ᠮᠠᠨ᠎ᠤ ᠤᠷᠤᠨ ᠠᠮᠢ ᠠᠬᠤᠢ᠎ᠪᠠᠷ ᠶᠠᠳᠠᠭᠤ᠎ᠶ᠋ᠢ ᠲᠡᠳᠬᠦᠭᠡᠳ 29 ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ᠎ᠳᠤ ᠠᠱᠢᠬ ᠬᠦᠷᠳᠡᠭᠡᠪᠡ
2021-01-10 10:29:20
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠠᠷᠪᠠᠨ ᠭᠤᠷᠪᠠᠳᠤᠭᠠᠷ ᠲᠠᠪᠤᠨ ᠵᠢᠯ᠎ᠤᠨ ᠬᠤᠭᠤᠴᠠᠭᠠᠨ᠎ᠳᠤ᠂ ᠮᠠᠨ᠎ᠤ ᠤᠷᠤᠨ ᠤᠢ ᠱᠢᠭᠤᠢ᠎ᠶ᠋ᠢᠨ ᠠᠮᠢ ᠠᠬᠤᠢ᠎ᠶ᠋ᠢᠨ ᠪᠦᠳᠦᠭᠡᠨ ᠪᠠᠢᠭᠤᠯᠤᠯᠳᠡ᠎ᠶ᠋ᠢ 3828 ᠲᠦᠮᠡᠨ ᠮᠦ᠍ ᠪᠡᠶᠡᠯᠡᠬᠦᠯᠵᠤ᠂ ᠠᠮᠢ ᠠᠬᠤᠢ᠎ᠪᠠᠷ ᠶᠠᠳᠠᠭᠤ᠎ᠶ᠋ᠢ ᠲᠡᠳᠬᠦᠬᠦ᠌ ᠲᠤᠭ᠍ᠳᠠᠴᠡ᠎ᠶ᠋ᠢᠨ ᠱᠢᠨ᠎ᠠ᠎ᠶ᠋ᠢ ᠡᠬᠦᠳᠴᠤ᠌᠂ 29 ᠲᠦᠮᠨ ᠱᠢᠬᠠᠮ ᠶᠠᠳᠠᠭᠤ ᠬᠦᠴᠢᠷᠳᠡᠯᠳᠡᠢ ᠬᠦᠮᠦᠨ ᠠᠮᠠ᠎ᠳᠤ ᠠᠮᠢ ᠠᠬᠤᠢ᠎ᠶ᠋ᠢᠨ ᠨᠦᠬᠦᠪᠤᠷᠢ ᠤᠯᠭᠤᠵᠤ᠂ ᠤᠯᠤᠰ᠎ᠤᠨ ᠨᠤᠳᠤᠭ ᠲᠡᠪᠢᠰᠭᠡᠷ᠎ᠤᠨ ᠨᠤᠭᠤᠭᠠᠷᠠᠭᠤᠯᠤᠯᠳᠡ᠂ ᠤᠢ ᠱᠢᠭᠤᠢ ᠨᠤᠳᠤᠭ ᠪᠡᠯᠴᠢᠬᠡᠷ᠎ᠤᠨ ᠠᠵᠤ ᠤᠢ᠍ᠢᠯᠡᠰ᠎ᠠᠴᠠ ᠠᠱᠢᠬ ᠬᠦᠷᠳᠡᠭᠡᠪᠠ᠃

ᠠᠯᠠᠱᠠ ᠵᠡᠬᠦᠨ ᠬᠤᠱᠢᠭᠤᠨ᠎ᠤ ᠦᠯᠵᠡᠢ ᠰᠤᠮᠤᠨ᠎ᠤ ᠦᠨᠳᠦᠷᠮᠤᠳᠤ ᠭᠠᠴᠠᠭᠠᠨ᠎ᠤ ᠡᠷᠳᠡᠨᠢᠳᠠᠯᠠᠢ ᠭᠤᠶᠤᠤ ᠲᠠᠷᠢᠬᠤ ᠤᠢᠯᠡᠰ ᠵᠠᠬ᠎ᠠ ᠲᠡᠯᠬᠡᠬᠦᠷ᠎ᠤᠨ ᠦᠨ᠎ᠠ ᠦᠷᠳᠡᠭ ᠪᠠ ᠠᠮᠢ ᠠᠬᠤᠢ᠎ᠶ᠋ᠢᠨ ᠦᠨ᠎ᠠ ᠦᠷᠳᠡᠭ ᠦᠨᠳᠤᠷ ᠪᠠᠢᠬᠤ᠎ᠶ᠋ᠢ ᠤᠯᠵᠤ ᠮᠡᠳᠡᠭᠡᠳ ᠨᠤᠳᠤᠭ᠎ᠤᠨ ᠤᠯᠠᠨ᠎ᠢᠶᠠᠨ ᠲᠠᠭᠠᠭᠤᠯᠤᠨ ᠡᠯᠡᠰᠦᠨ᠎ᠳᠤ ᠤᠢ᠍ᠢᠵᠢᠭᠤᠯᠤᠯᠳᠡ ᠬᠢᠵᠤ ᠡᠯᠡᠰᠦᠨ᠎ᠤ ᠠᠵᠤ ᠤᠢ᠍ᠢᠯᠡᠰ᠎ᠢ ᠬᠦᠭ᠌ᠵᠢᠬᠦᠯᠬᠦ᠌ ᠱᠢᠨ᠎ᠠ ᠠᠷᠭ᠎ᠠ ᠵᠠᠮ᠎ᠢ ᠡᠷᠢᠯᠬᠢᠯᠡᠵᠡᠢ᠃ ᠦᠨᠳᠦᠷᠮᠤᠳᠤ ᠭᠠᠴᠠᠭᠠᠨ᠎ᠤ᠎ᠬᠢᠨ 2000 ᠮᠦ᠍ ᠭᠠᠴᠠᠭᠠᠨ᠎ᠤ ᠨᠡᠢᠳᠡ᠎ᠶ᠋ᠢᠨ ᠨᠤᠳᠤᠭ ᠲᠡᠭᠡᠷ᠎ᠠ ᠭᠤᠶᠤᠤ ᠲᠠᠷᠢᠵᠤ᠂ ᠨᠤᠳᠤᠭ᠎ᠢᠶᠠᠨ ᠨᠤᠭᠤᠭᠠᠷᠠᠭᠤᠯᠤᠭ᠍ᠰᠠᠨ᠎ᠢᠶᠠᠷ ᠪᠠᠷᠠᠬᠤ ᠦᠬᠡᠢ ᠮᠠᠯᠴᠢᠳ᠎ᠤᠨ ᠤᠷᠤᠯᠭ᠎ᠠ᠎ᠶ᠋ᠢ ᠴᠤ᠌ ᠨᠡᠮᠡᠭ᠌ᠳᠡᠬᠦᠯᠵᠡᠢ᠂ ᠤᠳᠤ ᠪᠤᠯᠬᠤ᠎ᠳᠤ᠂ ᠦᠨᠳᠦᠷᠮᠤᠳᠤ ᠭᠠᠴᠠᠭ᠎ᠠ᠎ᠨᠢ ᠡᠯᠡᠰᠦᠨ᠎ᠤ ᠠᠵᠤ ᠤᠢ᠍ᠢᠯᠡᠰ᠎ᠠᠴᠠ ᠪᠤᠳᠠᠳᠤ ᠠᠱᠢᠬ ᠬᠦᠷᠳᠡᠵᠤ᠂ 20 ᠶᠠᠳᠠᠭᠤ ᠬᠦᠴᠢᠷᠳᠡᠯᠳᠡᠢ ᠡᠷᠤᠭᠡ ᠴᠤ᠌ ᠪᠦᠬᠦᠨ᠎ᠢᠶᠠᠷ᠎ᠢᠶᠠᠨ ᠶᠠᠳᠠᠭᠤ᠎ᠠᠴᠠ ᠠᠩᠬᠢᠵᠢᠷᠠᠵᠡᠢ᠃ ᠤᠢ᠍ᠢᠷ᠎ᠠ᠎ᠶ᠋ᠢᠨ ᠵᠢᠯ᠎ᠤᠨ ᠲᠤᠷᠰᠢ᠂ ᠮᠠᠨ᠎ᠤ ᠤᠷᠤᠨ ᠠᠮᠢ ᠠᠬᠤᠢ᠎ᠶ᠋ᠢ ᠬᠠᠮᠠᠭᠠᠯᠠᠬᠤ ᠪᠠ ᠶᠠᠳᠠᠭᠤ᠎ᠶ᠋ᠢ ᠲᠡᠳᠬᠦᠬᠦ᠌᠎ᠶ᠋ᠢ ᠤᠶᠠᠯᠳᠤᠭᠤᠯᠵᠤ᠂ ᠵᠠᠰᠠᠭ᠎ᠤᠨ ᠤᠷᠳᠤᠨ ᠲᠦᠷᠦ᠎ᠶ᠋ᠢᠨ ᠪᠤᠳᠤᠯᠭ᠎ᠠ᠎ᠪᠠᠷ ᠵᠢᠯᠤᠭᠤᠳᠤᠭ᠍ᠰᠠᠨ᠂ ᠤᠯᠠᠨ ᠵᠠᠮ᠎ᠢᠶᠠᠷ ᠪᠡᠯᠡ ᠤᠷᠤᠭᠤᠯᠤᠭ᠍ᠰᠠᠨ᠂ ᠮᠠᠯᠴᠢᠨ ᠲᠠᠷᠢᠶᠠᠴᠢᠨ ᠢᠳᠡᠪᠬᠢᠳᠡᠢ ᠤᠷᠤᠯᠴᠠᠭ᠍ᠰᠠᠨ ᠠᠮᠢ ᠠᠬᠤᠢ᠎ᠶ᠋ᠢᠨ ᠪᠦᠳᠦᠭᠡᠨ ᠪᠠᠢᠭᠤᠯᠤᠯᠳᠡ᠎ᠶ᠋ᠢᠨ ᠰᠠᠢᠨ ᠬᠠᠨᠳᠤᠰᠢ᠎ᠶ᠋ᠢ ᠪᠤᠢ ᠪᠤᠯᠭᠠᠪᠠ᠃ ᠪᠦᠭᠦ᠌ ᠤᠷᠤᠨ᠎ᠤ ᠤᠢ ᠱᠢᠭᠤᠢ᠎ᠶ᠋ᠢᠨ ᠭᠤᠤᠯᠳᠠᠭ᠎ᠠ᠎ᠲᠠᠢ ᠢᠨᠵᠧᠨᠧᠷᠢᠩ᠎ᠤᠨ ᠶᠡᠷᠤᠩᠬᠡᠢ ᠡᠬᠦᠷᠭᠡ᠎ᠶ᠋ᠢᠨ 70% ᠎ᠠᠴᠠ ᠲᠠᠭᠡᠭ᠌ᠰᠢᠬᠢ᠎ᠶ᠋ᠢ ᠶᠠᠳᠠᠭᠤ ᠬᠦᠴᠢᠷᠳᠡᠯᠳᠡᠢ ᠭᠠᠵᠠᠷ ᠤᠷᠤᠨ᠎ᠳᠤ ᠲᠤᠬᠢᠷᠠᠭᠤᠯᠵᠤ᠂ ᠲᠦᠷᠦᠯ ᠵᠦᠢᠯ᠎ᠢᠶᠠᠷ 1500 ᠭᠠᠷᠤᠢ ᠲᠠᠩᠰᠠᠯᠠᠵᠤ ᠺᠠᠷᠲᠯᠠᠭ᠍ᠰᠠᠨ ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢ ᠲᠠᠢᠴᠢᠯᠠᠵᠤ᠂ ᠬᠦ᠍ᠮᠦᠨ ᠪᠦᠷᠢ᠎ᠶ᠋ᠢᠨ ᠲᠤᠮᠳᠠᠴᠢ ᠤᠷᠤᠯᠭ᠎ᠠ᠎ᠶ᠋ᠢ 2000 ᠲᠦᠬᠦᠷᠢᠭ ᠪᠤᠯᠭᠠᠨ ᠨᠡᠮᠡᠭ᠌ᠳᠡᠬᠦᠯᠵᠤ᠂ ᠶᠠᠳᠠᠭᠤ ᠬᠦᠴᠢᠷᠳᠡᠯᠳᠡᠢ ᠭᠠᠵᠠᠷ ᠤᠷᠤᠨ᠎ᠤ ᠠᠮᠢ ᠠᠬᠤᠢ ᠤᠷᠴᠢᠨ ᠲᠤᠭᠤᠷᠢᠨ᠎ᠢ ᠰᠠᠢᠵᠢᠷᠠᠭᠤᠯᠬᠤ ᠪᠠ ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢᠨ ᠤᠷᠤᠯᠭ᠎ᠠ᠎ᠶ᠋ᠢ ᠨᠡᠮᠡᠭ᠌ᠳᠡᠬᠦᠯᠬᠦ᠌ ᠬᠤᠤᠰ ᠠᠮᠵᠢᠯᠳᠡ᠎ᠶ᠋ᠢ ᠤᠯᠪᠠ᠃

ᠠᠯᠠᠱᠠ ᠵᠡᠬᠦᠨ ᠬᠤᠱᠢᠭᠤᠨ᠎ᠤ ᠤᠢ ᠱᠢᠭᠤᠢ᠎ᠶ᠋ᠢᠨ ᠰᠠᠯᠠᠭ᠎ᠠ ᠮᠦᠴᠢᠷ᠎ᠤᠨ᠎ᠬᠢᠨ ᠨᠡᠢᠳᠡ᠎ᠶ᠋ᠢᠨ ᠠᠰᠠᠷᠡᠮᠵᠢ᠎ᠶ᠋ᠢᠨ ᠤᠢ᠎ᠶ᠋ᠢᠨ ᠨᠦᠬᠦᠪᠤᠷᠢ᠎ᠶ᠋ᠢᠨ ᠲᠦᠷᠦ᠎ᠶ᠋ᠢᠨ ᠪᠤᠳᠤᠯᠭ᠎ᠠ᠎ᠶ᠋ᠢ ᠬᠦᠷᠳᠡᠵᠤ ᠪᠠᠢᠭ᠎ᠠ ᠲᠠᠩᠰᠠᠯᠠᠵᠤ ᠺᠠᠷᠲᠯᠠᠭ᠍ᠰᠠᠨ ᠶᠠᠳᠠᠭᠤ ᠬᠦᠴᠢᠷᠳᠡᠯᠳᠡᠢ ᠡᠷᠤᠭᠡ᠎ᠳᠤ ᠨᠦᠬᠦᠪᠤᠷᠢ ᠮᠦᠩᠬᠦ᠌᠎ᠶ᠋ᠢ ᠤᠷᠢᠳ᠎ᠢᠶᠠᠷ ᠪᠠᠭᠤᠯᠭᠠᠵᠤ᠂ ᠨᠦᠬᠦᠴᠡᠯ᠎ᠳᠤ ᠨᠡᠢᠴᠡᠭ᠌ᠰᠡᠨ ᠶᠠᠳᠠᠭᠤ ᠬᠦᠴᠢᠷᠳᠡᠯᠳᠡᠢ ᠬᠦᠳᠡᠯᠮᠤᠷᠢ ᠬᠦᠴᠦᠨ᠎ᠢ ᠡᠩ ᠲᠡᠷᠢᠬᠦᠨ᠎ᠳᠤ ᠤᠢ ᠬᠠᠮᠠᠭᠠᠯᠠᠭ᠍ᠴᠢ᠎ᠪᠠᠷ ᠤᠷᠢᠨ ᠬᠡᠷᠡᠭ᠌ᠯᠡᠵᠤ᠂ ᠨᠡᠢᠳᠡ᠎ᠶ᠋ᠢᠨ ᠠᠰᠠᠷᠠᠮᠵᠢ᠎ᠶ᠋ᠢᠨ ᠤᠢ᠎ᠶ᠋ᠢᠨ ᠬᠠᠮᠠᠭᠠᠯᠠᠯᠳᠡ᠎ᠶ᠋ᠢᠨ ᠤᠷᠤᠨ᠎ᠤ ᠬᠦᠮᠦᠨ ᠨᠢᠬᠡ ᠪᠦᠷᠢ᠎ᠳᠤ ᠵᠢᠯ ᠪᠤᠯᠭᠠᠨ 1.5 ᠲᠦᠮᠡᠨ ᠲᠦᠬᠦᠷᠢᠭ᠎ᠤᠨ ᠨᠦᠬᠦᠪᠤᠷᠢ ᠤᠯᠭᠤᠵᠤ᠂ ᠮᠠᠯᠴᠢᠨ ᠲᠠᠷᠢᠶᠠᠴᠢᠨ᠎ᠢ ᠬᠠᠪᠰᠤᠷᠤᠨ ᠭᠤᠶᠤᠤ ᠲᠠᠷᠢᠬᠤ ᠵᠡᠷᠭᠡ ᠤᠨᠴᠠᠯᠢᠭ᠍ᠳᠤ ᠠᠮᠢ ᠠᠬᠤᠢ᠎ᠶ᠋ᠢᠨ ᠠᠵᠤ ᠤᠢ᠍ᠢᠯᠡᠰ᠎ᠢ ᠬᠦᠭ᠌ᠵᠢᠬᠦᠯᠵᠡᠢ᠃ ᠤᠳᠤᠬᠠᠨ ᠪᠤᠯᠳᠠᠯ᠎ᠠ᠂ ᠮᠠᠨ᠎ᠤ ᠤᠷᠤᠨ 17348 ᠲᠠᠩᠰᠠᠯᠠᠵᠤ ᠺᠠᠷᠲᠯᠠᠭ᠍ᠰᠠᠨ ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢ ᠠᠮᠢ ᠠᠬᠤᠢ᠎ᠶ᠋ᠢᠨ ᠬᠠᠮᠠᠭᠠᠯᠠᠭ᠍ᠴᠢ᠎ᠪᠠᠷ ᠤᠷᠢᠨ ᠬᠡᠷᠡᠭ᠌ᠯᠡᠵᠤ᠂ ᠬᠦᠮᠦᠨ ᠪᠦᠷᠢ᠎ᠳᠤ ᠲᠤᠮᠳᠠᠴᠢ᠎ᠪᠠᠷ ᠲᠦᠮᠡᠨ ᠲᠦᠬᠦᠷᠢᠭ᠎ᠤᠨ ᠨᠦᠬᠦᠪᠤᠷᠢ ᠤᠯᠭᠤᠪᠠ᠃ ᠶᠠᠳᠠᠭᠤ ᠬᠦᠴᠢᠷᠳᠡᠯᠳᠡᠢ ᠭᠠᠵᠠᠷ ᠤᠷᠤᠨ᠎ᠢ ᠤᠯᠤᠰ᠎ᠤᠨ ᠲᠡᠰ᠎ᠤᠨ ᠨᠡᠢᠳᠡ᠎ᠶ᠋ᠢᠨ ᠠᠰᠠᠷᠠᠮᠵᠢ᠎ᠶ᠋ᠢᠨ ᠤᠢ ᠪᠤᠯᠤᠨ ᠦᠪᠡᠷᠳᠡᠭᠡᠨ ᠵᠠᠰᠠᠬᠤ ᠤᠷᠤᠨ᠎ᠤ ᠨᠡᠢᠳᠠ᠎ᠶ᠋ᠢᠨ ᠠᠰᠠᠷᠠᠮᠵᠢ᠎ᠶ᠋ᠢᠨ ᠤᠢ᠎ᠶ᠋ᠢᠨ ᠨᠦᠬᠦᠪᠤᠷᠢ᠎ᠶ᠋ᠢᠨ ᠬᠡᠪᠴᠢᠶᠡᠨ᠎ᠳᠤ ᠤᠷᠤᠭᠤᠯᠬᠤ᠎ᠪᠠᠷ ᠲᠠᠮᠵᠢᠨ᠂ 24.6 ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ᠎ᠳᠤ ᠱᠢᠭᠤᠳ ᠠᠱᠢᠬ ᠬᠦᠷᠳᠡᠭᠡᠪᠡ; ᠤᠯᠤᠰ᠎ᠤᠨ ᠨᠡᠢᠳᠡ᠎ᠶ᠋ᠢᠨ ᠠᠰᠠᠷᠠᠮᠵᠢ᠎ᠶ᠋ᠢᠨ ᠤᠢ᠎ᠶ᠋ᠢᠨ ᠨᠦᠬᠦᠪᠤᠷᠢ ᠪᠡᠯᠡ ᠮᠦᠩᠬᠦ᠌᠎ᠶ᠋ᠢ ᠠᠱᠢᠬ᠍ᠯᠠᠵᠤ᠂ 1.1 ᠲᠦᠮᠡ ᠭᠠᠷᠤᠢ ᠲᠠᠩᠰᠠᠯᠠᠵᠤ ᠺᠠᠷᠲᠯᠠᠭ᠍ᠰᠠᠨ ᠶᠠᠳᠠᠭᠤ ᠬᠦᠴᠢᠷᠳᠡᠯᠳᠡᠢ ᠬᠦᠮᠦᠨ ᠠᠮᠠ᠎ᠶ᠋ᠢ ᠤᠢ ᠱᠢᠭᠤᠢ᠎ᠶ᠋ᠢᠨ ᠬᠠᠮᠢᠶᠠᠷᠤᠭ᠍ᠴᠢ᠎ᠪᠠᠷ ᠤᠷᠢᠨ ᠬᠡᠷᠡᠭ᠌ᠯᠡᠵᠤ᠂ ᠬᠦᠮᠦᠨ ᠪᠦᠷᠢ᠎ᠶ᠋ᠢᠨ ᠲᠤᠮᠳᠠᠴᠢ ᠤᠷᠤᠯᠭ᠎ᠠ 5000 ᠱᠢᠬᠠᠮ ᠲᠦᠬᠦᠷᠢᠭ᠎ᠲᠤ ᠬᠦᠷᠴᠡᠢ᠃

ᠶᠡᠭᠡ ᠬᠢᠩᠭᠠᠨ ᠳᠠᠪᠠᠭᠠᠨ᠎ᠤ ᠭᠠᠨ ᠾᠧ ᠣᠶ ᠱᠢᠭᠤᠶ᠎ᠶ᠋ᠢᠨ ᠲᠣᠪᠴᠢᠶ᠎ᠠ᠎ᠶ᠋ᠢᠨ ᠭᠠᠨ ᠳ᠋ᠦᠩ ᠣᠶ ᠱᠢᠭᠤᠶ᠎ᠶ᠋ᠢᠨ ᠲᠠᠯᠠᠪᠠᠶ᠎ᠶ᠋ᠢᠨ ᠬᠢᠲᠠᠳ ᠡᠪᠡᠰᠦᠨ ᠡᠮ᠎ᠨᠢ ᠶᠠᠳᠠᠭᠤ᠎ᠠᠴᠠ ᠠᠩᠭᠢᠵᠢᠷᠠᠨ ᠪᠠᠶᠠᠵᠢᠬᠤ 《ᠲᠣᠮᠣ ᠠᠵᠤ ᠦᠶᠯᠡᠰ》 ᠪᠤᠯᠤᠭ᠍ᠰᠠᠨ ᠪᠠᠢᠯ᠎ᠠ᠂ ᠡᠨᠡ᠎ᠨᠢ ᠱᠢᠭᠤᠢ᠍ᠢᠳᠤ ᠭᠠᠵᠠᠷ᠎ᠤᠨ ᠦᠷ᠎ᠡ ᠠᠱᠢᠭ᠎ᠢ ᠬᠠᠮᠤᠭ᠎ᠤᠨ ᠶᠡᠭᠡ ᠪᠣᠯᠭᠠᠭ᠍ᠰᠠᠨ᠎ᠢᠶᠠᠷ ᠪᠠᠷᠠᠬᠤ ᠥᠬᠡᠶ᠂ ᠤᠢ᠍ᠢᠷ᠎ᠠ ᠬᠠᠪᠢ᠎ᠶ᠋ᠢᠨ ᠭᠠᠵᠠᠷ ᠣᠷᠣᠨ᠎ᠢ ᠳᠠᠢᠴᠢᠯᠠᠨ ᠬᠢᠲᠠᠳ ᠡᠪᠡᠰᠦᠨ ᠡᠮ ᠳᠠᠷᠢᠭᠤᠯᠵᠤ᠂ ᠲᠦᠮᠡ ᠱᠢᠬᠠᠮ ᠬᠥᠮᠦᠨ᠎ᠳᠤ ᠠᠵᠢᠯ ᠤᠯᠭᠤᠵᠡᠢ᠃ ᠤᠳᠤ ᠪᠤᠯᠳᠠᠯ᠎ᠠ᠂ ᠪᠦᠬᠦ᠌ ᠤᠷᠤᠨ᠎ᠳᠤ 14 ᠤᠯᠤᠰ᠎ᠤᠨ ᠤᠢ ᠱᠢᠭᠤᠢ᠎ᠶ᠋ᠢᠨ ᠭᠤᠤᠯᠳᠠᠯᠭ᠎ᠠ᠎ᠲᠠᠢ ᠲᠠᠭᠠᠭᠤᠯᠤᠭ᠍ᠴᠢ ᠠᠵᠤ ᠠᠬᠤᠢ᠍ᠢᠯᠡᠯ᠎ᠲᠠᠢ ᠪᠤᠯᠵᠤ᠂ ᠤᠷᠤᠨ᠎ᠤ ᠲᠡᠰ᠎ᠤᠨ ᠤᠢ ᠱᠢᠭᠤᠢ᠎ᠶ᠋ᠢᠨ ᠠᠵᠤ ᠤᠢ᠍ᠢᠯᠡᠰᠵᠢᠭ᠌ᠰᠡᠨ ᠭᠤᠤᠯᠳᠠᠯᠭ᠎ᠠ᠎ᠲᠠᠢ ᠲᠠᠭᠠᠭᠤᠯᠤᠭ᠍ᠴᠢ ᠠᠵᠤ ᠠᠬᠤᠢ᠍ᠢᠯᠡᠯ 64 ᠪᠠᠢᠨ᠎ᠠ᠃ 2019 ᠤᠨ᠎ᠳᠤ᠂ ᠪᠦᠬᠦ᠌ ᠤᠷᠤᠨ᠎ᠤ ᠤᠢ ᠱᠢᠭᠤᠢ᠎ᠶ᠋ᠢᠨ ᠤᠢ᠍ᠢᠯᠡᠰ᠎ᠤᠨ ᠶᠡᠷᠤᠩᠬᠡᠢ ᠦᠷᠳᠡᠭ 556 ᠳ᠋ᠦᠩᠱᠢᠭᠤᠷ ᠲᠦᠬᠦᠷᠢᠭ᠎ᠢ ᠲᠠᠪᠠᠵᠤ᠂ ᠮᠠᠯᠴᠢᠨ ᠲᠠᠷᠢᠶᠠᠴᠢᠨ᠎ᠤ ᠬᠦᠮᠦᠨ ᠲᠤᠮᠳᠠᠴᠢ᠎ᠶ᠋ᠢᠨ ᠤᠢ ᠱᠢᠭᠤᠢ᠎ᠶ᠋ᠢᠨ ᠤᠷᠤᠯᠭ᠎ᠠ 1080 ᠲᠦᠬᠦᠷᠢᠭ᠎ᠲᠤ ᠬᠦᠷᠪᠡ᠃

ᠠᠮᠢ ᠠᠬᠤᠶ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠭ᠍ᠰᠠᠨ ᠤᠷᠢᠲᠠᠯ ᠳᠣᠣᠷ᠎ᠠ᠂ ᠮᠠᠨ᠎ᠤ ᠤᠷᠤᠨ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠠᠮᠢ ᠠᠬᠤᠶ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢ ᠭᠦᠢᠴᠡᠳ ᠠᠱᠢᠭ᠍ᠯᠠᠨ᠂ ᠣᠳᠣ᠎ᠶ᠋ᠢᠨ ᠪᠠᠢᠭ᠎ᠠ ᠢᠨᠵᠧᠨᠧᠷᠢᠩ᠎ᠲᠠᠢ ᠤᠶᠠᠯᠳᠤᠭᠤᠯᠵᠤ ᠣᠨᠴᠠᠯᠢᠭ᠍ᠲᠤ ᠠᠵᠤ ᠠᠬᠤᠶ᠎ᠶ᠋ᠢᠨ ᠣᠶ᠂ ᠣᠶ ᠲᠤᠳᠤᠷᠠᠬᠢ ᠠᠵᠤ ᠠᠬᠤᠶ ᠵᠡᠷᠭᠡ ᠠᠮᠢ ᠠᠬᠤᠶ᠎ᠶ᠋ᠢᠨ ᠠᠵᠤ ᠦᠢᠯᠡᠰ᠎ᠢ ᠬᠦᠴᠦᠯᠡᠨ ᠬᠥᠭ᠌ᠵᠢᠭᠦᠯᠵᠦ᠍᠂ ᠭᠠᠵᠠᠷ ᠱᠢᠷᠣᠶ᠎ᠪᠠᠨ ᠱᠢᠯᠵᠢᠬᠦᠯᠦᠨ ᠲᠦᠷᠢᠶᠡᠰᠦᠯᠡᠬᠦ᠂ ᠬᠤᠪᠢ ᠣᠷᠣᠭᠤᠯᠵᠤ ᠠᠱᠢᠭ ᠬᠤᠪᠢᠶᠠᠬᠤ᠂ ᠬᠤᠷᠱᠢᠨ ᠡᠵᠡᠩᠨᠡᠬᠦ᠂ ᠠᠵᠢᠯ ᠣᠯᠭᠤᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠠᠱᠢᠭ ᠲᠤᠰᠠ᠎ᠶ᠋ᠢᠨ ᠬᠤᠯᠪᠤᠭᠠᠨ᠎ᠤ ᠲᠣᠭ᠍ᠲᠠᠴᠠ᠎ᠶ᠋ᠢ ᠪᠠᠢᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢᠨ ᠣᠷᠣᠯᠭ᠎ᠠ᠎ᠶ᠋ᠢ ᠨᠡᠮᠡᠭ᠌ᠳᠡᠭᠦᠯᠬᠦ᠌ ᠠᠷᠭ᠎ᠠ ᠵᠠᠮ᠎ᠢ ᠦᠷᠭᠡᠳᠭᠡᠵᠤ᠂ ᠠᠭᠤᠯᠠ ᠲᠠᠯ᠎ᠠ᠎ᠨᠢ ᠬᠦᠬᠡᠷᠡᠨ ᠨᠤᠭᠤᠭᠠᠷᠠᠭ᠍ᠰᠠᠨ᠂ ᠠᠵᠤ ᠤᠢ᠍ᠢᠯᠡᠰ᠎ᠨᠢ ᠮᠠᠨᠳᠤᠭ᠍ᠰᠠᠨ᠂ ᠠᠷᠠᠳ ᠲᠦᠮᠡᠨ᠎ᠨᠢ ᠴᠢᠨᠡᠭᠡᠯᠢᠭ᠌ᠵᠢᠭ᠌ᠰᠡᠨ ᠱᠢᠨ᠎ᠠ ᠠᠶᠠᠨ᠎ᠳᠠᠭᠠᠨ ᠲᠦᠷᠦᠭᠡ ᠴᠢᠩᠭᠠᠯᠠᠨ ᠤᠷᠤᠭ᠍ᠰᠢᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号