《ᠡᠭᠦᠯᠡᠨ ᠬᠦᠯᠦᠭ · 2020 ᠥᠪᠥᠷ ᠮᠣᠩᠭᠤᠯ᠎ᠤᠨ ᠠᠷᠠᠳ᠎ᠤᠨ ᠳᠠᠭᠤᠤ᠎ᠶ᠋ᠢᠨ ᠤᠷᠤᠯᠳᠤᠭᠠᠨ》 ᠎ᠤ ᠠᠩᠬᠠᠨ᠎ᠤ ᠱᠢᠯᠭᠠᠷᠠᠭᠤᠯᠤᠯᠳᠠ᠎ᠶ᠋ᠢᠨ ᠳ᠋ᠦᠩ ᠳᠤᠳᠤᠷᠠᠯ᠎ᠠ
2020-09-22 11:31:32
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠷᠠᠳ᠎ᠤᠨ ᠳᠠᠭᠤᠤ ᠠᠷᠠᠳ ᠲᠦᠮᠡᠨ᠎ᠤ ᠤᠢ ᠪᠢᠯᠢᠭ᠎ᠠᠴᠠ ᠤᠨᠳᠤᠷᠤᠯᠳᠠᠢ

ᠠᠷᠠᠳ᠎ᠤᠨ ᠳᠠᠭᠤᠤ ᠠᠷᠠᠳ ᠲᠦᠮᠡᠨ᠎ᠤ᠎ᠪᠠᠨ ᠤᠶᠤᠨ ᠰᠠᠨᠠᠭ᠎ᠠ᠎ᠶ᠋ᠢ ᠤᠮᠳᠠᠯᠠᠳᠠᠭ

ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠬᠤ ᠵᠤᠷᠢᠭ ᠰᠠᠨᠠᠭ᠎ᠠ᠎ᠪᠠᠷ ᠤᠳᠤᠷᠢᠳᠤᠮᠵᠢ ᠪᠤᠯᠭᠠᠨ᠂ 《ᠠᠷᠠᠳ᠎ᠤᠨ ᠳᠠᠭᠤᠤ᠎ᠪᠠᠨ ᠬᠠᠮᠳᠤ᠎ᠳᠤ᠎ᠪᠠᠨ ᠳᠠᠭᠤᠯᠠᠵᠤ ᠳᠤᠮᠳᠠᠳᠤ᠎ᠶ᠋ᠢᠨ ᠵᠡᠭᠦᠳᠦ᠎ᠪᠠᠨ ᠲᠡᠷᠭᠡᠯᠱᠢᠭᠦᠯᠦᠶ᠎ᠡ》 ᠬᠡᠬᠦ᠌᠎ᠪᠠᠷ ᠭᠤᠤᠯ ᠰᠡᠳᠦᠪ ᠪᠤᠯᠭᠠᠭ᠍ᠰᠠᠨ 《ᠡᠭᠦᠯᠡᠨ ᠬᠦᠯᠦᠭ · 2020 ᠥᠪᠥᠷ ᠮᠣᠩᠭᠤᠯ᠎ᠤᠨ ᠠᠷᠠᠳ᠎ᠤᠨ ᠳᠠᠭᠤᠤ᠎ᠶ᠋ᠢᠨ ᠤᠷᠤᠯᠳᠤᠭᠠᠨ》 ᠎ᠤ ᠠᠩᠬᠠᠨ᠎ᠤ ᠱᠢᠯᠭᠠᠷᠠᠭᠤᠯᠤᠯᠳᠠ ᠬᠦᠬᠡᠬᠤᠳᠠ᠎ᠳᠤ ᠶᠠᠪᠤᠭ᠍ᠳᠠᠪᠠ᠃



ᠦᠪᠦᠷ ᠮᠤᠩᠭᠤᠯ᠎ᠤᠨ ᠡᠳᠤᠷ᠎ᠤᠨ ᠰᠤᠨᠢᠨ᠎ᠤ ᠬᠤᠷᠢᠶ᠎ᠠ᠎ᠠᠴᠠ ᠳᠠᠭᠠᠭᠠᠴᠢᠯᠠᠨ ᠡᠷᠬᠢᠯᠡᠭ᠌ᠰᠡᠨ ᠲᠤᠰ ᠤᠷᠤᠯᠳᠤᠭᠠᠨ ᠪᠤᠯ ᠠᠷᠪᠠᠨ ᠳᠤᠯᠤᠳᠤᠭᠠᠷ ᠬᠤᠭᠤᠴᠠᠭᠠᠨ᠎ᠤ ᠳᠠᠯ᠎ᠠ ᠨᠤᠳᠤᠭ᠎ᠤᠨ ᠰᠤᠶᠤᠯ᠎ᠤᠨ ᠨᠠᠢᠷ᠎ᠤᠨ ᠴᠢᠬᠤᠯᠠ ᠨᠢᠭᠡᠨ ᠠᠵᠢᠯᠯᠠᠭ᠎ᠠ ᠪᠤᠯᠤᠨ᠎ᠠ᠃ 9 ᠰᠠᠷ᠎ᠠ᠎ᠶ᠋ᠢᠨ 19 ᠎ᠤ ᠡᠳᠦᠷ ᠶᠠᠪᠤᠭ᠍ᠳᠠᠭ᠍ᠰᠠᠨ ᠠᠩᠬᠠᠨ᠎ᠤ ᠱᠢᠯᠭᠠᠷᠠᠭᠤᠯᠤᠯᠳᠠ᠎ᠪᠠᠷ 684 ᠪᠦᠳᠦᠭᠡᠯ᠎ᠠᠴᠠ 185 ᠪᠦᠳᠦᠭᠡᠯ ᠴᠤᠯᠭᠤᠷᠠᠨ ᠭᠠᠷᠴᠤ᠌ ᠱᠢᠭ᠌ᠰᠢᠭᠡ ᠤᠷᠤᠯᠳᠤᠭᠠᠨ᠎ᠳᠤ ᠳᠡᠪᠱᠢᠭᠦᠯᠦᠭ᠌ᠳᠡᠭ᠌ᠰᠡᠨ ᠪᠠᠢᠨ᠎ᠠ᠃

《ᠪᠤᠳᠠᠭᠠᠯᠢ》᠄ ᠶᠡᠭᠡ ᠠᠭᠤᠰᠤᠯᠴᠠᠯ᠂ ᠶᠡᠭᠡ ᠬᠤᠯᠪᠣᠭᠠᠯᠠᠯ᠂ ᠶᠡᠭᠡ ᠳᠠᠮᠵᠢᠭᠤᠯᠭ᠎ᠠ

ᠮᠤᠩᠭᠤᠯ᠂ ᠬᠢᠳᠠᠳ ᠵᠢᠴᠢ 《ᠭᠤᠷᠪᠠᠨ ᠴᠥᠭᠡᠨ ᠲᠣᠭᠠᠲᠤ》 ᠦᠨᠳᠦᠰᠦᠲᠡᠨ᠎ᠤ ᠠᠷᠠᠳ᠎ᠤᠨ ᠳᠠᠭᠤᠤ᠎ᠨᠤᠭᠤᠳ ᠡᠭᠡᠱᠢᠭ ᠨᠠᠢᠯᠠᠨ ᠬᠠᠩᠬᠢᠨᠠᠵᠤ᠂ ᠦᠨᠳᠦᠰᠦᠲᠡᠨ᠎ᠤ ᠰᠤᠶᠤᠯ᠎ᠤᠨ ᠶᠡᠭᠡ ᠠᠭᠤᠰᠤᠯᠴᠠᠯ᠂ ᠤᠷᠤᠨ᠎ᠤ ᠳᠤᠳᠤᠨ᠎ᠠ ᠭᠠᠳᠠᠨ᠎ᠠ᠂ ᠡᠯ᠎ᠡ ᠠᠢᠮᠠᠭ ᠬᠤᠳᠠ ᠬᠤᠱᠢᠭᠤ ᠱᠢᠶᠠᠨ᠎ᠤ ᠰᠤᠶᠤᠯ᠎ᠤᠨ ᠪᠠᠢᠭᠤᠯᠤᠮᠵᠢ᠎ᠶ᠋ᠢᠨ ᠶᠡᠭᠡ ᠬᠤᠯᠪᠤᠭᠠᠯᠠᠯ᠂ ᠡᠯ᠎ᠡ ᠱᠠᠳᠤᠨ᠎ᠤ ᠰᠤᠨᠢᠨ ᠰᠦᠯᠵᠢᠶ᠎ᠡ᠂ ᠷᠠᠳᠢᠣ᠋ ᠲᠧᠯᠸᠢᠰ᠎ᠤᠨ ᠶᠡᠭᠡ ᠳᠠᠮᠵᠢᠭᠤᠯᠭ᠎ᠠ᠎ᠶ᠋ᠢᠨ ᠪᠠᠢᠳᠠᠯ᠎ᠢ ᠪᠤᠢ ᠪᠤᠯᠭᠠᠵᠤ᠂ ᠦᠨᠳᠦᠰᠦᠲᠡᠨ᠎ᠨᠦᠭᠦᠳ ᠪᠦᠯᠭᠦᠮᠳᠡᠨ ᠨᠢᠭ᠍ᠳᠠᠷᠠᠭ᠍ᠰᠠᠨ ᠤᠮᠠᠷᠠᠳᠤ ᠬᠢᠯᠢ᠎ᠶ᠋ᠢᠨ ᠦᠵᠡᠰᠭᠦᠯᠡᠩᠳᠤ ᠰᠠᠢᠬᠠᠨ ᠦᠵᠡᠮᠵᠢ ᠪᠤᠯᠵᠤ ᠪᠦᠷᠢᠯᠳᠦᠭ᠌ᠰᠡᠨ ᠪᠠᠢᠯ᠎ᠠ᠃

《ᠠᠮᠳᠠᠭᠠᠯᠢ》᠄ ᠰᠣᠩᠭᠤᠳᠠᠭ ᠴᠢᠨᠠᠷ᠂ ᠣᠯᠠᠨ ᠲᠦᠮᠡᠨᠴᠢ ᠴᠢᠨᠠᠷ᠂ ᠰᠦᠯᠵᠢᠶᠡᠵᠢᠳᠤ ᠴᠢᠨᠠᠷ

ᠲᠤᠰ ᠤᠷᠤᠯᠳᠤᠭᠠᠨ 7 ᠰᠠᠷ᠎ᠠ᠎ᠶ᠋ᠢᠨ 27 ᠎ᠠᠴᠠ 8 ᠰᠠᠷ᠎ᠠ᠎ᠶ᠋ᠢᠨ 30 ᠎ᠤ ᠡᠳᠦᠷ ᠪᠣᠯᠲᠠᠯ᠎ᠠ᠂ ᠣᠷᠣᠨ᠎ᠤ ᠳᠣᠲᠣᠨ᠎ᠠ ᠭᠠᠳᠠᠨ᠎ᠠ᠎ᠠᠴᠠ 684 ᠪᠦᠲᠦᠭᠡᠯ᠎ᠢ ᠡᠯᠰᠡᠡ ᠤᠯᠵᠤ᠂ ᠠᠷᠠᠳ᠎ᠤᠨ ᠳᠤᠮᠳᠠ ᠨᠢᠭᠤᠭ᠍ᠳᠠᠵᠤ ᠪᠠᠢᠭ᠍ᠰᠠᠨ ᠱᠢᠯᠢᠳᠡᠭ ᠪᠦᠳᠦᠭᠡᠯ ᠱᠢᠯᠢᠳᠡᠭ ᠤᠷᠠᠯᠢᠭ᠍ᠴᠢᠨ᠎ᠢ ᠶᠡᠭᠡ ᠬᠡᠮᠵᠢᠶ᠎ᠡ᠎ᠪᠠᠷ ᠢᠯᠡᠷᠡᠭᠦᠯᠵᠤ᠂ ᠭᠤᠴᠤ᠌ ᠳᠡᠭᠦᠯᠳᠡᠷ ᠤᠷᠠᠯᠢᠭ᠎ᠤᠨ ᠰᠤᠩᠭᠤᠳᠠᠭ᠎ᠢ ᠭᠤᠸ᠎ᠠ ᠳᠠᠭᠠᠱᠢᠶᠠᠯ᠎ᠤᠨ ᠠᠭᠤᠤ ᠬᠤᠷᠮᠤᠢ᠎ᠳᠤ ᠪᠠᠭ᠍ᠳᠠᠭᠠᠨ᠂ ᠲᠤᠰ ᠤᠷᠤᠯᠳᠤᠭᠠᠨ᠎ᠤ ᠰᠣᠩᠭᠤᠳᠠᠭ ᠴᠢᠨᠠᠷ᠂ ᠰᠦᠯᠵᠢᠶᠡᠵᠢᠳᠤ ᠴᠢᠨᠠᠷ᠂ ᠤᠯᠠᠨ ᠲᠦᠮᠡᠨᠴᠢ ᠴᠢᠨᠠᠷ᠎ᠢ ᠭᠦᠢᠴᠡᠳ ᠬᠠᠷᠠᠭᠤᠯᠪᠠ᠃

《ᠨᠠᠮᠪᠠᠭᠠᠯᠢ》᠄ ᠬᠥᠲᠥᠯᠥᠨ ᠳᠠᠭᠠᠭᠤᠯᠤᠭ᠍ᠴᠢ᠂ ᠬᠥᠳᠡᠯᠦᠯᠴᠡᠯ ᠬᠤᠷᠱᠢᠶᠠᠵᠢᠯ᠂ ᠡᠭᠦᠳᠦᠨ ᠪᠦᠳᠦᠭᠡᠯᠴᠢ

ᠠᠯᠳᠠᠷᠳᠤ ᠳᠠᠭᠤᠴᠢᠨ᠂ ᠡᠷᠳᠡᠮᠳᠡᠨ ᠪᠠᠭ᠍ᠰᠢ᠂ ᠠᠯᠳᠠᠷᠳᠤ ᠤᠷᠠᠯᠢᠭ᠍ᠴᠢᠨ᠎ᠢᠶᠠᠷ ᠪᠦᠷᠢᠯᠳᠦᠭ᠌ᠰᠡᠨ ᠬᠢᠨᠠᠭ᠍ᠴᠢ᠎ᠶ᠋ᠢᠨ ᠪᠦᠯᠬᠦᠮ ᠬᠤᠷᠠᠨ ᠴᠤᠭ᠍ᠯᠠᠷᠠᠵᠤ ᠠᠩᠬᠠᠨ᠎ᠤ ᠱᠢᠯᠭᠠᠷᠠᠭᠤᠯᠤᠯᠳᠠ᠎ᠶ᠋ᠢ ᠬᠢᠨᠠᠨ ᠳᠤᠭ᠍ᠳᠠᠭᠠᠪᠠ᠃ ᠤᠳᠤᠳ᠎ᠤᠨ ᠳᠠᠭᠠᠭᠤᠯᠭ᠎ᠠ᠂ ᠰᠦᠯᠵᠢᠶᠡᠨ ᠠᠨᠳᠠ᠎ᠶ᠋ᠢᠨ ᠬᠦᠳᠡᠯᠤᠯᠴᠡᠯ᠂ ᠤᠳᠭ᠎ᠠ ᠤᠷᠠᠯᠢᠭ᠎ᠤᠨ ᠱᠢᠨ᠎ᠡ ᠡᠭᠦᠳᠦᠯᠳᠡ᠎ᠨᠢ ᠲᠤᠰ ᠤᠷᠤᠯᠳᠤᠭᠠᠨ᠎ᠤ ᠤᠨᠴᠠᠭᠠᠢ ᠬᠡᠪ ᠨᠠᠮᠪᠠ᠎ᠶ᠋ᠢ ᠪᠤᠢ ᠪᠤᠯᠭᠠᠵᠤ᠂ ᠮᠣᠩᠭᠤᠯ ᠦᠨᠳᠦᠰᠦᠲᠡᠨ᠎ᠤ ᠤᠷᠲᠤ᠎ᠶ᠋ᠢᠨ ᠳᠠᠭᠤᠤ᠎ᠶ᠋ᠢᠨ ᠳᠤᠭᠤᠢ᠍ᠢᠯᠠᠩ᠎ᠠᠴᠠ 80 ᠪᠦᠳᠦᠭᠡᠯ᠂ ᠮᠣᠩᠭᠤᠯ ᠦᠨᠳᠦᠰᠦᠲᠡᠨ᠎ᠤ ᠪᠤᠭᠤᠨᠢ ᠳᠠᠭᠤᠤ᠎ᠶ᠋ᠢᠨ ᠳᠤᠭᠤᠢ᠍ᠢᠯᠠᠩ᠎ᠠᠴᠠ 30 ᠪᠦᠳᠦᠭᠡᠯ᠂ 《ᠭᠤᠷᠪᠠᠨ ᠴᠥᠭᠡᠨ ᠲᠣᠭᠠᠲᠤ》 ᠦᠨᠳᠦᠰᠦᠲᠡᠨ᠎ᠤ ᠠᠷᠠᠳ᠎ᠤᠨ ᠳᠠᠭᠤᠤ᠎ᠶ᠋ᠢᠨ ᠳᠤᠭᠤᠢ᠍ᠢᠯᠠᠩ᠎ᠠᠴᠠ 11 ᠪᠦᠳᠦᠭᠡᠯ᠂ ᠬᠢᠲᠠᠳ ᠦᠨᠳᠦᠰᠦᠲᠡᠨ᠎ᠤ ᠠᠷᠠᠳ᠎ᠤᠨ ᠳᠠᠭᠤᠤ᠎ᠶ᠋ᠢᠨ ᠳᠤᠭᠤᠢ᠍ᠢᠯᠠᠩ᠎ᠠᠴᠠ 25 ᠪᠦᠳᠦᠭᠡᠯ᠂ ᠤᠯᠠᠮᠵᠢᠯᠠᠯᠲᠤ ᠠᠷᠠᠳ᠎ᠤᠨ ᠳᠠᠭᠤᠤ᠎ᠶ᠋ᠢᠨ ᠨᠠᠢᠷᠠᠯ ᠳᠠᠭᠤᠤ᠎ᠶ᠋ᠢᠨ ᠳᠤᠭᠤᠢ᠍ᠢᠯᠠᠩ᠎ᠠᠴᠠ 17 ᠪᠦᠳᠦᠭᠡᠯ᠂ ᠦᠭᠡᠷᠡᠴᠢᠯᠡᠨ ᠨᠠᠢᠷᠠᠭᠤᠯᠤᠭ᠍ᠰᠠᠨ ᠠᠷᠠᠳ᠎ᠤᠨ ᠳᠠᠭᠤᠤ᠎ᠶ᠋ᠢᠨ ᠳᠤᠭᠤᠢ᠍ᠢᠯᠠᠩ᠎ᠠᠴᠠ 22 ᠪᠦᠳᠦᠭᠡᠯ ᠳᠤᠳᠤᠷᠠᠵᠤ᠂ ᠳᠠᠷᠠᠭᠠᠴᠢ᠎ᠪᠠᠷ ᠶᠠᠪᠤᠭ᠍ᠳᠠᠬᠤ ᠱᠢᠭ᠌ᠰᠢᠭᠡ ᠤᠷᠤᠯᠳᠤᠭᠠᠨ᠎ᠳᠤ ᠤᠷᠤᠯᠴᠠᠬᠤ᠎ᠪᠠᠷ ᠪᠤᠯᠤᠭ᠍ᠰᠠᠨ ᠪᠠᠢᠨ᠎ᠠ᠃ ᠱᠢᠭ᠌ᠰᠢᠭᠡ ᠤᠷᠤᠯᠳᠤᠭᠠᠨ᠎ᠳᠤ᠂ ᠤᠷᠤᠯᠴᠠᠭ᠍ᠴᠢ᠎ᠶ᠋ᠢᠨ ᠪᠦᠳᠦᠭᠡᠯ᠎ᠢ ᠰᠦᠯᠵᠢᠶᠡᠨ ᠳᠡᠭᠡᠷ᠎ᠡ ᠳᠡᠪᠱᠢᠭᠦᠯᠵᠤ᠂ ᠰᠦᠯᠵᠢᠶᠡᠨ ᠠᠨᠳᠠ ᠨᠠᠷ ᠲᠠᠯ᠎ᠠ ᠨᠤᠲᠤᠭ APP ᠪᠣᠯᠤᠨ ᠭᠦᠯᠦᠭ APP ᠎ᠶ᠋ᠢᠨ ᠠᠷᠠᠳ᠎ᠤᠨ ᠳᠠᠭᠤᠤ᠎ᠶ᠋ᠢᠨ ᠤᠷᠤᠯᠳᠤᠭᠠᠨ᠎ᠤ ᠰᠤᠪᠠᠭ᠎ᠲᠤ ᠭᠠᠷᠴᠤ᠌᠂ ᠣᠷᠣᠯᠴᠠᠭ᠍ᠴᠢ᠎ᠳᠤ ᠤᠨᠤᠭ᠎ᠠ ᠦᠭ᠌ᠴᠤ ᠱᠢᠯᠢᠳᠡᠭ ᠪᠦᠳᠦᠭᠡᠯ᠎ᠢ ᠱᠢᠯᠭᠠᠷᠠᠭᠤᠯᠤᠨ᠎ᠠ᠃


 

ᠰᠤᠷᠪᠤᠯᠵᠢᠯᠠᠭ᠍ᠴᠢ᠄  ᠪᠤᠤ ᠰᠠᠷᠠᠭᠤᠯ ᠠᠬᠢᠮ᠎ᠠ

ᠹᠢᠯᠢᠮ ᠦᠢᠯᠡᠳᠦᠭ᠌ᠴᠢ᠄ ᠬᠦᠪᠴᠢᠨ

ᠬᠢᠨᠠᠭ᠍ᠴᠢ᠄ ᠪᠤᠶᠠᠨᠳᠤ

ᠶᠡᠷᠦᠩᠬᠡᠢ ᠬᠢᠨᠠᠭ᠍ᠴᠢ᠄ ᠎ᠶ᠋ᠢᠨ ᠱᠠᠨ ᠳ᠋᠊ · ᠪᠤᠯᠤᠳ

 

 

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号