9 ᠰᠠᠷ᠎ᠠ᠎ᠶ᠋ᠢᠨ 21 ᠤ ᠡᠳᠦᠷ᠂ ᠬᠢᠩᠭᠠᠨ ᠠᠢᠮᠠᠭ᠎ᠤᠨ ᠵᠠᠯᠠᠢᠳ ᠬᠤᠱᠢᠭᠤᠨ᠎ᠤ ᠬᠤᠶᠠᠳᠤᠭᠠᠷ ᠬᠤᠭᠤᠴᠠᠭᠠᠨ᠎ᠤ ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠪᠠᠶᠠᠷ᠎ᠤᠨ ᠠᠵᠢᠯᠯᠠᠭ᠎ᠠ ᠬᠤᠯᠪᠤᠭ᠎ᠠ ᠪᠠᠯᠭᠠᠰᠤᠨ᠎ᠤ ᠡᠤ ᠳ᠋ᠤᠤ ᠾᠧ ᠽᠢ ᠲᠣᠰᠭᠤᠨ᠎ᠤ 1000 ᠮᠦ᠍ ᠴᠡᠴᠡᠭ᠎ᠤᠨ ᠲᠠᠯᠠᠢ᠎ᠳᠤ ᠶᠠᠪᠤᠭ᠍ᠳᠠᠵᠤ᠂ ᠡᠯᠪᠡᠭ ᠬᠤᠷᠢᠶᠠᠯᠲᠠ᠎ᠶ᠋ᠢ ᠪᠡᠯᠭᠡᠯᠡᠬᠦ᠌ ᠡᠯᠪᠡᠭ ᠪᠠᠶᠠᠯᠢᠭ ᠠᠵᠢᠯᠯᠠᠭ᠎ᠠ ᠥᠷᠨᠢᠭᠦᠯᠵᠡᠶ᠃ ᠵᠠᠯᠠᠢᠳ ᠬᠤᠱᠢᠭᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠ ᠣᠳᠣ ᠦᠶ᠎ᠡ᠎ᠶ᠋ᠢᠨ ᠲᠠᠷᠢᠶᠠᠯᠠᠩ᠎ᠤᠨ ᠯᠤᠲᠤ ᠶᠡᠭᠡ ᠬᠤᠪᠢᠷᠠᠯᠲᠠ᠎ᠶ᠋ᠢ ᠪᠦᠬᠦ᠌ ᠲᠠᠯ᠎ᠠ᠎ᠪᠠᠷ ᠳᠡᠯᠭᠡᠨ ᠦᠵᠡᠭᠦᠯᠵᠦ᠍᠂ ᠱᠢᠨ᠎ᠡ ᠴᠠᠭ ᠦᠶ᠎ᠡ᠎ᠶ᠋ᠢᠨ ᠬᠥᠳᠡᠭᠡ ᠲᠣᠰᠭᠤᠨ᠎ᠤ ᠦᠵᠡᠰᠭᠦᠯᠡᠩᠲᠦ ᠰᠠᠢᠬᠠᠨ ᠦᠵᠡᠮᠵᠢ ᠪᠠ ᠬᠥᠳᠡᠭᠡ ᠲᠣᠰᠭᠤᠨ᠎ᠤ ᠠᠵᠤ ᠦᠢᠯᠡᠰ᠎ᠢ ᠬᠦᠭ᠌ᠵᠢᠬᠦᠯᠦᠨ᠂ ᠣᠲᠣ ᠦᠶ᠎ᠡ᠎ᠶ᠋ᠢᠨ ᠲᠠᠷᠢᠶᠠᠯᠠᠩ᠎ᠤᠨ ᠭᠦᠨᠵᠡᠭᠡᠶ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠣᠷᠣᠱᠢᠨ ᠰᠠᠭᠤᠬᠤ᠎ᠳᠤ ᠲᠣᠬᠢᠷᠠᠮᠵᠢᠲᠠᠶ ᠱᠢᠨ᠎ᠡ ᠬᠥᠳᠡᠭᠡ ᠲᠣᠰᠭᠤᠨ᠎ᠢ ᠪᠥᠲᠥᠭᠡᠨ ᠪᠠᠢᠭᠤᠯᠵᠤ᠂ ᠮᠠᠯᠴᠢᠨ ᠲᠠᠷᠢᠶᠠᠴᠢᠨ᠎ᠤ ᠬᠦᠷᠲᠡᠮᠵᠢ᠎ᠶ᠋ᠢᠨ ᠲᠥᠷᠥᠭ᠌ᠳᠡᠯ ᠪᠠ ᠵᠣᠯ ᠵᠢᠷᠭᠠᠯᠲᠤ ᠲᠥᠷᠥᠭ᠌ᠳᠡᠯ᠎ᠢ ᠨᠡᠮᠡᠭ᠌ᠳᠡᠭᠦᠯᠪᠠ᠃


ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠢ᠎ᠳᠤ ᠱᠢᠬᠢᠷᠯᠢᠭ ᠤᠳᠪᠠᠯᠠ ᠬᠠᠳᠤᠬᠤ᠂ ᠦᠯᠵᠡᠢᠳᠤ ᠤᠳᠪᠠᠯᠠ ᠲᠡᠭᠦᠬᠦ᠂ ᠲᠤᠲᠤᠷᠭ᠎ᠠ ᠬᠠᠳᠤᠬᠤ᠂ ᠤᠰᠤᠨ ᠲᠤᠲᠤᠷᠭ᠎ᠠ᠎ᠶ᠋ᠢ ᠭᠠᠷ᠎ᠢᠶᠠᠷ ᠮᠥᠯᠢᠬᠦ᠌ ᠵᠡᠷᠭᠡ ᠣᠯᠠᠨ ᠵᠦᠶᠯ᠎ᠤᠨ ᠤᠷᠤᠯᠳᠤᠭᠠᠨ ᠶᠠᠪᠤᠬ᠍ᠳᠠᠭᠤᠯᠵᠦ᠍᠂ ᠡᠯᠪᠡᠭ ᠬᠤᠷᠢᠶᠠᠯᠲᠠ᠎ᠪᠠᠨ ᠪᠠᠶᠠᠯᠢᠭ ᠰᠠᠢᠬᠠᠨ ᠬᠡᠯᠪᠡᠷᠢ᠎ᠪᠠᠷ ᠬᠠᠮᠲᠤ᠎ᠪᠠᠷ ᠪᠡᠯᠭᠡᠯᠡᠵᠠᠢ᠃ ᠲᠤᠲᠤᠷᠭ᠎ᠠ ᠬᠠᠳᠤᠬᠤ ᠤᠷᠤᠯᠳᠤᠭᠠᠨ᠎ᠳᠤ ᠲᠠᠷᠢᠶᠠᠴᠢᠳ ᠬᠠᠳᠤᠭᠤᠷ ᠬᠤᠷᠦ᠋ᠢᠯᠠᠨ᠂ ᠲᠤᠲᠤᠷᠭ᠎ᠠ ᠬᠠᠳᠤᠵᠤ ᠪᠣᠭᠤᠵᠢᠯᠠᠬᠤ᠎ᠶ᠋ᠢ ᠨᠢᠭᠡ ᠯᠡ ᠠᠮᠢᠰᠭᠤᠭ᠎ᠠ᠎ᠪᠠᠷ ᠪᠡᠶᠡᠯᠡᠬᠦᠯᠵᠦ᠍ ᠁ ᠤᠷᠤᠯᠳᠤᠭᠠᠨ᠎ᠤ ᠶᠠᠪᠤᠴᠠ ᠭᠤᠢᠳᠠ ᠰᠠᠢᠬᠠᠨ ᠪᠦᠬᠡᠳ ᠬᠦᠭ᠌ᠵᠢᠶᠡᠨᠳᠡᠢ᠃ ᠣᠯᠠᠨ᠎ᠢᠶᠠᠷ᠎ᠢᠶᠠᠨ ᠪᠠᠶᠠᠷᠯᠠᠨ ᠢᠨᠢᠶᠡᠯᠳᠦᠬᠦ᠌ ᠳᠤᠮᠳᠠ ᠡᠷᠡᠯᠬᠡᠭ᠌ᠯᠡᠨ ᠲᠡᠮᠡᠴᠡᠵᠦ᠍᠂ ᠨᠢᠭ᠍ᠲᠠ ᠬᠠᠮᠵᠢᠯᠴᠠᠨ᠂ ᠤᠤᠬᠠᠢᠯᠠᠬᠤ ᠳᠠᠭᠤᠨ ᠡᠭᠡ ᠭᠠᠵᠠᠷ᠎ᠢ ᠪᠠᠶᠠᠰᠤᠯ᠎ᠢᠶᠠᠷ ᠮᠢᠯᠢᠶᠠᠨ᠎ᠠ᠃ ᠲᠣᠰ ᠤᠳᠠᠭᠠᠨ᠎ᠤ ᠠᠵᠢᠯᠯᠠᠭ᠎ᠠ᠎ᠳᠤ᠂ ᠪᠥᠬᠦ᠌ ᠬᠤᠱᠢᠭᠤᠨ᠎ᠤ ᠱᠢᠯᠢᠳᠡᠭ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠠᠬᠤᠢᠯᠠᠯ᠂ ᠬᠤᠷᠱᠢᠶ᠎ᠠ ᠪᠣᠯᠤᠨ ᠲᠠᠷᠢᠮᠠᠯ᠎ᠤᠨ ᠮᠠᠩᠯᠠᠶ ᠡᠷᠦᠭᠡ ᠵᠡᠷᠭᠡ᠎ᠶ᠋ᠢ ᠬᠥᠬᠢᠭᠦᠯᠦᠨ ᠰᠠᠢᠱᠢᠶᠠᠪᠠ᠃

ᠦᠢᠷ᠎ᠡ᠎ᠶ᠋ᠢᠨ ᠵᠢᠯ᠎ᠠᠴᠠ ᠨᠠᠭᠠᠰᠢ᠂ ᠵᠠᠯᠠᠢᠳ ᠬᠤᠱᠢᠭᠤ ᠬᠢᠨᠭ᠌ᠭᠠᠨ ᠠᠢᠮᠠᠭ᠎ᠤᠨ ᠨᠠᠮ᠎ᠤᠨ ᠬᠤᠷᠢᠶᠠᠨ᠎ᠤ ᠲᠠᠪᠤᠨ ᠣᠷᠣᠨ᠎ᠤ ᠪᠠᠢᠭᠤᠯᠤᠯᠲᠠ᠎ᠶ᠋ᠢᠨ ᠠᠵᠢᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠨᠢᠭᠡᠳᠦᠭᠡᠷ ᠠᠵᠤ ᠦᠶᠯᠡᠰ᠎ᠢ ᠬᠦᠴᠦᠷᠬᠡᠭ᠌ᠵᠢᠭᠦᠯᠵᠦ᠍᠂ ᠬᠤᠶᠠᠳᠤᠭᠠᠷ ᠠᠵᠤ ᠦᠶᠯᠡᠰ᠎ᠢ ᠪᠤᠵᠠᠭᠠᠢᠷᠠᠭᠤᠯᠤᠨ᠂ ᠭᠤᠷᠪᠠᠳᠤᠭᠠᠷ ᠠᠵᠤ ᠦᠶᠯᠡᠰ᠎ᠢ ᠰᠠᠢᠲᠤᠷ ᠬᠢᠬᠦ᠌ ᠠᠵᠢᠯ᠎ᠤᠨ ᠱᠠᠭᠠᠷᠳᠠᠯᠭ᠎ᠠ ᠶᠣᠰᠣᠭᠠᠷ ᠠᠮᠢ ᠠᠬᠤᠶ᠎ᠶ᠋ᠢ ᠤᠷᠢᠳ᠎ᠢᠶᠠᠷ ᠪᠤᠳᠤᠯᠬᠢᠯᠠᠬ᠍ᠰᠠᠨ᠂ ᠪᠣᠬᠢᠷᠲᠤᠯ ᠦᠭᠡᠢ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢ ᠪᠠᠷᠢᠮᠲᠠᠯᠠᠵᠤ᠂ 《ᠡᠷᠳᠡᠨᠢ ᠱᠢᠰᠢ᠂ ᠲᠤᠳᠤᠷᠭ᠎ᠠ᠂ ᠮᠢᠬᠠᠨ᠎ᠤ ᠦᠬᠡᠷ ᠰᠠᠭᠠᠯᠢ᠎ᠶ᠋ᠢᠨ ᠦᠨᠢᠶ᠎ᠠ᠂ ᠱᠢᠬᠢᠷ ᠤᠳᠪᠠᠯᠠ᠂ ᠱᠢᠬᠢᠷ ᠯᠤᠤᠪᠠᠩ ᠪᠣᠯᠤᠨ ᠪᠦᠬᠦ᠋ᠢᠯᠡ ᠣᠷᠣᠨ ᠪᠦᠰᠡ᠎ᠶ᠋ᠢᠨ ᠵᠢᠭᠤᠯᠴᠢᠯᠠᠯ》 ᠤᠨ ᠲᠣᠭᠤᠷᠢᠨ᠎ᠳᠤ᠂ ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠢ ᠪᠤᠢᠵᠢᠭᠤᠯᠵᠠᠢ᠃ 450 ᠲᠦᠮᠡᠨ ᠮᠦ᠍ ᠪᠣᠬᠢᠷᠲᠤᠯ ᠦᠭᠡᠢ ᠢᠳᠡᠭᠡᠨ᠎ᠤ ᠲᠦᠭᠦᠬᠡᠢ ᠮᠠᠲ᠋ᠧᠷᠢᠶᠠᠯ᠎ᠤᠨ ᠪᠠᠷᠢᠮᠵᠢᠶᠠᠵᠢᠭᠤᠯᠤᠭ᠍ᠰᠠᠨ ᠦᠢᠯᠡᠳᠪᠦᠷᠢᠯᠡᠯ᠎ᠤᠨ ᠰᠠᠭᠤᠷᠢᠨ᠂ 70 ᠲᠦᠮᠡᠨ ᠮᠦ᠍ ᠪᠣᠬᠢᠷᠲᠤᠯ ᠦᠭᠡᠢ ᠣᠷᠭᠠᠨᠢᠭ ᠤᠰᠤᠨ ᠲᠤᠲᠤᠷᠭ᠎ᠠ ᠪᠠ 12 ᠲᠦᠮᠡᠨ ᠮᠦ᠍ ᠬᠠᠭᠤᠷᠠᠶ᠎ᠪᠠᠷ ᠲᠡᠷᠢᠬᠤ ᠤᠰᠤᠨ ᠲᠤᠲᠤᠷᠭ᠎ᠠ᠎ᠨᠢ ᠪᠦᠬᠦ᠌ ᠬᠤᠱᠢᠭᠤᠨ᠎ᠤ ᠣᠷᠣᠨ ᠪᠦᠰᠡ᠎ᠶ᠋ᠢᠨ ᠨᠡᠷᠡᠲᠦ ᠲᠥᠷᠥᠯ ᠲᠡᠮᠳᠡᠭ᠎ᠤᠨ ᠨᠥᠯᠥᠭᠡᠯᠡᠬᠦ᠌ ᠬᠦᠴᠦᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠪᠡ᠃ 169 ᠲᠦᠮᠡᠨ ᠮᠦ᠍ ᠲᠠᠷᠢᠶᠠᠨ ᠭᠠᠵᠠᠷ᠎ᠤᠨ ᠥᠨᠳᠥᠷ ᠪᠠᠷᠢᠮᠵᠢᠶᠠᠲᠤ ᠪᠦᠲᠦᠭᠡᠨ ᠪᠠᠢᠭᠤᠯᠤᠯᠲᠠ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ᠎ᠤᠨ ᠮᠡᠷᠭᠡᠵᠢᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠵᠦ᠍᠂ ᠲᠠᠷᠢᠶᠠᠯᠠᠩ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠡᠭᠦᠯᠳᠡᠷ᠎ᠤᠨ ᠰᠠᠢᠵᠢᠷᠠᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠦᠨ ᠪᠠᠶᠠᠵᠢᠭᠤᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠴᠡᠶ᠃ ᠲᠣᠰ ᠤᠳᠠᠭᠠᠨ᠎ᠤ ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠪᠠᠶᠠᠷ᠎ᠢᠶᠠᠷ ᠳᠠᠮᠵᠢᠭᠤᠯᠤᠨ᠂ ᠥᠷᠭᠡᠨ ᠣᠯᠠᠨ ᠮᠠᠯᠴᠢᠨ ᠲᠠᠷᠢᠶᠠᠴᠢᠨ᠎ᠤ ᠪᠦᠲᠦᠭᠡᠯᠴᠢ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠮᠠᠯᠴᠢᠨ ᠲᠠᠷᠢᠶᠠᠴᠢᠨ᠎ᠤ ᠬᠥᠳᠡᠯᠮᠦᠷᠢᠴᠢ ᠬᠤᠶᠠᠷ ᠭᠠᠷ᠎ᠢᠶᠠᠷ᠎ᠢᠶᠠᠨ ᠰᠠᠢᠨ ᠰᠠᠢᠬᠠᠨ ᠵᠣᠯ ᠵᠢᠷᠭᠠᠯᠲᠤ ᠠᠮᠢᠳᠤᠷᠠᠯ᠎ᠢᠶᠠᠨ ᠴᠤᠬ᠍ᠴᠠᠯᠠᠬᠤ᠎ᠶ᠋ᠢ ᠵᠣᠷᠢᠭ᠍ᠵᠢᠭᠤᠯᠵᠠᠢ᠃