ᠲᠠᠷᠢᠶᠠᠯᠠᠩ᠎ᠤᠨ ᠪᠣᠯᠪᠠᠰᠤᠨ᠎ᠢ ᠤᠯᠠᠮᠵᠢᠯᠠᠨ ᠵᠠᠯᠭᠠᠮᠵᠢᠯᠠᠵᠤ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠤᠨ᠎ᠠ
2020-09-29 08:54:39
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠡᠯ᠎ᠠ ᠭᠠᠵᠠᠷ᠎ᠤᠨ ᠲᠠᠷᠢᠶᠠᠴᠢᠳ ᠶᠠᠭᠠᠷᠠᠯᠲᠠᠢ ᠪᠦᠭᠡᠳ ᠪᠠᠶᠠᠷᠲᠠᠢ ᠪᠠᠰᠠ ᠨᠢᠭᠡ ᠵᠢᠯ᠎ᠤᠨ ᠡᠯᠪᠡᠭ ᠬᠤᠷᠢᠶᠠᠯᠲᠠ᠎ᠶ᠋ᠢᠨ ᠤᠯᠠᠷᠢᠯ᠎ᠢᠶᠠᠨ ᠤᠭ᠍ᠲᠤᠨ ᠠᠪᠴᠢᠷᠠᠯ᠎ᠠ᠃ 9 ᠰᠠᠷ᠎ᠠ᠎ᠶ᠋ᠢᠨ 22 ᠎ᠤᠨ ᠡᠳᠦᠷ᠂ ᠠᠤᠬᠠᠨ ᠬᠤᠱᠢᠭᠤᠨ᠎ᠤ ᠭᠤᠷᠪᠠᠳᠤᠭᠠᠷ ᠬᠤᠭᠤᠴᠠᠭᠠᠨ᠎ᠤ ᠲᠠᠷᠢᠶᠠᠴᠢᠳ᠎ᠤᠨ ᠡᠯᠪᠡᠭ ᠬᠤᠷᠢᠶᠠᠯᠲᠠ᠎ᠶ᠋ᠢᠨ ᠪᠠᠶᠠᠷ᠎ᠤᠨ ᠡᠬᠢᠯᠡᠯᠲᠡ᠎ᠶ᠋ᠢᠨ ᠶᠣᠰᠣᠯᠠᠯ ᠱᠢᠩ ᠯᠦᠩ ᠭᠧᠦ ᠳᠤᠭᠤᠢᠯᠠᠩ᠎ᠳᠤ ᠦᠪᠡᠳᠡᠭ᠌ᠰᠢ ᠶᠡᠭᠡ᠎ᠪᠠᠷ ᠶᠠᠪᠤᠭ᠍ᠳᠠᠨ᠂ ᠠᠤᠬᠠᠨ ᠬᠤᠱᠢᠭᠤᠨ᠎ᠤ ᠬᠥᠳᠡᠭᠡ ᠠᠵᠤ ᠠᠬᠤᠢ ᠬᠥᠳᠡᠭᠡ ᠲᠣᠰᠭᠤᠨ᠎ᠤ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠳᠡᠯᠭᠡᠨ ᠦᠵᠡᠭᠦᠯᠵᠦ᠍᠂ ᠲᠠᠷᠢᠶᠠᠴᠢᠳ᠎ᠤᠨ ᠵᠣᠯ ᠵᠢᠷᠭᠠᠯᠲᠤ᠌᠂ ᠪᠠᠶᠠᠷ ᠪᠠᠶᠠᠰᠭᠤᠯᠠᠩᠲᠤ ᠴᠠᠭ ᠮᠦᠴᠡ᠎ᠶ᠋ᠢ ᠳᠤᠷᠠᠰᠭᠠᠨ ᠲᠡᠮᠲᠡᠭ᠌ᠯᠡᠭ᠌ᠰᠡᠨ ᠪᠠᠢᠨ᠎ᠠ᠃

ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠬᠠᠷᠠᠩᠭ᠎ᠠ ᠬᠡᠩᠭᠡᠷᠭᠡ ᠳᠤᠤᠭᠠᠷᠴᠤ᠌᠂ ᠭᠠᠵᠠᠷ ᠣᠷᠣᠨ᠎ᠤ ᠣᠨᠴᠠᠯᠢᠭ᠎ᠢᠶᠠᠷ ᠪᠢᠯᠬᠠᠮ᠎ᠠ ᠶᠠᠩᠭᠠᠷ ᠪᠦᠵᠢᠭ᠎ᠨᠢ ᠠᠯᠲᠠᠨ ᠨᠠᠮᠤᠷ᠎ᠤᠨ ᠡᠯᠪᠡᠭ ᠬᠤᠷᠢᠶᠠᠯᠲᠠ᠎ᠶ᠋ᠢ ᠪᠡᠯᠭᠡᠳᠡᠨ᠂ ᠠᠷᠠᠳ ᠤᠯᠠᠨ᠎ᠤ ᠰᠠᠢᠨ ᠰᠠᠢᠬᠠᠨ ᠬᠦᠰᠡᠯ ᠵᠥᠩᠨᠡᠯ ᠂ ᠪᠠᠶᠠᠷ ᠪᠠᠶᠠᠰᠤᠯ᠎ᠢ ᠢᠯᠡᠷᠡᠬᠦᠯᠪᠡ᠃


QQ图片20200929084714.png


ᠠᠬᠤᠶ ᠲᠠᠯᠠᠪᠠᠶ᠎ᠳᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠢ ᠳᠡᠯᠭᠡᠨ ᠦᠵᠡᠭᠦᠯᠬᠦ᠌ ᠨᠢᠭᠡᠴᠢ ᠥᠪᠡᠷ ᠦᠪᠡᠷ᠎ᠤᠨ ᠣᠨᠴᠠᠯᠢᠭ᠍ᠲᠤ ᠪᠦᠲᠦᠭᠡᠭ᠌ᠳᠡᠬᠦᠨ᠎ᠢᠶᠠᠨ ᠤᠬᠠᠭᠤᠯᠤᠨ ᠲᠠᠨᠢᠯᠴᠠᠭᠤᠯᠵᠦ᠍ ᠪᠣᠷᠣᠯᠠᠭᠤᠯᠤᠬ᠍ᠰᠠᠨ ᠪᠦᠭᠡᠳ ᠪᠠᠰᠠ ᠡᠯᠧᠺᠲᠷᠣᠨ ᠬᠤᠳᠠᠯᠳᠤᠭᠠᠨ᠎ᠤ ᠲᠠᠪᠴᠠᠩ ᠳᠡᠭᠡᠷ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠪᠣᠷᠣᠯᠠᠭᠤᠯᠬᠤ ᠠᠵᠢᠯᠯᠠᠭ᠎ᠠ᠎ᠶ᠋ᠢ ᠵᠡᠷᠭᠡ᠎ᠪᠠᠷ ᠥᠷᠨᠢᠭᠦᠯᠵᠦ᠍᠂ ᠲᠠᠷᠢᠶᠠᠯᠠᠩ᠎ᠤᠨ ᠪᠦᠲᠦᠭᠡᠭ᠌ᠳᠡᠬᠦᠨ᠎ᠢ ᠪᠣᠷᠣᠯᠠᠭᠤᠯᠬᠤ ᠠᠷᠭ᠎ᠠ ᠵᠠᠮ᠎ᠢ ᠥᠷᠭᠡᠳᠭᠡᠨ᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠷᠳᠡᠭ᠎ᠢ ᠨᠡᠮᠡᠭ᠌ᠳᠡᠬᠦᠯᠵᠦ᠍᠂ ᠲᠠᠷᠢᠶᠠᠴᠢᠳ᠎ᠲᠤ ᠠᠱᠢᠬ ᠬᠦᠷᠳᠡᠭᠡᠪᠡ᠃ ᠵᠢᠩᠨᠡᠭ᠌ᠰᠡᠨ ᠨᠠᠩᠭᠢ ᠪᠣᠤᠪᠤ᠂ ᠱᠢᠷᠠᠭ᠍ᠰᠠᠨ ᠠᠮᠲᠠᠲᠤ ᠲᠥᠮᠥᠰᠥ᠍᠂ ᠲᠤᠬᠠᠢ᠎ᠶ᠋ᠢᠨ ᠲᠠᠯᠠᠪᠠᠢ᠎ᠳᠤ ᠬᠢᠭ᠌ᠰᠡᠨ ᠱᠢᠬᠢᠷᠯᠢᠭ ᠭᠤᠯᠢᠷ᠎ᠤᠨ ᠱᠢᠩᠭᠡᠨ ᠪᠤᠳᠠᠭ᠎ᠠ᠂ ᠨᠤᠭᠤᠭ᠎ᠠ᠎ᠪᠠᠷ ᠪᠠᠭ᠍ᠯᠠᠭ᠍ᠰᠠᠨ ᠨᠠᠷᠢᠮᠤ ᠪᠤᠳᠠᠭ᠎ᠠ ᠵᠡᠷᠭᠡ ᠡᠯ᠎ᠡ ᠵᠦᠢᠯ᠎ᠤᠨ ᠣᠷᠣᠨ ᠨᠤᠲᠤᠭ᠎ᠤᠨ ᠣᠨᠴᠠᠯᠢᠭ᠎ᠲᠠᠢ ᠠᠮᠲᠠᠲᠤ ᠢᠳᠡᠭᠡᠨ᠎ᠨᠢ ᠬᠦᠮᠦᠰ᠎ᠤᠨ ᠠᠩᠬᠠᠷᠤᠯ᠎ᠢ ᠲᠠᠳᠠᠵᠤ᠂ ᠠᠮᠲᠠᠲᠤ ᠢᠳᠡᠭᠡᠨ᠎ᠤ ᠲᠣᠭᠤᠷᠢᠭ᠎ᠲᠤ᠌᠂ ᠦᠪᠡᠷ ᠦᠪᠡᠷ᠎ᠤᠨ᠎ᠢᠶᠠᠨ ᠳᠤᠷᠠᠲᠠᠢ ᠵᠦᠢᠯᠡᠰ᠎ᠢᠶᠠᠨ ᠠᠮᠳᠠᠷᠬᠠᠵᠠᠭᠠᠨ᠎ᠠ᠃


QQ图片20200929084722.png


ᠳᠡᠭᠡᠰᠦ ᠲᠠᠲᠠᠬᠤ᠂ ᠴᠢ ᠳᠦᠷᠰᠦᠯᠡᠵᠦ᠍ ᠪᠢ ᠲᠠᠭᠠᠬᠤ ᠵᠡᠷᠭᠡ ᠬᠥᠳᠡᠭᠡ ᠲᠣᠰᠭᠤᠨ᠎ᠤ ᠡᠳᠦᠷ ᠲᠤᠲᠤᠮ᠎ᠤᠨ ᠦᠢᠯᠡᠳᠪᠦᠷᠢᠯᠡᠯ ᠠᠮᠢᠳᠤᠷᠠᠯ᠎ᠠᠴᠠ ᠢᠷᠡᠭ᠌ᠰᠡᠨ᠂ ᠳᠥᠭᠦᠮ ᠪᠦᠭᠡᠳ ᠰᠣᠨᠢᠷᠬᠠᠯᠲᠠᠶ ᠲᠠᠷᠢᠶᠠᠴᠢᠨ᠎ᠤ ᠳᠤᠷ᠎ᠠ ᠰᠣᠨᠢᠷᠬᠠᠯ᠎ᠤᠨ ᠬᠥᠳᠡᠯᠭᠡᠭᠡᠨ᠎ᠤ ᠲᠥᠷᠥᠯ ᠵᠦᠢᠯ᠎ᠨᠢ ᠲᠠᠷᠢᠶᠠᠴᠢᠳ᠎ᠤᠨ ᠪᠠᠭ᠍ᠠᠷᠬᠠᠯ᠎ᠢ ᠲᠠᠲᠠᠵᠤ᠂ ᠪᠦᠬᠦ᠌ ᠤᠷᠤᠯᠳᠤᠭᠠᠨ᠎ᠤ ᠶᠠᠪᠤᠴᠠ᠎ᠨᠢ ᠥᠷᠢᠰᠥᠯᠳᠦᠭᠡᠨ ᠪᠠ ᠬᠠᠪᠤ ᠴᠡᠩᠭᠡᠯ᠎ᠢᠶᠠᠷ ᠪᠢᠯᠬᠠᠨ ᠪᠠᠢᠯ᠎ᠠ᠃ ᠤᠯᠠᠭᠠᠨᠮᠥ᠋ᠴᠢᠷ᠎ᠤᠨ ᠭᠤᠢᠲᠠ ᠰᠠᠢᠬᠠᠨ ᠤᠷᠠᠨ ᠰᠠᠢᠬᠠᠨ᠎ᠤ ᠲᠣᠭ᠍ᠯᠠᠯᠲᠠ᠎ᠨᠢ ᠴᠤ᠌ ᠲᠤᠬᠠᠢ᠎ᠶ᠋ᠢᠨ ᠲᠠᠯᠠᠪᠠᠢ᠎ᠶ᠋ᠢᠨ ᠦᠵᠡᠭ᠌ᠴᠢᠳ᠎ᠤᠨ ᠬᠠᠯᠠᠭᠤᠨ ᠬᠦᠷᠢᠶᠡᠯᠡᠯ᠎ᠢ ᠤᠯᠵᠤ᠂ ᠪᠠᠢᠨ ᠳᠠᠬᠢᠨ ᠠᠯᠠᠭ᠎ᠠ ᠲᠠᠱᠢᠯᠲᠠ᠎ᠶ᠋ᠢᠨ ᠳᠠᠭᠤᠨ ᠨᠢᠵᠢᠭᠢᠨᠡᠨ᠎ᠡ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号