ᠤᠷᠠᠯᠢᠭ᠎ᠤᠨ ᠪᠠᠭ᠍ᠰᠢᠳᠠᠳ ᠱᠢᠨ᠎ᠡ ᠤᠳᠤᠳ ᠳᠤᠭᠠᠯᠠᠯ᠎ᠠ
2020-09-22 11:31:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠴᠡᠭᠡᠨ ᠬᠥᠱᠢᠭᠡ ᠨᠡᠭᠡᠭᠡᠭ᠌ᠳᠡᠯ᠎ᠠ᠂ ᠤᠶᠠᠩᠭ᠎ᠠ ᠡᠭᠡᠱᠢᠭ ᠴᠤᠤᠷᠢᠶᠠᠳᠤᠯ᠎ᠠ᠂ ᠤᠷᠠᠯᠢᠭ᠎ᠤᠨ ᠪᠠᠭ᠍ᠰᠢᠳᠠᠳ ᠱᠢᠨ᠎ᠡ ᠤᠳᠤᠳ ᠳᠤᠭᠠᠯᠠᠯ᠎ᠠ᠃

ᠰᠦᠯᠵᠢᠶᠡᠨ ᠳᠤᠬᠢᠶ᠎ᠠ᠂ ᠠᠭᠠᠷ᠎ᠤᠨ ᠳᠤᠯᠬᠢᠶᠠᠨ ᠤᠷᠠᠨ ᠪᠦᠳᠦᠭᠡᠯ᠎ᠢ ᠠᠴᠢᠶᠠᠯᠠᠨ ᠬᠢᠨᠠᠭ᠍ᠴᠢ ᠪᠠᠭ᠍ᠰᠢ᠎ᠶ᠋ᠢᠨ ᠰᠡᠳᠭᠢᠯ᠎ᠢ ᠤᠶᠠᠷᠠᠭᠤᠯᠤᠨ᠎ᠠ᠃

ᠠᠷᠠᠳ ᠲᠦᠮᠡᠨ᠎ᠳᠤ ᠤᠷᠠᠯᠢᠭ ᠬᠡᠷᠡᠭ᠎ᠲᠠᠢ᠂ ᠤᠷᠠᠯᠢᠭ ᠴᠤ᠌ ᠠᠷᠠᠳ ᠲᠦᠮᠡᠨ᠎ᠳᠤ ᠬᠡᠷᠡᠭ᠎ᠲᠠᠢ᠃ 9 ᠰᠠᠷ᠎ᠠ᠎ᠶ᠋ᠢᠨ 19 ᠎ᠤ ᠡᠳᠤᠷ᠂ ᠠᠷᠪᠠᠨ ᠳᠤᠯᠤᠳᠤᠭᠠᠷ ᠬᠤᠭᠤᠴᠠᠭᠠᠨ᠎ᠤ ᠳᠠᠯ᠎ᠠ ᠨᠤᠳᠤᠭ᠎ᠤᠨ ᠰᠤᠶᠤᠯ᠎ᠤᠨ ᠨᠠᠢᠷ᠎ᠤᠨ ᠴᠢᠬᠤᠯᠠ ᠠᠵᠢᠯᠯᠠᠭ᠎ᠠ ᠪᠤᠯᠤᠭ᠍ᠰᠠᠨ 《ᠡᠭᠦᠯᠡᠨ ᠬᠦᠯᠦᠭ · 2020 ᠦᠪᠦᠷ ᠮᠤᠩᠭᠤᠯ᠎ᠤᠨ ᠠᠷᠠᠳ᠎ᠤᠨ ᠳᠠᠭᠤᠤ᠎ᠶ᠋ᠢᠨ ᠤᠷᠤᠯᠳᠤᠭᠠᠨ》 ᠎ᠤ ᠠᠩᠬᠠᠨ᠎ᠤ ᠱᠢᠯᠭᠠᠷᠠᠭᠤᠯᠤᠯᠳᠠ ᠢᠳᠡ ᠬᠦᠭ᠎ᠲᠠᠢ ᠶᠠᠪᠤᠭ᠍ᠳᠠᠪᠠ᠃ ᠱᠢᠯᠭᠠᠷᠠᠭᠤᠯᠤᠯᠳᠠ᠎ᠶ᠋ᠢᠨ ᠲᠠᠯᠠᠪᠠᠶ᠎ᠳᠤ᠂ ᠬᠢᠨᠠᠭ᠍ᠴᠢᠳ ᠤᠷᠤᠯᠳᠤᠭᠠᠨ᠎ᠳᠤ ᠣᠷᠣᠯᠴᠠᠭ᠍ᠰᠠᠳ᠎ᠤᠨ ᠢᠷᠡᠭᠦᠯᠦᠭ᠌ᠰᠡᠨ ᠸᠢᠳᠢᠣ᠋᠎ᠶ᠋ᠢ ᠦᠨᠳᠦᠰᠦᠯᠡᠨ ᠪᠦᠲᠦᠭᠡᠯ᠎ᠤᠨ ᠤᠷ᠎ᠠ ᠮᠡᠷᠭᠡᠵᠢᠯ᠂ ᠬᠡᠪ ᠨᠠᠮᠪᠠ᠂ ᠤᠷᠠᠯᠢᠭ᠎ᠤᠨ ᠢᠯᠡᠳᠭᠡᠬᠦ᠌ ᠴᠢᠳᠠᠪᠤᠷᠢ ᠵᠡᠷᠭᠡ ᠲᠠᠯ᠎ᠠ᠎ᠪᠠᠷ ᠨᠠᠷᠢᠨ ᠬᠢᠨᠠᠮᠠᠭᠠᠢ ᠱᠢᠯᠭᠠᠷᠠᠭᠤᠯᠤᠯᠲᠠ ᠬᠢᠪᠡ᠃

ᠤᠷᠤᠯᠳᠤᠭᠠᠨ᠎ᠳᠤ ᠤᠷᠤᠯᠴᠠᠭ᠍ᠰᠠᠨ ᠤᠷᠠᠨ ᠪᠦᠲᠦᠭᠡᠯ᠎ᠤᠨ ᠲᠥᠷᠥᠯ ᠵᠦᠢᠯ᠎ᠨᠢ ᠡᠯᠪᠡᠭ᠂ ᠤᠷᠤᠯᠳᠤᠭᠠᠨ᠎ᠤ ᠬᠡᠯᠪᠡᠷᠢ᠎ᠨᠢ ᠱᠢᠨ᠎ᠡ ᠰᠣᠷᠭᠤᠭ᠂ ᠬᠢᠨᠠᠭ᠍ᠴᠢ᠎ᠶ᠋ᠢᠨ ᠳᠠᠭᠠᠱᠢᠶᠠᠯ᠎ᠢ ᠬᠦᠨ ᠬᠦᠷᠳᠡᠵᠤ᠂ 185 ᠪᠦᠳᠦᠭᠡᠯ᠎ᠨᠢ ᠠᠩᠬᠠᠨ᠎ᠤ ᠱᠢᠯᠭᠠᠷᠠᠭᠤᠯᠤᠯᠳᠠ᠎ᠪᠠᠷ ᠳᠠᠮᠵᠢᠨ ᠴᠤᠯᠭᠤᠷᠠᠨ ᠭᠠᠷᠤᠭ᠍ᠰᠠᠨ ᠪᠠᠢᠨ᠎ᠠ᠃

ᠳᠤᠰ ᠤᠷᠤᠯᠳᠤᠭᠠᠨ᠎ᠨᠢ ᠵᠠᠯᠭᠠᠭᠠᠳ ᠱᠢᠭ᠌ᠰᠢᠭᠡ ᠤᠷᠤᠯᠳᠤᠭᠠᠨ᠂ ᠱᠢᠢᠳᠪᠦᠷᠢᠳᠦ ᠤᠷᠤᠯᠳᠤᠭᠠᠨ ᠬᠡᠭᠦᠴᠢᠯᠡᠨ ᠤᠢ᠍ᠷᠭᠦᠯᠵᠢᠯᠡᠨ ᠰᠦᠯᠵᠢᠶᠡᠨ ᠳᠡᠭᠡᠷ᠎ᠡ ᠶᠠᠪᠤᠭ᠍ᠳᠠᠵᠤ᠂ ᠱᠠᠩᠨᠠᠯ ᠤᠯᠭᠤᠬᠤ ᠶᠤᠰᠤᠯᠠᠯ ᠵᠢᠴᠢ ᠱᠢᠯᠢᠳᠡᠭ ᠳᠤᠭ᠍ᠯᠠᠯᠳᠠ᠎ᠶ᠋ᠢᠨ ᠦᠵᠡᠭᠦᠯᠭᠡ᠎ᠨᠢ ᠬᠦᠬᠡᠬᠤᠳᠠ᠎ᠳᠤ ᠶᠠᠪᠤᠭ᠍ᠳᠠᠬᠤ᠎ᠪᠠᠷ ᠪᠤᠢ᠃ ᠵᠤᠬᠢᠶᠠᠨ ᠪᠠᠢᠭᠤᠯᠬᠤ ᠺᠤᠮᠢᠰ᠎ᠠᠴᠠ ᠪᠠᠰᠠ ᠱᠢᠯᠢᠳᠡᠭ ᠤᠷᠤᠯᠴᠠᠭ᠍ᠰᠠᠳ᠎ᠲᠤ ᠳᠠᠯ᠎ᠠ ᠨᠤᠳᠤᠭ APP ᠪᠣᠯᠤᠨ ᠬᠦᠯᠦᠭ APP ᠎ᠶ᠋ᠢᠨ ᠬᠡᠷ᠎ᠡ ᠳᠤᠭ᠍ᠳᠠᠭ᠍ᠰᠠᠨ ᠳᠠᠭᠤᠴᠢᠨ ᠪᠤᠯᠬᠤ ᠵᠠᠪᠱᠢᠶᠠᠨ ᠪᠠ

《2021 · ᠥᠪᠥᠷ ᠮᠣᠩᠭᠤᠯ᠎ᠤᠨ ᠰᠦᠯᠵᠢᠶᠡᠨ᠎ᠤ ᠴᠠᠭᠠᠨ ᠰᠠᠷ᠎ᠠ᠎ᠶ᠋ᠢᠨ ᠦᠳᠡᠱᠢᠯᠡᠭᠡ》 ᠎ᠳᠤ ᠣᠷᠣᠯᠴᠠᠬᠤ ᠵᠠᠪᠱᠢᠶᠠᠨ ᠤᠯᠭᠤᠬᠤ ᠪᠤᠯᠤᠨ᠎ᠠ᠃

ᠠᠩᠬᠠᠨ᠎ᠤ ᠱᠢᠯᠭᠠᠷᠠᠭᠤᠯᠤᠯᠳᠠ᠎ᠳᠤ ᠬᠢᠨᠠᠭ᠍ᠴᠢ᠎ᠪᠠᠷ ᠤᠷᠤᠯᠴᠠᠭ᠍ᠰᠠᠨ ᠪᠠᠭ᠍ᠰᠢᠳᠠᠳ ᠠᠷᠠᠳ᠎ᠤᠨ ᠳᠠᠭᠤᠤ᠎ᠶ᠋ᠢᠨ ᠤᠯᠠᠮᠵᠢᠯᠠᠯ ᠬᠦᠭ᠌ᠵᠢᠭᠦᠯᠤᠯ ᠵᠢᠴᠢ ᠤᠷᠤᠯᠳᠤᠭᠠᠨ᠎ᠳᠤ ᠤᠷᠤᠯᠴᠠᠭ᠍ᠰᠠᠨ ᠪᠦᠳᠦᠭᠡᠯ᠎ᠤᠳ᠎ᠤᠨ ᠳᠤᠬᠠᠢ ᠰᠠᠨᠠᠯ ᠪᠤᠳᠤᠯ᠎ᠢᠶᠠᠨ ᠡᠢᠨᠬᠦ᠌ ᠬᠤᠪᠢᠶᠠᠯᠴᠠᠯ᠎ᠠ ᠁


 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号