ᠤᠯᠠᠭᠠᠨᠬᠠᠳᠠ ᠬᠤᠳᠠ ᠭᠠᠵᠠᠷ ᠱᠢᠷᠤᠢ᠎ᠶ᠋ᠢ ᠴᠡᠭ᠌ᠴᠡᠯᠡᠨ ᠵᠠᠰᠠᠬᠤ ᠵᠢᠴᠢ ᠦᠨᠳᠦᠷ ᠪᠠᠷᠢᠮᠵᠢᠶᠠᠳᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠳᠠ᠎ᠠᠴᠠ ᠮᠦ᠍ ᠲᠤᠮᠳᠠᠴᠢ᠎ᠶ᠋ᠢᠨ ᠠᠱᠢᠭ ᠤᠷᠤᠯᠭ᠎ᠠ 20% ᠨᠡᠮᠡᠭ᠌ᠳᠡᠵᠡᠢ
2020-09-28 09:46:20
ᠵᠣᠬᠢᠶᠠᠭ᠍ᠴᠢ᠄
ᠪᠤᠤ ᠨᠠᠷᠠᠨᠳᠤᠶᠠᠭ᠎ᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠦᠪᠡᠷᠳᠡᠭᠡᠨ ᠵᠠᠰᠠᠬᠤ ᠤᠷᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠭᠢᠮ᠎ᠠᠴᠠ ᠤᠢ᠍ᠢᠯᠠᠭᠠᠭ᠍ᠰᠠᠨ᠎ᠢᠶᠠᠷ᠂ ᠤᠯᠠᠭᠠᠨᠬᠠᠳᠠ ᠬᠤᠳᠠ ᠭᠠᠵᠠᠷ ᠱᠢᠷᠤᠢ᠎ᠶ᠋ᠢ ᠴᠡᠭ᠌ᠴᠡᠯᠡᠨ ᠵᠠᠰᠠᠬᠤ ᠵᠢᠴᠢ ᠦᠨᠳᠦᠷ ᠪᠠᠷᠢᠮᠵᠢᠶᠠᠳᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠳᠠ᠎ᠶ᠋ᠢ ᠠᠬᠢᠭᠤᠯᠵᠤ᠂ ᠮᠦ᠍ ᠲᠤᠮᠳᠠᠴᠢ᠎ᠶ᠋ᠢᠨ ᠠᠱᠢᠭ ᠤᠷᠤᠯᠭ᠎ᠠ 20% ᠎ᠪᠠᠷ ᠨᠡᠮᠡᠭ᠌ᠳᠡᠵᠡᠢ᠃

2001 ᠤᠨ᠎ᠠᠴᠠ ᠨᠠᠭᠠᠰᠢ᠂ ᠤᠯᠠᠭᠠᠨᠬᠠᠳᠠ ᠬᠤᠳᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ ᠲᠠᠭᠠᠭᠠᠴᠢᠯᠠᠨ ᠪᠠᠢᠭᠤᠯᠵᠤ ᠬᠡᠷᠡᠭ᠌ᠵᠢᠭᠦᠯᠦᠭ᠌ᠰᠡᠨ ᠭᠠᠵᠠᠷ ᠱᠢᠷᠤᠢ᠎ᠶ᠋ᠢ ᠴᠡᠭ᠌ᠴᠡᠯᠡᠨ ᠵᠠᠰᠠᠬᠤ ᠵᠢᠴᠢ ᠦᠨᠳᠦᠷ ᠪᠠᠷᠢᠮᠵᠢᠶᠠᠳᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠳᠠ᠎ᠶ᠋ᠢᠨ ᠲᠦᠷᠦᠯ ᠵᠦᠢᠯ ᠨᠡᠢᠳᠡ 258 ᠪᠠᠢᠵᠤ᠂ ᠶᠡᠷᠦᠩᠬᠡᠢ ᠪᠦᠳᠦᠭᠡᠨ ᠪᠠᠢᠭᠤᠯᠤᠯᠳᠠ᠎ᠶ᠋ᠢᠨ ᠬᠡᠪᠴᠢᠶ᠎ᠠ᠎ᠨᠢ 209.55 ᠲᠦᠮᠡᠨ ᠮᠦ᠍᠎ᠳᠤ ᠬᠦᠷᠴᠦ᠍᠂ ᠶᠡᠷᠦᠩᠬᠡᠢ ᠪᠡᠯᠡ ᠤᠷᠤᠭᠤᠯᠤᠯᠳᠠ᠎ᠨᠢ 24.22 ᠳ᠋ᠦᠩᠱᠢᠭᠤᠷ ᠲᠦᠭᠦᠷᠢᠭ᠎ᠲᠤ ᠬᠦᠷᠴᠡᠢ᠃ 2020 ᠤᠨ᠎ᠤ 8 ᠰᠠᠷ᠎ᠠ ᠪᠤᠯᠳᠠᠯ᠎ᠠ᠂ ᠲᠡᠭᠡᠷ᠎ᠠ ᠲᠤᠷᠠᠳᠤᠭ᠍ᠰᠠᠨ ᠪᠤᠢ ᠪᠦᠬᠦᠢ ᠲᠦᠷᠦᠯ ᠵᠦᠢᠯ᠎ᠢ ᠪᠦᠬᠦᠨ᠎ᠢ ᠪᠠᠷᠢᠯᠭ᠎ᠠ ᠲᠠᠭᠤᠰᠭᠠᠵᠤ ᠱᠢᠯᠭᠠᠨ ᠬᠤᠷᠢᠶᠠᠪᠠ᠃ ᠲᠦᠷᠦᠯ ᠵᠦᠢᠯ᠎ᠤᠨ ᠤᠷᠤᠨ᠎ᠤ ᠤᠰᠤ᠂ ᠲᠠᠷᠢᠶ᠎ᠠ᠂ ᠤᠢ ᠱᠢᠭᠤᠢ᠂ ᠵᠠᠮ᠎ᠢ ᠶᠡᠷᠦᠩᠬᠡᠢᠯᠡᠨ ᠵᠠᠰᠠᠵᠤ᠂ ᠬᠦᠷᠦᠰᠦᠨ᠎ᠤ ᠱᠢᠮ᠎ᠠ ᠬᠦᠴᠦ᠍ ᠪᠤᠯᠤᠨ ᠦᠢᠯᠡᠳᠪᠦᠷᠢᠯᠡᠯ᠎ᠤᠨ ᠴᠢᠳᠠᠪᠤᠷᠢ᠎ᠶ᠋ᠢ ᠪᠦᠳᠦᠮᠵᠢᠳᠡᠢ ᠰᠠᠢᠵᠢᠷᠠᠭᠤᠯᠤᠭ᠍ᠰᠠᠨ᠎ᠢᠶᠠᠷ ᠮᠦ᠍ ᠲᠤᠮᠳᠠᠴᠢ᠎ᠶ᠋ᠢᠨ ᠠᠱᠢᠭ ᠤᠷᠤᠯᠭ᠎ᠠ 20% ᠤᠷᠴᠢᠮ ᠨᠡᠮᠡᠭ᠌ᠳᠡᠵᠦ᠍᠂ ᠲᠦᠷᠦᠯ ᠵᠦᠢᠯ᠎ᠤᠨ ᠤᠷᠤᠨ᠎ᠤ ᠪᠠᠢᠭ᠎ᠠ ᠭᠠᠵᠠᠷ᠎ᠤᠨ ᠠᠵᠤ ᠠᠬᠤᠢ᠎ᠶ᠋ᠢᠨ ᠦᠷ᠎ᠠ ᠠᠱᠢᠭ᠂ ᠨᠡᠢᠭᠡᠮ᠎ᠤᠨ ᠦᠷ᠎ᠠ ᠠᠱᠢᠭ ᠪᠠ ᠠᠮᠢ ᠠᠬᠤᠢ᠎ᠶ᠋ᠢᠨ ᠦᠷ᠎ᠠ ᠠᠱᠢᠭ ᠶᠡᠭᠡ᠎ᠪᠠᠷ ᠲᠡᠭᠡᠭ᠌ᠰᠢᠯᠠᠵᠠᠢ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号