ᠡᠯᠡᠰᠤ ᠮᠠᠩᠬ᠎ᠠ — ᠦᠪᠦᠷ ᠮᠤᠩᠭᠤᠯ᠎ᠤᠨ ᠠᠷᠪᠠᠨ ᠶᠡᠭᠡ ᠵᠢᠭᠤᠯᠴᠢᠯᠡᠯ᠎ᠤᠨ ᠡᠭᠢ ᠪᠠᠶᠠᠯᠢᠭ᠎ᠤᠨ ᠨᠢᠭᠡ᠂ ᠭᠠᠢᠬᠠᠮ᠎ᠠ ᠰᠠᠢᠬᠠᠨ ᠨᠡᠯᠦᠬᠡᠷ ᠡᠯᠡᠰᠤ ᠦᠨᠢ ᠡᠷᠳᠡᠨ᠎ᠤ ᠦᠤᠭᠡ ᠲᠡᠤᠬᠡ᠎ᠶ᠋ᠢ ᠬᠦᠤᠷᠨᠢᠵᠤ᠂ ᠡᠴᠢᠨ᠎ᠠ ᠭᠠᠢᠬᠠᠯᠳᠠᠢ ᠦᠩᠬᠡ ᠦᠵᠡᠮᠵᠢ᠎ᠨᠢ ᠡᠬᠡ ᠪᠠᠢᠭᠠᠯᠢ᠎ᠶ᠋ᠢᠨ ᠭᠠᠢᠬᠠᠮᠱᠢᠭ᠎ᠢ ᠦᠬᠦᠯᠡᠨᠠ᠃
ᠡᠯᠡᠰᠤ ᠮᠠᠩᠬᠠᠨ᠎ᠤ ᠵᠢᠭᠤᠯᠴᠢᠯᠡᠯ — ᠦᠪᠦᠷ ᠮᠤᠩᠭᠤᠯ᠎ᠤᠨ ᠵᠢᠭᠤᠯᠴᠢᠯᠡᠯ᠎ᠤᠨ ᠦᠢᠯᠡᠰ᠎ᠤᠨ ᠴᠢᠬᠤᠯᠠ ᠪᠦᠷᠢᠯᠳᠦᠬᠦᠨ ᠬᠡᠰᠡᠭ᠂ ᠡᠴᠢᠨ᠎ᠡ ᠭᠠᠢᠬᠠᠯᠲᠠᠢ ᠡᠯᠡᠰᠦ ᠮᠠᠩᠬ᠎ᠠ᠎ᠨᠢ ᠵᠢᠭᠤᠯᠴᠢᠯᠠᠭ᠍ᠰᠠᠳ᠎ᠤᠨ ᠪᠠᠷᠳᠠᠭ᠎ᠠ ᠲᠤᠭᠤᠯᠬᠤ᠂ ᠡᠭᠡ ᠪᠠᠢᠭᠠᠯᠢ᠎ᠶ᠋ᠢᠨ ᠭᠠᠢᠬᠠᠮᠱᠢᠭ᠎ᠢ ᠰᠤᠨᠢᠷᠬᠠᠬᠤ ᠬᠠᠷᠠᠯᠳᠠᠳᠤ ᠤᠷᠤᠨ ᠪᠤᠯᠪᠠ᠃
ᠡᠯᠡᠰᠤ ᠮᠠᠩᠬ᠎ᠠ ᠪᠤᠯ ᠦᠪᠦᠷ ᠮᠤᠩᠭᠤᠯ᠎ᠤᠨ ᠠᠷᠪᠠᠨ ᠶᠡᠭᠡ ᠵᠢᠭᠤᠯᠴᠢᠯᠡᠯ᠎ᠤᠨ ᠡᠭᠢ ᠪᠠᠶᠠᠯᠢᠭ᠎ᠤᠨ ᠨᠢᠭᠡ ᠶᠤᠮ᠃ ᠭᠠᠢᠬᠠᠮ᠎ᠠ ᠰᠠᠢᠬᠠᠨ ᠨᠡᠯᠦᠬᠡᠷ ᠡᠯᠡᠰᠤ ᠦᠨᠢ ᠡᠷᠳᠡᠨ᠎ᠤ ᠦᠤᠭᠡ ᠲᠡᠤᠬᠡ᠎ᠶ᠋ᠢ ᠦᠭᠦᠯᠡᠨ᠂ ᠡᠴᠢᠨ᠎ᠠ ᠭᠠᠢᠬᠠᠯᠳᠠᠢ ᠦᠩᠬᠡ ᠦᠵᠡᠮᠵᠢ᠎ᠪᠠᠷ᠎ᠢᠶᠠᠨ ᠤᠷᠤᠨ᠎ᠤ ᠲᠤᠲᠤᠨ᠎ᠠ ᠭᠠᠲᠠᠨᠠᠬᠢ ᠵᠢᠭᠤᠯᠴᠢᠯᠠᠬ᠍ᠰᠠᠳ᠎ᠢ ᠲᠠᠲᠠᠵᠦ᠍᠂ ᠡᠯᠡᠰᠤ ᠮᠠᠩᠬᠠᠨ᠎ᠤ ᠵᠢᠭᠤᠯᠴᠢᠯᠠᠯ ᠨᠢᠬᠡᠨᠳᠡ ᠮᠠᠨ᠎ᠤ ᠤᠷᠤᠨ᠎ᠤ ᠦᠪᠡᠷᠮᠢᠴᠡ ᠤᠨᠴᠠᠯᠢᠭ᠎ᠲᠠᠢ ᠵᠢᠭᠤᠯᠴᠢᠯᠠᠯ᠎ᠤᠨ ᠲᠦᠷᠦᠯ ᠵᠦᠢᠯ ᠪᠤᠯᠵᠠᠢ᠃


ᠱᠢᠷᠭᠠᠯ ᠡᠯᠡᠰᠤᠨ᠎ᠤ ᠱᠢᠵᠢᠷ ᠲᠤᠤᠯᠢᠰ
ᠦᠪᠦᠷ ᠮᠤᠩᠭᠤᠯ ᠤᠷᠤᠨ᠎ᠳᠤ ᠡᠯᠡᠰᠦᠨ ᠴᠦᠯ ᠪᠠ ᠡᠯᠡᠰᠦᠷᠭᠡᠭ ᠭᠠᠵᠠᠷ᠎ᠤᠨ ᠲᠠᠷᠬᠠᠯᠲᠠ ᠮᠠᠰᠢ ᠦᠷᠭᠡᠨ ᠪᠠᠢᠵᠤ᠂ ᠪᠠᠷᠠᠭᠤᠨ᠎ᠠᠴᠠ ᠵᠡᠬᠦᠨᠰᠢ ᠪᠠᠲᠠᠢ᠎ᠶ᠋ᠢᠨ ᠵᠢᠷᠠᠨ᠎ᠤ ᠡᠯᠡᠰᠤ᠂ ᠲᠡᠭ᠌ᠷᠢ ᠡᠯᠡᠰᠦ᠂ ᠤᠯᠠᠭᠠᠨᠪᠤᠬ᠎ᠠ᠎ᠶ᠋ᠢᠨ ᠡᠯᠡᠰᠤ᠂ ᠬᠦᠪᠴᠢ᠎ᠶ᠋ᠢᠨ ᠡᠯᠡᠰᠤ᠂ ᠪᠠᠶᠬᠠᠦ᠋ᠨᠳᠤᠷᠤᠨ ᠡᠯᠡᠰᠤ ᠵᠡᠷᠭᠡ ᠲᠠᠪᠤᠨ ᠶᠡᠭᠡ ᠡᠯᠡᠰᠦ᠂ ᠮᠤᠤᠠᠤᠰᠤ᠎ᠶ᠋ᠢᠨ ᠡᠯᠡᠰᠦᠷᠭᠡᠭ ᠭᠠᠵᠠᠷ᠂ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠭᠡᠭ ᠭᠠᠵᠠᠷ᠂ ᠬᠤᠷᠴᠢᠨ᠎ᠤ ᠡᠯᠡᠰᠦᠷᠭᠡᠭ ᠭᠠᠵᠠᠷ᠂ ᠦᠵᠦᠮᠦᠴᠢᠨ᠎ᠤ ᠡᠯᠡᠰᠦᠷᠬᠡᠭ ᠭᠠᠵᠠᠷ᠂ ᠬᠦᠯᠦᠨ ᠪᠤᠢᠷ᠎ᠤᠨ ᠡᠯᠡᠰᠦᠷᠬᠡᠭ ᠭᠠᠵᠠᠷ ᠵᠡᠷᠭᠡ ᠲᠠᠪᠤᠨ ᠶᠡᠭᠡ ᠡᠯᠡᠰᠦᠷᠭᠡᠭ ᠭᠠᠵᠠᠷ ᠱᠢᠵᠢᠷᠲᠤᠨ ᠱᠢᠷᠭᠠᠯᠳᠤᠵᠤ ᠪᠠᠢᠳᠠᠭ᠃
4.9 ᠲᠦᠮᠡ ᠱᠢᠬᠠᠮ ᠲᠡᠭ᠌ᠰᠢ ᠲᠦᠷᠪᠡᠯᠵᠢᠨ ᠺᠢᠯᠤᠮᠧᠲᠷ᠎ᠤᠨ ᠲᠠᠯᠠᠪᠠᠢ᠎ᠲᠠᠢ ᠪᠠᠲᠠᠢ᠎ᠶ᠋ᠢᠨ ᠵᠢᠷᠠᠨ᠎ᠤ ᠡᠯᠡᠰᠦ ᠪᠤᠯ ᠮᠠᠨ᠎ᠤ ᠤᠯᠤᠰ᠎ᠤᠨ ᠭᠤᠷᠪᠠᠲᠤᠭᠠᠷ ᠶᠡᠭᠡ ᠡᠯᠡᠰᠦᠨ ᠴᠦᠯ ᠪᠤᠯᠤᠨ᠎ᠠ᠃ ᠪᠠᠳᠠᠢ᠎ᠶ᠋ᠢᠨ ᠵᠢᠷᠠᠨ ᠪᠤᠯ ᠲᠡᠯᠡᠬᠡᠢ᠎ᠶ᠋ᠢᠨ ᠴᠤᠷ᠎ᠤᠨ ᠭᠠᠭ᠍ᠴᠠ ᠦᠨᠳᠦᠷ ᠡᠯᠡᠰᠦᠨ ᠴᠤᠬᠢᠶ᠎ᠠ ᠨᠢᠬ᠍ᠲᠠᠷᠠᠬ᠍ᠰᠠᠨ ᠡᠯᠡᠰᠦᠨ ᠴᠦᠯ ᠪᠠᠢᠵᠤ᠂ ᠤᠯᠠᠩᠬᠢ᠎ᠨᠢ ᠲᠠᠯᠠᠢ᠎ᠶ᠋ᠢᠨ ᠲᠦᠪᠱᠢᠨ᠎ᠠᠴᠠ 1400 — 1600 ᠮᠧᠳ᠋ᠷ ᠡᠷᠭᠦᠭ᠌ᠳᠡᠨ᠂ 《ᠡᠯᠡᠰᠦᠨ ᠴᠦᠯ᠎ᠤᠨ ᠵᠦᠮᠦᠯᠠᠩᠮᠠ》 ᠬᠡᠮᠡᠭ᠌ᠳᠡᠵᠠᠢ᠃ ᠪᠠᠳᠠᠢ᠎ᠶ᠋ᠢᠨ ᠵᠢᠷᠠᠨ᠎ᠤ ᠡᠯᠡᠰᠤ᠎ᠶ᠋ᠢᠨ ᠪᠠᠷᠠᠭᠤᠨ ᠬᠤᠢᠲᠤ ᠬᠡᠰᠡᠭ᠎ᠲᠤ ᠤᠳᠤᠬᠠᠨ ᠪᠤᠯᠳᠠᠯ᠎ᠠ ᠬᠦᠮᠦᠨ ᠲᠦᠷᠦᠯᠬᠢᠳᠡᠨ᠎ᠤ ᠤᠯᠠ ᠮᠦᠷ ᠬᠠᠷᠠᠬ᠍ᠳᠠᠭᠠ ᠦᠭᠡᠢ ᠬᠡᠳᠡᠭ᠃ ᠠᠳᠡᠬᠢ ᠵᠢᠯ᠎ᠤᠨ ᠬᠤᠷ᠎ᠠ ᠲᠤᠨᠤᠲᠠᠰᠦᠨᠤ ᠬᠡᠮᠵᠢᠶ᠎ᠡ 40 ᠮᠢᠯᠢᠮᠧᠲᠷ᠎ᠲᠤ ᠴᠦ᠍ ᠬᠦᠷᠳᠡᠭ ᠦᠬᠡᠢ ᠪᠤᠯᠪᠠᠴᠦ᠍ ᠡᠨᠡ ᠬᠦ᠌ ᠡᠯᠡᠰᠦᠨ ᠲᠠᠯᠠᠢ ᠲᠤᠲᠤᠷ᠎ᠠ 100 ᠭᠠᠷᠤᠢ ᠨᠠᠭᠤᠷ ᠴᠦᠬᠦᠷᠦᠮ ᠲᠠᠷᠬᠠᠵᠦ᠍ ᠪᠠᠢᠲᠠᠭ᠎ᠨᠢ ᠰᠤᠨᠢᠷᠬᠠᠯᠳᠠᠢ! ᠡᠯᠡᠰᠦᠨ ᠴᠤᠬᠢᠶ᠎ᠠ᠂ ᠲᠤᠩᠭᠠᠯᠠᠭ ᠨᠠᠭᠤᠷ᠂ ᠨᠤᠭᠤ ᠭᠠᠵᠠᠷ᠎ᠨᠢ ᠪᠠᠲᠠᠢ᠎ᠶ᠋ᠢᠨ ᠵᠢᠷᠠᠨ᠎ᠤ ᠡᠯᠡᠰᠦ᠎ᠶ᠋ᠢᠨ ᠭᠠᠢᠬᠠᠮᠱᠢᠬ᠍ᠲᠦ ᠦᠵᠡᠮᠵᠢ᠎ᠶ᠋ᠢ ᠪᠦᠷᠢᠯᠲᠦᠬᠦᠯᠦᠭ᠌ᠰᠡᠨ ᠪᠢᠯᠡ᠃
ᠲᠩᠷᠢ ᠡᠯᠡᠰᠤ᠎ᠨᠢ ᠠᠯᠠᠱᠠ ᠵᠡᠭᠦᠨ ᠬᠤᠱᠢᠭᠤ ᠪᠠ ᠭᠠᠨᠰᠦ ᠮᠤᠵᠢ᠎ᠶ᠋ᠢᠨ ᠬᠢᠵᠠᠭᠠᠷᠲᠤ ᠪᠠᠢᠷᠢᠯᠠᠵᠤ᠂ ᠶᠡᠷᠦᠩᠬᠡᠶ ᠲᠠᠯᠠᠪᠠᠶ᠎ᠨᠢ ᠪᠠᠷᠤᠭ 4.27 ᠲᠦᠮᠡᠨ ᠲᠡᠭ᠌ᠰᠢ ᠳᠥᠷᠪᠡᠯᠵᠢᠨ ᠺᠢᠯᠣᠮᠧᠲᠷ ᠪᠠᠢᠵᠤ᠂ ᠮᠠᠨ᠎ᠤ ᠤᠯᠤᠰ᠎ᠤᠨ ᠳᠥᠷᠪᠡᠳᠦᠭᠡᠷ ᠶᠡᠭᠡ ᠡᠯᠡᠰᠦᠨ ᠴᠦᠯ ᠪᠤᠯᠬᠤ ᠶᠤᠮ᠃ ᠡᠯᠡᠰᠦᠨ ᠳᠣᠪᠤ᠂ ᠨᠠᠭᠤᠷ᠂ ᠡᠪᠡᠰᠦᠲᠦ ᠲᠠᠯ᠎ᠠ᠂ ᠠᠭᠤᠯᠠᠷᠬᠠᠭ ᠭᠠᠵᠠᠷ᠂ ᠦᠯᠡᠳᠡᠭ᠌ᠳᠡᠯ ᠳᠣᠪᠤ ᠵᠢᠴᠢ ᠲᠡᠭ᠌ᠰᠢ ᠲᠠᠯ᠎ᠠ ᠠᠳᠡ ᠰᠣᠯᠪᠢᠴᠠᠨ ᠲᠠᠷᠬᠠᠵᠤ᠂ ᠲᠡᠭ᠌ᠷᠢ ᠡᠯᠡᠰᠤ᠎ᠶ᠋ᠢᠨ 93% ᠨᠢ ᠨᠡᠭᠦᠳᠡᠯ ᠡᠯᠡᠰᠤ ᠮᠠᠩᠬ᠎ᠠ ᠪᠤᠯᠤᠨ᠎ᠠ᠃ ᠠᠳᠡ ᠭᠡᠷᠡᠯ ᠪᠠ ᠢᠯᠴᠢ᠎ᠶ᠋ᠢᠨ ᠡᠬᠢ ᠪᠠᠶᠠᠯᠢᠭ ᠡᠯᠪᠡᠭ ᠲᠡᠯᠪᠡᠭ ᠪᠠᠢᠵᠦ᠍᠂ ᠭᠡᠪᠴᠢᠶᠡᠵᠢᠬᠦᠯᠦᠨ ᠲᠠᠷᠢᠵᠦ᠍ ᠲᠡᠵᠢᠭᠡᠬᠦ᠌ ᠦᠢᠯᠡᠰ᠎ᠢ ᠬᠦᠭ᠌ᠵᠢᠬᠦᠯᠬᠦ᠌᠎ᠳᠤ ᠲᠠᠪᠠᠭᠤᠯᠢᠭ ᠨᠦᠬᠦᠴᠡᠯ᠎ᠢ ᠪᠦᠷᠢᠯᠲᠦᠬᠦᠯᠦᠭ᠌ᠰᠡᠨ ᠪᠠᠢᠳᠠᠭ᠃ ᠲᠡᠭ᠌ᠷᠢ ᠡᠯᠡᠰᠤ᠎ᠶ᠋ᠢᠨ ᠬᠦᠨ᠎ᠠᠴᠠ ᠬᠤᠯᠠ᠎ᠶ᠋ᠢ ᠪᠠᠷᠠᠯᠠᠪᠠᠯ᠂ ᠨᠠᠭᠤᠷ᠎ᠤᠨ ᠲᠠᠪᠤᠰᠤ ᠬᠢᠯᠲᠠᠭᠠᠨᠡᠨ ᠨᠠᠭᠤᠷ᠎ᠤᠨ ᠤᠰᠤ ᠮᠦᠡᠭ᠌ᠬᠦᠨ ᠠᠷ ᠦᠶᠡᠯᠵᠡᠬᠦᠯᠦᠨ ᠬᠠᠷᠠᠬ᠍ᠳᠠᠨ᠎ᠠ᠃ ᠲᠡᠭ᠌ᠷᠢ ᠡᠯᠡᠰᠤ᠎ᠶ᠋ᠢᠨ ᠬᠦᠨ᠎ᠳᠠᠬᠢ ᠨᠠᠭᠤᠷ᠎ᠲᠤ ᠭᠡᠭᠡᠷ᠎ᠡ᠎ᠶ᠋ᠢᠨ ᠨᠤᠭᠤᠰᠤ᠂ ᠬᠤᠨ ᠭᠠᠯᠠᠭᠤ ᠮᠡᠳᠤ᠎ᠶ᠋ᠢᠨ 30 ᠭᠠᠷᠤᠢ ᠲᠦᠷᠦᠯ᠎ᠤᠨ ᠱᠢᠪᠠᠭᠤᠳ ᠤᠷᠤᠱᠢᠨ ᠠᠮᠢᠲᠤᠷᠠᠵᠤ ᠪᠠᠢᠳᠠᠭ᠃ ᠠᠳᠡᠬᠢ᠎ᠶ᠋ᠢᠨ ᠠᠭᠤᠷ ᠠᠮᠢᠰᠭᠤᠯ ᠳᠤᠮᠳᠠ ᠰᠡᠷᠢᠭᠦᠨ ᠪᠦᠰᠡ᠎ᠶ᠋ᠢᠨ ᠨᠡᠢᠲᠡᠯᠢᠭ ᠡᠬᠡ ᠭᠠᠵᠠᠷ᠎ᠤᠨ ᠴᠢᠨᠠᠷᠲᠠᠶ ᠠᠭᠤᠷ ᠠᠮᠢᠰᠭᠤᠯ᠎ᠳᠤ ᠬᠠᠷᠢᠶᠠᠯᠠᠭ᠍ᠳᠠᠵᠤ᠂ ᠤᠷᠭᠤᠮᠠᠯ᠎ᠤᠨ ᠪᠦᠷᠬᠦᠴᠡ᠎ᠨᠢ ᠡᠯᠡᠰᠦᠨ ᠱᠢᠷᠠᠯᠵᠢ᠂ ᠬᠠᠷ᠎ᠠ ᠰᠤᠯᠢ᠂ ᠬᠤᠯᠤᠰᠤ ᠵᠡᠬᠡᠰᠦ᠂ ᠲᠤᠰ᠎ᠤᠨ ᠲᠤᠷᠯᠤᠭ᠂ ᠲᠡᠷᠪᠡᠯᠵᠢ᠂ ᠰᠤᠬᠠᠢ ᠵᠡᠷᠭᠡ᠎ᠪᠠᠷ ᠭᠤᠤᠯᠯᠠᠲᠠᠭ ᠶᠤᠮ᠃
ᠬᠥᠪᠴᠢ᠎ᠶ᠋ᠢᠨ ᠡᠯᠡᠰᠤ ᠪᠤᠯ ᠨᠡᠢᠰᠯᠡᠯ ᠪᠡᠭᠡᠵᠢᠩ᠎ᠠᠴᠠ ᠬᠠᠮᠤᠭ᠎ᠤᠨ ᠤᠢ᠍ᠢᠷ᠎ᠠ ᠪᠠᠢᠭ᠎ᠠ ᠡᠯᠡᠰᠦ ᠪᠤᠯᠤᠨ᠎ᠠ᠂ ᠶᠡᠷᠦᠩᠬᠡᠢ ᠲᠠᠯᠠᠪᠠᠶ᠎ᠨᠢ ᠪᠠᠷᠤᠭ 1.45 ᠲᠦᠮᠡᠨ ᠲᠡᠭ᠌ᠰᠢ ᠳᠥᠷᠪᠡᠯᠵᠢᠨ ᠺᠢᠯᠣᠮᠧᠲᠷ᠎ᠲᠤ ᠬᠦᠷᠴᠦ᠍ ᠪᠤᠢ᠃ ᠬᠥᠪᠴᠢ᠎ᠶ᠋ᠢᠨ ᠡᠯᠡᠰᠤ᠎ᠶ᠋ᠢᠨ ᠪᠦᠷᠢᠶ᠎ᠡ ᠮᠠᠩᠬ᠎ᠠ᠎ᠶ᠋ᠢᠨ ᠦᠵᠡᠮᠵᠢ᠎ᠶ᠋ᠢᠨ ᠣᠷᠣᠨ᠎ᠤ ᠡᠯᠡᠰᠤᠨ ᠴᠤᠬᠢᠶ᠎ᠠ᠎ᠠᠴᠠ ᠭᠤᠯᠭᠤᠨ ᠪᠠᠭᠤᠬᠤ᠎ᠳᠤ ᠡᠯᠡᠰᠤ ᠮᠠᠩᠬ᠎ᠠ᠎ᠨᠢ ᠦᠡᠭ᠌ᠭᠢᠨᠡᠨ ᠲᠤᠤᠭᠠᠷᠳᠠᠭ ᠪᠤᠯᠬᠤᠷ ᠬᠤᠷᠸ᠎ᠠ᠎ᠶ᠋ᠢᠨ ᠨᠢᠭᠡᠨ ᠭᠠᠢᠬᠠᠮᠱᠢᠬ ᠪᠤᠯᠵᠠᠢ᠃ ᠬᠦᠪᠴᠢ᠎ᠶ᠋ᠢᠨ ᠡᠯᠡᠰᠤᠨ᠎ᠳᠤ ᠪᠤᠢ ᠪᠤᠯᠤᠭ᠍ᠰᠠᠨ 《ᠬᠦᠪᠴᠢ᠎ᠶ᠋ᠢᠨ ᠵᠠᠬ᠍ᠪᠤᠷ》 ᠲᠠᠯᠡᠬᠡᠢ ᠨᠡᠢᠳᠡ᠎ᠶ᠋ᠢᠨ ᠠᠩᠬᠠᠷᠤᠯ᠎ᠢ ᠲᠠᠳᠠᠵᠤ᠂ ᠲᠠᠯᠠᠬᠡᠢ ᠳ᠋ᠠᠬᠢᠨ᠎ᠤ ᠡᠯᠡᠰᠦᠷᠬᠡᠭ᠌ᠵᠢᠯ᠎ᠢ ᠰᠡᠷᠬᠡᠢᠯᠡᠵᠤ ᠡᠯᠡᠰᠤ᠎ᠶ᠋ᠢ ᠵᠠᠰᠠᠬᠤ᠎ᠳᠤ ᠬᠤᠪᠤᠷ ᠨᠠᠨᠳᠢᠨ ᠲᠤᠷᠱᠢᠯᠭ᠎ᠠ ᠬᠠᠩᠭᠠᠪᠠ᠃
ᠤᠯᠠᠭᠠᠨᠪᠤᠬ᠎ᠠ᠎ᠶ᠋ᠢᠨ ᠡᠯᠡᠰᠦ᠎ᠨᠢ ᠪᠠᠶᠠᠨᠨᠠᠭᠤᠷ ᠬᠤᠲᠠ ᠪᠠ ᠠᠯᠠᠱᠠ ᠠᠢᠮᠠᠭ᠎ᠤᠨ ᠵᠡᠭᠦᠨ ᠬᠤᠢᠲᠤ ᠬᠡᠰᠡᠭ᠎ᠲᠤ ᠪᠠᠢᠷᠢᠯᠠᠳᠠᠬ᠂ ᠲᠡᠦᠭᠡᠨ᠎ᠳᠤ ᠠᠳᠠ ᠬᠦᠮᠦᠨ ᠠᠷᠠᠳ ᠲᠠᠩᠰᠤᠬ ᠵᠢᠷᠭᠠᠯ᠎ᠲᠠᠢ᠂ ᠮᠠᠯ ᠰᠦᠷᠦᠭ ᠲᠠᠷᠭᠤ ᠰᠠᠢᠳᠠᠢ᠂ ᠦᠨᠢᠷ ᠪᠠᠶᠠᠯᠢᠭ ᠲᠠᠯ᠎ᠠ ᠨᠤᠲᠤᠬ ᠪᠠᠢᠬ᠍ᠰᠡᠨ ᠬᠡᠳᠡᠭ᠃ ᠴᠢᠯᠦᠬᠡᠯᠡᠭ᠌ᠳᠡᠭ᠌ᠰᠡᠨᠤ ᠲᠠᠷᠠᠭ᠎ᠠ᠂ ᠤᠯᠠᠭᠠᠨᠪᠤᠬ᠎ᠠ᠎ᠶ᠋ᠢᠨ ᠡᠯᠡᠰᠦ᠎ᠶ᠋ᠢ ᠶᠡᠭᠡ᠎ᠪᠠᠷ ᠵᠠᠰᠠᠵᠦ᠍᠂ ᠰᠠᠯᠬᠢ᠎ᠶ᠋ᠢ ᠬᠤᠷᠢᠬ᠍ᠯᠠᠵᠦ᠍ ᠡᠯᠡᠰᠦ᠎ᠶ᠋ᠢ ᠲᠤᠭ᠍ᠲᠠᠪᠦᠷᠢᠵᠢᠭᠤᠯᠬᠤ ᠤᠢ ᠮᠤᠲᠤ ᠲᠠᠷᠢᠵᠦ᠍ ᠡᠬᠢᠯᠡᠵᠡᠢ᠃ ᠠᠳᠡᠬᠢ ᠨᠠᠷᠠᠨ᠎ᠤ ᠲᠤᠰᠤᠯᠲᠠ ᠬᠦᠢᠴᠡᠳ ᠪᠦᠭᠡᠳ ᠬᠠᠲᠤᠨ ᠭᠤᠤᠯ᠎ᠤᠨ ᠤᠰᠤ᠎ᠪᠠᠷ ᠤᠰᠤᠯᠠᠵᠦ᠍ ᠪᠤᠯᠲᠠᠭ ᠪᠤᠯᠬᠤᠷ ᠨᠠᠭᠤᠷ ᠴᠦᠬᠦᠷᠦᠮ ᠠᠷᠪᠢᠨ ᠪᠠᠢᠵᠦ᠍᠂ ᠮᠠᠯ ᠠᠵᠦ᠍ ᠠᠬᠤᠢ ᠲᠠᠷᠢᠶᠠᠯᠠᠩ᠂ ᠤᠢ ᠮᠤᠳᠤ ᠪᠠ ᠵᠢᠭᠠᠰᠦᠨᠤ ᠦᠢᠯᠡᠰ᠎ᠢ ᠬᠦᠭ᠌ᠵᠢᠬᠦᠯᠬᠦ᠌᠎ᠳᠤ ᠮᠠᠰᠢ ᠲᠤᠬᠢᠷᠠᠵᠠᠢ᠃ ᠪᠦᠷᠢᠳᠭᠡᠯ᠎ᠢ ᠦᠨᠲᠦᠰᠦᠯᠡᠪᠡᠯ᠂ ᠤᠯᠠᠭᠠᠨᠪᠤᠬ᠎ᠠ᠎ᠶ᠋ᠢᠨ ᠡᠯᠡᠰᠤᠨ᠎ᠳᠤ ᠪᠠᠷᠤᠭ 312 ᠲᠦᠷᠦᠯ᠎ᠤᠨ ᠦᠷᠡᠲᠦ ᠤᠷᠭᠤᠮᠠᠯ᠎ᠲᠠᠢ ᠪᠠᠢᠵᠦ᠍᠂ ᠪᠦᠬᠦ᠌ ᠤᠯᠤᠰ᠎ᠤᠨ ᠴᠠᠭᠠᠨ ᠭᠤᠶᠤᠤ᠎ᠶ᠋ᠢᠨ ᠴᠢᠬᠤᠯᠠ ᠰᠠᠭᠤᠷᠢᠨ ᠪᠤᠯᠤᠭ᠍ᠰᠠᠨ ᠪᠠᠢᠨ᠎ᠠ᠃
ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠭᠡᠭ ᠭᠠᠵᠠᠷ ᠪᠤᠯ ᠱᠢᠯᠢ᠎ᠶ᠋ᠢᠨ ᠭᠤᠤᠯ᠎ᠤᠨ ᠲᠠᠯ᠎ᠠ ᠨᠤᠲᠤᠭ᠎ᠤᠨ ᠡᠮᠦᠨ᠎ᠡ ᠭᠡᠰᠡᠭ ᠪᠤᠯᠤᠨ ᠤᠯᠠᠭᠠᠨᠬᠠᠳᠠ ᠬᠤᠳᠠ᠎ᠶ᠋ᠢᠨ ᠬᠡᠱᠢᠭ᠌ᠳᠡᠨ ᠬᠤᠱᠢᠭᠤᠨ᠎ᠤ ᠪᠠᠷᠠᠭᠤᠨ ᠬᠡᠰᠡᠭ᠎ᠲᠤ ᠪᠠᠢᠷᠢᠯᠠᠵᠤ᠂ ᠠᠳᠡ ᠤᠯᠠᠨ ᠠᠷᠪᠢᠨ ᠵᠢᠵᠢᠭ ᠨᠠᠭᠤᠷ ᠪᠤᠶᠤ ᠡᠯᠡᠰᠦᠨ ᠪᠤᠯᠠᠬ ᠲᠠᠷᠬᠠᠨ᠂ ᠦᠩ ᠱᠢᠮᠡᠯᠢᠭ ᠪᠡᠯᠴᠢᠬᠡᠷ ᠭᠤᠢᠲᠠ ᠰᠠᠢᠬᠠᠨ ᠦᠵᠡᠮᠵᠢ᠎ᠲᠠᠢ ᠪᠠᠢᠳᠠᠬ᠎ᠢᠶᠠᠷ᠎ᠢᠶᠠᠨ 《ᠴᠡᠴᠡᠷᠯᠢᠭ᠎ᠤᠨ ᠡᠯᠡᠰᠦᠨ ᠴᠦᠯ》᠂ 《ᠠᠷᠤ ᠭᠠᠵᠠᠷ᠎ᠤᠨ ᠵᠢᠶᠠᠩᠨᠠᠨ》 ᠭᠡᠰᠡᠨ ᠠᠯᠳᠠᠷᠲᠠᠢ᠎ᠪᠠᠷ ᠪᠠᠷᠠᠬᠤ ᠦᠭᠡᠢ ᠨᠡᠬᠦᠳᠡᠯ᠎ᠤᠨ ᠱᠢᠪᠠᠭᠤᠳ᠎ᠤᠨ ᠤᠷᠤᠱᠢᠨ ᠠᠮᠢᠲᠤᠷᠠᠵᠦ᠍ ᠦᠷᠡᠵᠢᠨ ᠲᠦᠯᠵᠢᠬᠦ᠌ ᠴᠡᠩᠭᠡᠯ᠎ᠤᠨ ᠤᠷᠤᠨ ᠪᠤᠯᠤᠬ᠍ᠰᠡᠨ ᠠᠵᠢ᠃
ᠬᠤᠷᠴᠢᠨ᠎ᠤ ᠡᠯᠡᠰᠦᠷᠭᠡᠭ ᠭᠠᠵᠠᠷ ᠪᠤᠯ ᠮᠠᠨ᠎ᠤ ᠤᠯᠤᠰ᠎ᠤᠨ ᠬᠠᠮᠤᠬ᠎ᠤᠨ ᠶᠡᠭᠡ ᠡᠯᠡᠰᠦᠷᠭᠡᠭ ᠭᠠᠵᠠᠷ ᠪᠤᠯᠤᠨ᠎ᠠ᠃ ᠱᠢᠷᠠᠮᠦᠷᠡᠨ ᠪᠠ ᠯᠤᠤᠬ᠎ᠠ᠎ᠶ᠋ᠢᠨ ᠭᠤᠤᠯ ᠬᠤᠷᠴᠢᠨ᠎ᠤ ᠡᠯᠡᠰᠦᠷᠭᠡᠭ ᠭᠠᠵᠠᠷ᠎ᠢᠶᠠᠷ ᠤᠷᠤᠰ᠎ᠤᠨ ᠦᠩᠭᠡᠷᠡᠵᠤ ᠪᠠᠢᠳᠠᠭ᠂ ᠤᠷᠭᠤᠮᠠᠯ᠎ᠤᠨ ᠪᠦᠷᠬᠦᠴᠡ᠎ᠨᠢ ᠬᠤᠱᠢᠳ ᠪᠤᠲᠠᠯᠢᠭ ᠮᠤᠲᠤ ᠪᠤᠯᠤᠨ ᠬᠦᠮᠦᠨ᠎ᠤ ᠬᠦᠴᠦ᠎ᠪᠠᠷ ᠤᠢ᠍ᠢᠵᠢᠭᠤᠯᠤᠬ᠍ᠰᠠᠨ ᠨᠠᠷᠠᠰᠤᠨ ᠤᠢ᠎ᠪᠠᠷ ᠭᠤᠤᠯᠯᠠᠵᠤ ᠪᠤᠢ᠃


ᠱᠢᠷᠭᠠᠯ ᠡᠯᠡᠰᠤᠨ᠎ᠤ ᠱᠢᠵᠢᠷ ᠦᠢᠯᠡᠰ
ᠡᠯᠡᠰᠤ ᠮᠠᠩᠬᠠᠨ᠎ᠤ ᠵᠢᠭᠤᠯᠴᠢᠯᠡᠯ ᠪᠤᠯ ᠦᠪᠦᠷ ᠮᠤᠩᠭᠤᠯ᠎ᠤᠨ ᠵᠢᠭᠤᠯᠴᠢᠯᠡᠯ᠎ᠤᠨ ᠦᠢᠯᠡᠰ᠎ᠤᠨ ᠴᠢᠬᠤᠯᠠ ᠨᠢᠭᠡᠨ ᠪᠦᠷᠢᠯᠳᠦᠬᠦᠨ ᠬᠡᠰᠡᠭ ᠪᠤᠯᠬᠤ ᠶᠤᠮ᠃ ᠡᠴᠢᠨ᠎ᠠ ᠭᠠᠢᠬᠠᠯᠳᠠᠢ ᠡᠯᠡᠰᠤ ᠮᠠᠩᠬ᠎ᠠ᠎ᠨᠢ ᠵᠢᠭᠤᠯᠴᠢᠯᠠᠬ᠍ᠰᠠᠳ᠎ᠤᠨ ᠪᠠᠷᠳᠠᠭ᠎ᠠ ᠲᠤᠭᠤᠯᠬᠤ᠂ ᠡᠭᠡ ᠪᠠᠢᠭᠠᠯᠢ᠎ᠶ᠋ᠢᠨ ᠭᠠᠢᠬᠠᠮᠱᠢᠭ᠎ᠢ ᠰᠤᠨᠢᠷᠬᠠᠬᠤ᠂ ᠲᠠᠯ᠎ᠠ ᠨᠤᠲᠤᠬ᠎ᠤᠨ ᠠᠮᠢᠳᠤᠷᠠᠯ᠎ᠢ ᠪᠡᠶᠡᠴᠢᠯᠡᠨ ᠤᠢ᠍ᠢᠯᠠᠭᠠᠬᠤ᠂ ᠪᠠᠢᠭᠠᠯᠢ᠎ᠶ᠋ᠢᠨ ᠦᠵᠡᠮᠵᠢ᠎ᠶ᠋ᠢ ᠰᠤᠨᠢᠷᠬᠠᠨ ᠰᠡᠭᠦᠳᠡᠷᠯᠡᠬᠦ᠌ ᠬᠠᠷᠠᠯᠳᠠᠳᠤ ᠤᠷᠤᠨ ᠪᠤᠯᠵᠤ ᠪᠢᠯᠠ᠃
ᠬᠦᠪᠴᠢ᠎ᠶ᠋ᠢᠨ ᠡᠯᠡᠰᠤ᠎ᠶ᠋ᠢᠨ ᠵᠡᠭᠦᠨ ᠬᠡᠰᠡᠭ᠎ᠲᠤ ᠪᠠᠢᠷᠢᠯᠠᠭ᠎ᠠ ᠪᠦᠷᠢᠶ᠎ᠠ ᠮᠠᠩᠬ᠎ᠠ᠎ᠶ᠋ᠢᠨ ᠵᠢᠭᠤᠯᠴᠢᠯᠠᠯ᠎ᠤᠨ ᠦᠵᠡᠮᠵᠢ᠎ᠶ᠋ᠢᠨ ᠤᠷᠤᠨ ᠪᠤᠯ ᠮᠠᠨ᠎ᠤ ᠤᠷᠤᠨ᠎ᠤ ᠬᠠᠮᠤᠭ᠎ᠤᠨ ᠡᠷᠳᠡ ᠪᠠᠢᠭᠤᠯᠤᠭ᠍ᠳᠠᠭ᠍ᠰᠠᠨ ᠡᠯᠡᠰᠤ ᠮᠠᠩᠬᠠᠨ᠎ᠤ ᠵᠢᠭᠤᠯᠴᠢᠯᠡᠯ᠎ᠤᠨ ᠤᠷᠤᠨ ᠪᠤᠯᠬᠤ ᠪᠦᠭᠡᠳ ᠪᠦᠭᠦ᠌ ᠤᠯᠤᠰ᠎ᠤᠨ ᠴᠤᠷ᠎ᠤᠨ ᠭᠠᠭ᠍ᠴᠠ 5A ᠳᠡᠰ᠎ᠤᠨ ᠡᠯᠡᠰᠤ ᠮᠠᠩᠬᠠᠨ᠎ᠤ ᠵᠢᠭᠤᠯᠴᠢᠯᠠᠯ᠎ᠤᠨ ᠤᠷᠤᠨ ᠪᠤᠯᠤᠨ᠎ᠠ᠃ ᠮᠦᠨ ᠴᠤ᠌ ᠦᠪᠦᠷ ᠮᠤᠩᠭᠤᠯ᠎ᠤᠨ ᠡᠯᠡᠰᠤ ᠮᠠᠩᠬᠠᠨ᠎ᠤ ᠵᠢᠭᠤᠯᠴᠢᠯᠠᠯ᠎ᠤᠨ ᠦᠢᠯᠡᠰ᠎ᠤᠨ ᠬᠦᠭ᠌ᠵᠢᠯᠳᠠ᠎ᠶ᠋ᠢᠨ ᠳᠠᠭᠠᠭᠤᠯᠤᠬ᠍ᠴᠢ ᠪᠤᠯᠬᠤ ᠶᠤᠮ᠃ ᠪᠦᠷᠢᠶ᠎ᠠ ᠮᠠᠩᠬ᠎ᠠ᠎ᠶ᠋ᠢᠨ ᠵᠢᠭᠤᠯᠴᠢᠯᠡᠯ᠎ᠤᠨ ᠦᠵᠡᠮᠵᠢ᠎ᠶ᠋ᠢᠨ ᠤᠷᠤᠨ᠎ᠤ᠎ᠬᠢᠨ ᠡᠯᠡᠰᠤ ᠮᠠᠩᠬᠠᠨ᠎ᠤ ᠡᠬᠢ ᠪᠠᠶᠠᠯᠢᠭ᠎ᠤᠨ ᠳᠠᠪᠠᠭᠤᠯᠢᠭ᠎ᠢᠶᠠᠨ ᠬᠦᠢᠴᠡᠳ ᠪᠠᠳᠠᠷᠠᠭᠤᠯᠤᠬ᠍ᠰᠡᠨ ᠰᠠᠭᠤᠷᠢᠨ ᠳᠡᠭᠡᠷ᠎ᠠ ᠵᠢᠭᠤᠯᠴᠢᠯᠡᠯ᠎ᠤᠨ ᠦᠢᠯᠡᠰ᠎ᠢᠶᠠᠨ ᠲᠡᠰ ᠲᠡᠪᠱᠢᠬᠦᠯᠬᠦ᠌᠎ᠶ᠋ᠢᠨ ᠲᠠᠭᠠᠤ ᠵᠢᠭᠤᠯᠴᠢᠯᠠᠬ᠍ᠰᠡᠳ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠨᠭ᠌ᠭᠠᠬᠤ᠎ᠶ᠋ᠢ ᠨᠢᠭᠡ ᠴᠤᠬ᠍ᠴᠠᠵᠢᠭᠤᠯᠤᠨ ᠬᠦᠭ᠌ᠵᠢᠭᠦᠯᠦᠭ᠌ᠰᠡᠨ᠎ᠠᠴᠠ ᠮᠠᠨ᠎ᠤ ᠤᠷᠤᠨ᠎ᠤ ᠡᠯᠡᠰᠤ ᠮᠠᠩᠬᠠᠨ᠎ᠤ ᠵᠢᠭᠤᠯᠴᠢᠯᠠᠯ᠎ᠤᠨ ᠬᠢᠯᠡᠰ ᠴᠡᠭ ᠪᠤᠯᠵᠤ ᠬᠢᠯᠡᠯᠵᠠᠨᠠ᠃
ᠲᠡᠭ᠌ᠷᠢ ᠡᠯᠡᠰᠤ ᠤᠢ᠍ᠢᠷ᠎ᠠ᠎ᠶ᠋ᠢᠨ ᠵᠢᠯ᠎ᠤᠳ᠎ᠲᠤ 《ᠠᠯᠠᠱᠠ᠎ᠶ᠋ᠢᠨ ᠪᠠᠭᠠᠲᠤᠳ᠎ᠤᠨ ᠴᠤᠭ᠍ᠯᠠᠭᠠᠨ》 ᠢᠶᠠᠷ ᠤᠯᠤᠰ᠎ᠤᠨ ᠲᠤᠲᠤᠭᠠᠲᠦ ᠭᠠᠲᠠᠭᠠᠲᠦ᠎ᠳᠤ ᠨᠡᠷ᠎ᠡ ᠠᠯᠲᠠᠷᠱᠢᠵᠤ᠂ ᠨᠢᠬᠡᠨᠳᠡ ᠮᠠᠨ᠎ᠤ ᠤᠷᠤᠨ᠎ᠤ ᠬᠠᠮᠤᠬ᠎ᠤᠨ ᠲᠤᠮᠤ ᠬᠡᠬᠡᠷᠡᠯᠡᠨ ᠤᠷᠤᠯᠳᠤᠬᠤ ᠰᠤᠶᠤᠯ ᠵᠢᠭᠤᠯᠴᠢᠯᠠᠯ᠎ᠤᠨ ᠲᠥᠷᠥᠯ ᠲᠡᠮᠳᠡᠭ᠌ᠳᠤ ᠠᠵᠢᠯᠯᠠᠭ᠎ᠠ ᠪᠤᠯᠪᠠ᠃ 15 ᠳ᠋ᠤᠭᠠᠷ ᠬᠤᠭᠤᠴᠠᠭᠠᠨ᠎ᠤ ᠠᠯᠠᠱᠠ᠎ᠶ᠋ᠢᠨ ᠪᠠᠭᠠᠳᠤᠳ᠎ᠤᠨ ᠴᠤᠬ᠍ᠯᠠᠭᠠᠨ 10 ᠰᠠᠷ᠎ᠠ᠎ᠶ᠋ᠢᠨ 1 — 5 ᠤ ᠡᠳᠤᠷ ᠪᠤᠯᠳᠠᠯ᠎ᠠ ᠲᠡᠭ᠌ᠷᠢ ᠡᠯᠡᠰᠤ᠎ᠶ᠋ᠢᠨ ᠮᠸᠡᠭ ᠱᠢᠶᠠᠩ ᠴᠡᠴᠡᠷᠯᠢᠭ᠎ᠲᠤ ᠶᠠᠪᠤᠬ᠍ᠳᠠᠵᠤ᠂ ᠲᠤᠰ ᠤᠳᠠᠭ᠎ᠠ᠎ᠶ᠋ᠢᠨ ᠴᠤᠬ᠍ᠯᠠᠭᠠᠨ᠎ᠳᠤ 11 ᠲᠥᠷᠥᠯ᠎ᠤᠨ ᠠᠵᠢᠯᠯᠠᠭ᠎ᠠ᠂ T3 ᠱᠢᠷᠢᠰ ᠤᠷᠤᠯᠳᠤᠭᠠᠨ᠂ ᠮᠡᠱᠢᠨ ᠲᠡᠷᠭᠡᠨ᠎ᠤ ᠥᠵᠡᠬᠦᠯᠭᠡ᠂ ᠮᠠᠱᠢᠨ ᠲᠡᠷᠭᠡᠨ᠎ᠤ ᠤᠷᠤᠯᠳᠤᠭᠠᠨ᠂ 60 ᠺᠢᠯᠥᠮᠧᠲᠷ᠎ᠤᠨ ᠮᠤᠷᠢᠨ ᠤᠷᠤᠯᠳᠤᠭᠠᠨ᠂ ᠵᠤᠭ᠎ᠠ ᠴᠡᠩᠭᠡᠯ᠎ᠤᠨ ᠠᠵᠢᠯᠯᠠᠭ᠎ᠠ᠂ ᠰᠤᠯᠤᠩᠭᠠᠨ ᠳ᠋ᠸᠡᠭ᠎ᠤᠨ ᠥᠵᠡᠬᠦᠯᠭᠡ ᠵᠡᠷᠭᠡ ᠠᠵᠢᠯᠯᠠᠭ᠎ᠠ᠎ᠨᠤᠭᠤᠳ᠎ᠢ ᠶᠠᠪᠤᠬ᠍ᠳᠠᠭᠤᠯᠬᠤ ᠪᠤᠯᠤᠨ᠎ᠠ᠃
ᠪᠠᠳᠠᠢ᠎ᠶ᠋ᠢᠨ ᠵᠢᠷᠡᠨᠤ ᠡᠯᠡᠰᠤ᠂ ᠲᠡᠭ᠌ᠷᠢ ᠡᠯᠡᠰᠦ᠂ ᠤᠯᠠᠭᠠᠨᠪᠤᠬ᠎ᠠ᠎ᠶ᠋ᠢᠨ ᠡᠯᠡᠰᠤ ᠁ ᠠᠯᠠᠱᠠ᠎ᠶ᠋ᠢᠨ ᠡᠯᠡᠰᠤ ᠮᠠᠩᠬ᠎ᠠ ᠲᠦᠷᠪᠡᠨ ᠤᠯᠠᠷᠢᠯ᠎ᠢᠶᠠᠷ ᠪᠦᠷ ᠭᠤᠶᠤᠬᠠᠨ ᠪᠠᠢᠵᠤ᠂ ᠡᠯᠡᠰᠤ ᠮᠠᠩᠬᠠᠨ᠎ᠤ ᠵᠢᠭᠤᠯᠴᠢᠯᠡᠯ ᠨᠢᠭᠡᠨᠳᠠ ᠠᠯᠠᠱᠠ᠎ᠶ᠋ᠢᠨ ᠨᠡᠷ᠎ᠡ᠎ᠶ᠋ᠢᠨ ᠬᠠᠭᠤᠳᠠᠰᠤ ᠪᠤᠯᠵᠠᠢ᠃ ᠪᠠᠳᠠᠢ᠎ᠶ᠋ᠢᠨ ᠵᠢᠷᠠᠨ᠎ᠤ ᠡᠯᠡᠰᠤ ᠡᠴᠢᠨ᠎ᠠ ᠨᠢᠭᠤᠴᠠᠬᠠᠢᠪᠠᠷᠢᠶᠠᠨ ᠤᠯᠤᠰ᠎ᠤᠨ ᠲᠤᠳᠤᠭᠠᠳᠤ ᠭᠠᠳᠠᠭᠠᠳᠤ᠎ᠶ᠋ᠢᠨ ᠵᠢᠭᠤᠯᠴᠢᠯᠠᠯ᠎ᠤᠨ ᠬᠠᠷᠠᠯᠳᠠᠳᠤ ᠤᠷᠤᠨ ᠪᠤᠯᠵᠤ᠂ ᠲᠡᠭ᠌ᠷᠢ ᠡᠯᠡᠰᠤ᠎ᠨᠢ ᠬᠠᠯᠳᠠᠷ ᠨᠠᠭᠤᠷ ᠨᠡᠭᠦᠳᠡᠯ᠎ᠤᠨ ᠱᠢᠪᠠᠭᠤᠳᠢᠶᠠᠷᠢᠶᠠᠨ ᠵᠢᠭᠤᠯᠴᠢᠯᠠᠬ᠍ᠰᠡᠳ᠎ᠢ ᠲᠠᠳᠠᠨ᠎ᠠ᠃ ᠬᠠᠪᠤᠷ ᠪᠤᠯᠤᠬ᠍ᠰᠠᠭᠠᠷ ᠲᠡᠭ᠌ᠷᠢ ᠡᠯᠡᠰᠤ᠎ᠶ᠋ᠢᠨ ᠬᠦᠨ᠎ᠳᠠᠬᠢ ᠬᠠᠯᠲᠠᠷ ᠨᠠᠭᠤᠷ᠎ᠲᠤ ᠨᠡᠬᠦᠳᠡᠯ᠎ᠤᠨ ᠱᠢᠪᠠᠭᠤᠳ ᠭᠠᠩᠭᠠᠨᠠᠯᠲᠤᠨ᠂ ᠡᠨᠡ ᠬᠦ᠌ ᠭᠤᠪᠢ ᠨᠤᠲᠤᠭ᠎ᠤᠨ ᠨᠠᠭᠤᠷ᠎ᠢ ᠠᠮᠢᠵᠢᠷᠠᠯ᠎ᠤᠨ ᠬᠦᠴᠦᠨ᠎ᠢᠶᠠᠷ ᠪᠢᠯᠬᠠᠭᠤᠯᠲᠠᠭ ᠪᠢᠯᠡ᠃ ᠠᠳᠡ ᠬᠠᠯᠲᠠᠷ ᠨᠠᠭᠤᠷ᠎ᠤᠨ ᠦᠩᠬᠡ ᠦᠵᠡᠮᠵᠢ᠎ᠶ᠋ᠢ ᠰᠤᠨᠢᠷᠬᠠᠬᠤ᠎ᠠᠴᠠ ᠭᠠᠲᠠᠨ᠎ᠠ᠂ ᠡᠯᠡᠰᠦᠨ᠎ᠳᠤ ᠭᠤᠯᠭᠤᠨ ᠪᠠᠷᠲᠠᠭ᠎ᠠ ᠲᠤᠭᠤᠯᠵᠦ᠍᠂ ᠦᠳᠡᠰᠢ᠎ᠶ᠋ᠢᠨ ᠲᠤᠯᠤᠩ᠎ᠳᠤ ᠴᠢᠮᠡᠭ᠌ᠳᠡᠭ᠌ᠰᠡᠨ ᠡᠯᠡᠰᠦ ᠮᠠᠩᠬ᠎ᠠ᠎ᠶ᠋ᠢ ᠴᠦ᠍ ᠰᠤᠨᠢᠷᠬᠠᠵᠦ᠍ ᠪᠤᠯᠲᠠᠭ ᠶᠤᠮ᠃


ᠡᠯᠡᠰᠤ ᠮᠠᠩᠬᠠᠨ᠎ᠤ ᠡᠬᠢ ᠪᠠᠶᠠᠯᠢᠭ᠂ ᠲᠦᠭᠦᠮ ᠲᠦᠳᠠ ᠵᠠᠮ ᠬᠠᠷᠢᠯᠴᠠᠭ᠎ᠠ᠂ ᠵᠢᠭᠤᠯᠴᠢᠯᠠᠯ᠎ᠤᠨ ᠪᠦᠳᠦᠭᠡᠭ᠌ᠳᠡᠭᠦᠨ᠎ᠤ ᠱᠢᠯᠢᠳᠡᠭ᠌ᠵᠢᠯ ᠁ ᠮᠠᠨ᠎ᠤ ᠤᠷᠤᠨ᠎ᠤ ᠡᠯ᠎ᠠ ᠭᠠᠵᠠᠷ᠎ᠤᠨ ᠡᠯᠡᠰᠤ ᠮᠠᠩᠬᠠᠨ᠎ᠤ ᠵᠢᠭᠤᠯᠴᠢᠯᠠᠯ᠎ᠤᠨ ᠦᠵᠡᠮᠵᠢ᠎ᠶ᠋ᠢᠨ ᠤᠷᠤᠨ ᠵᠢᠯ᠎ᠠᠴᠠ ᠵᠢᠯ ᠬᠦᠭ᠌ᠵᠢᠶᠠᠨ᠎ᠲᠠᠢ ᠪᠤᠯᠵᠤ ᠪᠠᠢᠨ᠎ᠠ᠃ ᠲᠦᠩᠯᠢᠶᠤᠤ ᠬᠤᠳᠠ᠎ᠶ᠋ᠢᠨ ᠬᠦᠷᠢᠶ᠎ᠠ ᠬᠤᠱᠢᠭᠤ ᠤᠢ᠍ᠢᠷ᠎ᠠ᠎ᠶ᠋ᠢᠨ ᠵᠢᠯ᠎ᠤᠳ᠎ᠲᠤ ᠡᠯᠡᠰᠦ ᠮᠠᠩᠬ᠎ᠠ᠂ ᠭᠤᠤᠯ ᠮᠦᠷᠡᠨ᠂ ᠲᠠᠯ᠎ᠠ ᠨᠤᠲᠤᠭ ᠵᠡᠷᠭᠡ ᠡᠬᠢ ᠪᠠᠶᠠᠯᠢᠭ᠎ᠢᠶᠠᠨ ᠦᠨᠳᠦᠰᠦᠲᠡᠨ᠎ᠤ ᠵᠠᠩ ᠦᠢᠯᠡ᠎ᠲᠠᠢ᠎ᠪᠠᠨ ᠤᠶᠠᠯᠳᠤᠭᠤᠯᠤᠨ ᠨᠡᠭᠡᠭᠡᠨ ᠬᠦᠭ᠌ᠵᠢᠭᠦᠯᠵᠤ᠂ ᠡᠯᠡᠰᠦᠨ ᠴᠥᠯ᠎ᠤᠨ ᠶᠡᠷᠦᠩᠬᠡᠢᠯᠡᠭ᠌ᠰᠡᠨ ᠵᠢᠭᠤᠯᠴᠢᠯᠠᠯ᠎ᠤᠨ ᠣᠷᠣᠨ ᠪᠤᠯᠬᠤ ᠮᠦᠡᠭ᠌ᠬᠦᠨ ᠲᠤᠬᠤᠢ ᠡᠯᠡᠰᠦ ᠮᠠᠩᠬᠠᠨ᠎ᠤ ᠵᠢᠭᠤᠯᠴᠢᠯᠠᠯ᠎ᠤᠨ ᠤᠷᠤᠨ᠎ᠢ ᠪᠠᠢᠭᠤᠯᠪᠠ᠃ ᠠᠳᠡ ᠡᠯᠡᠰᠦᠨ ᠴᠤᠬᠢᠶ᠎ᠠ᠂ ᠡᠯᠡᠰᠦᠨ ᠬᠥᠨᠳᠡᠶ ᠡᠯᠡᠰᠦᠨ ᠬᠢᠷᠠᠨᠤᠭᠤᠳ ᠦᠷᠭᠦᠯᠵᠢᠯᠡᠵᠤ᠂ ᠡᠯᠡᠰᠦᠨ ᠴᠦᠯ᠂ ᠠᠭᠤᠯᠠ ᠨᠢᠷᠤᠭᠤ᠂ ᠭᠤᠤᠯ ᠮᠦᠷᠡᠨ᠂ ᠲᠠᠯ᠎ᠠ ᠨᠤᠲᠤᠬ᠎ᠤᠨ ᠨᠢᠭᠡ ᠴᠤᠬ᠍ᠴᠠᠵᠢᠬ᠍ᠰᠠᠨ ᠦᠩᠬᠡ ᠦᠵᠡᠮᠵᠢ᠎ᠨᠢ ᠲᠦᠷᠪᠡᠨ ᠵᠦᠭ ᠨᠠᠢ᠍ᠮᠠᠨ ᠵᠤᠪᠬᠢᠰ᠎ᠠᠴᠠ ᠬᠦᠷᠦᠯᠴᠡᠨ ᠢᠷᠡᠭ᠌ᠰᠡᠨ ᠵᠢᠭᠤᠯᠴᠢᠯᠠᠬ᠍ᠰᠡᠳ᠎ᠢ ᠰᠤᠭ᠍ᠳᠤᠭᠤᠷᠠᠭᠤᠯᠵᠤ᠂ ᠲᠤᠮᠳᠠᠴᠢ᠎ᠪᠠᠷ ᠵᠢᠯ ᠪᠦᠷᠢ ᠤᠯᠤᠰ᠎ᠤᠨ ᠲᠤᠳᠤᠭᠠᠳᠤ ᠭᠠᠳᠠᠭᠠᠳᠤ᠎ᠶ᠋ᠢᠨ 100 ᠲᠦᠮᠡ ᠭᠠᠷᠤᠢ ᠵᠢᠭᠤᠯᠴᠢᠯᠠᠭ᠍ᠴᠢ᠎ᠶ᠋ᠢ ᠬᠦᠯᠢᠶᠠᠨ ᠠᠪᠴᠤ᠌ ᠵᠤᠴᠢᠯᠠᠵᠤ ᠪᠠᠢᠨ᠎ᠠ᠃
ᠡᠴᠢᠨ᠎ᠠ ᠭᠠᠢᠬᠠᠯᠳᠠᠢ ᠡᠯᠡᠰᠤ ᠮᠠᠩᠬᠠᠨᠤᠭᠤᠳ ᠲᠤᠬᠠᠢ᠎ᠶ᠋ᠢᠨ ᠭᠠᠵᠠᠷ᠎ᠤᠨ᠎ᠢᠶᠠᠨ ᠪᠠᠢᠭᠠᠯᠢ᠎ᠶ᠋ᠢᠨ ᠦᠵᠡᠮᠵᠢ᠂ ᠰᠤᠶᠤᠯ ᠵᠠᠩᠱᠢᠯ᠂ ᠦᠤᠬᠡ ᠲᠡᠦᠬᠡ᠎ᠲᠠᠢ ᠤᠷᠭᠠᠨᠢᠭ᠎ᠢᠶᠠᠷ ᠤᠶᠠᠯᠳᠤᠵᠤ᠂ ᠨᠢᠬᠡᠨᠳᠡ ᠦᠪᠤᠷ ᠮᠤᠩᠭᠤᠯ᠎ᠤᠨ ᠰᠤᠶᠤᠯ ᠵᠢᠭᠤᠯᠴᠢᠯᠠᠯ᠎ᠤᠨ ᠦᠢᠯᠡᠰ᠎ᠤᠨ ᠪᠠᠶᠠᠨ ᠰᠠᠩ ᠪᠤᠯᠤᠬ᠍ᠰᠠᠨ ᠪᠢᠯᠡ᠃