ᠡᠷᠳᠡᠨᠢᠵᠢᠷᠭᠠᠯ ᠦ᠋ ᠴᠢᠩ ᠯᠠᠨ ᠬᠠᠢ ᠵᠢᠶᠦ᠋ᠨ ᠲᠡᠭᠦᠰᠪᠢᠯᠢᠭ
9 ᠰᠠᠷ᠎ᠠ᠎ᠶ᠋ᠢᠨ 20 ᠤ ᠡᠳᠦᠷ᠂ ᠳᠤᠮᠳᠠᠳᠤ ᠤᠯᠤᠰ᠎ᠤᠨ ᠱᠢᠤᠳᠠᠨ᠎ᠤ ᠶᠠᠪᠤᠳᠠᠯ᠎ᠤᠨ 《919》 ᠡᠯᠧᠺᠲᠷᠣᠨ ᠬᠤᠳᠠᠯᠳᠤᠭᠠᠨ᠎ᠤ ᠨᠠᠢᠷ᠎ᠤᠨ 50 ᠲᠦᠮᠡᠨ ᠺᠢᠯᠦᠭ᠌ᠷᠠᠮ 《ᠾᠸᠤ ᠴᠢ ᠬᠤᠨᠭ᠌》 ᠲᠥᠮᠥᠰᠥ᠎ᠶ᠋ᠢᠨ ᠪᠠᠷᠠᠭ᠎ᠠ ᠭᠤᠪᠢᠭᠤᠯᠬᠤ ᠶᠣᠰᠣᠯᠠᠯ ᠴᠠᠬᠠᠷ ᠪᠠᠷᠠᠭᠤᠨ ᠭᠠᠷᠤᠨ ᠬᠤᠢᠲᠤ ᠬᠤᠱᠢᠭᠤᠨ᠎ᠤ ᠤᠯᠠᠭᠠᠨᠬᠠᠳᠠ ᠰᠤᠮᠤ᠎ᠶ᠋ᠢᠨ ᠴᠢ ᠴᠢᠩ ᠳ᠋ᠢ ᠲᠣᠰᠭᠤᠨ᠎ᠳᠤ ᠶᠠᠪᠤᠭ᠍ᠳᠠᠵᠤ᠂ ᠭᠤᠷᠪᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠲᠠᠷᠢᠶᠠᠴᠢᠨ᠎ᠤ ᠡᠯᠪᠡᠭ ᠬᠤᠷᠢᠶᠠᠯᠲᠠ᠎ᠶ᠋ᠢᠨ ᠪᠠᠶᠠᠷ᠎ᠢ ᠪᠡᠯᠭᠡᠯᠡᠪᠡ᠃
ᠠᠵᠢᠯᠯᠠᠭ᠎ᠠ᠎ᠨᠢ 《ᠱᠢᠤᠳᠠᠨ᠎ᠢᠶᠠᠷ ᠶᠠᠳᠠᠭᠤ᠎ᠠᠴᠠ ᠠᠩᠭᠢᠵᠢᠷᠠᠭᠤᠯᠬᠤ᠎ᠳᠤ ᠲᠤᠰᠠᠯᠠᠨ᠂ ᠲᠠᠷᠢᠶᠠᠴᠢᠳ᠎ᠲᠤ ᠠᠱᠢᠭ ᠬᠦᠷᠲᠡᠭᠡᠬᠦ᠌ ᠠᠵᠢᠯᠯᠠᠭ᠎ᠠ᠎ᠶ᠋ᠢ ᠲᠦᠮᠡᠨ ᠡᠷᠦᠬᠡ᠎ᠳᠤ ᠬᠦᠷᠭᠡᠬᠦ᠌》 ᠪᠠᠷ ᠭᠤᠤᠯ ᠰᠡᠳᠦᠪ ᠪᠤᠯᠭᠠᠵᠠᠢ᠃
ᠲᠤᠰ ᠺᠣᠮᠫᠠᠨᠢ 《10 ᠲᠦᠮᠡᠨ ᠭᠡᠷ ᠪᠦᠯᠢ 10 ᠲᠦᠮᠡᠨ ᠵᠠᠬᠢᠶᠠᠯᠠᠭ᠎ᠠ᠎ᠶ᠋ᠢᠨ ᠲᠥᠮᠥᠰᠥ᠍ ᠬᠤᠳᠠᠯᠳᠤᠨ ᠠᠪᠬᠤ》 ᠠᠵᠢᠯᠯᠠᠭ᠎ᠠ ᠦᠷᠨᠢᠭᠦᠯᠬᠦ᠌ ᠰᠠᠨᠠᠭᠤᠯᠭ᠎ᠠ ᠲᠤᠷᠠᠳᠴᠤ᠌᠂ ᠲᠤᠰ ᠬᠤᠳᠠ᠎ᠶ᠋ᠢᠨ ᠱᠢᠤᠳᠠᠨ᠎ᠤ ᠡᠵᠡᠩᠨᠡᠯᠲᠡ᠎ᠶ᠋ᠢᠨ ᠲᠣᠤᠷ ᠴᠡᠭ ᠪᠣᠯᠤᠨ ᠱᠢᠤᠳᠠᠨ ᠡᠯᠧᠺᠲᠷᠣᠨ ᠬᠤᠳᠠᠯᠳᠤᠭᠠᠨ᠎ᠤ ᠪᠠᠷᠠᠭᠠᠨ᠎ᠤ ᠭᠦᠶᠯᠭᠡᠭᠡᠨ᠎ᠤ ᠲᠠᠪᠴᠠᠩ᠎ᠢᠶᠠᠷ ᠲᠠᠷᠢᠶᠠᠯᠠᠩ᠎ᠤᠨ ᠪᠦᠲᠦᠭᠡᠭ᠌ᠳᠡᠬᠦᠨ᠎ᠤ ᠪᠣᠷᠣᠯᠠᠭᠤᠯᠭ᠎ᠠ᠎ᠶ᠋ᠢ ᠠᠬᠢᠭᠤᠯᠵᠦ᠍᠂ ᠡᠯᠪᠡᠭ ᠬᠤᠷᠢᠶᠠᠯᠲᠠ ᠣᠯᠤᠭ᠍ᠰᠠᠨ᠎ᠤ ᠳᠠᠷᠠᠭᠠᠬᠢ ᠲᠠᠷᠢᠶᠠᠯᠠᠩ᠎ᠤᠨ ᠪᠦᠲᠦᠭᠡᠭ᠌ᠳᠡᠬᠦᠨ᠎ᠤ ᠪᠣᠷᠣᠯᠠᠭᠤᠯᠭ᠎ᠠ᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠪᠠᠷ ᠪᠤᠢ᠃
9 ᠰᠠᠷ᠎ᠠ᠎ᠶ᠋ᠢᠨ 21 ᠤ ᠦᠳᠠ᠎ᠶ᠋ᠢᠨ ᠡᠮᠤᠨ᠎ᠠ᠂ ᠬᠦᠯᠤᠨ ᠪᠤᠢᠷ᠎ᠤᠨ ᠠᠳᠠᠷ ᠬᠠᠭᠠᠯᠪᠤᠷᠢᠯᠠᠯᠳᠡᠶ᠋ᠢᠨ ᠪᠦᠯᠦᠭ᠌ᠯᠡᠯ᠎ᠤᠨ ᠨᠠᠵᠢᠲ᠋ᠤᠨ ᠲᠠᠷᠢᠶᠠᠯᠠᠩ᠎ᠤᠨ ᠲᠠᠯᠠᠪᠡᠢ ᠪᠡ ᠬᠦᠯᠤᠨ ᠪᠤᠢᠷ ᠬᠤᠳᠡ᠎ᠶ᠋ᠢᠨ ᠷᠠᠳᠢᠣ᠋ ᠨᠠᠪᠳᠡᠷᠡᠬᠦᠯᠭᠡ᠎ᠶ᠋ᠢᠨ ᠬᠤᠷᠢᠶ᠎ᠠ᠎ᠠᠴᠠ ᠬᠠᠮᠳᠤᠷᠡᠨ ᠡᠷᠬᠢᠯᠡᠭ᠌ᠰᠡᠨ ᠲᠤᠮᠳᠡᠳᠤ ᠤᠯᠤᠰ᠎ᠤᠨ ᠲᠠᠷᠢᠶᠡᠴᠢᠨ᠎ᠤ ᠡᠯᠪᠡᠭ ᠬᠤᠷᠢᠶᠡᠯᠳᠡ᠎ᠶ᠋ᠢᠨ ᠪᠠᠶᠠᠷ᠎ᠢ ᠪᠡᠯᠭᠡᠯᠡᠬᠦ᠌ 《ᠡᠯᠪᠡᠭ ᠬᠤᠷᠢᠶᠡᠯᠳᠡ᠎ᠶ᠋ᠢ ᠪᠡᠯᠭᠡᠯᠡᠵᠤ ᠴᠢᠨᠡᠭᠡᠯᠢᠭ ᠨᠠᠢᠭᠡᠮ᠎ᠢ ᠤᠡᠡᠳᠤᠶᠠ》 ᠭᠡᠬᠦ᠌ ᠭᠤᠤᠯ ᠰᠡᠳᠤᠪᠳᠤ ᠠᠵᠢᠯᠯᠠᠭ᠎ᠠ ᠨᠠᠵᠢᠲ᠋ᠤᠨ ᠲᠠᠷᠢᠶᠠᠯᠠᠩ᠎ᠤᠨ ᠲᠠᠯᠠᠪᠡᠢ᠎ᠳᠤ ᠦᠪᠡᠳᠡᠭ᠌ᠰᠢ ᠶᠡᠭᠡ᠎ᠪᠠᠷ ᠶᠠᠪᠤᠡᠡᠳᠡᠵᠡᠢ᠃
ᠭᠤᠢᠳᠡ ᠰᠠᠢᠬᠠᠨ ᠤᠷᠡᠨ ᠰᠠᠢᠬᠠᠨ᠎ᠤ ᠲᠤᠡᠡᠯᠠᠯᠳᠡᠠᠴᠠ ᠭᠠᠳᠠᠨ᠎ᠠ ᠠᠬᠤᠢ ᠲᠠᠯᠠᠪᠡᠢ᠎ᠳᠤ ᠠᠬᠠᠮᠡᠤᠨ ᠠᠵᠢᠯᠳᠡᠨ᠎ᠢ ᠤᠷᠢᠵᠤ ᠨᠠᠵᠢᠲ᠋ᠤᠨ ᠲᠠᠷᠢᠶᠠᠯᠠᠩ᠎ᠤᠨ ᠲᠠᠯᠠᠪᠡᠢ᠎ᠶ᠋ᠢᠨ ᠬᠦᠭ᠌ᠵᠢᠯᠳᠡ᠎ᠶ᠋ᠢᠨ ᠲᠡᠤᠭᠡ᠎ᠶ᠋ᠢ ᠶᠠᠷᠢᠭᠤᠯᠤᠡᠡᠰᠡᠨ ᠪᠡ ᠲᠠᠷᠢᠶᠠᠯᠠᠩ᠎ᠤᠨ ᠪᠦᠳᠤᠭᠡᠭ᠌ᠳᠡᠬᠦᠨᠤ ᠲᠠᠨᠢᠯᠴᠠᠭᠤᠯᠭ᠎ᠠ ᠬᠢᠵᠤ᠂ ᠲᠠᠷᠢᠶᠡᠴᠢᠨ᠎ᠤ ᠲᠤᠷ᠎ᠠ ᠰᠤᠨᠢᠷᠬᠠᠯᠳᠤ ᠲᠠᠮᠢᠷ᠎ᠤᠨ ᠤᠷᠤᠯᠳᠤᠭᠠᠨ᠎ᠢ ᠦᠷᠨᠢᠬᠦᠯᠵᠦ᠍᠂ ᠲᠠᠷᠢᠶᠠᠴᠢᠳ᠎ᠢᠶᠠᠨ ᠪᠠᠶᠠᠰᠭᠠᠵᠠᠢ᠃ ᠬᠦᠳᠡᠯᠭᠡᠭᠡᠨ᠎ᠤ ᠲᠤᠬᠠᠢ᠎ᠶ᠋ᠢᠨ ᠲᠠᠯᠠᠪᠡᠢ᠎ᠠᠴᠠ ᠤᠢ᠍ᠢᠷᠠᠯᠴᠠᠭ᠎ᠠ ᠪᠠᠢᠭ᠎ᠠ ᠨᠠᠵᠢᠲ᠋ᠤᠨ ᠲᠠᠷᠢᠶᠠᠯᠠᠩ᠎ᠤᠨ ᠲᠠᠯᠠᠪᠡᠢ᠎ᠶ᠋ᠢᠨ ᠨᠢᠭᠡᠨ ᠭᠡᠰᠡᠭ ᠲᠠᠷᠢᠮᠡᠯ᠎ᠤᠨ ᠰᠠᠭᠤᠷᠢᠨ ᠭᠠᠵᠡᠷ᠎ᠲᠤ ᠭᠠᠯ ᠤᠯᠠᠭᠠᠨ ᠤᠯᠠᠭᠠᠨ ᠱᠢᠰᠢ ᠲᠦᠷᠤᠬᠦᠤ᠎ᠪᠠᠨ ᠲᠠᠭᠠᠭᠠᠵᠦ᠍ ᠶᠠᠳᠠᠮ᠎ᠠ ᠪᠤᠯᠪᠡᠰᠤᠷᠠᠭᠠᠳ ᠨᠠᠮᠤᠷ᠎ᠤᠨ ᠰᠡᠯᠬᠢᠨᠤ ᠠᠶᠠᠰ᠎ᠢᠶᠠᠷ ᠲᠤᠬᠢᠯᠵᠠᠬᠤᠪᠠᠷ ᠲᠠᠷᠢᠶᠠᠯᠠᠩ᠎ᠤᠨ ᠲᠠᠯᠠᠪᠡᠢ᠎ᠬᠢᠨ ᠤᠯᠠᠭᠠᠨ ᠱᠢᠰᠢ ᠦᠷᠡᠯᠡᠨ ᠪᠤᠯᠪᠡᠰᠤᠷᠬᠠᠰᠡᠨ ᠡᠯᠪᠡ ᠬᠤᠷᠢᠶᠠᠯᠳᠡ᠎ᠶ᠋ᠢᠨ ᠴᠠᠭ ᠮᠦᠴᠠ᠎ᠪᠠᠨ ᠤᠡᠡᠳᠤᠨ ᠠᠪᠴᠢᠷᠡᠯᠠ᠃
9 ᠰᠠᠷ᠎ᠠ᠎ᠶ᠋ᠢᠨ 19 ᠤ ᠡᠳᠦᠷ᠂ ᠣᠷᠳᠣᠰ ᠬᠤᠲᠠ᠎ᠶ᠋ᠢᠨ 《ᠳᠤᠮᠳᠠᠳᠤ ᠤᠯᠤᠰ᠎ᠤᠨ ᠲᠠᠷᠢᠶᠠᠴᠢᠨ᠎ᠤ ᠡᠯᠪᠡᠭ ᠬᠤᠷᠢᠶᠠᠯᠲᠠ᠎ᠶ᠋ᠢᠨ ᠪᠠᠶᠠᠷ》 ᠵᠢᠴᠢ ᠪᠥᠬᠦ᠌ ᠬᠤᠲᠠ᠎ᠶ᠋ᠢᠨ ᠬᠡᠷᠡᠭ᠌ᠯᠡᠭᠡ᠎ᠪᠠᠷ ᠶᠠᠳᠠᠭᠤ᠎ᠶ᠋ᠢ ᠲᠡᠳᠬᠦᠬᠦ᠌ ᠰᠠᠷ᠎ᠠ᠎ᠶ᠋ᠢᠨ ᠠᠵᠢᠯᠯᠠᠭ᠎ᠠ ᠳ᠋ᠦᠩᠱᠧᠩ ᠲᠣᠭᠤᠷᠢᠭ᠎ᠲᠤ ᠡᠬᠢᠯᠡᠪᠡ᠃
ᠥᠷᠯᠥᠬᠡ᠎ᠶ᠋ᠢᠨ 10 ᠴᠠᠬ ᠬᠠᠭᠠᠰ᠎ᠲᠤ᠌᠂ ᠣᠷᠳᠣᠰ ᠬᠤᠲᠠ᠎ᠶ᠋ᠢᠨ 9 ᠬᠤᠱᠢᠭᠤ ᠲᠣᠭᠤᠷᠢᠭ᠎ᠤᠨ ᠮᠠᠯᠴᠢᠨ ᠲᠠᠷᠢᠶᠠᠴᠢᠨ ᠪᠣᠯᠤᠨ ᠮᠠᠯ ᠠᠵᠤ ᠠᠬᠤᠶ ᠲᠡᠷᠢᠶᠠᠯᠠᠩ᠎ᠤᠨ ᠲᠠᠭᠠᠭᠤᠯᠤᠭ᠍ᠴᠢ ᠠᠵᠤ ᠠᠬᠤᠢᠯᠠᠯ᠎ᠤᠨ ᠲᠥᠯᠥᠭᠡᠯᠡᠭ᠌ᠴᠢ ᠥᠪᠡᠷ ᠥᠪᠡᠷ᠎ᠤᠨ ᠳᠠᠪᠠᠭᠤᠯᠢᠭ ᠣᠨᠴᠠᠯᠢᠭ᠍ᠳᠤ ᠲᠠᠷᠢᠶᠠᠯᠠᠩ᠎ᠤᠨ ᠪᠦᠲᠦᠭᠡᠭ᠌ᠳᠡᠬᠦᠨ᠎ᠢᠶᠠᠨ ᠠᠪᠴᠢᠷᠠᠨ ᠲᠥᠪᠯᠡᠷᠡᠭᠦᠯᠦᠨ ᠪᠣᠷᠣᠯᠠᠭᠤᠯᠵᠣ᠂ ᠪᠦᠬᠦ᠌ ᠬᠤᠲᠠ᠎ᠶ᠋ᠢᠨ ᠠᠷᠠᠳ ᠲᠦᠮᠡᠨ᠎ᠲᠠᠢ ᠬᠠᠮᠲᠤ ᠡᠯᠪᠡᠭ ᠬᠤᠷᠢᠶᠠᠯᠲᠠ᠎ᠶ᠋ᠢᠨ ᠪᠠᠶᠠᠷ ᠪᠠᠶᠠᠰᠤᠯ᠎ᠢᠶᠠᠨ ᠬᠤᠪᠢᠶᠠᠯᠴᠠᠪᠠ᠃ 《ᠡᠯᠪᠡᠭ ᠬᠤᠷᠢᠶᠠᠯᠲᠠ᠎ᠶ᠋ᠢ ᠪᠡᠯᠭᠡᠯᠡᠵᠦ᠍ ᠴᠢᠨᠡᠭᠡᠯᠢᠭ ᠨᠡᠢᠭᠡᠮ᠎ᠢ ᠤᠭ᠍ᠲᠤᠶ᠎ᠠ》 ᠭᠡᠬᠦ᠌ ᠭᠤᠣᠯ ᠰᠡᠳᠦᠪᠲᠦ ᠲᠤᠰ ᠨᠠᠢᠷ ᠳ᠋ᠦᠩᠱᠧᠩ ᠲᠣᠭᠤᠷᠢᠭ᠎ᠤᠨ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ᠎ᠶ᠋ᠢᠨ ᠲᠥᠪ᠎ᠲᠤ ᠭᠤᠣᠯ ᠬᠤᠷᠠᠯ᠎ᠤᠨ ᠳᠠᠯᠠᠪᠠᠢ ᠳᠣᠬᠢᠷᠠᠭᠤᠯᠵᠣ᠂ ᠬᠠᠨᠳᠠᠢ ᠪᠠᠯᠭᠠᠰᠤᠨ᠎ᠤ ᠵᠢᠦ ᠴᠧᠩ ᠬᠥᠩ ᠲᠣᠰᠭᠤᠨ ᠪᠣᠯᠤᠨ ᠪᠣᠷᠵᠠᠩ᠎ᠤᠨ ᠨᠠᠭᠤᠷ ᠪᠠᠯᠭᠠᠰᠤᠨ᠎ᠤ ᠱ᠌ᠢ ᠵᠢᠶᠠ ᠯᠢᠶᠠᠩ ᠲᠣᠰᠭᠤᠨ ᠵᠡᠷᠭᠡ 4 ᠭᠠᠵᠠᠷ᠎ᠲᠤ ᠬᠤᠪᠢᠶᠠᠷᠢ ᠲᠠᠯᠠᠪᠠᠢ ᠳᠣᠬᠢᠷᠠᠭᠤᠯᠵᠣ᠂ ᠤᠨᠴᠠᠯᠢᠬ᠍ᠳᠤ ᠲᠠᠷᠢᠶᠠᠯᠠᠩ᠎ᠤᠨ ᠪᠦᠲᠦᠭᠡᠭ᠌ᠳᠡᠬᠦᠨ᠂ ᠮᠠᠯ᠎ᠤᠨ ᠠᠱᠢᠭ ᠱᠢᠮ᠎ᠡ᠎ᠶ᠋ᠢᠨ ᠳᠡᠯᠭᠡᠨ ᠪᠣᠷᠣᠯᠠᠭᠤᠯᠭ᠎ᠠ᠂ ᠬᠥᠳᠡᠭᠡ ᠲᠣᠰᠭᠤᠨ᠎ᠤ ᠠᠮᠲᠠᠲᠤ ᠢᠳᠡᠭᠡᠨ᠎ᠢ ᠠᠮᠲᠠᠯᠠᠬᠤ᠂ ᠲᠠᠷᠢᠶᠠᠯᠠᠩ᠎ᠤᠨ ᠲᠤᠰᠠᠯᠠᠬᠤ ᠠᠵᠤ ᠠᠬᠤᠶ᠎ᠶ᠋ᠢᠨ ᠪᠦᠲᠦᠭᠡᠭ᠌ᠳᠡᠬᠦᠨ᠎ᠢ ᠰᠦᠯᠵᠢᠶᠡᠨ ᠳᠡᠭᠡᠷ᠎ᠡ ᠳᠡᠯᠭᠡᠷᠡᠭᠦᠯᠬᠦ᠂ ᠲᠠᠷᠢᠶᠠᠴᠢᠳ᠎ᠤᠨ ᠳᠤᠷ᠎ᠠ ᠰᠣᠨᠢᠷᠬᠠᠯ᠎ᠤᠨ ᠲᠠᠮᠢᠷ᠎ᠤᠨ ᠴᠤᠭ᠍ᠯᠠᠭᠠᠨ᠂ ᠴᠢᠨᠠᠷ ᠰᠠᠢᠲᠠᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠱᠢᠯᠭᠠᠷᠠᠭᠤᠯᠤᠯᠲᠠ ᠵᠡᠷᠭᠡ 15 ᠠᠭᠤᠯᠭ᠎ᠠ᠎ᠪᠠᠷ ᠶᠠᠪᠤᠭ᠍ᠳᠠᠭᠤᠯᠵᠥ᠍᠂ ᠵᠢᠭᠤᠯᠴᠢᠯᠠᠭ᠍ᠰᠠᠳ᠂ ᠬᠤᠳᠠᠯᠳᠣᠭᠠᠴᠢᠨ ᠪᠠ ᠮᠠᠯᠴᠢᠨ ᠲᠠᠷᠢᠶᠠᠴᠢᠠ᠂ ᠬᠤᠳᠠ᠎ᠶ᠋ᠢᠨ ᠠᠷᠠᠳ᠎ᠤᠨ ᠰᠣᠨᠢᠷᠬᠠᠯ᠎ᠢ ᠲᠠᠳᠠᠪᠠ᠃
9 ᠬᠤᠱᠢᠭᠤ ᠲᠣᠭᠤᠷᠢᠭ᠎ᠤᠨ ᠲᠥᠯᠥᠭᠡᠯᠡᠭ᠌ᠴᠢ ᠲᠤᠰ ᠲᠤᠰ 8 ᠲᠥᠷᠥᠯ᠎ᠤᠨ ᠲᠠᠷᠢᠶᠠᠯᠠᠩ᠎ᠤᠨ ᠪᠦᠲᠦᠭᠡᠭ᠌ᠳᠡᠬᠦᠨ ᠠᠪᠴᠢᠷᠠᠵᠥ᠍᠂ ᠲᠠᠷᠢᠶᠠᠯᠠᠩ᠎ᠤᠨ ᠪᠥᠳᠥᠬᠡᠭ᠌ᠳᠡᠬᠦᠨᠤ ᠣᠷᠣᠯᠳᠣᠭᠠᠨ᠎ᠳᠤ ᠤᠷᠤᠯᠴᠠᠨ᠂ ᠤᠷᠤᠯᠳᠤᠭᠠᠨ᠎ᠤ ᠳ᠋ᠦᠩ᠎ᠳᠤ ᠵᠡᠭᠦᠨᠭᠠᠷ ᠬᠤᠱᠢᠭᠤᠨ᠎ᠤ ᠪᠣᠷᠣᠳᠣᠬᠤᠢ ᠰᠤᠮᠤᠨ᠎ᠠᠴᠠ ᠢᠷᠡᠭ᠌ᠰᠡᠨ 150 ᠵᠢᠩ ᠬᠦᠨᠳᠦ ᠲᠣᠮᠣ ᠨᠠᠩᠭᠤᠸᠠ ᠲᠡᠷᠢᠬᠦᠯᠡᠵᠡᠢ᠃
9 ᠰᠠᠷ᠎ᠠ᠎ᠶ᠋ᠢᠨ 19 ᠤ ᠡᠳᠦᠷ᠂ ᠪᠠᠶᠠᠨᠨᠠᠭᠤᠷ ᠬᠤᠲᠠ᠎ᠶ᠋ᠢᠨ ᠦᠶᠦᠸᠠᠨ ᠱᠢᠶᠠᠨ᠎ᠤ ᠯᠦᠩ ᠱᠢᠩ ᠴᠠᠩ ᠪᠠᠯᠭᠠᠰᠤ᠎ᠶ᠋ᠢᠨ ᠴᠧᠦ ᠾᠧ ᠲᠠᠷᠢᠶᠠᠯᠠᠩ᠎ᠤᠨ ᠠᠵᠤ ᠦᠢᠯᠡᠰ᠎ᠤᠨ ᠬᠦᠷᠢᠶᠡᠯᠡᠩ ᠡᠯᠪᠡᠭ ᠬᠤᠷᠢᠶᠠᠯᠲᠠ᠎ᠪᠠᠨ ᠪᠡᠯᠭᠡᠯᠡᠨ ᠴᠢᠨᠡᠭᠡᠯᠢᠭ ᠨᠡᠢᠭᠡᠮ᠎ᠢ ᠤᠭ᠍ᠲᠤᠬᠤ ᠵᠢᠴᠢ ᠭᠤᠷᠪᠠᠳᠤᠭᠠᠷ ᠬᠤᠭᠤᠴᠠᠭᠠᠨ᠎ᠤ 《ᠲᠤᠮᠳᠠᠳᠤ ᠤᠯᠤᠰ᠎ᠤᠨ ᠲᠠᠷᠢᠶᠠᠴᠢᠨ᠎ᠤ ᠡᠯᠪᠡᠭ ᠬᠤᠷᠢᠶᠠᠯᠲᠠ᠎ᠶ᠋ᠢᠨ ᠪᠠᠶᠠᠷ》 ᠢ ᠪᠠᠶᠠᠷᠯᠠᠨ ᠪᠡᠯᠭᠡᠯᠡᠪᠡ᠃
ᠦᠶᠦᠸᠠᠨ ᠱᠢᠶᠠᠨ 《ᠨᠠᠷᠠᠨ ᠬᠤᠸᠠᠷ᠎ᠤᠨ ᠨᠤᠳᠤᠭ》 ᠭᠡᠬᠦ᠌ ᠠᠯᠳᠠᠷᠲᠠᠢ᠂ ᠵᠢᠯ᠎ᠤᠨ ᠨᠠᠷᠠᠨ ᠬᠤᠸᠠᠷ᠎ᠤᠨ ᠲᠠᠷᠢᠮᠠᠯ᠎ᠤᠨ ᠲᠠᠯᠠᠪᠠᠢ 100 ᠲᠦᠮᠡᠨ ᠮᠦ᠍ ᠬᠦᠷᠴᠦ᠍ ᠪᠤᠢ᠃ ᠨᠠᠷᠠᠨ ᠬᠤᠸᠠᠷ᠎ᠤᠨ ᠦᠷ᠎ᠡ ᠬᠠᠭᠤᠷᠬᠤ᠂ ᠨᠠᠷᠠᠨ ᠬᠤᠸᠠᠷ ᠴᠤᠬᠢᠬᠤ ᠵᠡᠷᠭᠡ ᠤᠨᠴᠠᠯᠢᠭ᠍ᠲᠤ ᠲᠠᠷᠢᠶᠠᠨ᠎ᠤ ᠠᠵᠢᠯ᠎ᠤᠨ ᠤᠷᠤᠯᠳᠤᠭᠠᠨ ᠬᠦᠭ᠌ᠵᠢᠶᠡᠨᠳᠡᠢ ᠶᠠᠪᠤᠭ᠍ᠳᠠᠨ᠂ ᠪᠦᠬᠦ᠌ ᠱᠢᠶᠠᠨ᠎ᠤ 11 ᠱᠢᠶᠠᠩ ᠪᠠᠯᠭᠠᠰᠤ ᠬᠡᠷᠡᠭ ᠡᠷᠬᠢᠯᠡᠬᠦ᠌ ᠭᠠᠵᠠᠷ᠎ᠨᠢ 33 ᠲᠠᠷᠢᠶᠠᠴᠢᠨ᠎ᠢ ᠰᠤᠩᠭᠤᠨ ᠤᠷᠤᠯᠳᠤᠭᠠᠨ᠎ᠳᠤ ᠤᠷᠤᠯᠴᠠᠭᠤᠯᠵᠤ᠂ ᠬᠠᠭᠤᠷᠤᠭ᠍ᠰᠠᠨ ᠨᠠᠷᠠᠨ ᠬᠤᠸᠠᠷ᠎ᠤᠨ ᠦᠷ᠎ᠡ᠎ᠶ᠋ᠢᠨ ᠠᠩᠬᠢᠯᠤᠮ᠎ᠠ ᠦᠨᠦᠷ ᠲᠠᠯᠠᠪᠠᠢ ᠲᠦᠭᠦᠷᠡᠩ ᠬᠠᠩᠬᠤᠯᠤᠨ᠂ ᠬᠤᠷᠠᠭ᠍ᠰᠠᠨ ᠤᠯᠠᠨ᠎ᠤ ᠱᠢᠯᠦᠰᠦᠶ᠋ᠢ ᠱᠦᠭᠦᠷᠡᠭᠦᠯᠵᠦ᠍᠂ ᠬᠢᠨᠠᠭ᠍ᠴᠢᠳ ᠬᠠᠭᠤᠷᠤᠬ᠍ᠰᠠᠨ ᠨᠠᠷᠠᠨ ᠬᠤᠸᠠᠷ᠎ᠤᠨ ᠠᠮᠲᠠ᠂ ᠦᠩᠭᠡ᠂ ᠴᠡᠪᠡᠷᠴᠡ᠎ᠶ᠋ᠢᠨ ᠬᠡᠮᠵᠢᠶ᠎ᠡ᠎ᠶ᠋ᠢ ᠦᠨᠳᠦᠰᠦᠯᠡᠨ ᠬᠤᠪᠢ ᠤᠯᠭᠤᠵᠤ᠂ ᠲᠡᠰ ᠲᠤᠭ᠍ᠳᠠᠭᠠᠪᠠ᠃
ᠪᠠᠶᠠᠨᠳᠤᠬᠤᠢ ᠪᠠᠯᠭᠠᠰᠤ᠎ᠶ᠋ᠢᠨ᠎ᠶ᠋ᠢᠨ ᠲᠠᠩ ᠲᠤᠰᠭᠤᠨ᠎ᠤ ᠨᠠᠮ᠎ᠤᠨ ᠡᠭᠦᠷ᠎ᠤᠨ ᠱᠦᠵᠢ ᠶᠠᠩ ᠭᠧᠨ᠄ 《ᠡᠨᠡ ᠵᠢᠯ᠎ᠤᠨ ᠨᠠᠷᠠᠨ ᠬᠤᠸᠠᠷ᠎ᠤᠨ ᠤᠷᠭᠤᠴᠠ ᠲᠤᠩ ᠰᠠᠢᠨ᠂ ᠪᠢ 60 ᠮᠦ᠍ ᠨᠠᠷᠠᠨ ᠬᠤᠸᠠᠷ ᠲᠠᠷᠢᠵᠤ᠂ ᠮᠦ᠍ ᠪᠦᠷᠢ᠎ᠶ᠋ᠢᠨ ᠤᠨᠠᠯᠲᠠ᠎ᠨᠢ ᠲᠦᠰᠦᠭᠡᠯᠡᠭ᠌ᠰᠡᠨᠢᠶᠠᠷ 500 ᠭᠠᠷᠤᠢ ᠵᠢᠩ᠎ᠳᠤ ᠬᠦᠷᠴᠦ᠍᠂ ᠡᠯᠪᠡᠭ ᠬᠤᠷᠢᠶᠠᠬ᠍ᠰᠠᠨ》 ᠬᠡᠵᠤ ᠲᠠᠨᠢᠯᠴᠠᠭᠤᠯᠤᠨ᠎ᠠ᠃







