ᠲᠠᠪᠠᠯᠳᠠᠳᠤ ᠬᠦᠭ᠌ᠵᠢᠯᠳᠡ᠎ᠶ᠋ᠢ ᠪᠢᠴᠢᠭ᠌ᠯᠡᠭ᠌ᠰᠡᠨ ᠲᠠᠪᠤᠨ ᠵᠢᠯ
2021-01-10 09:24:51
ᠵᠣᠬᠢᠶᠠᠭ᠍ᠴᠢ᠄
ᠪᠤᠤ ᠨᠠᠷᠠᠨᠳᠤᠶᠠᠭ᠎ᠠ
ᠣᠩᠱᠢᠭ᠍ᠰᠠᠨ ᠣᠳᠠᠭ᠎ᠠ᠄
★★★☆☆

— 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠠᠬᠢ ᠮᠠᠨ᠎ᠤ ᠤᠷᠤᠨ᠎ᠤ ᠮᠠᠯ ᠠᠵᠤ ᠠᠬᠤᠢ᠎ᠶ᠋ᠢᠨ ᠬᠦᠭ᠌ᠵᠢᠯᠳᠡ᠎ᠶ᠋ᠢᠨ ᠲᠤᠬᠠᠢ ᠬᠦᠦᠷᠨᠢᠯ

ᠱᠢᠯᠤᠭᠤᠨ ᠬᠦᠭᠡ ᠬᠤᠱᠢᠭᠤᠨ᠎ᠤ ᠱᠠᠩᠳᠤ ᠪᠠᠯᠭᠠᠰᠤ᠎ᠶ᠋ᠢᠨ ᠪᠠᠶᠠᠨ ᠭᠤᠤᠯ ᠭᠠᠴᠠᠭᠠᠨ᠎ᠤ ᠮᠠᠯᠴᠢᠨ ᠰᠡᠴᠡᠨᠳᠤ᠎ᠶ᠋ᠢᠨ ᠦᠭᠡᠷ ᠮᠠᠯᠵᠢᠭ᠍ᠰᠠᠨ ᠴᠡᠪᠡᠷ ᠤᠷᠤᠯᠭ᠎ᠠ ᠨᠢᠳᠤᠨᠤᠨ᠎ᠤ᠎ᠬᠢ᠎ᠠᠴᠠ 10 ᠲᠦᠮᠡᠨ ᠲᠦᠭᠦᠷᠢᠭ ᠨᠡᠮᠡᠭ᠌ᠳᠡᠵᠦ᠍᠂ 40 ᠭᠠᠷᠤᠢ ᠲᠦᠮᠡᠨ ᠲᠦᠭᠦᠷᠢᠭ ᠡᠪᠤᠷᠳᠦᠯᠡᠭ᠌ᠰᠡᠨ ᠬᠠᠯᠠᠭᠤᠨ ᠴᠢᠮᠡᠭᠡ ᠮᠡᠳᠡᠭᠡ ᠵᠠᠭᠤᠴᠢᠯᠠᠭᠤᠷ᠎ᠢᠶᠠᠷ ᠲᠠᠮᠵᠢᠭ᠍ᠳᠠᠨ᠎ᠠ᠃ ᠮᠠᠨ᠎ᠤ ᠤᠷᠤᠨ᠎ᠤ ᠮᠠᠯ ᠠᠵᠤ ᠠᠬᠤᠢ᠎ᠶ᠋ᠢᠨ ᠲᠤᠮᠤ ᠠᠢᠮᠠᠭ ᠪᠤᠯᠬᠤ ᠱᠢᠯᠢ᠎ᠶ᠋ᠢᠨ ᠭᠤᠤᠯ ᠠᠢᠮᠠᠭ ᠤᠢ᠍ᠢᠷ᠎ᠠ᠎ᠶ᠋ᠢᠨ ᠵᠢᠯ᠎ᠠᠴᠠ ᠨᠠᠭᠠᠰᠢ 《ᠪᠤᠭ ᠮᠠᠯ᠎ᠢ ᠴᠦᠭᠡᠳᠭᠡᠨ ᠦᠭᠡᠷ᠎ᠢ ᠨᠡᠮᠡᠭ᠌ᠳᠡᠭᠦᠯᠬᠦ᠌》 ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠦᠭᠡᠷ᠎ᠤᠨ ᠲᠤᠭ᠎ᠠ᠂ ᠦᠭᠡᠷ᠎ᠤᠨ ᠡᠭᠦᠯᠳᠡᠷ ᠰᠠᠢᠵᠢᠷᠠᠭᠤᠯᠤᠭ᠍ᠰᠠᠨ ᠨᠤᠷᠮ᠎ᠠ ᠪᠤᠯᠤᠨ ᠠᠷᠠᠴᠢᠯᠠᠭ᠎ᠠ ᠮᠠᠯᠵᠢᠯᠭ᠎ᠠ᠎ᠶ᠋ᠢᠨ ᠲᠦᠪᠱᠢᠨ ᠴᠦᠮ ᠤᠷᠢᠳ ᠭᠠᠷᠤᠭ᠎ᠠ ᠦᠬᠡᠢ ᠲᠠᠬᠡᠭ᠌ᠰᠢᠯᠡᠪᠡ᠃ ᠡᠨᠡ ᠭᠦ᠌ ᠰᠠᠭᠤᠷᠢᠨ ᠲᠡᠭᠡᠷ᠎ᠠ ᠮᠢᠬᠠᠨ᠎ᠤ ᠦᠭᠡᠷ᠎ᠤᠨ ᠲᠦᠷᠦᠯ ᠲᠡᠮᠳᠡᠭ᠎ᠢ ᠴᠤᠭ᠍ᠴᠠᠯᠠᠨ ᠪᠦᠬᠦ᠌ ᠠᠵᠤ ᠦᠢᠯᠡᠰ᠎ᠤᠨ ᠬᠡᠯᠬᠢᠶ᠎ᠠ᠎ᠶ᠋ᠢᠨ ᠲᠦᠪᠯᠡᠷᠡᠭ᠌ᠰᠡᠨ ᠡᠷᠴᠢᠮᠵᠢᠭ᠌ᠰᠡᠨ ᠬᠦᠭ᠌ᠵᠢᠯᠳᠡ᠎ᠶ᠋ᠢᠨ ᠪᠠᠢᠷᠢᠱᠢᠯ᠎ᠢ ᠠᠩᠬ᠎ᠠ ᠠᠯᠬᠤᠮ ᠪᠦᠷᠢᠯᠳᠦᠭᠦᠯᠵᠦ᠍᠂ ᠮᠠᠯ ᠠᠵᠤ ᠠᠬᠤᠢ᠎ᠶ᠋ᠢᠨ ᠬᠦᠭ᠌ᠵᠢᠯᠳᠡ᠎ᠶ᠋ᠢᠨ ᠱᠢᠨ᠎ᠠ ᠵᠠᠮ᠎ᠢ ᠡᠯᠬᠦᠯ᠎ᠠ᠃

ᠪᠦᠳᠦᠴᠡ᠎ᠶ᠋ᠢ ᠲᠤᠬᠢᠷᠠᠭᠤᠯᠬᠤ᠂ ᠡᠭᠦᠯᠳᠡᠷ ᠰᠠᠢᠵᠢᠷᠠᠭᠤᠯᠬᠤ᠂ ᠪᠠᠷᠢᠮᠵᠢᠶᠠᠵᠢᠭᠤᠯᠤᠨ ᠲᠠᠵᠢᠬᠡᠵᠤ ᠬᠡᠪᠴᠢᠶᠡᠵᠢᠭᠦᠯᠤᠨ ᠲᠠᠵᠢᠬᠡᠬᠦ᠂ ᠲᠦᠷᠦᠯ ᠲᠡᠮᠳᠡᠭ᠎ᠢ ᠴᠤᠭ᠍ᠴᠠᠯᠠᠬᠤ ᠵᠡᠷᠭᠡ ᠪᠤᠯ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ ᠮᠠᠨ᠎ᠤ ᠤᠷᠤᠨ᠎ᠤ ᠮᠠᠯ ᠠᠵᠤ ᠠᠬᠤᠢ᠎ᠶ᠋ᠢᠨ ᠦᠢᠯᠡᠳᠪᠦᠷᠢᠯᠡᠯ᠎ᠤᠨ ᠴᠢᠳᠠᠪᠤᠷᠢ ᠲᠠᠰᠤᠷᠠᠯᠲᠠ ᠦᠭᠡᠢ ᠳᠡᠭᠡᠭ᠌ᠰᠢᠯᠡᠵᠦ᠍᠂ ᠲᠠᠪᠠᠯᠳᠠᠳᠤ ᠬᠥᠭ᠌ᠵᠢᠯᠲᠡ᠎ᠶ᠋ᠢ ᠪᠡᠶᠡᠯᠡᠭᠦᠯᠦᠭ᠌ᠰᠡᠨ ᠴᠢᠬᠤᠯᠠ ᠬᠡᠳᠦᠨ ᠠᠨᠢᠰᠤ ᠪᠤᠯᠤᠨ᠎ᠠ᠃ ᠮᠠᠨ᠎ᠤ ᠤᠷᠤᠨ᠎ᠤ ᠮᠠᠯ ᠠᠵᠤ ᠠᠬᠤᠢ᠎ᠶ᠋ᠢᠨ ᠦᠢᠯᠡᠳᠪᠦᠷᠢᠯᠡᠯ 《15 ᠵᠢᠯ ᠳᠠᠷᠠᠭᠠᠯᠠᠨ ᠲᠣᠭ᠍ᠲᠠᠭᠤᠨ ᠪᠠᠢᠬᠤ》 ᠎ᠶ᠋ᠢ ᠪᠠᠳᠤᠯᠠᠨ᠂ 2019 ᠣᠨ᠎ᠳᠤ ᠮᠢᠬᠠᠨ᠎ᠤ ᠲᠥᠷᠥᠯ᠎ᠤᠨ ᠶᠡᠷᠦᠩᠬᠡᠶ ᠭᠠᠷᠤᠯᠲᠠ 264.6 ᠲᠦᠮᠡᠨ ᠲᠣᠨ᠎ᠳᠤ ᠬᠦᠷᠴᠠᠢ᠃ ᠡᠬᠦᠨ᠎ᠳᠤ 150 ᠲᠦᠮᠡᠨ ᠲᠣᠨ ᠭᠠᠷᠤᠢ᠎ᠶ᠋ᠢ᠎ᠨᠢ ᠭᠠᠳᠠᠭ᠍ᠰᠢ ᠭᠠᠷᠭᠠᠵᠤ᠂ ᠪᠦᠬᠦ᠌ ᠤᠯᠤᠰ᠎ᠤᠨ ᠮᠢᠬᠠᠨ᠎ᠤ ᠲᠦᠷᠦᠯ᠎ᠤᠨ ᠬᠠᠩᠭᠠᠯᠭ᠎ᠠ᠎ᠶ᠋ᠢ ᠪᠠᠲᠤᠯᠠᠬᠤ᠎ᠳᠤ ᠢᠳᠡᠪᠬᠢ ᠬᠤᠪᠢ ᠨᠡᠮᠡᠷᠢ ᠦᠵᠡᠭᠦᠯᠦᠭ᠌ᠰᠡᠨ ᠠᠵᠢ᠃

ᠮᠠᠨ᠎ᠤ ᠤᠷᠤᠨ᠎ᠤ ᠬᠤᠨᠢᠨ ᠮᠢᠬᠠᠨ᠎ᠤ ᠭᠠᠷᠤᠯᠲᠠ ᠪᠥᠬᠦ᠌ ᠤᠯᠤᠰ᠎ᠲᠤ ᠲᠦᠷᠦᠭᠦᠯᠡᠵᠦ᠍᠂ ᠮᠢᠬᠠᠨ᠎ᠤ ᠬᠤᠨᠢ ᠲᠡᠵᠢᠭᠡᠬᠦ᠌ ᠨᠡᠮᠡᠭ᠌ᠳᠡᠯ᠎ᠤᠨ ᠬᠡᠮᠵᠢᠶ᠎ᠠ ᠶᠡᠷᠦᠩᠬᠡᠶ᠎ᠳᠡᠭᠡᠨ ᠮᠠᠯᠵᠢᠬᠤ ᠣᠷᠣᠨ᠎ᠠᠴᠠ ᠲᠠᠷᠢᠶᠠᠯᠠᠬᠤ ᠣᠷᠣᠨ ᠲᠡᠢᠰᠢ ᠱᠢᠯᠵᠢᠵᠦ᠍᠂ ᠮᠠᠯ ᠪᠡᠯᠴᠢᠭᠡᠷ᠎ᠤᠨ ᠲᠡᠩᠴᠡᠭᠦᠷᠢ᠎ᠶ᠋ᠢ ᠠᠬᠢᠭᠤᠯᠪᠠ᠃ ᠮᠠᠯᠵᠢᠬᠤ ᠣᠷᠣᠨ᠎ᠳᠤ ᠣᠷᠣᠨ ᠨᠤᠲᠤᠭ᠎ᠤᠨ ᠰᠠᠢᠨ ᠡᠭᠦᠯᠳᠡᠷ᠎ᠢ ᠰᠣᠩᠭᠤᠨ ᠪᠤᠢᠵᠢᠭᠤᠯᠬᠤ᠎ᠪᠠᠷ ᠬᠦᠴᠦᠯᠡᠨ ᠮᠢᠬᠠᠨ᠎ᠤ ᠬᠤᠨᠢ᠎ᠶ᠋ᠢᠨ ᠠᠱᠢᠭ ᠱᠢᠮ᠎ᠠ᠎ᠶ᠋ᠢᠨ ᠭᠠᠷᠤᠯᠲᠠ᠎ᠶ᠋ᠢ ᠳᠡᠭᠡᠭ᠌ᠰᠢᠯᠡᠭᠦᠯᠵᠦ᠍᠂ ᠰᠦᠷᠦᠭ᠎ᠤᠨ ᠡᠷᠭᠢᠯᠲᠡ᠎ᠶ᠋ᠢ ᠲᠦᠷᠭᠡᠳᠭᠡᠨ ᠦᠢᠯᠡᠳᠪᠦᠷᠢᠯᠡᠯ᠎ᠤᠨ ᠬᠡᠮᠵᠢᠶ᠎ᠡ᠎ᠶ᠋ᠢ ᠲᠣᠭ᠍ᠲᠠᠪᠤᠷᠢᠵᠢᠭᠤᠯᠪᠠ; ᠲᠠᠷᠢᠶᠠᠯᠠᠬᠤ ᠣᠷᠣᠨ᠎ᠳᠤ ᠮᠢᠬᠠᠨ᠎ᠤ ᠬᠤᠨᠢ ᠦᠷᠡᠵᠢᠭᠦᠯᠦᠨ ᠪᠤᠢᠵᠢᠭᠤᠯᠬᠤ ᠲᠤᠰᠭᠠᠶ ᠡᠷᠦᠬᠡ᠎ᠶ᠋ᠢ ᠰᠠᠢᠲᠤᠷ ᠠᠳᠭᠤᠨ᠂ ᠪᠠᠷᠢᠮᠵᠢᠶᠠᠵᠢᠭᠤᠯᠤᠨ ᠲᠠᠵᠢᠬᠡᠵᠤ ᠬᠡᠪᠴᠢᠶᠡᠵᠢᠭᠦᠯᠤᠨ ᠲᠡᠵᠢᠭᠡᠬᠦ᠌᠎ᠶ᠋ᠢ ᠲᠦᠷᠭᠡᠳᠭᠡᠨ ᠠᠬᠢᠭᠤᠯᠵᠤ᠂ ᠨᠡᠢᠭᠡᠮ᠎ᠤᠨ ᠡᠳ᠋ ᠬᠥᠷᠥᠩᠭᠡ᠎ᠶ᠋ᠢᠨ ᠬᠤᠨᠢ ᠲᠡᠵᠢᠭᠡᠬᠦ᠌ ᠦᠢᠯᠡᠰ᠎ᠲᠤ ᠪᠡᠯᠡ ᠣᠷᠣᠭᠤᠯᠬᠤ᠎ᠶ᠋ᠢ ᠵᠣᠷᠢᠭ᠍ᠵᠢᠭᠤᠯᠵᠤ᠂ ᠬᠠᠱᠢᠶᠠᠯᠠᠨ ᠲᠡᠵᠢᠭᠡᠬᠦ᠌ ᠲᠥᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ ᠲᠠᠵᠢᠬᠡᠪᠤᠷᠢ᠎ᠶ᠋ᠢᠨ ᠲᠤᠭ᠎ᠠ᠎ᠶ᠋ᠢ ᠨᠡᠮᠡᠭ᠌ᠳᠡᠭᠦᠯᠦᠭ᠌ᠰᠡᠨ ᠪᠠᠢᠨ᠎ᠠ᠃ ᠤᠳᠤ ᠮᠠᠨ᠎ᠤ ᠣᠷᠣᠨ᠎ᠤ ᠬᠤᠨᠢᠨ ᠮᠢᠬᠠᠨ᠎ᠤ ᠵᠢᠯ᠎ᠤᠨ ᠭᠠᠷᠤᠯᠲᠠ ᠪᠦᠬᠦ᠌ ᠤᠯᠤᠰ᠎ᠤᠨ 25% ᠎ᠶ᠋ᠢ ᠡᠵᠡᠯᠡᠨ 109.8 ᠲᠦᠮᠡᠨ ᠲᠣᠨ᠎ᠳᠤ ᠬᠦᠷᠴᠦ᠍᠂ ᠵᠠᠭᠤᠨ ᠲᠦᠮᠡᠨ ᠲᠣᠨ᠎ᠢ ᠳᠠᠪᠠᠭ᠍ᠰᠠᠨ ᠴᠤᠷ᠎ᠤᠨ ᠭᠠᠭ᠍ᠴᠠ ᠮᠤᠵᠢ ᠣᠷᠣᠨ ᠪᠤᠯᠤᠭ᠍ᠰᠠᠨ ᠪᠦᠬᠡᠳ ᠱᠢᠯᠢ᠎ᠶ᠋ᠢᠨ ᠭᠤᠤᠯ᠎ᠤᠨ ᠬᠤᠨᠢᠨ ᠮᠢᠬ᠎ᠠ ᠪᠤᠯᠤᠨ ᠬᠥᠯᠥᠨ ᠪᠤᠢᠷ᠎ᠤᠨ ᠪᠡᠯᠴᠢᠭᠡᠷ᠎ᠤᠨ ᠬᠤᠨᠢᠨ ᠮᠢᠬ᠎ᠠ ᠳᠤᠮᠳᠠᠳᠤ ᠤᠯᠤᠰ᠎ᠤᠨ ᠬᠦᠳᠡᠭᠡ ᠠᠵᠤ ᠠᠬᠤᠢ᠎ᠶ᠋ᠢᠨ ᠲᠦᠷᠦᠯ ᠲᠡᠮᠳᠡᠭ᠎ᠤᠨ ᠭᠠᠷᠴᠠᠭ᠎ᠲᠤ ᠰᠣᠩᠭᠤᠭ᠍ᠳᠠᠵᠠᠶ᠃ ᠮᠠᠨ᠎ᠤ ᠤᠷᠤᠨ᠎ᠤ ᠪᠡᠯᠴᠢᠭᠡᠷ᠎ᠤᠨ ᠮᠢᠬᠠᠨ᠎ᠤ ᠬᠤᠨᠢᠨ᠎ᠤ ᠠᠵᠤ ᠦᠢᠯᠡᠰ ᠤᠯᠤᠰ᠎ᠤᠨ ᠲᠡᠰ᠎ᠤᠨ ᠠᠵᠤ ᠦᠢᠯᠡᠰ᠎ᠤᠨ ᠪᠦᠯᠦᠭ᠌ᠵᠢᠯ᠎ᠳᠤ ᠤᠷᠤᠵᠤ᠂ ᠮᠢᠬᠠᠨ᠎ᠤ ᠬᠤᠨᠢᠨ᠎ᠤ ᠠᠵᠤ ᠦᠢᠯᠡᠰ᠎ᠤᠨ ᠵᠢᠯ᠎ᠤᠨ ᠦᠶᠯᠡᠳᠬᠦᠨ᠎ᠤ ᠥᠷᠲᠡᠭ 800 ᠳ᠋ᠦᠩᠱᠢᠭᠤᠷ ᠲᠥᠭᠦᠷᠢᠭ᠎ᠢ ᠲᠠᠪᠠᠵᠤ ᠪᠤᠢ᠃

ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤᠨ᠎ᠤ ᠮᠢᠬᠠᠨ᠎ᠤ ᠦᠬᠡᠷ᠎ᠤᠨ ᠠᠵᠤ ᠦᠢᠯᠡᠰ᠎ᠤᠨ ᠬᠦᠷᠢᠶᠡᠯᠡᠩ᠎ᠨᠢ ᠤᠯᠤᠰ᠎ᠤᠨ ᠲᠠᠰ᠎ᠤᠨ ᠣᠲᠣ ᠦᠶ᠎ᠡ᠎ᠶ᠋ᠢᠨ ᠬᠦᠳᠡᠭᠡ ᠠᠵᠤ ᠠᠬᠤᠢ᠎ᠶ᠋ᠢᠨ ᠠᠵᠤ ᠦᠢᠯᠡᠰ᠎ᠤᠨ ᠬᠦᠷᠢᠶᠡᠯᠡᠩ ᠪᠣᠯᠵᠣ᠂ ᠬᠤᠷᠴᠢᠨ ᠦᠬᠡᠷ ᠳᠤᠮᠳᠠᠳᠤ ᠤᠯᠤᠰ᠎ᠤᠨ ᠬᠦᠳᠡᠭᠡ ᠠᠵᠤ ᠠᠬᠤᠢ᠎ᠶ᠋ᠢᠨ ᠲᠦᠷᠦᠯ ᠲᠡᠮᠳᠡᠭ᠎ᠤᠨ ᠭᠠᠷᠴᠠᠭ᠎ᠲᠤ ᠰᠤᠩᠭᠤᠭ᠍ᠳᠠᠨ ᠲᠦᠷᠦᠯ ᠲᠡᠮᠳᠡᠭ᠎ᠤᠨ ᠥᠷᠲᠡᠭ᠎ᠨᠢ ᠵᠠᠭᠤᠨ ᠳ᠋ᠦᠩᠱᠢᠭᠤᠷ ᠲᠥᠭᠦᠷᠢᠭ᠎ᠢ ᠳᠠᠪᠠᠪᠠ᠃ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ ᠮᠠᠨ᠎ᠤ ᠤᠷᠤᠨ ᠴᠢᠨᠠᠷ ᠰᠠᠢᠲᠠᠶ ᠡᠬᠡ ᠮᠠᠯ᠎ᠢ ᠰᠦᠷᠦᠭ᠌ᠵᠢᠭᠦᠯᠦᠨ ᠨᠡᠮᠡᠭ᠌ᠳᠡᠭᠦᠯᠵᠦ᠍᠂ ᠱᠢᠯᠢᠳᠡᠭ ᠡᠭᠦᠯᠳᠡᠷ᠎ᠢ ᠪᠤᠢᠵᠢᠭᠤᠯᠬᠤ ᠱᠢᠰᠲ᠋ᠧᠮ᠎ᠤᠨ ᠪᠠᠢᠭᠤᠯᠤᠯᠲᠠ᠎ᠶ᠋ᠢ ᠲᠡᠭᠦᠯᠳᠡᠷᠵᠢᠭᠦᠯᠦᠨ ᠲᠡᠵᠢᠭᠡᠯ ᠡᠪᠡᠰᠦ ᠪᠣᠷᠳᠤᠭ᠎ᠠ᠎ᠶ᠋ᠢᠨ ᠪᠠᠳᠤᠯᠠᠭ᠎ᠠ᠎ᠶ᠋ᠢᠨ ᠴᠢᠳᠠᠪᠤᠷᠢ᠎ᠶ᠋ᠢ ᠲᠡᠭᠡᠭ᠌ᠰᠢᠯᠡᠭᠦᠯᠦᠭ᠌ᠰᠡᠨ ᠪᠠᠢᠨ᠎ᠠ᠃ ᠮᠠᠯᠵᠢᠬᠤ ᠣᠷᠣᠨ᠎ᠤ ᠲᠤᠭᠤᠯ ᠲᠤᠰᠴᠦ᠍ ᠪᠤᠢᠵᠢᠭᠤᠯᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠲᠠᠷᠢᠶᠠᠯᠠᠬᠤ ᠣᠷᠣᠨ᠎ᠤ ᠲᠡᠵᠢᠭᠡᠨ ᠦᠷᠡᠵᠢᠭᠦᠯᠬᠦ᠌ ᠪᠠ ᠪᠣᠷᠳᠣᠵᠤ ᠲᠠᠷᠭᠤᠯᠠᠭᠤᠯᠬᠤ ᠬᠡᠪᠴᠢᠶ᠎ᠡ᠎ᠶ᠋ᠢ ᠥᠷᠭᠡᠳᠭᠡᠨ᠂ ᠠᠵᠤ ᠦᠢᠯᠡᠰ᠎ᠤᠨ ᠵᠠᠬ᠎ᠠ ᠳᠡᠯᠭᠡᠭᠦᠷ᠎ᠤᠨ ᠥᠷᠢᠰᠦᠯᠳᠦᠬᠦ᠌ ᠬᠦᠴᠦᠨ ᠪᠣᠯᠤᠨ ᠲᠡᠵᠢᠭᠡᠨ ᠦᠷᠡᠵᠢᠭᠦᠯᠬᠦ᠌ ᠦᠷ᠎ᠡ ᠠᠱᠢᠭ᠎ᠢ ᠳᠡᠭᠡᠭ᠌ᠰᠢᠯᠡᠭᠦᠯᠦᠭ᠌ᠰᠡᠨ᠎ᠢᠶᠠᠷ ᠮᠠᠯᠴᠢᠨ ᠲᠠᠷᠢᠶᠠᠴᠢᠳ᠎ᠤᠨ ᠮᠢᠬᠠᠨ᠎ᠤ ᠦᠬᠡᠷ ᠲᠠᠵᠢᠬᠡᠬᠦ᠌ ᠢᠳᠡᠪᠬᠢᠵᠢᠯ ᠤᠷᠢᠳ ᠭᠠᠷᠤᠭ᠎ᠠ ᠦᠬᠡᠢ ᠲᠠᠢᠴᠢᠯᠠᠭ᠍ᠳᠠᠵᠤ᠂ ᠤᠳᠤ ᠦᠬᠡᠷ᠎ᠤᠨ ᠮᠢᠬᠠᠨ᠎ᠤ ᠵᠢᠯ᠎ᠤᠨ ᠭᠠᠷᠤᠯᠲᠠ 63.8 ᠲᠦᠮᠡᠨ ᠲᠣᠨ᠎ᠳᠤ ᠬᠦᠷᠴᠦ᠍ ᠪᠦᠬᠦ᠌ ᠤᠯᠤᠰ᠎ᠲᠤ ᠲᠡᠳ᠋ᠯᠡᠨ᠂ ᠮᠢᠬᠠᠨ᠎ᠤ ᠦᠬᠡᠷ᠎ᠤᠨ ᠠᠵᠤ ᠦᠢᠯᠡᠰ᠎ᠤᠨ ᠵᠢᠯ᠎ᠤᠨ ᠦᠢᠯᠡᠳᠬᠦᠨ᠎ᠤ ᠥᠷᠲᠡᠭ 400 ᠳ᠋ᠦᠩᠱᠢᠭᠤᠷ ᠲᠥᠭᠦᠷᠢᠭ᠎ᠢ ᠲᠠᠪᠠᠵᠤ ᠪᠤᠢ᠃

ᠮᠠᠨ᠎ᠤ ᠤᠷᠤᠨ ᠪᠤᠯ ᠪᠦᠬᠦ᠌ ᠤᠯᠤᠰ᠎ᠤᠨ ᠰᠦ᠎ᠶ᠋ᠢᠨ ᠦᠢᠯᠡᠰ᠎ᠤᠨ ᠭᠤᠣᠯ ᠭᠠᠷᠤᠯᠲᠠ᠎ᠶ᠋ᠢᠨ ᠣᠷᠣᠨ ᠮᠦᠨ᠂ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ ᠡᠯ᠎ᠠ ᠭᠠᠵᠠᠷ᠎ᠤᠨ᠎ᠬᠢᠨ ᠰᠠᠭᠠᠯᠢ᠎ᠶ᠋ᠢᠨ ᠦᠨᠢᠶ᠎ᠡ᠎ᠶ᠋ᠢ ᠪᠠᠷᠢᠮᠵᠢᠶᠠᠵᠢᠭᠤᠯᠤᠨ ᠲᠠᠵᠢᠬᠡᠵᠤ ᠬᠡᠪᠴᠢᠶᠡᠵᠢᠭᠦᠯᠤᠨ ᠲᠡᠵᠢᠭᠡᠬᠦ᠂ ᠱᠢᠯᠢᠳᠡᠭ ᠡᠭᠦᠯᠳᠡᠷ᠎ᠤᠨ ᠰᠠᠭᠠᠯᠢ᠎ᠶ᠋ᠢᠨ ᠦᠨᠢᠶ᠎ᠠ᠎ᠶ᠋ᠢ ᠪᠤᠢᠵᠢᠭᠤᠯᠬᠤ᠂ ᠱᠢᠨᠵᠢᠯᠡᠬᠦ᠌ ᠤᠬᠠᠭᠠᠨᠴᠢ᠎ᠪᠠᠷ ᠠᠷᠠᠴᠢᠯᠠᠨ ᠲᠡᠵᠢᠭᠡᠬᠦ᠌᠎ᠶ᠋ᠢ ᠲᠤᠪᠤᠢᠯᠭᠠᠨ ᠰᠠᠢᠲᠤᠷ ᠠᠳᠭᠤᠵᠤ᠂ ᠳᠠᠭᠠᠭᠤᠯᠤᠭ᠍ᠴᠢ ᠠᠵᠤ ᠠᠬᠤᠢᠯᠠᠯ᠎ᠢ ᠲᠡᠳᠬᠦᠨ ᠬᠦᠭ᠌ᠵᠢᠬᠦᠯᠵᠤ᠂ ᠮᠠᠯᠵᠢᠬᠤ ᠲᠠᠷᠢᠶᠠᠯᠠᠬᠤ ᠡᠷᠦᠬᠡ ᠪᠤᠯᠤᠨ ᠠᠵᠤ ᠠᠬᠤᠢᠯᠠᠯ᠎ᠤᠨ ᠠᠱᠢᠭ ᠲᠤᠰᠠ᠎ᠶ᠋ᠢᠨ ᠬᠤᠯᠪᠤᠭᠠᠨ᠎ᠤ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠰᠦ᠎ᠶ᠋ᠢᠨ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠬᠦ᠌᠎ᠶ᠋ᠢ ᠠᠬᠢᠭᠤᠯᠵᠠᠢ᠃ 2019 ᠣᠨ᠎ᠳᠤ ᠪᠦᠬᠦ᠌ ᠤᠷᠤᠨ᠎ᠤ ᠰᠠᠭᠠᠯᠢ᠎ᠶ᠋ᠢᠨ ᠦᠨᠢᠶ᠎ᠠ ᠪᠤᠯᠤᠨ ᠦᠨᠢᠶᠡᠨ ᠰᠦ᠎ᠶ᠋ᠢᠨ ᠭᠠᠷᠤᠯᠲᠠ ᠲᠤᠰ ᠪᠦᠷᠢ 122.5 ᠲᠦᠮᠡ ᠪᠠ 577.2 ᠲᠦᠮᠡᠨ ᠲᠣᠨ᠎ᠳᠤ ᠬᠦᠷᠴᠦ᠍᠂ ᠬᠡᠪᠴᠢᠶᠡᠵᠢᠬᠦᠯᠦᠨ ᠲᠠᠵᠢᠬᠡᠵᠤ ᠪᠠᠢᠭ᠎ᠠ ᠰᠠᠭᠠᠯᠢ᠎ᠶ᠋ᠢᠨ ᠦᠨᠢᠶ᠎ᠠ ᠨᠢᠬᠡ ᠪᠦᠷᠢ᠎ᠶ᠋ᠢᠨ ᠵᠢᠯ᠎ᠤᠨ ᠠᠱᠢᠭ ᠣᠷᠣᠯᠭ᠎ᠠ 5000 ᠲᠥᠭᠦᠷᠢᠭ ᠣᠷᠴᠢᠮ᠎ᠳᠤ ᠬᠦᠷᠴᠦ᠍ ᠪᠤᠢ᠃ ᠤᠳᠤ ᠮᠠᠨ᠎ᠤ ᠤᠷᠤᠨ ᠪᠦᠬᠦ᠌ ᠤᠯᠤᠰ᠎ᠤᠨ ᠰᠦ᠎ᠶ᠋ᠢᠨ ᠦᠢᠯᠡᠰ᠎ᠤᠨ ᠦᠢᠯᠡᠳᠭᠦᠨ᠎ᠤ ᠦᠷᠳᠡᠭ ᠮᠢᠩᠭᠠᠨ ᠳ᠋ᠦᠩᠱᠢᠭᠤᠷ ᠲᠦᠭᠦᠷᠢᠭ᠎ᠢ ᠳᠠᠪᠠᠭ᠍ᠰᠠᠨ ᠴᠤᠷ᠎ᠤᠨ ᠭᠠᠭ᠍ᠴᠠ ᠮᠣᠵᠢ ᠣᠷᠣᠨ ᠪᠣᠯᠵᠤ᠂ ᠨᠡᠷ᠎ᠡ ᠨᠢᠳᠡᠷ᠎ᠲᠡᠭᠡᠨ ᠨᠡᠢᠴᠡᠭ᠌ᠰᠡᠨ 《ᠰᠦ᠎ᠶ᠋ᠢᠨ ᠬᠦᠮᠦᠷᠭᠡ》 ᠪᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号