠯ ᠪᠠᠢᠬᠤ ᠲᠤᠬᠠᠢ ᠯᠠᠪᠯᠠᠨ ᠠᠰᠠᠭᠤᠪᠠ᠃

《2016 ᠣᠨ᠎ᠠᠴᠠ ᠰᠠᠷᠠᠭᠤᠯ ᠡᠭᠡᠴᠢ᠎ᠶ᠋ᠢᠨ ᠬᠠᠪᠰᠤᠷᠤᠯᠭ᠎ᠠ᠎ᠪᠠᠷ ᠮᠠᠨ᠎ᠤ᠎ᠬᠢ ᠱᠢᠨ᠎ᠡ ᠪᠠᠢᠱᠢᠩ᠎ᠳᠤ ᠨᠡᠭᠦᠨ ᠣᠷᠣᠵᠣ᠂ ᠬᠤᠳᠳᠤᠭ᠎ᠲᠠᠢ ᠪᠣᠯᠵᠠᠢ᠂ ᠳᠠᠷᠡ ᠪᠠᠰᠠ ᠡᠵᠢ᠎ᠶ᠋ᠢ ᠬᠠᠪᠰᠤᠷᠣᠨ ᠵᠡᠮᠳᠡᠭ᠌ᠴᠣᠳ᠎ᠤᠨ ᠦᠨᠡᠮᠯᠡᠯ ᠱᠢᠢᠳᠪᠦᠷᠢᠯᠡᠨ ᠦᠭ᠌ᠭᠦᠭ᠌ᠰᠡᠨ᠂ ᠤᠳᠤ ᠢᠳᠡᠬᠦ᠌ ᠡᠮᠦᠰᠭᠦ ᠊ᠣᠴᠢᠷ᠎ᠲᠤ ᠵᠣᠪᠠᠭ᠍ᠤ ᠦᠭᠡᠢ ᠪᠣᠯᠣᠭ᠍ᠰᠠᠨ ᠮᠥᠷᠲᠡᠭᠡᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠣᠷᠣᠯᠭ᠎ᠠ᠎ᠲᠠᠢ ᠪᠣᠯᠵᠠᠶ》 ᠬᠡᠵᠦ᠍ ᠡᠸᠡᠩᠬᠢ ᠦᠨᠳᠦᠰᠦᠲᠡᠨ᠎ᠤ ᠳᠡᠩᠰᠡᠯᠡᠵᠦ᠍ ᠺᠠᠷᠲᠯᠠᠭ᠍ᠰᠠᠨ ᠶᠠᠳᠠᠭᠤ ᠬᠦᠴᠢᠷᠳᠡᠯᠲᠡᠶ ᠡᠷᠦᠬᠡ ᠣᠳᠤᠩᠭᠤᠸ᠎ᠠ᠎ᠶ᠋ᠢᠨ ᠬᠡᠦᠬᠡᠨ᠎ᠨᠢ ᠮᠠᠰᠢ ᠲᠠᠯᠠᠷᠬᠠᠨ ᠬᠡᠯᠡᠨ᠎ᠡ᠃

《ᠤᠷᠴᠢᠮ ᠶᠠᠮᠠᠷ ᠵᠡᠷᠭᠡ ᠪᠠᠢᠨ᠎ᠠ?》 《ᠪᠠᠰᠠ ᠶᠠᠮᠠᠷ ᠬᠦᠴᠢᠷᠳᠡᠯ ᠪᠠᠢᠨ᠎ᠠ?》 ᠡᠨᠡ ᠪᠣᠯ ᠰᠠᠷᠠᠭᠤᠯ᠎ᠤᠨ ᠮᠠᠯᠴᠢᠳ᠎ᠠᠴᠠ ᠦᠷᠭᠦᠯᠵᠢ ᠠᠰᠠᠭᠤᠲᠠᠭ ᠦᠭᠡ ᠪᠤᠯᠤᠨ᠎ᠠ᠃ ᠰᠠᠷᠠᠭᠤᠯ᠎ᠲᠠᠢ ᠬᠠᠷᠢᠯᠴᠠᠵᠦ᠍ ᠦᠩᠭᠡᠷᠡᠭ᠌ᠰᠡᠨ ᠬᠦᠮᠦᠨ ᠪᠤᠯᠭᠠᠨ ᠡᠷᠡᠬᠡᠢ ᠭᠠᠷᠭᠠᠬᠤ ᠦᠭᠡᠢ ᠬᠦᠮᠦᠨ ᠬᠡᠵᠦ᠍ ᠪᠠᠢᠬᠤ ᠦᠭᠡᠢ ᠪᠢᠯᠡ᠃

ᠰᠠᠷᠠᠭᠤᠯ᠂ ᠡᠸᠡᠩᠬᠢ ᠦᠨᠳᠦᠰᠦᠲᠡᠨ᠂ ᠣᠲᠣ ᠬᠥᠯᠥᠨ ᠪᠤᠢᠷ ᠬᠤᠲᠠ᠎ᠶ᠋ᠢᠨ ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠱᠢᠭᠤᠨ᠎ᠤ ᠨᠠᠮ᠎ᠤᠨ ᠬᠤᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠤᠨ ᠳᠡᠳ᠋ ᠳᠠᠷᠤᠭ᠎ᠠ᠎ᠶ᠋ᠢᠨ ᠲᠤᠱᠢᠶᠠᠯ᠎ᠲᠠᠢ᠃ 26 ᠵᠢᠯ᠎ᠤᠨ ᠲᠤᠷᠰᠢ᠂ ᠰᠠᠷᠠᠭᠤᠯ ᠬᠢᠲᠠᠳ᠂ ᠮᠣᠩᠭᠤᠯ᠂ ᠡᠸᠡᠩᠬᠢ ᠪᠣᠯᠤᠨ ᠳᠠᠭᠤᠷ ᠵᠡᠷᠭᠡ 4 ᠵᠦᠢᠯ᠎ᠤᠨ ᠬᠡᠯᠡ᠎ᠪᠠᠷ ᠮᠠᠯᠴᠢᠳ ᠳᠢ ᠬᠠᠷᠢᠯᠴᠠᠵᠣ᠂ ᠡᠸᠡᠩᠬᠢ᠎ᠶ᠋ᠢᠨ ᠲᠠᠯ᠎ᠠ ᠨᠤᠲᠤᠭ᠎ᠤᠨ ᠰᠤᠮᠤ ᠱᠢᠶᠠᠩ ᠪᠠᠯᠭᠠᠰᠤᠨ᠎ᠤ ᠭᠠᠵᠠᠷ ᠪᠤᠯᠭᠠᠨ᠎ᠳᠤ ᠬᠦᠷᠴᠦ᠍᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠢᠷ᠎ᠠ ᠰᠡᠳᠭᠢᠯᠭᠡ᠎ᠶ᠋ᠢ᠎ᠨᠢ ᠵᠤᠵᠠᠭᠠᠳᠭᠠᠨ᠎ᠠ᠃

ᠪᠠᠶᠠᠨᠲᠠᠯ᠎ᠠ ᠳᠠᠭᠤᠷ ᠦᠨᠳᠦᠰᠦᠲᠡᠨ᠎ᠤ ᠱᠢᠶᠠᠩ᠎ᠤᠨ ᠨᠠᠭᠤᠷ ᠭᠠᠴᠠᠭᠠᠨ᠎ᠤ ᠨᠠᠮ᠎ᠤᠨ ᠭᠡᠱᠢᠭᠦᠨ᠎ᠤ ᠠᠵᠢᠯᠯᠠᠭᠠᠨ᠎ᠤ ᠲᠠᠰᠤᠭ ᠪᠣᠯ ᠭᠠᠴᠠᠭᠠᠨ᠎ᠤ ᠨᠠᠮ᠎ᠤᠨ ᠭᠡᠱᠢᠭᠦᠨ᠎ᠤ ᠠᠵᠢᠯᠯᠠᠭ᠎ᠠ᠎ᠶ᠋ᠢᠨ ᠭᠤᠣᠯ ᠵᠢᠭ᠍ᠰᠠᠭᠠᠯ᠎ᠤᠨ ᠭᠠᠵᠠᠷ ᠪᠣᠯᠤᠨ᠎ᠠ᠃ ᠪᠠᠢᠱᠢᠩ᠎ᠨᠢ ᠬᠠᠭᠤᠴᠢᠷᠠᠭ᠍ᠰᠠᠨ ᠪᠣᠯᠬᠤᠷ ᠰᠡᠯᠪᠢᠨ ᠵᠠᠰᠠᠬᠤ ᠪᠠ ᠳᠤᠯᠠᠭᠠᠯᠠᠬᠤ᠎ᠳᠤ ᠪᠦᠷ ᠪᠡᠯᠡ ᠮᠥᠩᠭᠦ᠌ ᠬᠡᠷᠡᠭ᠌ᠰᠡᠬᠦ᠌ ᠴᠢᠬᠤᠯᠠ᠎ᠲᠠᠢ ᠪᠠᠢᠪᠠ᠃ ᠰᠠᠷᠠᠭᠤᠯ ᠳᠣᠰ ᠭᠠᠴᠠᠭᠠᠨ᠎ᠤ ᠬᠠᠪᠰᠤᠷᠤᠨ ᠲᠡᠳᠬᠦᠬᠦ᠌ ᠺᠠᠳ᠋ᠷ ᠪᠣᠯᠤᠭ᠍ᠰᠠᠨ᠎ᠤ ᠬᠤᠪᠢ᠎ᠳᠤ᠂ ᠨᠢᠭᠡ ᠲᠠᠯ᠎ᠠ᠎ᠪᠠᠷ ᠦᠨᠳᠦᠰᠦᠲᠡᠨ᠎ᠤ ᠬᠡᠷᠡᠭ ᠡᠷᠬᠢᠯᠡᠬᠦ᠌ ᠵᠥᠪᠯᠡᠯ᠂ ᠶᠠᠳᠠᠭᠤ᠎ᠶ᠋ᠢ ᠲᠡᠳᠬᠦᠬᠦ᠌ ᠠᠯᠪᠠᠨ ᠭᠡᠷ᠂ ᠡᠳ᠋᠎ᠤᠨ ᠵᠠᠰᠠᠭ ᠵᠡᠷᠭᠡ ᠰᠠᠯᠠᠭ᠎ᠠ ᠮᠥᠴᠢᠷ᠎ᠢ ᠵᠣᠬᠢᠴᠠᠭᠤᠯᠤᠨ ᠲᠥᠷᠥᠯ ᠵᠦᠢᠯ᠎ᠤᠨ ᠪᠡᠯᠡ ᠮᠥᠩᠭᠦ᠌ ᠣᠯᠵᠤ ᠦᠭ᠌ᠭᠦᠨ᠂ ᠨᠥᠭᠦᠭᠡ ᠲᠠᠯ᠎ᠠ᠎ᠪᠠᠷ ᠭᠠᠴᠠᠭᠠᠨ᠎ᠳᠤ ᠠᠵᠤ ᠦᠢᠯᠡᠰ᠎ᠤᠨ ᠲᠥᠷᠥᠯ ᠵᠦᠢᠯ ᠡᠷᠢᠵᠦ᠍ ᠦᠭ᠌ᠪᠡ᠃ ᠲᠡᠭᠦᠨ᠎ᠤ ᠢᠳᠡᠪᠬᠢᠲᠡᠢ ᠴᠢᠷᠮᠠᠢᠯᠭ᠎ᠠ ᠳᠣᠣᠷ᠎ᠠ᠂ ᠭᠠᠴᠠᠭᠠᠨ᠎ᠤ ᠨᠠᠮ᠎ᠤᠨ ᠭᠡᠱᠢᠭᠦᠨ᠎ᠤ ᠠᠵᠢᠯᠯᠠᠭᠠᠨ᠎ᠤ ᠲᠠᠰᠤᠭ᠎ᠨᠢ ᠦᠩᠭᠡᠷᠡᠭ᠌ᠰᠡᠨ᠎ᠤ ᠡᠪᠦᠯ᠎ᠳᠡᠭᠡᠨ ᠵᠤᠤᠬ᠎ᠠ ᠬᠡᠷᠡᠭ᠌ᠯᠡᠵᠦ᠍᠂ ᠳᠤᠯᠠᠭᠠᠯᠠᠵᠣ ᠪᠠᠢᠭ᠍ᠰᠠᠨ ᠬᠦᠴᠢᠷ ᠠᠰᠠᠭᠤᠳᠠᠯ᠎ᠢ ᠱᠢᠢᠳᠪᠦᠷᠢᠯᠡᠪᠡ᠃

ᠰᠠᠷᠠᠭᠤᠯ᠎ᠤᠨ ᠬᠠᠪᠰᠤᠷᠤᠯᠭ᠎ᠠ ᠲᠡᠮᠵᠢᠯᠭᠡ ᠪᠠ ᠬᠥᠲᠥᠯᠥᠨ ᠳᠠᠭᠠᠭᠤᠯᠭ᠎ᠠ ᠲᠤᠤᠷ᠎ᠠ᠂ ᠡᠸᠡᠩᠬᠢ ᠬᠤᠱᠢᠭᠤᠨ᠎ᠤ 44 ᠭᠠᠴᠠᠭ᠎ᠠ ᠬᠠᠮᠲᠤ᠎ᠶ᠋ᠢᠨ ᠠᠵᠤ ᠠᠬᠤᠢ᠎ᠪᠠᠨ ᠶᠡᠭᠡ᠎ᠪᠠᠷ ᠬᠥᠭ᠌ᠵᠢᠭᠦᠯᠦᠨ ᠪᠤᠵᠠᠭᠠᠢᠷᠠᠭᠤᠯᠵᠤ᠂ ᠬᠠᠮᠲᠤ᠎ᠶ᠋ᠢᠨ ᠠᠵᠤ ᠠᠬᠤᠢ 《ᠬᠤᠭᠤᠰᠣᠨ ᠭᠠᠴᠠᠭ᠎ᠠ》 ᠎ᠶ᠋ᠢ ᠠᠷᠢᠯᠭᠠᠨ᠂ ᠭᠠᠴᠠᠭᠠᠨ᠎ᠤ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠪᠡ᠃

ᠵᠣᠬᠢᠶᠠᠨ ᠪᠠᠢᠭᠤᠯᠬᠤ ᠬᠡᠯᠲᠡᠰ᠎ᠤᠨ ᠺᠠᠳ᠋ᠷ ᠪᠣᠯᠤᠭ᠍ᠰᠠᠨ᠎ᠤ ᠬᠤᠪᠢ᠎ᠳᠤ᠂ ᠰᠠᠷᠠᠭᠤᠯ ᠨᠠᠮ᠎ᠤᠨ ᠪᠠᠢᠭᠤᠯᠤᠯᠲᠠ᠎ᠪᠠᠷ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠠᠵᠢᠯ᠎ᠢ ᠢᠳᠡᠪᠬᠢᠲᠡᠢ ᠠᠬᠢᠭᠤᠯᠵᠤ᠂ ᠦᠨᠳᠦᠰᠦᠲᠡᠨ᠎ᠤ ᠱᠢᠯᠢᠳᠡᠭ ᠪᠡᠯᠡᠳᠭᠡᠯ ᠺᠠᠳ᠋ᠷ᠎ᠢ ᠱᠢᠯᠢᠨ ᠰᠤᠩᠭᠤᠵᠦ᠍ 《ᠨᠢᠭᠡᠳᠦᠭᠡᠷ ᠱᠦᠵᠢ》᠂ ᠭᠠᠴᠠᠭ᠎ᠠ ᠲᠣᠰᠭᠤᠨ᠎ᠳᠤ ᠰᠠᠭᠤᠭ᠎ᠠ ᠺᠠᠳ᠋ᠷ᠎ᠤᠨ ᠲᠤᠱᠢᠶᠠᠯ᠎ᠢ ᠡᠭᠦᠷᠭᠡᠯᠡᠭᠦᠯᠵᠦ᠍᠂ ᠡᠯ᠎ᠡ ᠭᠠᠴᠠᠭᠠᠨ᠎ᠤ ᠴᠦᠬᠡᠨ ᠲᠤᠭᠠᠲᠦ ᠦᠨᠳᠦᠰᠦᠲᠡᠨ᠎ᠤ ᠲᠦᠪᠯᠡᠷᠡᠵᠦ᠍ ᠪᠠᠢᠭ᠎ᠠ ᠪᠠᠢᠳᠠᠯ᠎ᠢ ᠦᠨᠳᠦᠰᠦᠯᠡᠨ᠂ ᠠᠷᠠᠳ᠎ᠤᠨ ᠵᠠᠩ ᠦᠢᠯᠡ᠎ᠶ᠋ᠢᠨ ᠪᠠᠢᠳᠠᠯ᠎ᠢ ᠣᠢᠯᠠᠭᠠᠬᠤ᠂ ᠦᠨᠳᠦᠰᠦᠲᠡᠨ᠎ᠤ ᠦᠭᠡ ᠬᠡᠯᠡ ᠪᠠ ᠣᠷᠣᠨ ᠨᠣᠳᠤᠭ᠎ᠤᠨ ᠣᠨᠴᠠᠯᠢᠭ᠎ᠢ ᠰᠠᠢᠨ ᠮᠡᠳᠡᠳᠡᠭ ᠺᠠᠳ᠋ᠷ᠎ᠢ ᠰᠣᠩᠭᠤᠨ ᠲᠣᠮᠢᠯᠠᠵᠤ᠂ ᠣᠯᠠᠨ ᠲᠦᠮᠡᠨ᠂ ᠺᠠᠳ᠋ᠷ᠂ ᠬᠠᠪᠰᠤᠷᠤᠨ ᠲᠡᠳᠬᠦᠬᠦ᠌ ᠨᠢᠭᠡᠴᠢ 《ᠭᠤᠷᠪᠠᠨ ᠳᠠᠯ᠎ᠠ᠎ᠪᠠᠷ ᠬᠠᠨᠤᠮᠵᠢᠲᠠᠶ ᠪᠠᠢᠬᠤ》 ᠎ᠶ᠋ᠢ ᠴᠢᠷᠮᠠᠢᠨ ᠪᠡᠶᠡᠯᠡᠭᠦᠯᠪᠡ᠃

ᠲᠡᠷᠡ ᠦᠨᠳᠦᠰᠦᠨ ᠱᠠᠲᠤᠨ᠎ᠤ ᠺᠠᠳ᠋ᠷ᠎ᠢ ᠬᠠᠯᠠᠮᠵᠢᠯᠠᠨ ᠬᠠᠢᠷᠠᠯᠠᠵᠤ᠂ ᠭᠠᠴᠠᠭ᠎ᠠ ᠲᠣᠰᠭᠤᠨ᠎ᠳᠤ ᠰᠠᠭᠤᠭ᠎ᠠ ᠠᠵᠢᠯᠯᠠᠬᠤ ᠠᠩᠭᠢ᠂ ᠬᠠᠪᠰᠤᠷᠤᠨ ᠲᠡᠳᠬᠦᠬᠦ᠌ ᠺᠠᠳ᠋ᠷ᠂ 《ᠨᠢᠭᠡᠳᠦᠭᠡᠷ ᠱᠦᠵᠢ》 ᠎ᠶ᠋ᠢᠨ ᠠᠵᠢᠯ᠎ᠤᠨ ᠵᠠᠷᠤᠳᠠᠯ ᠵᠢᠴᠢ ᠭᠡᠱᠢᠭᠦᠳ᠎ᠤᠨ ᠠᠮᠢᠳᠤᠷᠠᠯ᠎ᠤᠨ ᠨᠥᠬᠦᠪᠥᠷᠢ᠂ ᠬᠥᠮᠦᠨ᠎ᠤ ᠪᠡᠶ᠎ᠡ᠎ᠶ᠋ᠢᠨ ᠰᠠᠨᠠᠭᠠᠨ᠎ᠳᠤ ᠥᠬᠡᠶ ᠭᠡᠮᠳᠦᠯ᠎ᠤᠨ ᠳᠠᠭᠠᠳᠭᠠᠯ᠎ᠢ ᠢᠳᠡᠪᠬᠢᠲᠡᠶ ᠨᠠᠢᠲᠠᠪᠤᠷᠢᠵᠢᠭᠤᠯᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠡᠮᠦᠨ᠎ᠡ ᠹᠷᠣᠨᠲ᠎ᠤᠨ ᠺᠠᠳ᠋ᠷᠴᠣᠳ᠎ᠤᠨ ᠬᠤᠢᠱᠢᠳᠠ᠎ᠶ᠋ᠢᠨ ᠵᠣᠪᠠᠯᠠᠩ᠎ᠢ᠎ᠨᠢ ᠠᠷᠢᠯᠭᠠᠨ ᠥᠭ᠌ᠴᠡᠢ᠃ 2019 ᠣᠨ᠎ᠳᠤ᠂ ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠱᠢᠭᠤ ᠦᠪᠡᠷᠲᠡᠭᠡᠨ ᠵᠠᠰᠭᠠᠤ ᠤᠷᠤᠨ᠎ᠤ ᠶᠠᠳᠠᠭᠤ ᠬᠦᠴᠢᠷᠲᠡᠯᠲᠡᠢ ᠬᠤᠱᠢᠭᠤ᠎ᠶ᠋ᠢᠨ ᠡᠩᠨᠡᠭᠡ᠎ᠠᠴᠠ᠎ᠪᠠᠨ ᠭᠠᠷᠴᠣ᠂ 1185 ᠡᠷᠦᠬᠡ᠎ᠶ᠋ᠢᠨ 2793 ᠶᠠᠳᠠᠭᠤ ᠬᠦᠴᠢᠷᠳᠡᠯᠲᠡᠢ ᠣᠯᠠᠨ ᠲᠦᠮᠡᠨ ᠶᠠᠳᠠᠭᠤ᠎ᠠᠴᠠ᠎ᠪᠠᠨ ᠠᠩᠭᠢᠵᠢᠷᠠᠪᠡ᠃

ᠣᠯᠠᠨ ᠵᠢᠯ᠎ᠤᠨ ᠲᠤᠷᠰᠢ᠂ ᠰᠠᠷᠠᠭᠤᠯ ᠦᠨᠡᠨᠴᠢ ᠬᠠᠢᠷ᠎ᠠ᠎ᠪᠠᠷ᠎ᠢᠶᠠᠨ ᠮᠠᠯᠴᠢᠨ ᠲᠦᠮᠡᠨ᠎ᠢᠶᠠᠨ ᠳᠤᠯᠠᠭᠠᠴᠠᠭᠤᠯᠤᠬ᠍ᠰᠠᠭᠠᠷ ᠢᠷᠡᠵᠡᠢ᠃ 《ᠴᠥᠭᠡᠨ ᠲᠣᠭᠠᠲᠤ ᠦᠨᠳᠦᠰᠦᠲᠡᠨ᠎ᠤ ᠺᠠᠳ᠋ᠷ᠂ ᠡᠪ ᠬᠠᠮᠲᠤ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠦᠨᠳᠦᠰᠦᠲᠡᠨ᠎ᠤ ᠪᠦᠯᠬᠦᠮᠳᠡᠯ᠎ᠳᠤ ᠨᠢᠭᠡ ᠮᠦᠷᠦᠨ᠎ᠤ ᠬᠦᠴᠦᠨ᠎ᠢᠶᠠᠨ ᠡᠷᠭᠦᠬᠦ᠌᠎ᠨᠢ ᠨᠠᠲᠠᠲᠤ ᠮᠠᠰᠢ ᠢᠷᠠᠭᠤ ᠠᠯᠳᠠᠷᠲᠠᠶ ᠰᠠᠨᠠᠭ᠍ᠳᠠᠨ᠎ᠠ》 ᠬᠡᠵᠦ᠍ ᠰᠠᠷᠠᠭᠤᠯ ᠬᠡᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠢᠶ᠎ᠡ ᠪᠦᠬᠦᠢ ᠰᠣᠨᠢᠨ
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号