ᠤᠯᠠᠭᠠᠨᠬᠠᠳᠠ ᠬᠤᠲᠠ ᠤᠷᠤᠨ ᠰᠠᠭᠤᠴᠠ᠎ᠶ᠋ᠢᠨ ᠦᠢᠯᠡᠰ᠎ᠤᠨ ᠴᠢᠨᠠᠷ ᠰᠠᠢᠲᠠᠢ ᠬᠦᠭ᠌ᠵᠢᠯᠲᠡ᠎ᠶ᠋ᠢ ᠠᠬᠢᠭᠤᠯᠤᠨ᠎ᠠ
2021-01-10 10:29:11
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠤᠯᠠᠭᠠᠨᠬᠠᠳᠠ ᠬᠤᠲᠠ᠎ᠶ᠋ᠢᠨ ᠬᠡᠷ ᠭᠠᠵᠠᠷ᠎ᠤᠨ ᠬᠦᠷᠦᠩᠭᠡ᠎ᠶ᠋ᠢᠨ ᠵᠠᠬ᠎ᠠ ᠳᠡᠯᠭᠡᠭᠦᠷ ᠬᠡᠷ ᠪᠠᠢᠱᠢᠩ᠎ᠤᠨ ᠦᠨ᠎ᠡ ᠬᠠᠩᠰᠢ ᠥᠰᠭᠦ᠂ ᠳᠣᠭᠢᠷᠠᠭᠤᠯᠤᠨ ᠡᠵᠡᠮᠳᠡᠬᠦ᠌ ᠵᠡᠷᠭᠡ ᠶᠠᠪᠤᠴᠠ᠎ᠶ᠋ᠢ ᠥᠩᠭᠡᠷᠡᠭᠦᠯᠵᠦ᠍᠂ ᠶᠡᠷᠦᠩᠬᠡᠶ᠎ᠳᠡᠭᠡᠨ ᠲᠣᠭ᠍ᠲᠠᠭᠤᠨ ᠪᠠᠢᠬᠤ᠎ᠶ᠋ᠢ ᠪᠠᠲᠤᠯᠠᠭᠠᠳ ᠬᠤᠳᠠ ᠪᠠᠯᠭᠠᠰᠤᠨ᠎ᠤ ᠤᠯᠠᠨ ᠲᠦᠮᠡᠨ᠎ᠤ ᠤᠷᠤᠨ ᠰᠠᠭᠤᠴᠠ᠎ᠲᠠᠢ ᠪᠤᠯᠬᠤ ᠬᠦᠰᠡᠯ᠎ᠢ ᠲᠡᠷᠭᠡᠯᠱᠢᠬᠦᠯᠵᠥ᠍ ᠪᠠᠢᠨ᠎ᠠ᠃

2019 ᠣᠨ᠎ᠳᠤ᠂ ᠤᠯᠠᠭᠠᠨᠬᠠᠳᠠ ᠬᠤᠲᠠ 《ᠲᠥᠪ ᠬᠤᠲᠠ ᠲᠣᠭᠤᠷᠢᠭ᠎ᠤᠨ ᠬᠡᠷ ᠭᠠᠵᠠᠷ᠎ᠤᠨ ᠬᠦᠷᠦᠩᠬᠡ᠎ᠶ᠋ᠢᠨ ᠨᠡᠬᠡᠭᠡᠯᠲᠡ ᠡᠵᠡᠩᠨᠡᠯᠲᠡ᠎ᠶ᠋ᠢᠨ ᠡᠮᠬᠢ ᠳᠢᠭ᠌ᠯᠢᠮ᠎ᠢ ᠤᠯᠠᠮ ᠨᠢᠭᠡ ᠠᠯᠬᠤᠮ ᠵᠢᠷᠤᠮᠵᠢᠭᠤᠯᠵᠤ ᠬᠡᠷ ᠭᠠᠵᠠᠷ᠎ᠤᠨ ᠬᠦᠷᠦᠩᠬᠡ᠎ᠶ᠋ᠢᠨ ᠵᠠᠬ᠎ᠠ ᠳᠡᠯᠭᠡᠭᠦᠷ᠎ᠤᠨ ᠡᠷᠡᠭᠦᠯ᠎ᠢᠶᠠᠷ ᠬᠥᠭ᠌ᠵᠢᠬᠦ᠌᠎ᠶ᠋ᠢ ᠠᠬᠢᠭᠤᠯᠬᠤ ᠲᠤᠬᠠᠶ ᠤᠯᠠᠭᠠᠨᠬᠠᠳᠠ ᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》 (ᠳᠣᠷᠣᠭ᠍ᠰᠢ 《ᠰᠠᠨᠠᠯ》 ᠭᠡᠵᠦ᠍ ᠲᠣᠪᠴᠢᠯᠠᠨ᠎ᠠ》 ᠎ᠢ ᠨᠡᠢᠲᠡᠯᠡᠪᠡ᠃ ᠲᠤᠰ 《ᠰᠠᠨᠠᠯ》 ᠎ᠳᠤ᠂ ᠭᠤᠤᠯ ᠬᠤᠲᠠ ᠲᠣᠭᠤᠷᠢᠭ᠎ᠲᠤ 《ᠬᠡᠷ ᠪᠠᠢᠱᠢᠩ᠎ᠤᠨ ᠦᠨ᠎ᠡ᠎ᠶ᠋ᠢ ᠬᠢᠵᠠᠭᠠᠷᠯᠠᠬᠤ》 ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠬᠦ᠌᠎ᠶ᠋ᠢ ᠲᠤᠳᠤᠷᠬᠠᠢ ᠲᠤᠭ᠍ᠳᠠᠭᠠᠵᠤ᠂ ᠭᠡᠷ ᠪᠠᠢᠱᠢᠩ᠎ᠤᠨ ᠵᠠᠬ᠎ᠠ ᠳᠡᠯᠭᠡᠭᠦᠷ᠎ᠢ ᠰᠠᠮᠠᠭᠤᠷᠠᠭᠤᠯᠬᠤ ᠦᠢᠯᠡ ᠠᠵᠢᠯᠯᠠᠭ᠎ᠠ᠎ᠶ᠋ᠢ ᠬᠤᠷᠢᠭ᠍ᠯᠠᠨ ᠵᠣᠭ᠍ᠰᠣᠭᠠᠵᠤ᠂ ᠭᠡᠷ ᠪᠠᠢᠱᠢᠩ᠎ᠤᠨ ᠢᠷᠡᠯᠲᠡ᠎ᠶ᠋ᠢᠨ ᠮᠡᠳᠡᠭᠡ ᠵᠠᠩᠭᠢ᠎ᠶ᠋ᠢ ᠢᠯᠡ ᠲᠣᠳᠣ ᠪᠠᠢᠯᠭᠠᠬᠤ᠎ᠶ᠋ᠢ ᠪᠠᠲᠤᠯᠠᠬᠤ᠎ᠶ᠋ᠢᠨ ᠲᠤᠰᠠᠳᠠ᠂ ᠬᠤᠲᠠ᠎ᠶ᠋ᠢᠨ ᠭᠡᠷ ᠪᠠᠢᠱᠢᠩ᠎ᠤᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠭᠡᠷ ᠪᠠᠢᠱᠢᠩ᠎ᠤᠨ ᠢᠷᠡᠯᠲᠡ᠎ᠶ᠋ᠢᠨ ᠮᠡᠳᠡᠭᠡ ᠵᠠᠩᠭᠢ᠎ᠶ᠋ᠢᠨ ᠲᠠᠪᠴᠠᠩ᠎ᠢ ᠪᠠᠢᠭᠤᠯᠪᠠ᠃ ᠬᠤᠳᠠᠯᠳᠤᠨ ᠠᠪᠬᠤ᠎ᠶ᠋ᠢ ᠬᠢᠵᠠᠭᠠᠷᠯᠠᠬᠤ᠂ ᠪᠣᠷᠣᠯᠠᠭᠤᠯᠬᠤ᠎ᠶ᠋ᠢ ᠬᠢᠵᠠᠭᠠᠷᠯᠠᠬᠤ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠪᠡ᠃ ᠡᠳᠡᠭᠡᠷ ᠲᠥᠷᠥ᠎ᠶ᠋ᠢᠨ ᠪᠣᠳᠣᠯᠭ᠎ᠠ᠎ᠨᠢ ᠬᠡᠷ ᠭᠠᠵᠠᠷ᠎ᠤᠨ ᠬᠦᠷᠦᠩᠭᠡ᠎ᠶ᠋ᠢᠨ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠵᠢᠷᠤᠮᠵᠢᠭᠤᠯᠵᠤ᠂ ᠠᠷᠠᠳ ᠣᠯᠠᠨ᠎ᠤ ᠰᠡᠤᠡᠬᠢᠯ᠎ᠢ ᠠᠮᠤᠷᠵᠢᠭᠤᠯᠤᠭ᠍ᠰᠠᠨ ᠪᠠᠢᠨ᠎ᠠ᠃

ᠤᠯᠠᠭᠠᠨᠬᠠᠳᠠ᠎ᠳᠤ ᠬᠡᠳᠦᠨ ᠵᠢᠯ ᠠᠵᠢᠯᠯᠠᠭ᠍ᠰᠠᠨ ᠵᠠᠩ ᠠᠪᠤᠭᠠᠢ᠄ 《ᠡᠨᠡ ᠬᠡᠳᠦᠨ ᠵᠢᠯ᠎ᠳᠤ ᠤᠯᠠᠭᠠᠨᠬᠠᠳᠠ᠎ᠶ᠋ᠢᠨ ᠭᠡᠷ ᠪᠠᠢᠱᠢᠩ᠎ᠤᠨ ᠦᠨ᠎ᠡ ᠶᠡᠭᠡ᠎ᠪᠠᠷ ᠦᠰᠴᠤ᠌᠂ ᠣᠳᠣ ᠲᠦᠮᠡ ᠭᠠᠷᠤᠢ ᠲᠥᠭᠦᠷᠢᠭ ᠪᠤᠯᠪᠠ᠂ ᠮᠢᠨᠦ᠍ ᠤᠯᠵᠤ ᠪᠠᠢᠭ᠎ᠠ ᠴᠠᠯᠢᠩ᠎ᠢᠶᠠᠷ ᠶᠠᠭᠠᠬᠢᠵᠤ ᠴᠢᠷᠮᠠᠢᠭ᠍ᠰᠠᠨ ᠴᠤ᠌ ᠭᠡᠷ᠎ᠤᠨ ᠦᠨ᠎ᠡ᠎ᠶ᠋ᠢᠨ ᠥᠰᠥᠯᠲᠡ᠎ᠶ᠋ᠢ ᠲᠠᠭᠠᠵᠤ ᠠᠮᠵᠢᠬᠤ ᠦᠭᠡᠢ ᠲᠤᠯᠠ ᠬᠥᠳᠡᠭᠡ ᠨᠤᠳᠤᠭ᠎ᠲᠠᠭᠠᠨ ᠬᠠᠷᠢᠬᠤ᠎ᠪᠠᠷ ᠪᠡᠯᠡᠳᠭᠡᠵᠦ᠍ ᠪᠠᠢᠵᠠᠢ᠃ ᠬᠠᠷᠢᠨ ᠬᠤᠲᠠ᠎ᠠᠴᠠ ᠣᠷᠣᠨ ᠰᠠᠭᠤᠴᠠ᠎ᠶ᠋ᠢᠨ ᠦᠨ᠎ᠡ᠎ᠶ᠋ᠢ ᠬᠢᠵᠠᠭᠠᠷᠯᠠᠬᠤ ᠠᠯᠢ ᠤᠯᠠᠨ ᠲᠥᠷᠥ᠎ᠶ᠋ᠢᠨ ᠪᠣᠳᠣᠯᠭ᠎ᠠ ᠭᠠᠷᠭᠠᠭ᠍ᠰᠠᠨ᠎ᠨᠢ ᠨᠠᠳᠠ ᠱᠢᠭ᠋ ᠤᠷᠤᠨ ᠰᠠᠭᠤᠴᠠ ᠦᠬᠡᠢ ᠬᠦᠮᠥᠰ᠎ᠲᠤ ᠮᠠᠰᠢ ᠶᠡᠭᠡ ᠵᠤᠷᠢᠭ᠍ᠵᠢᠭᠤᠯᠤᠯ ᠪᠤᠯᠪᠠ᠃ ᠡᠨᠡ ᠵᠢᠯ ᠴᠢᠷᠮᠠᠢᠵᠤ ᠪᠠᠢᠭᠠᠳ ᠲᠦᠷᠦᠬᠦᠦ ᠪᠦᠯᠥᠭ ᠵᠣᠭᠤᠰ᠎ᠢᠶᠠᠨ ᠲᠤᠱᠢᠶᠠᠵᠤ᠂ ᠦᠪᠡᠷ᠎ᠤᠨ ᠤᠷᠤᠨ ᠰᠠᠭᠤᠴᠠ᠎ᠲᠠᠢ ᠪᠤᠯᠬᠤ᠎ᠪᠠᠷ ᠴᠢᠷᠮᠠᠢᠨ᠎ᠠ》 ᠭᠡᠵᠤ ᠪᠠᠢᠯ᠎ᠠ᠃

ᠰᠠᠶᠢᠬᠠᠨ ᠬᠤᠷᠠᠯᠳᠤᠭ᠍ᠰᠠᠨ ᠲᠥᠪ᠎ᠤᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠠᠴᠠ᠂ ᠬᠡᠷ ᠪᠠᠢᠱᠢᠩ ᠪᠣᠯ ᠰᠠᠭᠤᠬᠤ᠎ᠳᠤ ᠵᠣᠷᠢᠭᠤᠯᠤᠭ᠍ᠰᠠᠨ ᠶᠤᠮ᠂ ᠬᠠᠷᠢᠨ ᠰᠠᠷᠢᠭᠠᠯᠠᠬᠤ᠎ᠳᠤ ᠵᠣᠷᠢᠭᠤᠯᠤᠭ᠍ᠰᠠᠨ ᠪᠢᠰᠢ ᠭᠡᠬᠦ᠌ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠪᠠᠲᠤᠯᠠᠭ᠎ᠠ᠎ᠶ᠋ᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠴᠢᠬᠤᠯᠠᠴᠢᠯᠠᠵᠤ᠂ ᠤᠷᠳᠤ ᠬᠤᠭᠤᠴᠠᠭ᠎ᠠ᠎ᠪᠠᠷ ᠲᠦᠷᠢᠶᠡᠰᠦᠯᠡᠬᠦ᠌ ᠣᠷᠣᠨ ᠰᠠᠭᠤᠴᠠ᠎ᠶ᠋ᠢᠨ ᠲᠦᠷᠦ᠎ᠶ᠋ᠢᠨ ᠪᠤᠳᠤᠯᠭ᠎ᠠ᠎ᠶ᠋ᠢ ᠲᠦᠷᠭᠡᠪᠴᠢᠯᠡᠨ ᠲᠡᠬᠦᠯᠳᠡᠷᠵᠢᠬᠦᠯᠬᠦ᠌ ᠲᠤᠬᠠᠢ ᠲᠤᠳᠤᠷᠬᠠᠢ ᠲᠤᠷᠠᠳᠴᠤ᠌᠂ ᠤᠷᠤᠨ ᠰᠠᠭᠤᠴᠠ᠎ᠶ᠋ᠢᠨ ᠦᠢᠯᠡᠰ᠎ᠤᠨ ᠡᠷᠡᠬᠦᠯ᠎ᠢᠶᠠᠷ ᠬᠦᠭ᠌ᠵᠢᠬᠦ᠌᠎ᠳᠤ ᠪᠠᠳᠤᠯᠠᠭ᠎ᠠ ᠬᠠᠩᠭᠠᠪᠠ᠃

《ᠠᠷᠪᠠᠨ ᠳᠥᠷᠪᠡᠳᠦᠭᠡᠷ ᠲᠠᠪᠤᠨ ᠵᠢᠯ》 ᠎ᠤᠨ ᠬᠤᠭᠤᠴᠠᠭᠠᠨ᠎ᠳᠤ᠂ ᠤᠯᠠᠭᠠᠨᠬᠠᠳᠠ ᠬᠤᠲᠠ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ᠂ 《ᠳᠣᠤᠷ᠎ᠠ ᠳᠡᠰ᠎ᠨᠢ ᠪᠠᠲᠤᠯᠠᠭ᠎ᠠ᠎ᠲᠠᠢ᠂ ᠳᠤᠮᠳᠠ ᠲᠠᠰ᠎ᠨᠢ ᠳᠡᠮᠵᠢᠯᠭᠡ᠎ᠲᠠᠢ᠂ ᠳᠡᠭᠡᠳᠦ ᠲᠠᠰ᠎ᠨᠢ ᠵᠠᠬ᠎ᠠ ᠳᠡᠯᠭᠡᠭᠦᠷ᠎ᠲᠠᠢ》 ᠪᠠᠢᠬᠤ᠎ᠪᠠᠷ ᠵᠠᠷᠴᠢᠮ ᠪᠣᠯᠭᠠᠵᠤ᠂ ᠣᠷᠣᠨ ᠰᠠᠭᠤᠴᠠ᠎ᠶ᠋ᠢᠨ ᠬᠠᠩᠭᠠᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠣᠯᠠᠨ ᠪᠡᠶᠡᠴᠢ ᠴᠣᠭ᠍ᠴᠠ᠎ᠠᠴᠠ ᠬᠠᠩᠭᠠᠬᠤ᠂ ᠣᠯᠠᠨ ᠠᠷᠭ᠎ᠠ ᠵᠠᠮ᠎ᠢᠶᠠᠷ ᠪᠠᠲᠤᠯᠠᠬᠤ᠂ ᠲᠦᠷᠢᠶᠡᠰᠦᠯᠡᠬᠦ᠌ ᠪᠠ ᠬᠤᠳᠠᠯᠳᠤᠨ ᠠᠪᠬᠤ᠎ᠶ᠋ᠢ ᠵᠡᠷᠭᠡ᠎ᠪᠠᠷ ᠴᠢᠬᠤᠯᠠᠴᠢᠯᠠᠬᠤ ᠣᠷᠣᠨ ᠰᠠᠭᠤᠴᠠ᠎ᠶ᠋ᠢᠨ ᠲᠦᠷᠢᠮ᠎ᠢ ᠲᠦᠷᠭᠡᠪᠴᠢᠯᠡᠨ ᠪᠠᠢᠭᠤᠯᠤᠨ᠎ᠠ᠃ ᠵᠠᠢᠯᠠᠰᠢ ᠦᠭᠡᠶ ᠬᠡᠷᠡᠭ᠌ᠴᠡᠭᠡ᠎ᠶ᠋ᠢ ᠬᠠᠩᠭᠠᠬᠤ᠂ ᠳᠡᠮᠵᠢᠵᠦ᠍ ᠰᠠᠢᠵᠢᠷᠠᠭᠤᠯᠬᠤ ᠵᠠᠷᠴᠢᠮ᠎ᠤᠨ ᠶᠣᠰᠣᠭᠠᠷ᠂ ᠡᠯ᠎ᠡ ᠲᠥᠷᠥᠯ᠎ᠤᠨ ᠬᠡᠷᠡᠭ᠌ᠴᠡᠭᠡ᠎ᠳᠤ ᠴᠢᠭ᠌ᠯᠡᠭᠦᠯᠦᠨ ᠵᠦᠷᠢᠶᠡᠴᠢᠯᠡᠭ᠌ᠰᠡᠨ ᠲᠣᠬᠢᠷᠠᠭᠤᠯᠭ᠎ᠠ ᠡᠵᠡᠮᠱᠢᠯ᠎ᠢ ᠬᠡᠷᠡᠭ᠌ᠵᠢᠭᠦᠯᠦᠨ᠎ᠡ᠃ ᠭᠡᠷ ᠭᠠᠵᠠᠷ᠎ᠤᠨ ᠬᠦᠷᠦᠩᠭᠡ᠎ᠶ᠋ᠢᠨ ᠵᠠᠬ᠎ᠠ ᠳᠡᠯᠭᠡᠭᠦᠷ᠎ᠤᠨ ᠡᠮᠬᠢ ᠳᠢᠭ᠌ᠯᠢᠮ᠎ᠢ ᠵᠢᠷᠤᠮᠵᠢᠭᠤᠯᠵᠤ᠂ ᠲᠠᠸᠠᠷ᠎ᠤᠨ ᠣᠷᠣᠨ ᠰᠠᠭᠤᠴᠠ᠎ᠶ᠋ᠢᠨ ᠪᠣᠷᠣᠯᠠᠭᠤᠯᠤᠨ ᠬᠤᠳᠠᠯᠳᠤᠬᠤ ᠦᠨ᠎ᠡ ᠬᠠᠩᠰᠢ᠎ᠶ᠋ᠢ ᠬᠠᠮᠢᠶᠠᠷᠤᠨ ᠡᠵᠡᠮᠳᠡᠬᠦ᠌᠎ᠶ᠋ᠢ ᠴᠢᠩᠭᠠᠤᠡᠬᠠᠨ᠂ ᠵᠠᠬ᠎ᠠ ᠳᠡᠯᠭᠡᠭᠦᠷ᠎ᠤᠨ ᠬᠠᠩᠭᠠᠯᠭ᠎ᠠ ᠬᠡᠷᠡᠭ᠌ᠴᠡᠭᠡ᠎ᠶ᠋ᠢᠨ ᠲᠡᠩᠴᠡᠭᠦᠷᠢ᠎ᠶ᠋ᠢ ᠠᠬᠢᠭᠤᠯᠵᠤ᠂ ᠱᠢᠨ᠎ᠡ᠎ᠪᠠᠷ ᠪᠠᠢᠭᠤᠯᠤᠭ᠍ᠰᠠᠨ ᠲᠠᠸᠠᠷ᠎ᠤᠨ ᠭᠡᠷ ᠪᠠᠢᠱᠢᠩ᠎ᠤᠨ ᠪᠣᠷᠣᠯᠠᠭᠤᠯᠤᠨ ᠬᠤᠳᠠᠯᠳᠤᠬᠤ ᠳᠤᠮᠳᠠᠴᠢ ᠦᠨ᠎ᠡ ᠬᠢᠭᠡᠳ ᠠᠵᠤ ᠠᠬᠤᠶ᠎ᠶ᠋ᠢᠨ ᠨᠡᠮᠡᠭ᠌ᠳᠡᠯ ᠪᠣᠯᠤᠨ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠬᠠᠷᠢᠯᠴᠠᠨ ᠲᠣᠬᠢᠷᠠᠯᠴᠠᠭᠤᠯᠤᠨ᠎ᠠ᠃ ᠬᠤᠳᠠᠯᠳᠤᠭ᠎ᠠ ᠵᠢᠴᠢ ᠪᠤᠰᠤᠳ ᠬᠡᠷ ᠪᠠᠢᠱᠢᠩ ᠬᠡᠷᠡᠭ᠌ᠯᠡᠬᠦ᠌ ᠲᠥᠷᠥᠯ ᠵᠦᠢᠯ᠎ᠤᠨ ᠬᠠᠩᠭᠠᠯᠭ᠎ᠠ᠎ᠶ᠋ᠢ ᠵᠦᠶ ᠵᠣᠬᠢᠰᠲᠠᠶ ᠲᠥᠯᠥᠪᠵᠢᠭᠦᠯᠵᠦ᠍᠂ ᠨᠢᠭᠡᠨᠲᠡ ᠪᠠᠢᠭ᠎ᠠ ᠬᠤᠳᠠᠯᠳᠤᠭ᠎ᠠ ᠵᠢᠴᠢ ᠪᠤᠰᠤᠳ ᠬᠡᠷ ᠪᠠᠢᠱᠢᠩ᠎ᠤᠨ ᠬᠠᠳᠠᠭᠠᠯᠠᠯᠲᠠ᠎ᠶ᠋ᠢ ᠪᠠᠭᠠᠰᠭᠠᠬᠤ᠎ᠶ᠋ᠢ ᠲᠦᠷᠭᠡᠤᠡᠬᠡᠵᠦ᠍᠂ ᠬᠡᠷ ᠭᠠᠵᠠᠷ᠎ᠤᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠤᠨ ᠲᠣᠭ᠍ᠲᠠᠭᠤᠨ ᠪᠥᠭᠡᠳ ᠡᠷᠡᠭᠦᠯ᠎ᠢᠶᠠᠷ ᠬᠥᠭ᠌ᠵᠢᠬᠦ᠌᠎ᠶ᠋ᠢ ᠪᠠᠲᠤᠯᠠᠨ᠎ᠠ᠃

ᠤᠯᠠᠭᠠᠨᠬᠠᠳᠠ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ᠎ᠶ᠋ᠢᠨ ᠬᠠᠮᠢᠶ᠎ᠠ ᠪᠥᠬᠦᠶ ᠬᠠᠷᠢᠭᠤᠴᠠᠯᠭᠠᠲᠠᠨ᠎ᠠᠴᠠ᠂ ᠳᠠᠷᠠᠭᠠᠴᠢ᠎ᠪᠠᠷ ᠤᠯᠠᠭᠠᠨᠬᠠᠳᠠ ᠬᠤᠲᠠ᠂ ᠭᠡᠷ ᠭᠠᠵᠠᠷ᠎ᠤᠨ ᠬᠦᠷᠦᠩᠭᠡ᠎ᠶ᠋ᠢᠨ ᠦᠢᠯᠡᠰ᠎ᠤᠨ ᠲᠣᠭ᠍ᠲᠠᠭᠤᠨ ᠪᠥᠭᠡᠳ ᠡᠷᠡᠭᠦᠯ᠎ᠢᠶᠠᠷ ᠬᠥᠭ᠌ᠵᠢᠬᠦ᠌ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠣᠷᠣᠨ ᠰᠠᠭᠤᠴᠠ᠎ᠶ᠋ᠢᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠦᠨ ᠳᠠᠭᠠᠭᠤᠯᠵᠤ᠂ ᠪᠥᠬᠦ᠌ ᠬᠤᠲᠠ᠎ᠶ᠋ᠢᠨ ᠠᠷᠠᠳ ᠲᠦᠮᠡᠨ᠎ᠢ ᠰᠠᠭᠤᠬᠤ᠎ᠠᠴᠠ ᠣᠷᠣᠨ ᠰᠠᠭᠤᠴᠠ᠎ᠲᠠᠢ ᠪᠣᠯᠭᠠᠬᠤ᠎ᠪᠠᠷ ᠴᠢᠷᠮᠠᠢᠵᠤ᠂ ᠥᠷᠭᠡᠨ ᠣᠯᠠᠨ ᠬᠤᠲᠠ᠎ᠶ᠋ᠢᠨ ᠠᠷᠠᠳ᠎ᠤᠨ ᠵᠢᠷᠭᠠᠯᠲᠤ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠦᠨ᠎ᠠ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号