ᠮᠠᠨ᠎ᠤ ᠤᠷᠤᠨ᠎ᠤ ᠬᠤᠵᠢᠷᠯᠢᠭ ᠲᠠᠷᠢᠶᠠᠨ ᠭᠠᠵᠠᠷ᠎ᠢ ᠰᠠᠢᠵᠢᠷᠠᠭᠤᠯᠬᠤ ᠲᠤᠷᠱᠢᠯᠳᠠ᠎ᠶ᠋ᠢᠨ ᠴᠡᠭ᠎ᠤᠨ ᠠᠵᠢᠯ ᠱᠢᠨ᠎ᠠ ᠦᠷ᠎ᠠ ᠪᠦᠳᠦᠮᠵᠢ ᠤᠯᠪᠠ
2020-09-28 09:46:15
ᠵᠣᠬᠢᠶᠠᠭ᠍ᠴᠢ᠄
ᠪᠤᠤ ᠨᠠᠷᠠᠨᠳᠤᠶᠠᠭ᠎ᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠦᠪᠡᠷᠳᠡᠭᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠭᠤᠨ ᠮᠠᠯᠵᠢᠬᠤ ᠤᠷᠤᠨ᠎ᠤ ᠲᠢᠩᠭᠢᠮ᠎ᠠᠴᠠ ᠤᠢ᠍ᠢᠯᠠᠭᠠᠭ᠍ᠰᠠᠨ᠎ᠢᠶᠠᠷ᠂ ᠡᠨᠡ ᠵᠢᠯ ᠮᠠᠨ᠎ᠤ ᠤᠷᠤᠨ 2.48 ᠳ᠋ᠦᠩᠱᠢᠭᠤᠷ ᠲᠦᠭᠦᠷᠢᠭ᠎ᠤᠨ ᠲᠤᠰᠭᠠᠢ ᠪᠡᠯᠡ ᠮᠦᠩᠭᠦ᠌ ᠲᠤᠬᠢᠷᠠᠭᠤᠯᠵᠤ᠂ ᠬᠤᠵᠢᠷᠯᠢᠭ ᠲᠠᠷᠢᠶᠠᠨ ᠭᠠᠵᠠᠷ᠎ᠢ ᠰᠠᠢᠵᠢᠷᠠᠭᠤᠯᠬᠤ ᠲᠤᠷᠱᠢᠯᠳᠠ᠎ᠶ᠋ᠢᠨ ᠴᠡᠭ᠎ᠤᠨ ᠵᠢᠱ᠌ᠢᠶ᠎ᠠ ᠦᠵᠡᠭᠦᠯᠬᠦ᠌ ᠠᠵᠢᠯ᠎ᠢ ᠦᠷᠨᠢᠭᠦᠯᠪᠠ᠃

8 ᠰᠠᠷ᠎ᠠ᠎ᠶ᠋ᠢᠨ ᠰᠡᠭᠦᠯᠴᠢ ᠪᠤᠯᠳᠠᠯ᠎ᠠ᠂ ᠪᠦᠬᠦ᠌ ᠤᠷᠤᠨ᠎ᠤ ᠬᠤᠵᠢᠷᠯᠢᠭ ᠲᠠᠷᠢᠶᠠᠨ ᠭᠠᠵᠠᠷ᠎ᠢ ᠰᠠᠢᠵᠢᠷᠠᠭᠤᠯᠬᠤ ᠲᠤᠷᠱᠢᠯᠳᠠ᠎ᠶ᠋ᠢᠨ ᠴᠡᠭ᠎ᠤᠨ ᠠᠵᠢᠯ᠎ᠤᠨ ᠶᠡᠷᠦᠩᠬᠡᠢ ᠢᠨᠵᠧᠨᠧᠷᠢᠩ᠎ᠤᠨ ᠠᠷᠪᠠᠨ᠎ᠤ ᠲᠤᠯᠤᠭᠠᠨ ᠬᠤᠪᠢ᠎ᠶ᠋ᠢ᠎ᠨᠢ ᠪᠡᠶᠡᠯᠡᠭᠦᠯᠵᠦ᠍᠂ ᠬᠦᠬᠦᠷ ᠦᠭᠡᠢᠳᠡᠭᠦᠯᠦᠭ᠌ᠰᠡᠨ ᠵᠤᠭᠠᠩ᠎ᠢᠶᠠᠷ ᠲᠠᠪᠤᠰᠤ ᠭᠠᠳᠠᠭ᠍ᠰᠢᠯᠠᠭᠤᠯᠬᠤ᠂ ᠡᠯᠡᠰᠤ ᠬᠤᠯᠢᠵᠤ ᠠᠭᠤᠯᠤᠭ᠍ᠳᠠᠴᠠ᠎ᠶ᠋ᠢ ᠪᠠᠭᠤᠷᠠᠭᠤᠯᠬᠤ᠂ ᠤᠷᠭᠠᠨᠢᠭ ᠪᠤᠷᠳᠤᠭᠤᠷ ᠨᠡᠮᠡᠵᠦ᠍ ᠤᠷᠤᠭᠤᠯᠬᠤ᠂ ᠲᠠᠪᠤᠰᠤᠨ᠎ᠳᠤ ᠲᠡᠰᠪᠦᠷᠢᠳᠡᠢ ᠲᠠᠷᠢᠮᠠᠯ ᠲᠠᠷᠢᠬᠤ᠂ ᠰᠠᠢᠵᠢᠷᠠᠭᠤᠯᠬᠤ ᠡᠳ᠋ ᠨᠡᠮᠡᠬᠦ᠌ 《ᠲᠠᠪᠤ᠎ᠶ᠋ᠢ ᠨᠢᠭᠡ ᠴᠤᠭ᠍ᠴᠠᠵᠢᠭᠤᠯᠤᠭ᠍ᠰᠠᠨ》 ᠬᠤᠵᠢᠷᠯᠢᠭ ᠲᠠᠷᠢᠶᠠᠨ ᠭᠠᠵᠠᠷ᠎ᠢ ᠰᠠᠢᠵᠢᠷᠠᠭᠤᠯᠬᠤ ᠮᠡᠷᠭᠡᠵᠢᠯ᠎ᠤᠨ ᠵᠠᠭ᠍ᠪᠤᠷ᠎ᠢ ᠰᠦᠪᠡᠭ᠌ᠴᠢᠯᠡᠨ ᠪᠦᠷᠢᠯᠳᠦᠭᠦᠯᠪᠡ᠃

ᠲᠤᠷᠱᠢᠯᠳᠠ᠎ᠶ᠋ᠢᠨ ᠠᠵᠢᠯ᠎ᠢ ᠪᠠᠶᠠᠨᠨᠠᠭᠤᠷ ᠬᠤᠳᠠ᠎ᠶ᠋ᠢᠨ ᠯᠢᠨ ᠾᠧ ᠲᠤᠭᠤᠷᠢᠭ᠂ ᠦᠶᠤᠸᠠᠨ ᠱᠢᠶᠠᠨ᠂ ᠤᠷᠳᠤᠰ ᠬᠤᠳᠠ᠎ᠶ᠋ᠢᠨ ᠲᠠᠯᠠᠳ ᠬᠤᠱᠢᠭᠤ᠂ ᠬᠦᠬᠡᠬᠤᠳᠠ᠎ᠶ᠋ᠢᠨ ᠲᠦᠮᠡᠳ ᠵᠡᠭᠦᠨ ᠬᠤᠱᠢᠭᠤ᠂ ᠪᠤᠭᠤᠳᠤ ᠬᠤᠳᠠ᠎ᠶ᠋ᠢᠨ ᠲᠦᠮᠡᠳ ᠪᠠᠷᠠᠭᠤᠨ ᠬᠤᠱᠢᠭᠤ᠂ ᠲᠦᠩᠯᠢᠶᠤᠤ ᠬᠤᠳᠠ᠎ᠶ᠋ᠢᠨ ᠬᠤᠷᠴᠢᠨ ᠵᠡᠭᠦᠨ ᠭᠠᠷᠤᠨ ᠲᠤᠮᠳᠠᠳᠤ ᠬᠤᠱᠢᠭᠤ ᠵᠡᠷᠭᠡ 6 ᠬᠤᠱᠢᠭᠤ ᠱᠢᠶᠠᠨ᠎ᠳᠤ ᠦᠷᠨᠢᠭᠦᠯᠪᠠ᠃ 8 ᠰᠠᠷ᠎ᠠ᠎ᠶ᠋ᠢᠨ ᠰᠡᠭᠦᠯᠴᠢ ᠪᠤᠯᠳᠠᠯ᠎ᠠ᠂ ᠲᠤᠷᠱᠢᠯᠳᠠ᠎ᠶ᠋ᠢᠨ ᠴᠡᠭ᠎ᠤᠨ ᠭᠠᠵᠠᠷ ᠤᠷᠤᠨ᠎ᠳᠤ 240 ᠺᠢᠯᠤᠮᠧᠲᠷ ᠡᠯ᠎ᠠ ᠲᠡᠰ᠎ᠤᠨ ᠰᠤᠪᠠᠭ᠎ᠢ ᠱᠢᠨ᠎ᠠ᠎ᠪᠠᠷ ᠪᠠᠢᠭᠤᠯᠤᠭ᠍ᠰᠠᠨ ᠪᠤᠶᠤ ᠦᠭᠡᠷᠡᠴᠢᠯᠡᠨ ᠪᠠᠢᠭᠤᠯᠵᠤ᠂ ᠲᠦᠭᠦᠷ ᠲᠤᠨᠤᠭ ᠲᠦᠭᠦᠭᠡᠷᠦᠮᠵᠢ᠎ᠶ᠋ᠢ 3102 ᠪᠦᠳᠦᠭᠡᠨ ᠪᠠᠢᠭᠤᠯᠵᠤ᠂ 236 ᠺᠢᠯᠤᠮᠧᠲᠷ ᠵᠠᠮ᠎ᠢ ᠱᠢᠨ᠎ᠠ᠎ᠪᠠᠷ ᠵᠠᠰᠠᠭ᠍ᠰᠠᠨ ᠪᠤᠶᠤ ᠱᠢᠨᠡᠳᠭᠡᠵᠦ᠍᠂ ᠬᠠᠯᠬᠠᠪᠴᠢ ᠤᠢ᠎ᠳᠤ 8.35 ᠲᠦᠮᠡᠨ ᠰᠠᠭᠤᠷᠢ ᠮᠤᠳᠤ ᠲᠠᠷᠢᠵᠤ᠂ ᠤᠰᠤ ᠪᠤᠷᠳᠤᠭᠤᠷ᠎ᠢ ᠨᠢᠭᠡ ᠴᠤᠭ᠍ᠴᠠᠵᠢᠭᠤᠯᠤᠭ᠍ᠰᠠᠨ ᠲᠠᠯᠠᠪᠠᠢ 3.2 ᠲᠦᠮᠡᠨ ᠮᠦ᠍᠎ᠳᠤ ᠬᠦᠷᠴᠦ᠍᠂ 2965 ᠮᠦ᠍ ᠲᠠᠷᠢᠶᠠᠨ ᠭᠠᠵᠠᠷ᠎ᠲᠤ ᠲᠠᠯᠳᠠ ᠬᠤᠭᠤᠯᠠᠢ᠎ᠪᠠᠷ ᠲᠠᠪᠤᠰᠤ ᠭᠠᠳᠠᠭ᠍ᠰᠢᠯᠠᠭᠤᠯᠵᠠᠢ᠃ ᠤᠳᠤ 5 ᠲᠤᠷᠱᠢᠯᠳᠠ᠎ᠶ᠋ᠢᠨ ᠴᠡᠭ᠎ᠤᠨ ᠬᠤᠱᠢᠭᠤ ᠱᠢᠶᠠᠨ᠎ᠳᠤ ᠤᠰᠤ ᠲᠠᠪᠤᠰᠤ᠎ᠶ᠋ᠢ ᠬᠦᠳᠡᠯᠦᠩᠭᠦᠢ ᠬᠢᠨᠠᠨ ᠬᠡᠮᠵᠢᠬᠦ᠌ ᠲᠦᠪ ᠪᠠᠢᠭᠤᠯᠤᠬ᠍ᠰᠡᠨ ᠪᠠᠢᠨ᠎ᠠ᠃

ᠮᠠᠨ᠎ᠤ ᠤᠷᠤᠨ᠎ᠳᠤ ᠤᠳᠤ 1585.3 ᠲᠦᠮᠡᠨ ᠮᠦ᠍ ᠬᠤᠵᠢᠷᠯᠢᠭ ᠲᠠᠷᠢᠶᠠᠨ ᠭᠠᠵᠠᠷ᠎ᠲᠠᠢ᠂ ᠡᠨᠡ᠎ᠨᠢ ᠪᠦᠬᠦ᠌ ᠤᠷᠤᠨ᠎ᠤ ᠲᠠᠷᠢᠶᠠᠨ ᠭᠠᠵᠠᠷ᠎ᠤᠨ ᠶᠡᠷᠦᠩᠬᠡᠢ ᠲᠠᠯᠠᠪᠠᠢ᠎ᠶ᠋ᠢᠨ 11.4% ᠎ᠶ᠋ᠢ ᠡᠵᠡᠯᠡᠵᠦ᠍ ᠪᠤᠢ᠃ ᠬᠤᠵᠢᠷᠯᠢᠭ ᠲᠠᠷᠢᠶᠠᠨ ᠭᠠᠵᠠᠷ᠎ᠢ ᠦᠭᠡᠷᠡᠴᠢᠯᠡᠨ ᠵᠠᠰᠠᠬᠤ᠎ᠨᠢ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠳᠤᠯᠠᠬᠤ᠂ ᠠᠮᠢ ᠠᠬᠤᠢ᠎ᠶ᠋ᠢᠨ ᠤᠷᠴᠢᠨ ᠲᠤᠭᠤᠷᠢᠨ᠎ᠢ ᠰᠠᠢᠵᠢᠷᠠᠭᠤᠯᠬᠤ᠂ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ ᠪᠠ ᠶᠠᠳᠠᠭᠤ᠎ᠠᠴᠠ ᠠᠩᠬᠢᠵᠢᠷᠠᠭᠤᠯᠬᠤ ᠦᠷ᠎ᠠ ᠪᠦᠳᠦᠭᠡᠯ᠎ᠢ ᠪᠠᠬᠢᠵᠢᠭᠦᠯᠬᠦ᠌᠎ᠳᠤ ᠴᠦᠮ ᠴᠢᠬᠤᠯᠠ ᠠᠴᠢ ᠬᠤᠯᠪᠤᠭ᠍ᠳᠠᠯ᠎ᠲᠠᠢ ᠶᠤᠮ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号