ᠬᠠᠮᠲᠤ᠎ᠶ᠋ᠢᠨ ᠠᠵᠤ ᠠᠬᠤᠢ᠎ᠶ᠋ᠢ ᠪᠤᠵᠠᠭᠠᠢᠷᠠᠭᠤᠯᠤᠨ ᠴᠢᠨᠡᠭᠡᠯᠢᠭ ᠠᠮᠢᠳᠤᠷᠠᠯ᠎ᠢᠶᠠᠨ ᠴᠤᠭ᠍ᠴᠠᠯᠠᠨ᠎ᠠ
2021-01-10 10:29:29
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

2020 ᠤᠨ᠎ᠤ 12 ᠰᠠᠷ᠎ᠠ᠎ᠶ᠋ᠢᠨ 25 ᠎ᠤ ᠡᠳᠦᠷ᠂ ᠰᠤᠷᠪᠤᠯᠵᠢᠯᠠᠭ᠍ᠴᠢ ᠤᠷᠠᠳ᠎ᠤᠨ ᠲᠤᠮᠳᠠᠳᠤ ᠬᠤᠱᠢᠭᠤᠨ᠎ᠤ ᠲᠦᠪ ᠬᠠᠯᠢᠭᠤᠳᠤ ᠪᠠᠯᠭᠠᠰᠤᠨ᠎ᠠᠴᠠ ᠮᠤᠷᠳᠡᠵᠤ᠂ ᠵᠡᠭᠦᠨ ᠡᠮᠦᠨᠡᠰᠢ ᠰᠤᠨᠤᠯᠵᠠᠭ᠍ᠰᠠᠨ ᠨᠠᠷᠢᠨ ᠵᠠᠰᠠᠮᠠᠯ ᠵᠠᠮ᠎ᠢᠶᠠᠷ ᠬᠠᠭᠠᠰ ᠴᠠᠭ ᠭᠠᠷᠤᠢ ᠠᠶᠠᠯᠠᠨ᠂ ᠲᠠᠬᠢᠨ ᠮᠤᠷᠤᠯᠵᠠᠨ ᠰᠤᠨᠤᠯᠵᠠᠭ᠍ᠰᠠᠨ ᠱᠦᠢᠨᠢ ᠵᠠᠮ᠎ᠢᠶᠠᠷ ᠬᠤᠷᠢᠭᠠᠳ ᠮᠢᠨᠦ᠋ᠲ ᠳᠠᠪᠬᠢᠭᠤᠯᠤᠭᠠᠳ ᠱᠢᠨ᠎ᠡ ᠬᠦᠷᠢᠶ᠎ᠡ ᠪᠠᠯᠭᠠᠰᠤ᠎ᠶ᠋ᠢᠨ ᠴᠠᠭᠠᠨ᠌ᠤ᠋ᠪᠤᠭ᠎ᠠ ᠭᠠᠴᠠᠭᠠᠨ᠎ᠤ ᠬᠠᠮᠲᠤ᠎ᠶ᠋ᠢᠨ ᠠᠵᠤ ᠠᠬᠤᠢ᠎ᠶ᠋ᠢᠨ ᠲᠡᠵᠢᠭᠡᠪᠦᠷᠢ᠎ᠶ᠋ᠢᠨ ᠲᠠᠯᠠᠪᠠᠢ ᠪᠤᠯᠬᠤ ᠨᠠᠷᠠᠨᠪᠤᠯᠠᠭ ᠲᠡᠷᠢᠶᠠᠯᠠᠩ ᠮᠠᠯ ᠠᠵᠤ ᠠᠬᠤᠢ᠎ᠶ᠋ᠢᠨ ᠲᠤᠰᠭᠠᠢ ᠬᠤᠷᠱᠢᠶᠠᠨ᠎ᠳᠤ ᠬᠦᠷᠪᠡ᠃ ᠵᠤᠷᠢᠭ᠍ᠰᠠᠨ ᠭᠠᠵᠠᠷ᠎ᠲᠠᠭᠠᠨ ᠬᠦᠷᠦᠭᠡᠳ ᠮᠠᠱᠢᠨ᠎ᠠᠴᠠ ᠪᠠᠭᠤᠬᠤ᠎ᠳᠤ ᠬᠠᠬᠢᠷ ᠡᠪᠦᠯ᠎ᠤᠨ ᠬᠦᠢᠲᠡᠨ ᠵᠢᠪᠠᠷ ᠶᠠᠰᠤ ᠶᠠᠩᠬᠢᠨᠠᠭᠤᠯᠵᠤ᠂ ᠤᠷᠠᠳ ᠨᠤᠳᠤᠭ᠎ᠤᠨ ᠡᠪᠦᠯ᠎ᠤᠨ ᠬᠦᠢᠳᠡᠨ ᠶᠠᠮᠠᠷᠬᠠᠨ ᠪᠠᠢᠳᠠᠭ ᠬᠡᠰᠡᠨ᠎ᠢ ᠠᠯᠤᠰ᠎ᠠᠴᠠ ᠢᠷᠡᠭ᠌ᠰᠡᠨ ᠬᠦᠮᠦᠰ᠎ᠲᠤ ᠬᠠᠷᠠᠭᠤᠯᠵᠤ ᠪᠠᠢᠭ᠎ᠠ ᠮᠡᠳᠦ᠃


QQ截图20210110101349.jpg


ᠦᠨᠳᠦᠷ ᠲᠤᠮᠤ ᠴᠡᠩᠭᠡᠷ ᠦᠩᠭᠡ᠎ᠶ᠋ᠢᠨ ᠲᠡᠮᠦᠷ ᠬᠠᠪᠲᠠᠰᠤᠨ ᠲᠡᠭᠡᠭᠡᠪᠦᠷᠢ᠎ᠲᠠᠢ ᠦᠭᠡᠷ᠎ᠤᠨ ᠬᠠᠱᠢᠶ᠎ᠠ ᠵᠢᠴᠢ ᠪᠤᠷᠳᠤᠭᠠᠨ᠎ᠤ ᠬᠦᠮᠦᠷᠭᠡ ᠵᠡᠷᠭᠡ᠎ᠨᠢ ᠲᠡᠭ᠌ᠰᠢᠬᠡᠨ ᠲᠠᠯ᠎ᠠ᠎ᠶ᠋ᠢᠨ ᠲᠤᠮᠳᠠ ᠤᠨᠴᠠ ᠢᠯᠡᠭᠡᠨ ᠬᠠᠷᠠᠭ᠍ᠳᠠᠵᠤ᠂ ᠲᠡᠮᠦᠷ ᠰᠡᠷᠡᠯᠵᠢ᠎ᠪᠠᠷ ᠬᠦᠷᠢᠶᠡᠯᠡᠭ᠌ᠰᠡᠨ ᠬᠡᠳᠦᠨ ᠲᠤᠮᠤ ᠬᠠᠱᠢᠶᠠᠨ᠎ᠳᠤᠨᠢ ᠲᠦᠷᠦᠯ ᠬᠤᠪᠢᠶᠠᠨ ᠬᠤᠷᠢᠭ᠍ᠰᠠᠨ ᠬᠠᠷ᠎ᠠ ᠠᠯᠠᠭ ᠦᠨᠢᠶ᠎ᠡ᠂ ᠪᠦᠲᠦᠭᠦᠨ ᠲᠤᠮᠤ ᠱᠢᠮᠧᠨ᠋ᠳᠠᠷ ᠦᠭᠡᠷ᠎ᠤᠳ ᠦᠪᠡᠷ ᠦᠪᠡᠷ᠎ᠤᠨ ᠬᠠᠱᠢᠶᠠᠨ᠎ᠳᠠᠭᠠᠨ ᠲᠠᠪᠠᠳᠠᠢᠬᠠᠨ ᠢᠳᠡᠱᠢᠯᠡᠨ᠎ᠠ᠃

ᠮᠠᠯᠴᠢᠨ ᠠᠯᠲᠠᠨᠪᠠᠭᠠᠨ᠎ᠠ ᠭᠤᠷᠪᠠᠨ ᠬᠦᠷᠲᠦᠲᠦ ᠵᠢᠵᠢᠭ᠌ᠬᠡᠨ ᠴᠠᠬᠢᠯᠭᠠᠨ ᠲᠡᠷᠭᠡ᠎ᠪᠠᠨ ᠤᠨᠤᠭᠠᠳ ᠨᠠᠭᠠᠰᠢ ᠴᠠᠭᠠᠰᠢ ᠲᠠᠪᠬᠢᠭᠤᠯᠤᠨ᠂ ᠦᠬᠡᠷ᠎ᠲᠡᠭᠡᠨ ᠪᠤᠷᠳᠤᠭ᠎ᠠ ᠦᠭ᠌ᠴᠢᠭᠡᠭᠡᠳ᠂ ᠤᠰᠤᠨ᠎ᠤ ᠤᠩᠭᠤᠴᠠ᠎ᠪᠠᠨ ᠲᠦᠭᠦᠷᠭᠡᠨ ᠶᠠᠭᠠᠷᠠᠵᠤ ᠪᠠᠢᠯ᠎ᠠ᠃ ᠠᠯᠲᠠᠨᠪᠠᠭᠠᠨ᠎ᠠ᠎ᠶ᠋ᠢᠨ᠎ᠬᠢ ᠤᠤᠯ᠎ᠳᠠᠭᠠᠨ ᠭᠠᠴᠠᠭᠠᠨ᠎ᠤ᠎ᠪᠠᠨ ᠲᠠᠩᠰᠠᠯᠠᠵᠤ ᠺᠠᠷᠲᠯᠠᠬ᠍ᠰᠠᠨ ᠶᠠᠳᠠᠭᠤ ᠬᠦᠴᠢᠷᠳᠡᠯᠲᠡᠢ ᠡᠷᠦᠬᠡ ᠪᠠᠢᠵᠠᠢ᠃ ᠬᠦᠯᠦᠰᠦᠨ ᠠᠵᠢᠯ ᠬᠢᠭᠡᠳ ᠵᠢᠯ᠎ᠳᠡᠭᠡᠨ ᠬᠡᠳᠦᠨ ᠮᠢᠩᠭᠠᠨ ᠲᠦᠭᠦᠷᠢᠭ ᠤᠯᠵᠤ᠂ ᠠᠮᠢᠳᠤᠷᠠᠯ᠎ᠢᠶᠠᠨ ᠲᠦᠩᠭᠡᠵᠢ ᠠᠷᠭᠠᠴᠠᠭᠠᠳᠠᠭ ᠪᠠᠢᠪᠠ᠃ ᠭᠠᠴᠠᠭᠠᠨ᠎ᠤ ᠲᠤᠰᠭᠠᠢ ᠬᠤᠷᠱᠢᠶ᠎ᠠ ᠪᠠᠢᠭᠤᠯᠤᠭ᠍ᠳᠠᠭ᠍ᠰᠠᠨ᠎ᠠᠴᠠ ᠬᠤᠢᠰᠢ᠂ ᠲᠡᠷᠡ ᠠᠳᠡᠬᠢ ᠦᠭᠡᠷ ᠲᠡᠵᠢᠭᠡᠬᠦ᠌ ᠠᠵᠢᠯ᠎ᠢ ᠬᠠᠷᠢᠭᠤᠴᠠᠬᠤ ᠪᠤᠯᠵᠤ᠂ ᠦᠪᠡᠷ᠎ᠤᠨ 20 ᠱᠢᠬᠠᠮ ᠪᠤᠭ ᠮᠠᠯ᠎ᠢᠶᠠᠨ ᠴᠤ᠌ ᠲᠤᠰᠭᠠᠢ ᠬᠤᠷᠱᠢᠶᠠᠨ᠎ᠳᠤ ᠨᠠᠢᠳᠠᠨ ᠲᠡᠵᠢᠭᠡᠯᠭᠡᠵᠦ᠍᠂ ᠵᠢᠯ᠎ᠳᠡᠭᠡᠨ 6000 ᠲᠦᠭᠦᠷᠢᠭ᠎ᠤᠨ ᠤᠷᠤᠯᠭ᠎ᠠ ᠤᠯᠬᠤ᠎ᠠᠴᠠ ᠭᠠᠳᠠᠨ᠎ᠠ ᠴᠠᠯᠢᠩ᠎ᠢᠶᠠᠨ ᠨᠡᠮᠡᠪᠡᠯ ᠵᠢᠯ᠎ᠤᠨ ᠤᠷᠤᠯᠭ᠎ᠠ᠎ᠨᠢ ᠤᠤᠯ᠎ᠤᠨ᠎ᠬᠢ᠎ᠠᠴᠠ᠎ᠪᠠᠨ ᠲᠠᠬᠢᠨ᠎ᠢᠶᠠᠷ ᠨᠡᠮᠡᠭ᠌ᠳᠡᠵᠤ ᠨᠢᠳᠤᠨᠤᠨ ᠶᠠᠳᠠᠭᠤ᠎ᠠᠴᠠ ᠠᠩᠬᠢᠵᠢᠷᠠᠪᠠ᠃ 《ᠤᠳᠤ ᠲᠤᠭ᠍ᠲᠠᠪᠤᠷᠢᠲᠠᠢ ᠠᠵᠢᠯ᠎ᠲᠠᠢ ᠪᠤᠯᠤᠭ᠍ᠰᠠᠨ᠎ᠢᠶᠠᠷ ᠦᠯᠦ᠍ ᠪᠠᠷᠠᠮ᠂ ᠵᠠᠰᠠᠭ᠎ᠤᠨ ᠤᠷᠳᠤᠨ᠎ᠤ ᠡᠯ᠎ᠡ ᠵᠦᠢᠯ᠎ᠤᠨ ᠶᠠᠳᠠᠭᠤ᠎ᠶ᠋ᠢ ᠲᠡᠳᠭᠦᠬᠦ᠌ ᠲᠦᠷᠦ᠎ᠶ᠋ᠢᠨ ᠪᠤᠳᠤᠯᠭ᠎ᠠ᠎ᠶ᠋ᠢᠨ ᠬᠠᠷᠠᠭᠠᠯᠵᠠᠯ᠎ᠢ ᠬᠦᠷᠲᠡᠵᠦ᠍᠂ ᠠᠮᠢᠳᠤᠷᠠᠯ ᠡᠳᠦᠷ᠎ᠠᠴᠠ ᠡᠳᠦᠷ ᠲᠡᠭ᠌ᠵᠢᠷᠡᠯ᠎ᠡ》 ᠬᠡᠮᠡᠨ ᠠᠯᠲᠠᠨᠪᠠᠭᠠᠨ᠎ᠠ ᠲᠤᠭ᠍ᠳᠤᠯᠤᠨ ᠶᠠᠷᠢᠨ᠎ᠠ᠃ ᠡᠨᠡ ᠵᠢᠯ ᠴᠠᠭᠠᠨ᠌ᠤ᠋ᠪᠤᠭ᠎ᠠ ᠭᠠᠴᠠᠭ᠎ᠠ ᠠᠵᠤ ᠦᠢᠯᠡᠰ᠎ᠢᠶᠠᠷ ᠮᠠᠯᠴᠢᠳ᠎ᠢ ᠲᠠᠢᠴᠢᠯᠠᠨ᠂ ᠬᠠᠮᠲᠤ᠎ᠶ᠋ᠢᠨ ᠠᠵᠤ ᠠᠬᠤᠢ᠎ᠶ᠋ᠢ ᠪᠤᠵᠠᠭᠠᠢᠷᠠᠭᠤᠯᠵᠤ᠂ ᠪᠠᠶᠠᠵᠢᠨ ᠴᠢᠨᠡᠭᠡᠯᠢᠭ᠌ᠵᠢᠬᠦ᠌ ᠱᠢᠨ᠎ᠡ ᠠᠷᠭ᠎ᠠ ᠵᠠᠮ᠎ᠢ ᠰᠦᠪᠡᠭ᠌ᠴᠢᠯᠡᠬᠦ᠌ ᠬᠦᠭ᠌ᠵᠢᠯᠲᠡ᠎ᠶ᠋ᠢᠨ ᠰᠡᠳᠭᠢᠮᠵᠢ᠎ᠪᠠᠷ ᠦᠨᠳᠦᠰᠦᠲᠡᠨ᠎ᠤ ᠬᠡᠷᠡᠭ ᠡᠷᠬᠢᠯᠡᠬᠦ᠌ ᠵᠦᠪᠯᠡᠯ᠎ᠤᠨ ᠪᠠᠭᠤᠯᠭᠠᠭ᠍ᠰᠠᠨ 50 ᠲᠦᠮᠡᠨ ᠲᠦᠭᠦᠷᠢᠭ᠎ᠤᠨ ᠴᠦᠬᠡᠨ ᠲᠤᠭᠠᠳᠤ ᠦᠨᠳᠦᠰᠦᠲᠡᠨ᠎ᠤ ᠬᠦᠭ᠌ᠵᠢᠯᠲᠡ᠎ᠶ᠋ᠢᠨ ᠪᠡᠯᠡ ᠮᠦᠩᠭᠦ᠎ᠶ᠋ᠢ ᠠᠱᠢᠭ᠍ᠯᠠᠨ᠂ ᠮᠠᠯᠴᠢᠳ᠎ᠤᠨ ᠪᠠᠢᠭᠤᠯᠤᠭ᠍ᠰᠠᠨ ᠲᠤᠰᠭᠠᠢ ᠬᠤᠷᠱᠢᠶᠠᠨ᠎ᠳᠤ ᠪᠡᠯᠡ ᠤᠷᠤᠭᠤᠯᠵᠤ᠂ ᠦᠭᠡᠷ ᠲᠡᠵᠢᠭᠡᠬᠦ᠌ ᠠᠵᠤ ᠦᠢᠯᠡᠰ᠎ᠢ ᠬᠦᠭ᠌ᠵᠢᠭᠦᠯᠵᠦ᠍᠂ ᠲᠤᠰᠭᠠᠢ ᠬᠤᠷᠱᠢᠶ᠎ᠠ᠎ᠠᠴᠠ ᠵᠢᠯ᠎ᠳᠡᠭᠡᠨ 8% ᠎ᠶ᠋ᠢᠨ ᠬᠦᠦ ᠮᠦᠩᠭᠦ᠎ᠪᠠᠷ ᠪᠤᠳᠤᠨ᠂ ᠭᠠᠴᠠᠭᠠᠨ᠎ᠤ᠎ᠪᠠᠨ ᠬᠠᠮᠲᠤ᠎ᠶ᠋ᠢᠨ ᠠᠵᠤ ᠠᠬᠤᠢ᠎ᠳᠤ 4 ᠲᠦᠮᠡᠨ ᠲᠦᠭᠦᠷᠢᠭ ᠲᠤᠱᠢᠶᠠᠵᠤ᠂ 5 ᠵᠢᠯ᠎ᠤᠨ ᠲᠠᠷᠠᠭ᠎ᠠ ᠡᠬᠡ ᠮᠦᠩᠭᠦ᠎ᠪᠠᠨ ᠪᠤᠴᠠᠭᠠᠵᠤ ᠠᠪᠬᠤ᠎ᠪᠠᠷ ᠲᠤᠭ᠍ᠲᠠᠵᠠᠢ᠃


QQ截图20210110101412.jpg


《ᠭᠠᠴᠠᠭᠠᠨ᠎ᠠᠴᠠ ᠡᠨᠡ ᠬᠦ᠌ 4 ᠲᠦᠮᠡᠨ ᠲᠦᠭᠦᠷᠢᠭ᠎ᠤᠨ ᠬᠠᠮᠲᠤ᠎ᠶ᠋ᠢᠨ ᠠᠵᠤ ᠠᠬᠤᠢ᠎ᠶ᠋ᠢᠨ ᠤᠷᠤᠯᠭ᠎ᠠ᠎ᠶ᠋ᠢᠨ ᠨᠢᠭᠡ ᠪᠦᠯᠦᠭ᠎ᠢ᠎ᠨᠢ ᠶᠠᠳᠠᠭᠤ ᠬᠦᠴᠢᠷᠳᠡᠯᠲᠡᠢ ᠠᠷᠠᠳ ᠲᠦᠮᠡᠨ᠎ᠢ ᠠᠪᠤᠷᠠᠨ ᠲᠤᠰᠠᠯᠠᠬᠤ᠎ᠳᠤ ᠵᠠᠷᠤᠴᠠᠭᠤᠯᠵᠤ᠂ ᠨᠢᠭᠡ ᠪᠦᠯᠦᠭ᠎ᠢ᠎ᠨᠢ ᠦᠷᠭᠦᠯᠵᠢᠯᠡᠨ ᠪᠡᠯᠡ ᠤᠷᠤᠭᠤᠯᠤᠨ ᠦᠭᠡᠷ ᠮᠠᠯ ᠠᠪᠴᠤ᠌᠂ ᠬᠠᠮᠲᠤ᠎ᠶ᠋ᠢᠨ ᠠᠵᠤ ᠠᠬᠤᠢ᠎ᠶ᠋ᠢ ᠬᠦᠭ᠌ᠵᠢᠭᠦᠯᠬᠦ᠌᠎ᠳᠤ ᠵᠠᠷᠤᠴᠠᠭᠤᠯᠬᠤ ᠪᠤᠯᠤᠨ᠎ᠠ᠃ ᠤᠳᠤ ᠡᠨᠡ ᠲᠤᠰᠭᠠᠢ ᠬᠤᠷᠱᠢᠶᠠᠨ᠎ᠳᠤ ᠨᠡᠢᠲᠡ 70 ᠭᠠᠷᠤᠢ ᠦᠭᠡᠷ ᠲᠡᠵᠢᠭᠡᠵᠦ᠍ ᠪᠤᠢ᠃ ᠲᠠᠷᠠᠭᠠᠴᠢ᠎ᠪᠠᠷ ᠪᠢᠲᠡ ᠪᠠᠰᠠ ᠮᠠᠯ᠎ᠤᠨ ᠮᠢᠬ᠎ᠠ᠎ᠶ᠋ᠢ ᠡᠳ᠋ᠱᠢᠭᠦᠯᠦᠨ ᠪᠤᠯᠪᠠᠰᠤᠷᠠᠭᠤᠯᠬᠤ ᠦᠢᠯᠡᠳᠪᠦᠷᠢ ᠪᠠᠢᠭᠤᠯᠵᠤ᠂ ᠮᠢᠬ᠎ᠠ᠎ᠪᠠᠨ ᠨᠠᠷᠢᠨ ᠠᠩᠬᠢᠯᠠᠨ ᠨᠠᠷᠢᠯᠢᠭ ᠪᠤᠭᠤᠳᠠᠯᠯᠠᠵᠤ ᠨᠤᠳᠤᠭ᠎ᠤᠨ ᠱᠢᠯᠢᠳᠡᠭ ᠪᠦᠲᠦᠭᠡᠭ᠌ᠳᠡᠭᠦᠨ᠎ᠢᠶᠠᠨ ᠪᠦᠬᠦ᠌ ᠤᠯᠤᠰ᠎ᠤᠨ ᠵᠠᠬ᠎ᠠ ᠲᠡᠯᠭᠡᠭᠦᠷ᠎ᠲᠤ ᠭᠠᠷᠭᠠᠨ᠎ᠠ》 ᠬᠡᠵᠦ᠍ ᠴᠠᠭᠠᠨ᠌ᠤ᠋ᠪᠤᠭ᠎ᠠ ᠭᠠᠴᠠᠭᠠᠨ᠎ᠤ ᠨᠢᠭᠡᠳᠦᠭᠡᠷ ᠱᠦᠵᠢ ᠶᠠᠩ ᠵᠤᠤ ᠸᠧᠢ ᠲᠠᠨᠢᠯᠴᠠᠭᠤᠯᠤᠨ᠎ᠠ᠃

ᠴᠠᠭᠠᠨ᠌ᠤ᠋ᠪᠤᠭ᠎ᠠ ᠭᠠᠴᠠᠭ᠎ᠠ ᠠᠵᠤ ᠦᠢᠯᠡᠰ᠎ᠢᠶᠠᠷ ᠶᠠᠳᠠᠭᠤ᠎ᠶ᠋ᠢ ᠲᠡᠳᠭᠦᠨ ᠶᠠᠳᠠᠭᠤ᠎ᠠᠴᠠ ᠠᠩᠬᠢᠵᠢᠷᠠᠭᠤᠯᠬᠤ ᠪᠤᠭᠤᠮᠲᠠ ᠱᠢᠪᠲᠤᠯᠬᠤ ᠠᠮᠵᠢᠯᠲᠠ ᠪᠦᠲᠦᠮᠵᠢ᠎ᠪᠠᠨ ᠪᠠᠬᠢᠵᠢᠭᠦᠯᠬᠦ᠌᠎ᠶ᠋ᠢᠨ ᠬᠠᠮᠲᠤ ᠭᠠᠴᠠᠭᠠᠨ᠎ᠤ᠎ᠪᠠᠨ ᠤᠨᠴᠠᠯᠢᠭ᠎ᠲᠠᠭᠠᠨ ᠲᠤᠬᠢᠷᠠᠭᠤᠯᠤᠨ ᠭᠤᠤᠯᠯᠠᠬ᠍ᠴᠢ ᠠᠵᠤ ᠦᠢᠯᠡᠰ ᠪᠤᠯᠬᠤ ᠮᠠᠯ ᠠᠵᠤ ᠠᠬᠤᠢ᠎ᠶ᠋ᠢᠨ ᠬᠤᠷᠱᠢᠶ᠎ᠠ ᠪᠠᠢᠭᠤᠯᠬᠤ ᠪᠠ ᠬᠠᠮᠲᠤ᠎ᠶ᠋ᠢᠨ ᠠᠵᠤ ᠠᠬᠤᠢ᠎ᠶ᠋ᠢ ᠰᠠᠢᠳᠤᠷ ᠬᠦᠭ᠌ᠵᠢᠭᠦᠯᠦᠨ᠂ ᠮᠠᠯᠵᠢᠬᠤ ᠤᠷᠤᠨ᠎ᠤ ᠤᠳᠤᠬᠢᠴᠢᠯᠠᠯᠲᠠ᠎ᠶ᠋ᠢᠨ ᠲᠦᠷᠦ᠎ᠶ᠋ᠢᠨ ᠪᠤᠳᠤᠯᠭ᠎ᠠ᠎ᠶ᠋ᠢ ᠰᠠᠢᠳᠤᠷ ᠠᠱᠢᠬ᠍ᠯᠠᠨ᠂ ᠤᠤᠯ᠎ᠤᠨ ᠤᠯᠠᠮᠵᠢᠯᠠᠯᠲᠤ ᠮᠠᠯᠵᠢᠯ᠎ᠤᠨ ᠠᠷᠭ᠎ᠠ ᠬᠡᠯᠪᠡᠷᠢ᠎ᠪᠠᠨ ᠦᠭᠡᠷᠡᠴᠢᠯᠡᠨ᠂ ᠨᠠᠷᠢᠯᠢᠭ ᠲᠡᠵᠢᠭᠡᠨ᠂ ᠨᠠᠷᠢᠯᠢᠭ ᠡᠳ᠋ᠱᠢᠭᠦᠯᠦᠨ ᠠᠩᠬᠢᠯᠠᠨ ᠪᠤᠭᠤᠳᠠᠯᠯᠠᠵᠤ᠂ ᠤᠷᠤᠨ ᠨᠤᠳᠤᠭ᠎ᠤᠨ ᠲᠦᠷᠦᠯ ᠲᠡᠮᠳᠡᠭ᠎ᠢ ᠴᠤᠭ᠍ᠴᠠᠯᠠᠵᠤ᠂ ᠪᠤᠬᠢᠷᠳᠤᠯ ᠦᠭᠡᠢ ᠬᠦᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠪᠠᠷ ᠰᠦᠪᠡᠭ᠌ᠴᠢᠯᠡᠨ ᠴᠢᠷᠮᠠᠢᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号