ᠠᠵᠤ ᠠᠬᠤᠢ᠎ᠶ᠋ᠢᠨ 《ᠡᠰ》 ᠨᠢᠭᠡ ᠪᠦᠷᠢ᠎ᠶ᠋ᠢᠨ ᠠᠮᠢᠵᠢᠷᠠᠯ᠎ᠤᠨ ᠬᠦᠴᠦᠨ᠎ᠢ ᠬᠦᠭ᠌ᠵᠢᠬᠡᠨ᠎ᠠ
2020-09-08 10:08:35
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆


— ᠮᠠᠨ᠎ᠤ ᠤᠷᠤᠨ᠎ᠤ ᠵᠠᠬ᠎ᠠ ᠳᠡᠯᠭᠡᠭᠦᠷ᠎ᠤᠨ ᠭᠤᠤᠯ ᠴᠤᠭ᠍ᠴᠠ᠎ᠶ᠋ᠢ ᠬᠦᠴᠦᠯᠡᠨ ᠪᠠᠳᠤᠯᠠᠵᠤ ᠪᠠᠢᠬᠤ ᠳᠤᠬᠠᠢ ᠬᠦᠤᠷᠨᠢᠯ ᠱᠢᠭᠦᠮᠵᠢ


 

ᠬᠡᠳᠤᠨ ᠵᠠᠭᠤᠨ ᠲᠦᠮᠡ᠎ᠪᠠᠷ ᠲᠤᠭᠠᠯᠠᠭ᠍ᠳᠠᠬᠤ ᠡᠯ᠎ᠠ ᠲᠦᠷᠦᠯ᠎ᠤᠨ ᠵᠠᠬ᠎ᠠ ᠲᠠᠯᠬᠡᠬᠦᠷ᠎ᠤᠨ ᠭᠤᠤᠯ ᠴᠤᠭ᠍ᠴᠠ ᠪᠤᠯ ᠮᠠᠨ᠎ᠤ ᠤᠷᠤᠨ᠎ᠤ ᠠᠵᠤ ᠠᠬᠤᠢ᠎ᠶ᠋ᠢᠨ ᠡᠷᠬᠢᠯᠳᠡ᠎ᠶ᠋ᠢᠨ 《ᠡᠰ》 ᠶᠤᠮ᠃ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠨᠢ ᠠᠵᠤ ᠠᠬᠤᠢ᠎ᠶ᠋ᠢᠨ ᠬᠥᠭ᠌ᠵᠢᠯᠲᠡ᠎ᠲᠠᠢ ᠬᠤᠯᠪᠣᠭ᠍ᠳᠠᠬᠤ᠎ᠪᠠᠷ ᠪᠠᠷᠠᠬᠤ ᠦᠭᠡᠢ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠳᠦᠷ ᠲᠤᠲᠤᠮ᠎ᠤᠨ ᠬᠡᠷᠡᠭ᠌ᠯᠡᠭᠡ᠎ᠲᠠᠢ ᠴᠦ᠍ ᠬᠤᠯᠪᠣᠭ᠍ᠳᠠᠵᠤ᠂ ᠤᠯᠤᠰ ᠠᠷᠠᠳ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠭᠤᠤᠯ ᠬᠦᠴᠦᠨ ᠪᠤᠯᠵᠠᠢ᠃ ᠲᠠᠢᠮᠤ ᠪᠤᠯᠬᠤᠷ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢ ᠪᠠᠲᠤᠯᠠᠬᠤ ᠪᠣᠯ ᠳᠠᠷᠤᠶ ᠠᠵᠤ ᠠᠬᠤᠶ᠎ᠶ᠋ᠢᠨ ᠰᠠᠭᠤᠷᠢ᠎ᠶ᠋ᠢ ᠪᠠᠲᠤᠯᠠᠬᠤ ᠶᠠᠪᠤᠳᠠᠯ ᠪᠤᠯᠬᠤ᠎ᠨᠢ ᠭᠠᠷᠴᠠᠭ᠎ᠠ ᠦᠬᠡᠢ᠃

ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ ᠭᠠᠷᠤᠭ᠍ᠰᠠᠨ᠎ᠠᠴᠠ ᠨᠠᠭᠠᠰᠢ᠂ ᠮᠠᠨ᠎ᠤ ᠣᠷᠣᠨ᠎ᠤ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠨᠤᠭᠤᠳ ᠭᠦᠨᠳᠤ ᠴᠤᠬᠢᠯᠳᠠ᠎ᠳᠤ ᠤᠴᠠᠷᠠᠭ᠍ᠰᠠᠨ ᠪᠦᠭᠡᠤᠨ 《ᠪᠥᠬᠦ᠌ ᠲᠠᠯ᠎ᠠ᠎ᠶ᠋ᠢᠨ ᠰᠡᠷᠭᠦᠯᠲᠡ》 ᠎ᠶ᠋ᠢᠨ ᠶᠠᠪᠤᠴᠠ᠎ᠶ᠋ᠢ ᠦᠩᠬᠡᠷᠡᠭᠡᠪᠠ᠃ ᠤᠳᠤ ᠠᠵᠤ ᠠᠬᠤᠢ᠍ᠢᠯᠠᠯ᠎ᠤᠳ᠎ᠤᠨ ᠦᠢᠯᠡᠳᠪᠦᠷᠢᠯᠡᠯ᠎ᠢᠶᠠᠨ ᠰᠡᠷᠭᠦᠭᠡᠭᠦ᠎ᠶ᠋ᠢ ᠳᠠᠭᠠᠯᠳᠤᠨ ᠠᠵᠤ ᠠᠬᠤᠢ ᠠᠭᠠᠵᠢᠮ᠎ᠢᠶᠠᠷ ᠰᠡᠷᠭᠦᠯ᠎ᠠ᠂ ᠡᠭᠦᠨ᠎ᠳᠤ ᠪᠦᠭᠦ᠌ ᠤᠷᠤᠨ᠎ᠤ 223 ᠲᠦᠮᠡᠨ ᠵᠠᠬ᠎ᠠ ᠳᠡᠯᠭᠡᠭᠦᠷ᠎ᠤᠨ ᠭᠤᠣᠯ ᠴᠣᠭ᠍ᠴᠠ ᠤᠷᠤᠯᠠᠭᠤᠯᠵᠤ ᠪᠤᠯᠤᠰᠢ ᠦᠭᠡᠢ ᠬᠤᠪᠢ ᠨᠡᠮᠡᠷᠢ ᠦᠵᠡᠭᠦᠯᠦᠭ᠌ᠰᠡᠨ᠎ᠨᠢ ᠢᠯᠡᠬᠡᠨ᠃

ᠲᠦᠷᠦ᠎ᠶ᠋ᠢᠨ ᠪᠤᠳᠤᠯᠭ᠎ᠠ᠎ᠶ᠋ᠢᠨ ᠬᠠᠷᠠᠭᠠᠯᠵᠡᠯ ᠦᠪᠡᠷ᠎ᠤᠨ ᠦᠷᠳᠡᠭ᠎ᠢ ᠪᠠᠭᠤᠷᠠᠭᠤᠯᠤᠨ᠎ᠠ

ᠠᠯᠠᠱᠠ ᠵᠡᠭᠦᠨ ᠬᠤᠱᠢᠭᠤᠨ᠎ᠤ 《ᠡᠵᠢ ᠰᠦ᠎ᠲᠠᠢ ᠴᠠᠢ》 ᠎ᠶ᠋ᠢᠨ ᠳᠡᠯᠭᠡᠭᠦᠷ᠎ᠲᠤ ᠳᠡᠯᠭᠡᠭᠦᠷ᠎ᠤᠨ ᠡᠵᠡᠨ ᠵᠠᠩ ᠯᠢ ᠨᠠ ᠰᠦ᠎ᠲᠠᠢ ᠴᠠᠢ᠎ᠪᠠᠨ ᠰᠦᠯᠡᠵᠤ ᠶᠠᠭᠠᠷᠠᠨ᠎ᠠ᠃ ᠳᠡᠷᠡ ᠡᠨᠡ ᠭᠦ᠌ ᠳᠡᠯᠭᠡᠭᠦᠷ᠎ᠢ ᠠᠩᠬ᠎ᠠ ᠲᠦᠷᠢᠶᠡᠰᠦᠯᠡᠵᠦ᠍ ᠠᠪᠬᠤ᠎ᠳᠤ ᠳᠡᠯᠭᠡᠭᠦᠷ᠎ᠲᠤᠨᠢ ᠵᠥᠪᠬᠡᠨ ᠳᠠᠩ ᠹᠠᠰᠲᠤ ᠴᠠᠬᠢᠯᠭᠠᠨ ᠨᠡᠪᠳᠠᠷᠡᠵᠤ᠂ ᠤᠰᠤ ᠪᠤᠴᠠᠯᠭᠠᠬᠤ ᠮᠠᠱᠢᠨ᠂ ᠠᠭᠠᠷ ᠳᠤᠬᠢᠷᠠᠭᠤᠯᠤᠭ᠍ᠴᠢ ᠵᠡᠷᠭᠡ ᠴᠠᠬᠢᠯᠭᠠᠨ ᠬᠡᠷᠡᠭ᠌ᠰᠡᠯ᠎ᠢ ᠵᠠᠷᠤᠵᠤ ᠳᠡᠢᠯᠬᠦ᠌ ᠦᠭᠡᠢ ᠪᠠᠢᠬ᠍ᠰᠡᠨ ᠪᠤᠯᠬᠤᠷ ᠠᠷᠭ᠎ᠠ ᠪᠤᠰᠤ ᠠᠯᠠᠱᠠ᠎ᠶ᠋ᠢᠨ ᠴᠠᠬᠢᠯᠭᠠᠨ ᠦᠢᠯᠡᠰ᠎ᠤᠨ ᠲᠣᠪᠴᠢᠶᠠᠨ᠎ᠳᠤ ᠭᠤᠶᠤᠴᠢᠯᠠᠯ ᠳᠡᠪᠱᠢᠭᠦᠯᠵᠡᠢ᠃ 《ᠴᠠᠬᠢᠯᠭᠠᠨ ᠤᠲᠠᠰᠤ᠂ ᠴᠠᠬᠢᠯᠭᠠᠨ ᠬᠡᠮᠵᠢᠭᠦᠷ᠎ᠤᠨ ᠬᠠᠢᠷᠴᠠᠭ ᠬᠤᠳᠠᠯᠳᠤᠨ ᠠᠪᠬᠤ ᠪᠠ ᠬᠥᠮᠦᠨ᠎ᠤ ᠬᠦᠴᠦᠨ᠎ᠤ ᠰᠦᠢᠳᠭᠡᠯ ᠭᠡᠳ ᠶᠠᠭᠠᠬᠢᠯ᠎ᠠ ᠴᠤ᠌ ᠭᠡᠰᠡᠨ ᠬᠡᠳᠦᠨ ᠮᠢᠩᠭᠠᠨ ᠲᠥᠭᠦᠷᠢᠭ᠎ᠤᠨ ᠵᠠᠷᠤᠳᠠᠯ ᠭᠠᠷᠤᠨ᠎ᠠ ᠭᠡᠵᠤ ᠪᠤᠳᠤᠵᠤ ᠪᠠᠢᠭ᠍ᠰᠠᠨ᠃ ᠬᠠᠷᠢᠨ ᠪᠤᠳᠤᠬ᠍ᠰᠡᠨ᠎ᠢᠶᠠᠷ ᠭᠠᠳᠠᠭᠤᠷ ᠳᠤᠰ ᠡᠳᠦᠷ᠎ᠲᠤᠨᠢ ᠲᠠᠷᠦ᠋ᠢᠬᠠᠨ ᠱᠢᠢᠳᠪᠦᠷᠢᠯᠡᠵᠤ ᠦᠭ᠌ᠭᠦᠭ᠌ᠰᠡᠨ ᠪᠦᠭᠡᠳ ᠶᠠᠮᠠᠷ ᠴᠦ᠍ ᠵᠠᠷᠤᠳᠠᠯ ᠰᠦᠢᠳᠭᠡᠯ᠎ᠤᠨ ᠮᠦᠩᠭᠦ᠌ ᠬᠤᠷᠢᠶᠠᠭ᠍ᠰᠠᠨ ᠦᠭᠡᠢ》 ᠭᠡᠵᠤ ᠵᠠᠩ ᠯᠢ ᠨᠠ ᠪᠠᠶᠠᠷᠳᠠᠢ ᠬᠡᠯᠡᠨ᠎ᠡ᠃

ᠡᠨᠡ ᠵᠢᠯ᠎ᠤᠨ 7 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠮᠠᠨ᠎ᠤ ᠤᠷᠤᠨ ᠡᠷᠦᠬᠡ᠎ᠳᠤ ᠬᠦᠷᠴᠦ᠍ ᠦᠢᠯᠡᠴᠢᠯᠡᠭᠡ ᠬᠠᠩᠭᠠᠬᠤ ᠭᠤᠶᠤᠴᠢᠯᠠᠯ᠎ᠢ ᠨᠡᠢᠳᠡ 2.7 ᠲᠦᠮᠡ ᠭᠠᠷᠤᠢ ᠬᠤᠪᠢ ᠬᠦᠯᠢᠶᠡᠨ ᠠᠪᠴᠤ᠌ ᠱᠢᠢᠳᠪᠦᠷᠢᠯᠡᠨ᠂ ᠲᠦᠷᠦ᠎ᠶ᠋ᠢᠨ ᠪᠤᠳᠤᠯᠭ᠎ᠠ᠎ᠶ᠋ᠢᠨ ᠬᠠᠷᠠᠭᠠᠯᠵᠡᠯ᠎ᠲᠠᠢ᠎ᠪᠠᠷ ᠵᠠᠩ ᠯᠢ ᠨᠠ ᠱᠢᠬ 1.32 ᠲᠦᠮᠡᠨ ᠡᠷᠦᠬᠡ᠎ᠳᠤ ᠴᠠᠬᠢᠯᠭᠠᠨ ᠬᠦᠷᠭᠡᠵᠤ᠂ ᠬᠡᠷᠡᠭ᠌ᠯᠡᠭ᠌ᠴᠢᠳ᠎ᠲᠤ ᠨᠡᠢᠳᠡ 7384 ᠲᠦᠮᠡᠨ ᠲᠥᠭᠦᠷᠢᠭ᠎ᠤᠨ ᠱᠢᠭᠤᠳ ᠪᠡᠯᠡ ᠣᠷᠣᠭᠤᠯᠤᠯᠲᠠ᠎ᠶ᠋ᠢ ᠠᠷᠪᠢᠯᠠᠵᠤ ᠦᠭ᠌ᠬᠦᠭ᠌ᠰᠡᠨ ᠠᠵᠢ᠃

ᠵᠠᠬ᠎ᠠ ᠳᠡᠯᠭᠡᠭᠦᠷ᠎ᠤᠨ ᠭᠤᠤᠯ ᠴᠤᠭ᠍ᠴᠠ᠎ᠶ᠋ᠢᠨ ᠡᠵᠡᠩᠨᠡᠯᠳᠡ᠎ᠶ᠋ᠢᠨ ᠦᠪᠡᠷ᠎ᠤᠨ ᠦᠷᠳᠡᠭ᠎ᠢ ᠪᠠᠭᠤᠷᠠᠭᠤᠯᠬᠤ ᠪᠤᠯ ᠬᠠᠮᠤᠭ᠎ᠤᠨ ᠱᠢᠭᠤᠳ᠂ ᠬᠠᠮᠤᠭ᠎ᠤᠨ ᠬᠦᠴᠦᠨ᠎ᠲᠠᠢ ᠠᠷᠭ᠎ᠠ ᠬᠡᠮᠵᠢᠶ᠎ᠠ ᠪᠤᠯᠬᠤ ᠰᠠᠨ᠂ ᠢᠯᠠᠩᠭᠤᠶ᠎ᠠ ᠪᠠᠭ᠎ᠠ ᠵᠢᠵᠢᠭ ᠠᠵᠤ ᠠᠬᠤᠢ᠍ᠢᠯᠠᠯ᠎ᠤᠨ ᠭᠦᠭ᠌ᠵᠢᠯᠳᠡ᠎ᠳᠤ ᠤᠮᠳᠤᠭᠠᠢᠯᠠᠵᠤ ᠪᠤᠯᠤᠰᠢ ᠦᠭᠡᠢ ᠴᠢᠬᠤᠯᠠ ᠦᠢᠯᠡᠳᠤᠯ ᠭᠠᠷᠭᠠᠬᠤ᠎ᠨᠢ ᠯᠠᠪᠳᠠᠢ᠃

ᠮᠠᠨ᠎ᠤ ᠤᠷᠤᠨ ᠠᠵᠤ ᠠᠬᠤᠢ᠍ᠢᠯᠠᠯ᠎ᠳᠤ ᠴᠠᠬᠢᠯᠭᠠᠨ ᠵᠠᠯᠭᠠᠨ ᠦᠭ᠌ᠬᠦ ᠴᠠᠭ ᠬᠤᠭᠤᠴᠠᠭ᠎ᠠ᠎ᠶ᠋ᠢ ᠪᠤᠭᠤᠨᠢᠰᠭᠠᠨ᠂ ᠴᠠᠬᠢᠯᠭᠠᠨ ᠵᠠᠯᠭᠠᠨ ᠦᠭ᠌ᠬᠦ ᠥᠪᠡᠷ᠎ᠤᠨ ᠥᠷᠲᠡᠭ᠎ᠢ ᠪᠠᠭᠤᠷᠠᠭᠤᠯᠵᠤ᠂ ᠵᠠᠬ᠎ᠠ ᠳᠡᠯᠭᠡᠭᠦᠷ᠎ᠤᠨ ᠭᠤᠤᠯ ᠴᠤᠭ᠍ᠴᠠ᠎ᠶ᠋ᠢᠨ 《ᠴᠠᠬᠢᠯᠭᠠᠨ ᠬᠦᠴᠦᠨ᠎ᠤ ᠬᠦᠷᠲᠡᠮᠵᠢ᠎ᠶ᠋ᠢᠨ      ᠲᠥᠷᠥᠭ᠌ᠳᠡᠯ》 ᠎ᠢ ᠳᠡᠭᠡᠭ᠌ᠰᠢᠯᠡᠭᠦᠯᠦᠭ᠌ᠰᠡᠬᠡᠷ ᠢᠷᠡᠵᠠᠢ᠃ ᠢᠯᠠᠩᠭᠤᠶ᠎ᠠ ᠬᠢᠵᠢᠭ᠎ᠤᠨ ᠪᠠᠢᠳᠠᠯ ᠭᠠᠷᠤᠭ᠍ᠰᠠᠨ᠎ᠤ ᠳᠠᠷᠠᠭ᠎ᠠ᠂ ᠮᠠᠨ᠎ᠤ ᠤᠷᠤᠨ ᠤᠷᠢᠳ ᠬᠤᠵᠢᠳ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ᠍ᠢᠯᠠᠯ᠎ᠤᠨ ᠠᠵᠢᠯ ᠦᠢᠯᠡᠳᠪᠦᠷᠢᠯᠡᠯ᠎ᠢᠶᠠᠨ ᠰᠡᠷᠭᠦᠭᠡᠬᠦ᠌ 8 ᠵᠦᠢᠯ᠎ᠤᠨ ᠠᠷᠭ᠎ᠠ ᠬᠡᠮᠵᠢᠶ᠎ᠡ᠂ ᠠᠵᠤ ᠠᠬᠤᠢ᠍ᠢᠯᠠᠯ᠎ᠤᠨ ᠴᠠᠬᠢᠯᠭᠠᠨ ᠬᠡᠷᠡᠭ᠌ᠯᠡᠬᠦ᠌ ᠥᠪᠡᠷ᠎ᠤᠨ ᠥᠷᠲᠡᠭ᠎ᠢ ᠱᠠᠲᠤᠴᠢ ᠴᠢᠨᠠᠷᠲᠠᠶ᠎ᠪᠠᠷ ᠪᠠᠭᠤᠷᠠᠭᠤᠯᠬᠤ 6 ᠵᠦᠢᠯ᠎ᠤᠨ ᠠᠷᠭ᠎ᠠ ᠬᠡᠮᠵᠢᠶ᠎ᠡ ᠵᠡᠷᠬᠡ᠎ᠶ᠋ᠢ ᠨᠡᠢᠲᠡᠯᠡᠨ ᠬᠡᠷᠡᠭ᠌ᠵᠢᠬᠦᠯᠪᠡ᠃ ᠳᠡᠭᠡᠷ᠎ᠡ ᠬᠠᠭᠠᠰ ᠵᠢᠯ᠎ᠳᠤ ᠪᠦᠬᠦ᠌ ᠤᠷᠤᠨ᠎ᠢᠶᠠᠷ᠎ᠢᠶᠠᠨ ᠨᠡᠢᠲᠡ 3.9 ᠳ᠋ᠦᠩᠱᠢᠭᠤᠷ ᠲᠥᠭᠦᠷᠢᠭ᠎ᠤᠨ ᠴᠠᠬᠢᠯᠭᠠᠨ᠎ᠤ ᠰᠦᠢᠳᠭᠡᠯ᠎ᠢ ᠬᠠᠰᠤᠨ ᠬᠡᠯᠲᠦᠷᠢᠭᠦᠯᠵᠤ᠂ ᠴᠠᠬᠢᠯᠭᠠᠨ ᠬᠦᠴᠦᠨ᠎ᠤ 82 ᠲᠦᠮᠡ ᠭᠠᠷᠤᠶ ᠬᠡᠷᠡᠭ᠌ᠯᠡᠭ᠌ᠴᠢ᠎ᠳᠤ ᠠᠱᠢᠭ ᠬᠦᠷᠲᠡᠭᠡᠨ᠂ ᠵᠢᠱ᠌ᠢᠯᠲᠡ᠎ᠪᠠᠷ ᠪᠥᠬᠦ᠌ ᠵᠢᠯ᠎ᠳᠤ ᠪᠠᠷᠤᠭ 10 ᠳ᠋ᠦᠩᠱᠢᠭᠤᠷ ᠲᠥᠭᠦᠷᠢᠭ᠎ᠤᠨ ᠴᠠᠬᠢᠯᠭᠠᠨ᠎ᠤ ᠰᠦᠢᠳᠭᠡᠯ᠎ᠢ ᠬᠠᠰᠤᠵᠤ ᠬᠡᠯᠲᠦᠷᠢᠭᠦᠯᠬᠦ᠌ ᠪᠤᠯᠤᠨ᠎ᠠ᠃ ᠡᠭᠦᠨ᠎ᠤ ᠬᠠᠮᠲᠤ᠌᠂ ᠴᠠᠬᠢᠯᠭᠠᠨ᠎ᠤ ᠦᠨ᠎ᠡ᠎ᠶ᠋ᠢᠨ ᠡᠯ᠎ᠡ ᠵᠦᠢᠯ᠎ᠤᠨ ᠲᠥᠷᠥ᠎ᠶ᠋ᠢᠨ ᠪᠣᠳᠣᠯᠭ᠎ᠠ ᠪᠤᠯᠤᠨ ᠴᠠᠬᠢᠯᠭᠠᠨ ᠬᠦᠴᠦᠨ᠎ᠤ ᠣᠯᠠᠨ ᠲᠠᠯᠠᠲᠤ ᠠᠷᠠᠯᠵᠢᠶ᠎ᠠ᠎ᠶ᠋ᠢ ᠨᠠᠢᠳᠠᠪᠤᠷᠢᠵᠢᠭᠤᠯᠵᠤ᠂ ᠳᠡᠭᠡᠷ᠎ᠡ ᠬᠠᠭᠠᠰ ᠵᠢᠯ᠎ᠳᠤ ᠬᠠᠩᠭᠠᠯᠭ᠎ᠠ ᠪᠠ ᠭᠡᠷᠡᠭ᠌ᠴᠡᠭᠡ ᠬᠤᠶᠠᠷ ᠲᠠᠯ᠎ᠠ᠎ᠶ᠋ᠢᠨ ᠠᠵᠤ ᠠᠬᠤᠢ᠍ᠢᠯᠠᠯ᠎ᠤᠨ ᠴᠠᠬᠢᠯᠭᠠᠨ ᠬᠡᠷᠡᠭ᠌ᠯᠡᠬᠦ᠌ ᠥᠪᠡᠷ᠎ᠤᠨ ᠥᠷᠲᠡᠭ᠎ᠢ ᠨᠡᠢᠲᠡ 96.53 ᠳ᠋ᠦᠩᠱᠢᠭᠤᠷ ᠲᠥᠭᠦᠷᠢᠭ ᠪᠠᠭᠤᠷᠠᠭᠤᠯᠤᠭ᠍ᠰᠠᠨ ᠪᠠᠢᠨ᠎ᠠ᠃ ᠡᠨᠡ᠎ᠨᠢ ᠠᠵᠤ ᠠᠬᠤᠢ᠍ᠢᠯᠠᠯ᠎ᠤᠨ ᠠᠵᠢᠯ ᠦᠢᠯᠡᠳᠪᠦᠷᠢᠯᠡᠯ᠎ᠢᠶᠠᠨ ᠰᠡᠷᠭᠦᠭᠡᠬᠦ᠌᠎ᠶ᠋ᠢ ᠬᠦᠴᠦᠲᠡᠶ ᠠᠬᠢᠭᠤᠯᠵᠤ᠂ ᠣᠷᠣᠨ ᠨᠤᠳᠤᠬ᠎ᠤᠨ ᠠᠵᠤ ᠠᠬᠤᠶ᠎ᠶ᠋ᠢᠨ ᠡᠷᠡᠬᠦᠯ ᠲᠣᠭ᠍ᠲᠠᠭᠤᠨ ᠬᠥᠭ᠌ᠵᠢᠯᠳᠡ᠎ᠶ᠋ᠢ ᠪᠠᠲᠤᠯᠠᠬᠤ᠎ᠳᠤ ᠢᠳᠡᠪᠬᠢ ᠦᠢᠯᠡᠳᠦᠯ ᠦᠵᠡᠭᠦᠯᠵᠡᠢ᠃

ᠮᠦᠩᠭᠦᠨ ᠬᠦᠢᠯᠭᠡᠭᠡᠨ᠎ᠤ ᠳᠡᠮᠵᠢᠯᠭᠡ ᠠᠮᠢᠵᠢᠷᠠᠯ᠎ᠤᠨ ᠬᠦᠴᠤᠨ᠎ᠢ ᠭᠦᠭ᠌ᠵᠢᠭᠡᠨ᠎ᠠ

ᠥᠪᠥᠷ ᠮᠣᠩᠭᠤᠯ᠎ᠤᠨ ᠬᠦᠷᠢᠶ᠎ᠡ ᠮᠣᠩᠭᠤᠯ ᠡᠮ᠎ᠤᠨ ᠬᠢᠵᠠᠭᠠᠷᠲᠤ ᠺᠣᠮᠫᠠᠨᠢ ᠪᠣᠯ ᠪᠦᠬᠦ᠌ ᠤᠯᠤᠰ᠎ᠤᠨ ᠴᠢᠨᠠᠷᠲᠠᠶ ᠭᠤᠤᠯᠳᠠᠯᠭ᠎ᠠ᠎ᠲᠠᠢ ᠪᠠᠲᠤᠯᠠᠬᠤ ᠠᠵᠤ ᠠᠬᠤᠢ᠍ᠢᠯᠠᠯ᠎ᠤᠨ ᠨᠡᠷᠡᠰ᠎ᠲᠤ ᠤᠷᠤᠭ᠍ᠰᠠᠨ ᠠᠵᠤ ᠠᠬᠤᠢ᠍ᠢᠯᠠᠯ ᠪᠣᠯᠤᠨ᠎ᠠ᠂ ᠦᠪᠡᠷᠲᠡᠭᠡᠨ ᠵᠠᠰᠠᠬᠤ ᠤᠷᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶ᠋ᠢᠨ ᠵᠦᠪᠯᠡᠯ᠎ᠠᠴᠠ ᠲᠣᠰ ᠺᠣᠮᠫᠠᠨᠢ᠎ᠶ᠋ᠢᠨ ᠦᠢᠯᠡᠳᠪᠦᠷᠢᠯᠡᠭ᠌ᠰᠡᠨ 10 ᠵᠦᠢᠯ᠎ᠤᠨ ᠮᠣᠩᠭᠤᠯ ᠡᠮ᠎ᠢ 《ᠱᠢᠨ᠎ᠡ ᠲᠢᠲᠢᠮᠯᠢᠭ᠎ᠤᠨ ᠸᠢᠷᠦ᠋ᠰ᠎ᠲᠤ ᠬᠠᠯᠳᠠᠪᠤᠷᠢᠯᠠᠬᠤ ᠠᠭᠤᠰᠭᠢᠨ ᠦᠷᠪᠢᠰᠦᠯ᠎ᠤᠨ ᠮᠣᠩᠭᠤᠯ ᠡᠮ ᠡᠮᠨᠡᠯᠭᠡ᠎ᠶ᠋ᠢᠨ ᠤᠷᠢᠳᠴᠢᠯᠠᠨ ᠰᠡᠷᠭᠡᠢᠯᠡᠬᠦ᠌ ᠪᠠ ᠣᠨᠣᠱᠢᠯᠠᠨ ᠡᠮᠨᠡᠬᠦ᠌ ᠲᠥᠰᠦᠯ (ᠬᠤᠶᠠᠳᠤᠭᠠᠷ ᠬᠡᠪᠯᠡᠯ)》 ᠎ᠳᠤ ᠣᠷᠣᠭᠤᠯᠵᠠᠢ᠃ ᠲᠤᠰᠭᠠᠶ ᠵᠦᠢᠯ᠎ᠤᠨ ᠳᠠᠬᠢᠨ ᠵᠢᠭᠡᠯᠡᠯᠭᠡ ᠲᠠᠯᠪᠢᠬᠤ ᠲᠥᠷᠥ᠎ᠶ᠋ᠢᠨ ᠪᠣᠳᠣᠯᠭ᠎ᠠ ᠨᠡᠢᠲᠡᠯᠡᠭ᠌ᠳᠡᠭ᠌ᠰᠡᠨ᠎ᠤ ᠳᠠᠷᠠᠭ᠎ᠠ᠂ ᠤᠯᠤᠰ᠎ᠤᠨ ᠨᠡᠭᠡᠭᠡᠯᠲᠡ᠎ᠶ᠋ᠢᠨ ᠪᠠᠩᠬᠢ᠎ᠶ᠋ᠢᠨ ᠥᠪᠥᠷ ᠮᠣᠩᠭᠤᠯ᠎ᠳᠠᠬᠢ ᠬᠤᠪᠢᠶᠠᠷᠢ ᠪᠠᠩᠬᠢ ᠸᠢᠳᠢᠣ᠋᠎ᠶ᠋ᠢᠨ ᠬᠡᠯᠪᠡᠷᠢ᠎ᠪᠠᠷ ᠲᠤᠰ ᠠᠵᠤ ᠠᠬᠤᠢ᠍ᠢᠯᠠᠯ᠎ᠲᠠᠢ ᠵᠣᠯᠭᠠᠯᠴᠠᠵᠤ᠂ ᠰᠦᠯᠵᠢᠶᠡᠨ ᠳᠡᠭᠡᠷᠡᠬᠢ ᠢᠲᠡᠭᠡᠮᠵᠢᠲᠦ ᠵᠢᠭᠡᠯᠡᠯᠭᠡ᠎ᠶ᠋ᠢᠨ ᠪᠡᠯᠡ ᠮᠥᠩᠭᠦ᠎ᠶ᠋ᠢ ᠬᠢᠨᠠᠨ ᠵᠥᠪᠱᠢᠶᠡᠷᠡᠬᠦ᠌ ᠰᠠᠭᠠᠳ ᠦᠭᠡᠶ ᠵᠠᠮ᠎ᠢ ᠨᠡᠪᠲᠡᠷᠡᠭᠦᠯᠵᠤ ᠦᠭ᠌ᠬᠦᠬᠡᠳ 1500 ᠲᠦᠮᠡᠨ ᠲᠥᠭᠦᠷᠢᠭ᠎ᠤᠨ ᠵᠢᠭᠡᠯᠡᠯᠭᠡ᠎ᠶ᠋ᠢ᠎ᠨᠢ ᠬᠢᠨᠠᠨ ᠵᠥᠪᠱᠢᠶᠡᠷᠡᠬᠦ᠌᠎ᠶ᠋ᠢᠨ ᠬᠠᠮᠳᠤ ᠲᠠᠷᠦ᠋ᠢᠬᠠᠨ ᠪᠠᠭᠤᠯᠭᠠᠭ᠍ᠰᠠᠨ ᠪᠠᠢᠨ᠎ᠠ᠃ ᠡᠨᠡ᠎ᠨᠢ ᠠᠵᠤ ᠠᠬᠤᠢ᠍ᠢᠯᠠᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠭᠦ᠎ᠳᠤ ᠬᠡᠷᠡᠭ᠌ᠰᠡᠬᠦ᠌ ᠮᠣᠩᠭᠤᠯ ᠡᠮ᠎ᠤᠨ ᠲᠦᠭᠦᠬᠡᠶ ᠮᠠᠲ᠋ᠧᠷᠢᠶᠠᠯ᠎ᠢ ᠴᠠᠭ ᠲᠤᠬᠠᠶ᠎ᠳᠤᠨᠢ ᠬᠤᠳᠠᠯᠳᠤᠨ ᠠᠪᠬᠤ᠎ᠳᠤ ᠪᠠᠳᠤᠯᠠᠭ᠎ᠠ ᠬᠠᠩᠭᠠᠵᠤ ᠪᠢᠯᠡ᠃

ᠬᠢᠵᠢᠭ᠎ᠤᠨ ᠪᠠᠢᠳᠠᠯ᠎ᠤᠨ ᠬᠤᠭᠤᠴᠠᠭᠠᠨ᠎ᠳᠤ ᠬᠠᠮᠤᠭ᠎ᠤᠨ ᠶᠡᠭᠡ ᠬᠦᠴᠢᠷᠳᠠᠯ᠎ᠳᠤ ᠲᠤᠯᠭᠠᠷᠠᠭ᠍ᠰᠠᠨ᠎ᠨᠢ ᠶᠠᠷᠢᠶᠡᠨ ᠦᠬᠡᠢ ᠳᠤᠮᠳᠠ ᠪᠠᠭ᠎ᠠ ᠵᠢᠵᠢᠭ ᠠᠵᠤ ᠠᠬᠤᠢ᠍ᠢᠯᠠᠯ ᠪᠤᠯᠬᠤ ᠶᠤᠮ᠃ ᠡᠳᠡᠭᠡᠷ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠨᠢ ᠡᠵᠡᠩᠨᠡᠯᠳᠡ᠎ᠶ᠋ᠢᠨ ᠬᠡᠪᠴᠢᠶ᠎ᠠ᠎ᠪᠠᠷ ᠪᠠᠭ᠎ᠠ᠂ ᠪᠡᠯᠡᠨ ᠵᠣᠭᠤᠰ᠎ᠤᠨ ᠭᠦᠢᠯᠭᠡᠭᠡ᠎ᠨᠢ ᠲᠣᠭ᠍ᠲᠠᠭᠤᠨ ᠪᠤᠰᠤ ᠪᠠᠢᠵᠤ᠂ ᠠᠶᠤᠯ ᠲᠦᠭ᠌ᠰᠢᠭᠦᠷᠢ᠎ᠶ᠋ᠢ ᠡᠰᠡᠷᠭᠦᠴᠡᠬᠦ᠌ ᠴᠢᠳᠠᠪᠤᠷᠢ᠎ᠪᠠᠷ ᠠᠨᠠᠶ ᠪᠠᠢᠳᠠᠭ᠃ ᠡᠬᠦᠨ᠎ᠳᠤ ᠮᠠᠨ᠎ᠤ ᠣᠷᠣᠨ᠎ᠤ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠨᠤᠭᠤᠳ ᠢᠲᠡᠭᠡᠮᠵᠢᠲᠦ ᠵᠢᠭᠡᠯᠡᠯᠭᠡ᠎ᠶ᠋ᠢᠨ ᠳᠡᠮᠵᠢᠯᠭᠡ᠎ᠶ᠋ᠢᠨ ᠡᠷᠴᠢᠮ᠎ᠢᠶᠠᠨ ᠴᠢᠩᠭᠠᠷᠠᠭᠤᠯᠵᠤ᠂ ᠳᠤᠮᠳᠠ ᠪᠠᠭ᠎ᠠ ᠵᠢᠵᠢᠭ ᠠᠵᠤ ᠠᠬᠤᠢ᠍ᠢᠯᠠᠯ᠎ᠳᠤ ᠴᠢᠩᠭ᠎ᠠ ᠬᠦᠴᠦᠳᠠᠢ ᠳᠡᠮᠵᠢᠯᠭᠡ ᠦᠵᠡᠭᠦᠯᠵᠤ ᠪᠠᠯᠠ ᠬᠤᠷᠠᠮᠳᠤᠭᠤᠯᠬᠤ᠎ᠳᠤ ᠬᠦᠴᠢᠷᠲᠡᠶ ᠠᠰᠠᠭᠤᠳᠠᠯ᠎ᠢ᠎ᠨᠢ ᠴᠢᠷᠮᠡᠢᠨ ᠱᠢᠢᠳᠪᠦᠷᠢᠯᠡᠭ᠌ᠰᠡᠨ ᠠᠵᠢ᠃ ᠠᠷᠠᠳ᠎ᠤᠨ ᠪᠠᠩᠬᠢ᠎ᠶ᠋ᠢᠨ ᠬᠥᠬᠡᠬᠤᠲᠠ᠎ᠳᠠᠬᠢ ᠭᠤᠤᠯ ᠰᠠᠯᠪᠤᠷᠢ ᠪᠠᠩᠬᠢ ᠳᠡᠭᠡᠷ᠎ᠡ ᠬᠠᠭᠠᠰ ᠵᠢᠯ᠎ᠳᠤ ᠨᠡᠢᠳᠡ 66.9 ᠳ᠋ᠦᠩᠱᠢᠭᠤᠷ ᠲᠥᠭᠦᠷᠢᠭ᠎ᠤᠨ ᠮᠠᠯ ᠠᠵᠤ ᠠᠬᠤᠢ ᠳᠠᠷᠢᠶᠠᠯᠠᠩ᠎ᠢ ᠳᠡᠮᠵᠢᠬᠦ᠌ ᠳᠠᠬᠢᠨ ᠵᠢᠭᠡᠯᠡᠯᠭᠡ ᠲᠠᠯᠪᠢᠵᠤ᠂ 19112 ᠮᠠᠯᠵᠢᠬᠤ ᠲᠠᠷᠢᠶᠠᠯᠠᠬᠤ ᠡᠷᠦᠬᠡ ᠪᠤᠯᠤᠨ ᠠᠷᠠᠳ᠎ᠤᠨ ᠡᠵᠡᠩᠨᠡᠯᠳᠡ᠎ᠶ᠋ᠢᠨ 3343 ᠪᠠᠭ᠎ᠠ ᠵᠢᠵᠢᠭ ᠠᠵᠤ ᠠᠬᠤᠢ᠍ᠢᠯᠠᠯ᠎ᠤᠨ ᠠᠵᠢᠯ ᠦᠢᠯᠡᠳᠪᠦᠷᠢᠯᠡᠯ᠎ᠢᠶᠠᠨ ᠰᠡᠷᠭᠦᠭᠡᠬᠦ᠌᠎ᠶ᠋ᠢ ᠳᠡᠮᠵᠢᠵᠠᠢ᠃ ᠡᠨᠡ ᠮᠡᠳᠤ᠎ᠪᠠᠷ ᠡᠨᠡ ᠵᠢᠯ᠎ᠤᠨ ᠲᠦᠷᠦᠬᠦᠤ 6 ᠰᠠᠷ᠎ᠠ᠎ᠳᠤ᠂ ᠪᠥᠬᠦ᠌ ᠣᠷᠣᠨ᠎ᠤ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠨᠤᠭᠤᠳ 2.3 ᠲᠦᠮᠡᠨ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠳᠤ ᠨᠡᠢᠳᠡ 1241.45 ᠳ᠋ᠦᠩᠱᠢᠭᠤᠷ ᠲᠥᠭᠦᠷᠢᠭ᠎ᠤᠨ ᠵᠢᠭᠡᠯᠡᠯᠭᠡ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠲᠥᠷᠥᠯ᠎ᠤᠨ ᠠᠵᠤ ᠠᠬᠤᠢ᠍ᠢᠯᠠᠯ ᠵᠢᠴᠢ ᠬᠤᠪᠢ᠎ᠶ᠋ᠢᠨ ᠠᠵᠤ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠦᠢᠯᠡᠳᠪᠦᠷᠢᠯᠡᠯ ᠡᠵᠡᠩᠨᠡᠯᠲᠡ᠎ᠶ᠋ᠢ ᠬᠦᠴᠦᠲᠡᠶ ᠳᠡᠮᠵᠢᠪᠡ᠃ ᠠᠵᠤ ᠠᠬᠤᠢ᠍ᠢᠯᠠᠯ᠎ᠤᠨ ᠪᠡᠯᠡ ᠬᠤᠷᠠᠮᠳᠤᠭᠤᠯᠬᠤ ᠥᠪᠡᠷ᠎ᠤᠨ ᠥᠷᠲᠡᠭ᠎ᠢ ᠪᠠᠭᠤᠷᠠᠭᠤᠯᠬᠤ᠎ᠶ᠋ᠢ ᠦᠷᠭᠦᠯᠵᠢᠯᠡᠨ ᠠᠬᠢᠭᠤᠯᠵᠤ᠂ 6 ᠰᠠᠷ᠎ᠠ᠎ᠳᠤ ᠪᠥᠬᠦ᠌ ᠣᠷᠣᠨ᠎ᠤ ᠠᠵᠤ ᠠᠬᠤᠢ᠍ᠢᠯᠠᠯ᠎ᠤᠨ ᠵᠢᠭᠡᠯᠡᠯᠭᠡ᠎ᠶ᠋ᠢᠨ ᠳᠤᠮᠳᠠᠴᠢ ᠬᠦᠤ ᠮᠥᠩᠭᠦ᠎ᠶ᠋ᠢᠨ ᠨᠣᠷᠮ᠎ᠠ 4.76% ᠪᠠᠢᠵᠤ᠂ ᠵᠢᠯ᠎ᠤᠨ ᠡᠬᠢᠨ᠎ᠤ᠎ᠬᠢ᠎ᠠᠴᠠ ᠵᠠᠭᠤᠨ᠎ᠤ ᠬᠠᠷᠢᠴᠠᠯ᠎ᠢᠶᠠᠷ 0.65 ᠬᠤᠪᠢ ᠪᠠᠭᠤᠷᠠᠵᠤ᠂ ᠳᠣᠤᠷ᠎ᠠ ᠬᠦᠤ ᠮᠦᠩᠬᠦ᠌᠎ᠲᠠᠢ ᠬᠠᠷᠠᠭᠠᠯᠵᠠᠯ᠎ᠤᠨ ᠪᠡᠯᠡ ᠮᠥᠩᠭᠦ᠎ᠶ᠋ᠢ ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠲᠠᠰᠤᠷᠠᠯᠲᠠ ᠦᠭᠡᠶ ᠬᠠᠨᠭ᠌ᠭᠠᠭ᠍ᠰᠠᠨ ᠪᠠᠢᠨ᠎ᠠ᠃

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠤᠯᠳᠠ ᠴᠢᠨᠠᠷ ᠰᠡᠢᠳᠡᠢ ᠭᠦᠭ᠌ᠵᠢᠯᠳᠠ᠎ᠶ᠋ᠢ ᠠᠭᠢᠭᠤᠯᠤᠨ᠎ᠠ

《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢ ᠮᠠᠨᠳᠤᠭᠤᠯᠬᠤ》 ᠠᠵᠢᠯᠯᠠᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠱᠢᠭᠤᠯᠬᠤ᠎ᠶ᠋ᠢ ᠵᠣᠯᠭᠠᠭᠤᠯᠬᠤ ᠬᠤᠷᠠᠯ ᠵᠢᠴᠢ ᠱᠠᠩᠬᠠᠶ᠎ᠶ᠋ᠢᠨ ᠵᠠᠮ ᠬᠠᠷᠢᠯᠴᠠᠭᠠᠨ᠎ᠤ ᠶᠡᠭᠡ ᠰᠤᠷᠭᠠᠭᠤᠯᠢ᠎ᠶ᠋ᠢᠨ ᠥᠪᠥᠷ ᠮᠣᠩᠭᠤᠯ᠎ᠤᠨ ᠰᠤᠳᠤᠯᠭᠠᠨ᠎ᠤ ᠬᠦᠷᠢᠶᠡᠯᠡᠩ᠎ᠤᠨ ᠫᠠᠢᠰᠠ ᠡᠯᠭᠦᠭᠦ᠌ ᠶᠣᠰᠣᠯᠠᠯ ᠲᠦᠷᠦᠭᠦᠬᠡᠨ᠎ᠳᠤ ᠬᠥᠬᠡᠬᠤᠲᠠᠨ᠎ᠠ ᠶᠠᠪᠤᠭ᠍ᠳᠠᠪᠠ᠃ ᠮᠠᠨ᠎ᠤ ᠣᠷᠣᠨ ᠱᠠᠩᠬᠠᠶ᠎ᠶ᠋ᠢᠨ ᠵᠠᠮ ᠬᠠᠷᠢᠯᠴᠠᠭᠠᠨ᠎ᠤ ᠶᠡᠭᠡ ᠰᠤᠷᠭᠠᠭᠤᠯᠢ᠎ᠯᠤᠭ᠎ᠠ ᠮᠠᠱᠢᠨ ᠳᠤᠨᠤᠭ᠍ᠯᠠᠯ ᠦᠢᠯᠡᠳᠬᠦ᠂ ᠡᠨᠧᠷᠭᠢ ᠬᠢᠮᠢ᠎ᠶ᠋ᠢᠨ ᠠᠵᠤ ᠦᠢᠯᠡᠳᠪᠦᠷᠢ᠂ ᠮᠠᠯ ᠠᠵᠤ ᠠᠬᠤᠶ ᠲᠠᠷᠢᠶᠠᠯᠠᠩ ᠣᠶ ᠱᠢᠭᠤᠶ᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠂ ᠡᠮ ᠡᠮᠨᠡᠯᠭᠡ ᠡᠷᠡᠭᠦᠯ ᠬᠠᠮᠠᠭᠠᠯᠠᠯ᠂ ᠡᠯᠧᠺᠲᠷᠣᠨ ᠮᠡᠳᠡᠭᠡ ᠵᠠᠩᠭᠢ ᠵᠡᠷᠭᠡ ᠬᠦᠷᠢᠶ᠎ᠡ ᠴᠠᠷᠠᠭ᠎ᠠ᠎ᠶ᠋ᠢᠨ ᠲᠣᠭᠤᠷᠢᠨ᠎ᠳᠤ ᠨᠡᠢᠲᠡᠯᠢᠭ ᠴᠢᠨᠠᠷᠲᠠᠶ ᠮᠡᠷᠭᠡᠵᠢᠯ᠎ᠤᠨ ᠰᠤᠳᠤᠯᠭᠠᠨ ᠪᠠ ᠦᠷ᠎ᠡ ᠪᠦᠲᠦᠭᠡᠯ᠎ᠢ ᠤᠨᠳᠤᠤᠱᠢᠭᠤᠯᠬᠤ ᠠᠵᠢᠯ᠎ᠢ ᠭᠤᠤᠯᠳᠠᠯᠭ᠎ᠠ᠎ᠲᠠᠢ ᠥᠷᠨᠢᠭᠦᠯᠵᠡᠢ᠂ ᠬᠤᠶᠠᠷ ᠲᠠᠯ᠎ᠠ᠎ᠶ᠋ᠢᠨ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠠᠮᠲᠤᠷᠠᠯᠴᠠᠭ᠎ᠠ᠎ᠨᠢ ᠥᠪᠥᠷ ᠮᠣᠩᠭᠤᠯ᠎ᠤᠨ ᠱᠢᠨ᠎ᠡ᠎ᠶ᠋ᠢ ᠡᠭᠦᠳᠬᠦ᠌᠎ᠪᠠᠷ ᠬᠦᠳᠡᠯᠭᠡᠭᠦ᠌ ᠬᠦᠴᠦᠨ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠡᠪᠴᠢᠶᠡᠨ᠎ᠳᠤ ᠤᠷᠤᠭ᠍ᠰᠠᠨ᠎ᠨᠢ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠤᠷᠤᠭ᠍ᠰᠠᠨ᠎ᠢ ᠬᠠᠷᠠᠭᠤᠯᠵᠤ ᠪᠤᠢ᠃

ᠦᠬᠡᠷᠡᠴᠢᠯᠡᠯᠳᠡ ᠬᠢᠪᠠᠯ ᠲᠠᠪᠱᠢᠵᠤ᠂ ᠱᠢᠨ᠎ᠠ᠎ᠶ᠋ᠢ ᠡᠬᠦᠳᠦᠪᠡᠯ ᠬᠦᠴᠦᠷᠬᠡᠭ᠌ᠵᠢᠵᠤ᠂ ᠦᠬᠡᠷᠡᠴᠢᠯᠡᠯᠳᠡ ᠬᠢᠵᠤ ᠱᠢᠨ᠎ᠠ᠎ᠶ᠋ᠢ ᠡᠬᠦᠳᠦᠪᠠᠯ ᠰᠠᠶᠢ ᠢᠯᠠᠯᠳᠠ᠎ᠳᠤ ᠬᠦᠷᠳᠡᠭ᠃ ᠱᠢᠨ᠎ᠡ᠎ᠶ᠋ᠢ ᠡᠭᠦᠳᠬᠦ᠌᠎ᠪᠠᠷ ᠬᠦᠭ᠌ᠵᠢᠯᠳᠡ᠎ᠶ᠋ᠢᠨ ᠬᠦᠳᠡᠯᠭᠡᠭᠦᠷ ᠪᠤᠯᠭᠠᠬᠤ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠬᠦ᠌ ᠪᠣᠯ ᠪᠠᠶᠠᠨ ᠬᠦᠴᠦᠷᠬᠡᠭ ᠦᠪᠤᠷ ᠮᠤᠩᠭᠤᠯ᠎ᠢ ᠪᠦᠳᠦᠬᠡᠨ ᠪᠠᠢᠭᠤᠯᠬᠤ᠎ᠶ᠋ᠢᠨ ᠲᠤᠯᠭᠠᠮ ᠱᠠᠭᠠᠷᠳᠠᠯᠭ᠎ᠠ ᠪᠤᠯᠬᠤ ᠮᠦᠷᠳᠡᠭᠡᠨ ᠬᠠᠮᠤᠭ᠎ᠤᠨ ᠪᠦᠳᠦᠮᠵᠢᠳᠠᠢ ᠠᠷᠭ᠎ᠠ ᠵᠠᠮ ᠪᠤᠯᠬᠤ᠎ᠨᠢ ᠵᠠᠢᠯᠠᠰᠢ ᠦᠬᠡᠢ᠃ ᠠᠶᠤᠯᠳᠤ ᠬᠢᠵᠢᠭ᠎ᠤᠨ ᠡᠮᠤᠨ᠎ᠠ᠂ ᠮᠠᠨ᠎ᠤ ᠤᠷᠤᠨ ᠡᠨᠡ ᠬᠦ᠌ ᠪᠠᠢᠯᠳᠤᠬᠤ ᠪᠤᠳᠤᠯᠭ᠎ᠠ᠎ᠶ᠋ᠢ ᠬᠦᠨᠵᠡᠬᠡᠢᠷᠡᠬᠦᠯᠬᠦ᠌ ᠠᠯᠬᠤᠭ᠎ᠠ᠎ᠪᠠᠨ ᠤᠳᠠᠭᠠᠱᠢᠷᠠᠭᠤᠯᠤᠭ᠍ᠰᠠᠨ ᠦᠬᠡᠢ ᠮᠦᠷᠳᠡᠭᠡᠨ ᠬᠠᠷᠢᠨ ᠤᠯᠠᠮ ᠲᠦᠷᠬᠡᠳᠭᠡᠬᠡᠳ ᠨᠢᠳᠤᠨ᠎ᠳᠤ ᠦᠵᠡᠭ᠌ᠳᠡᠵᠤ ᠭᠠᠷ᠎ᠲᠤ ᠪᠠᠷᠢᠭ᠍ᠳᠠᠭ᠍ᠰᠠᠨ ᠠᠮᠵᠢᠯᠳᠠ ᠪᠦᠳᠦᠮᠵᠢ ᠤᠯᠤᠭ᠍ᠰᠠᠨ ᠠᠵᠢ᠃

ᠡᠨᠡ ᠵᠢᠯ᠎ᠤᠨ ᠳᠡᠭᠡᠷ᠎ᠡ ᠬᠠᠭᠠᠰ ᠵᠢᠯ᠎ᠳᠤ᠂ ᠮᠠᠨ᠎ᠤ ᠤᠷᠤᠨ᠎ᠤ ᠳᠡᠭᠡᠳᠦ ᠱᠢᠨ᠎ᠡ ᠮᠡᠷᠭᠡᠵᠢᠯ᠎ᠤᠨ ᠦᠢᠯᠡᠰ 12.5% ᠎ᠪᠠᠷ ᠨᠡᠮᠡᠭ᠌ᠳᠡᠵᠦ᠍᠂ ᠡᠭᠦᠨ᠎ᠳᠤ ᠡᠯᠧᠺᠲᠷᠣᠨ ᠺᠣᠮᠫᠢᠦ᠋ᠲ᠋ᠧᠷ ᠴᠢᠮᠡᠭᠡ ᠬᠤᠯᠪᠣᠭᠠᠨ᠎ᠤ ᠦᠢᠯᠡᠰ᠂ ᠬᠤᠪᠣᠷ ᠱᠢᠷᠣᠶ᠎ᠶ᠋ᠢᠨ ᠠᠵᠢᠯ ᠲᠦᠷᠦᠯ ᠲᠤᠰ ᠲᠤᠰ 47.7% ᠪᠠ 9.4% ᠎ᠪᠠᠷ ᠨᠡᠮᠡᠭ᠌ᠳᠡᠪᠡ; ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠯᠳᠠ᠎ᠶ᠋ᠢᠨ ᠬᠡᠮᠵᠢᠶ᠎ᠡ 400 ᠳ᠋ᠦᠩᠱᠢᠭᠤᠷ ᠺᠢᠯᠣᠸᠠᠲ ᠴᠠᠭ᠎ᠢ ᠳᠠᠪᠠᠵᠤ᠂ ᠪᠦᠬᠦ᠌ ᠴᠠᠬᠢᠯᠭᠠᠨ ᠭᠠᠷᠭᠠᠯᠳᠠ᠎ᠶ᠋ᠢᠨ ᠬᠡᠮᠵᠢᠶ᠎ᠠ᠎ᠶ᠋ᠢᠨ 15.6% ᠎ᠶ᠋ᠢ ᠡᠵᠡᠯᠡᠵᠦ᠍᠂ ᠡᠨᠡ ᠬᠦ᠌ ᠬᠠᠷᠢᠴᠠᠯ᠎ᠨᠢ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ ᠵᠠᠭᠤᠨ᠎ᠤ ᠬᠠᠷᠢᠴᠠᠯ᠎ᠢᠶᠠᠷ 0.6 ᠬᠤᠪᠢ ᠳᠡᠭᠡᠭ᠌ᠰᠢᠯᠡᠪᠡ᠃ 6 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠱᠢᠨ᠎ᠡ ᠡᠨᠧᠷᠭᠢ᠎ᠶ᠋ᠢᠨ ᠴᠠᠬᠢᠯᠭᠠᠨ ᠬᠦᠴᠦᠨ᠎ᠤ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ 4000 ᠲᠦᠮᠡᠨ ᠺᠢᠯᠣᠸᠠᠲ᠎ᠢ ᠳᠠᠪᠠᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠠᠴᠠ 255 ᠲᠦᠮᠡᠨ ᠺᠢᠯᠣᠸᠠᠲ ᠨᠡᠮᠡᠭ᠌ᠳᠡᠵᠦ᠍᠂ ᠪᠦᠬᠦ᠌ ᠣᠷᠣᠨ᠎ᠤ ᠴᠠᠬᠢᠯᠭᠠᠨ ᠬᠦᠴᠦᠨ᠎ᠤ ᠶᠡᠷᠦᠩᠬᠡᠢ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠎ᠳᠠᠬᠢ ᠡᠵᠡᠯᠡᠬᠦ᠌ ᠬᠠᠷᠢᠴᠠᠯ᠎ᠨᠢ 30% ᠎ᠶ᠋ᠢ ᠳᠠᠪᠠᠪᠠ ᠁ ᠡᠳᠡᠭᠡᠷ ᠲᠤᠭ᠎ᠠ ᠪᠠᠷᠢᠮᠲᠠ᠎ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠤᠯᠳᠠ ᠶᠠᠭ ᠥᠪᠥᠷ ᠮᠣᠩᠭᠤᠯ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠱᠢᠨ᠎ᠡ ᠬᠥᠳᠡᠯᠭᠡᠭᠦ᠌ ᠬᠦᠴᠤᠨ ᠪᠤᠯᠵᠤ ᠪᠠᠢᠬᠤ᠎ᠶ᠋ᠢ ᠬᠠᠷᠠᠭᠤᠯᠵᠤ ᠪᠠᠢᠨ᠎ᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠷᠢᠭᠤᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号