ᠠᠷᠪᠠᠨ ᠭᠤᠷᠪᠠᠳᠤᠭᠠᠷ ᠲᠠᠪᠤᠨ ᠵᠢᠯ᠎ᠤᠨ ᠬᠤᠭᠤᠴᠠᠭᠠᠨ᠎ᠳᠤ᠂ ᠪᠤᠭᠤᠲᠤ ᠬᠤᠳᠠ᠎ᠶ᠋ᠢᠨ ᠬᠤᠪᠤᠷ ᠱᠢᠷᠦ᠋ᠢᠳᠤ ᠪᠤᠯᠤᠳ᠂ ᠬᠤᠪᠤᠷ ᠱᠢᠷᠤᠢ᠎ᠶ᠋ᠢᠨ ᠮᠠᠬ᠍ᠨᠢ ᠬᠦᠩᠬᠡᠨ ᠴᠠᠭᠠᠨ᠎ᠤ ᠬᠠᠢᠯᠤᠰᠢ᠎ᠶ᠋ᠢᠨ ᠤᠯᠤᠰ᠎ᠤᠨ ᠲᠤᠳᠤᠭᠠᠳᠤ᠎ᠶ᠋ᠢᠨ ᠵᠠᠬ᠎ᠠ ᠲᠡᠯᠭᠡᠭᠦᠷ᠎ᠤᠨ ᠡᠵᠡᠯᠡᠬᠦ᠌ ᠬᠠᠷᠢᠴᠠᠯ 40% ᠳᠤ ᠬᠦᠷᠴᠠᠢ᠃ ᠲᠤᠰ ᠬᠤᠳᠠ ᠱᠢᠨ᠎ᠠ᠎ᠪᠠᠷ ᠮᠠᠨᠳᠤᠭ᠎ᠠ ᠠᠵᠤ ᠦᠢᠯᠡᠰ᠎ᠢ ᠬᠡᠪᠴᠢᠶᠡᠵᠢᠬᠦᠯᠦᠨ ᠬᠦᠭ᠌ᠵᠢᠬᠦᠯᠬᠦ᠌᠎ᠶ᠋ᠢ ᠢᠳᠡᠪᠬᠢᠳᠠᠢ ᠠᠬᠢᠭᠤᠯᠵᠦ᠍᠂ ᠲᠡᠯᠡᠭᠡᠢ ᠲᠡᠭᠡᠷᠡᠬᠢ ᠴᠤᠷ᠎ᠤᠨ ᠭᠠᠭ᠍ᠴᠠ ᠬᠤᠪᠤᠷ ᠱᠢᠷᠤᠢ᠎ᠶ᠋ᠢᠨ ᠢᠵᠢ ᠵᠢᠭᠠᠯᠳᠠ ᠲᠤᠭ᠎ᠠ᠎ᠶ᠋ᠢ ᠨᠡᠢᠳᠡᠯᠡᠵᠦ᠍᠂ ᠬᠤᠪᠤᠷ ᠱᠢᠷᠤᠢ᠎ᠶ᠋ᠢᠨ ᠱᠢᠨ᠎ᠠ ᠮᠠᠲ᠋ᠧᠷᠢᠶᠠᠯ᠎ᠤᠨ ᠲᠤᠬᠠᠢ᠎ᠶ᠋ᠢᠨ ᠭᠠᠵᠠᠷ᠎ᠲᠠᠭᠠᠨ ᠨᠡᠬᠦᠯᠭᠡᠨ ᠱᠢᠯᠵᠢᠬᠦᠯᠦᠭ᠌ᠰᠡᠨ ᠨᠤᠷᠮ᠎ᠠ 85% ᠳᠤ ᠬᠦᠷᠴᠦ᠍᠂ ᠬᠤᠪᠤᠷ ᠱᠢᠷᠤᠢ᠎ᠶ᠋ᠢᠨ ᠴᠢᠳᠠᠪᠬᠢᠳᠤ ᠮᠠᠲ᠋ᠧᠷᠢᠶᠠᠯ ᠵᠢᠴᠢ ᠡᠴᠦᠰ᠎ᠤᠨ ᠦᠵᠦᠭᠦᠷᠯᠢᠭ ᠬᠡᠷᠡᠭ᠌ᠯᠡᠭᠡ᠎ᠶ᠋ᠢᠨ ᠪᠦᠳᠦᠭᠡᠭ᠌ᠳᠡᠭᠦᠨ᠎ᠤ ᠡᠵᠡᠯᠡᠬᠦ᠌ ᠨᠤᠷᠮ᠎ᠠ 51.2% ᠳᠤ ᠬᠦᠷᠴᠠᠢ᠃
ᠬᠤᠪᠤᠷ ᠱᠢᠷᠤᠢ᠎ᠶ᠋ᠢ ᠶᠡᠷᠦ᠎ᠨᠢ ᠠᠵᠤ ᠦᠢᠯᠡᠳᠪᠦᠷᠢ᠎ᠶ᠋ᠢᠨ ᠸᠢᠲ᠋ᠠᠮᠢᠨ ᠬᠡᠳᠡᠭ᠃ ᠲᠡᠯᠡᠭᠡᠢ᠎ᠶ᠋ᠢᠨ ᠬᠤᠪᠤᠷ ᠱᠢᠷᠤᠢ᠎ᠶ᠋ᠢᠨ ᠬᠤᠳᠠ ᠬᠡᠮᠡᠭ᠌ᠳᠡᠭ᠌ᠰᠡᠨ ᠪᠤᠭᠤᠲᠤ ᠬᠤᠳᠠ ᠬᠤᠪᠤᠷ ᠱᠢᠷᠤᠢ᠎ᠶ᠋ᠢᠨ ᠦᠢᠯᠡᠳᠪᠦᠷᠢᠯᠡᠯ ᠬᠡᠷᠡᠭ᠌ᠯᠡᠭᠡ ᠰᠤᠳᠤᠯᠭᠠᠨ᠎ᠤ ᠲᠠᠯ᠎ᠠ᠎ᠪᠠᠷ ᠤᠯᠠᠨ ᠲᠠᠯ᠎ᠠ᠎ᠶ᠋ᠢᠨ ᠠᠮᠵᠢᠯᠳᠠ ᠤᠯᠤᠬ᠍ᠰᠠᠨ ᠲᠡᠤᠬᠡ᠎ᠲᠠᠢ᠃ ᠬᠤᠪᠤᠷ ᠱᠢᠷᠦ᠋ᠢᠳᠤ ᠪᠤᠯᠤᠳ ᠭᠡᠰᠡᠡ ᠨᠢᠭᠡᠨ ᠨᠡᠷ᠎ᠠ ᠤᠷᠴᠢᠮ᠎ᠤᠨ ᠵᠢᠯ ᠪᠤᠭᠤᠲᠤ ᠬᠤᠳᠠ᠎ᠳᠤ ᠪᠤᠢ ᠪᠤᠯᠵᠦ᠍᠂ ᠬᠤᠪᠤᠷ ᠱᠢᠷᠤᠢ᠎ᠶ᠋ᠢᠨ ᠡᠯᠧᠮᠧᠨ᠋ᠲ ᠠᠭᠤᠯᠤᠬ᠍ᠰᠠᠨ ᠬᠠᠷᠢᠮᠠᠬᠠᠢ ᠪᠤᠯᠤᠳ ᠪᠤᠭᠤᠲᠤ᠎ᠶ᠋ᠢᠨ ᠪᠤᠯᠤᠳ ᠮᠠᠲ᠋ᠧᠷᠢᠶᠠᠯ᠎ᠢ ᠲᠡᠯᠡᠭᠡᠢ ᠳ᠋ᠠᠬᠢᠨ᠎ᠳᠤ ᠠᠯᠳᠠᠷᠱᠢᠭᠤᠯᠵᠦ᠍ ᠪᠠᠢᠭ᠎ᠠ ᠪᠤᠯ ᠠᠷᠪᠠᠨ ᠭᠤᠷᠪᠠᠳᠤᠭᠠᠷ ᠲᠠᠪᠤᠨ ᠵᠢᠯ᠎ᠳᠤ᠂ ᠬᠤᠪᠤᠷ ᠱᠢᠷᠤᠢ᠎ᠶ᠋ᠢᠨ ᠬᠡᠷᠡᠯᠳᠦᠬᠦᠯᠭᠡ᠎ᠶ᠋ᠢ ᠵᠢᠮᠢᠰ ᠨᠤᠭᠤᠭ᠎ᠠ ᠲᠠᠷᠢᠬᠤ᠎ᠳᠤ ᠠᠱᠢᠬ᠍ᠯᠠᠨ᠂ ᠬᠦᠮᠦᠰ᠎ᠤᠨ ᠬᠤᠪᠤᠷ ᠱᠢᠷᠤᠢ᠎ᠶ᠋ᠢᠨ ᠲᠤᠬᠠᠢ ᠤᠢ᠍ᠢᠯᠠᠭᠠᠬ᠍ᠳᠠᠬᠤᠨ᠎ᠢ ᠱᠢᠨᠡᠳᠭᠡᠵᠦ᠍᠂ 《ᠬᠤᠪᠤᠷ ᠱᠢᠷᠤᠢ》 ᠶ᠋ᠢ ᠠᠯᠳᠠ ᠪᠤᠯᠭᠠᠨ ᠠᠱᠢᠬ᠍ᠯᠠᠬᠤ ᠵᠠᠮ᠎ᠢᠶᠠᠷ ᠪᠤᠭᠤᠲᠤ ᠬᠤᠳᠠ ᠠᠯᠬᠤᠮ ᠲᠠᠪᠱᠢᠭ᠍ᠰᠠᠨ ᠪᠠᠢᠨ᠎ᠠ᠃
ᠲᠠᠷᠢᠶᠠᠯᠠᠩ᠎ᠤᠨ ᠤᠬᠠᠭᠠᠨ᠎ᠤ ᠳ᠋ᠤᠺᠲ᠋ᠤᠷ ᠵᠠᠩ ᠲᠦᠩ ᠪᠤᠯ ᠲᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠪᠤᠭᠤᠲᠤ᠎ᠶ᠋ᠢᠨ ᠬᠤᠪᠤᠷ ᠱᠢᠷᠤᠢ᠎ᠶ᠋ᠢᠨ ᠰᠤᠳᠤᠯᠤᠨ ᠨᠡᠭᠡᠭᠡᠬᠦ᠌ ᠲᠦᠪ᠎ᠤᠨ 《ᠬᠤᠪᠤᠷ ᠱᠢᠷᠤᠢ᠎ᠶ᠋ᠢᠨ ᠲᠠᠷᠢᠶᠠᠯᠠᠩ᠎ᠤᠨ ᠬᠡᠷᠡᠭ᠌ᠯᠡᠭᠡᠨ᠎ᠤ ᠬᠡᠷᠡᠯ᠎ᠤᠨ ᠰᠤᠷᠪᠤᠯᠵᠢ》 ᠶ᠋ᠢᠨ ᠲᠦᠷᠤᠯ ᠵᠦᠢᠯ᠎ᠤᠨ ᠬᠠᠷᠢᠭᠤᠴᠠᠯᠭᠠᠳᠠᠨ ᠪᠤᠯᠤᠨ᠎ᠠ᠂ ᠲᠡᠷᠡ ᠡᠳᠦᠷ ᠪᠤᠯᠭᠠᠨ ᠬᠤᠪᠤᠷ ᠱᠢᠷᠤᠢ᠎ᠶ᠋ᠢᠨ ᠬᠡᠷᠡᠯᠳᠦᠭᠦᠯᠭᠡ᠎ᠶ᠋ᠢᠨ ᠳ᠋ᠧᠩ᠎ᠤᠨ ᠲᠤᠤᠷ ᠠ ᠪᠤᠢᠵᠢᠭᠤᠯᠵᠦ᠍ ᠪᠠᠢᠭ᠎ᠠ ᠵᠢᠮᠢᠰ ᠨᠤᠭᠤᠭ᠎ᠠ᠎ᠶ᠋ᠢᠨ ᠴᠢᠬᠢ᠎ᠶ᠋ᠢᠨ ᠬᠡᠷᠡᠯ ᠬᠠᠯᠬᠠᠯᠠᠬᠤ ᠪᠦᠷᠬᠦᠪᠴᠢ᠎ᠶ᠋ᠢ ᠢᠷᠠᠵᠦ᠍ ᠤᠢ᠍ᠢᠷᠠᠬᠠᠨ᠎ᠠᠴᠠ ᠴᠢᠬᠢ᠎ᠶ᠋ᠢᠨ ᠪᠤᠢᠵᠢᠯᠳᠠ᠎ᠶ᠋ᠢ ᠠᠵᠢᠬ᠍ᠯᠠᠳᠠᠭ᠃ ᠦᠨᠡᠨ᠎ᠳᠡᠭᠡᠨ ᠡᠨᠡ ᠬᠦ᠌ ᠲᠦᠷᠦᠯ ᠵᠦᠢᠯ᠎ᠤᠨ ᠲᠤᠷᠱᠢᠯᠳᠠ᠎ᠶ᠋ᠢᠨ ᠲᠠᠰᠤᠭ᠎ᠤᠨ ᠬᠡᠷᠡᠭ᠌ᠰᠡᠯ ᠲᠦᠢᠯ᠎ᠤᠨ ᠲᠦᠭᠦᠮᠬᠡᠨ ᠪᠠᠢᠯ᠎ᠠ᠃ ᠨᠢᠭᠡ ᠦᠷᠤᠭᠡᠨ᠎ᠳᠤ ᠱᠢᠯ᠎ᠤᠨ ᠭᠡᠷ ᠴᠤᠬ᠍ᠴᠠᠯᠠᠵᠦ᠍ ᠨᠤᠭᠤᠭ᠎ᠠ ᠵᠢᠮᠢᠰ ᠲᠠᠷᠢᠵᠦ᠍᠂ ᠭᠡᠷ᠎ᠤᠨ ᠳᠡᠭᠡᠪᠦᠷ᠎ᠲᠤ ᠬᠤᠪᠤᠷ ᠱᠢᠷᠤᠢ᠎ᠶ᠋ᠢᠨ ᠬᠡᠷᠡᠯᠳᠦᠬᠦᠯᠭᠡ᠎ᠶ᠋ᠢᠨ ᠳ᠋ᠧᠩ ᠤᠬ᠍ᠰᠠᠷᠠᠬ᠍ᠰᠠᠨ ᠪᠠᠢᠯ᠎ᠠ᠃ ᠡᠳᠡᠭᠡᠷ ᠢᠳᠡᠱᠢᠨ ᠨᠤᠭᠤᠭ᠎ᠠ ᠪᠤᠯᠤᠨ ᠵᠢᠮᠢᠰ᠎ᠤᠨ ᠪᠦᠬᠦ᠌ ᠬᠡᠷᠡᠭ᠌ᠰᠡᠬᠦ᠌ ᠱᠢᠮ᠎ᠠ ᠲᠡᠵᠢᠭᠡᠯ ᠪᠦᠷ ᠬᠡᠷᠡᠯᠳᠦᠬᠦᠯᠭᠡ᠎ᠶ᠋ᠢᠨ ᠳ᠋ᠧᠩ᠎ᠠᠴᠠ ᠢᠷᠡᠯᠳᠠ᠎ᠲᠠᠢ ᠪᠠᠢᠵᠦ᠍᠂ ᠨᠤᠭᠤᠭ᠎ᠠ ᠵᠢᠮᠢᠰ᠎ᠤᠨ ᠭᠠᠳᠠᠷ ᠲᠦᠷᠢ ᠪᠠᠢᠳᠠᠯ ᠪᠤᠯᠤᠨ ᠠᠮᠳᠠ ᠱᠢᠮᠳᠠᠨᠢ ᠪᠦᠷ ᠦᠪᠡᠷᠮᠢᠴᠠ ᠰᠠᠢᠬᠠᠨ ᠠᠵᠢ᠃ ᠵᠠᠩ ᠲᠦᠩ᠄ 《ᠬᠤᠪᠤᠷ ᠱᠢᠷᠤᠢ᠎ᠶ᠋ᠢᠨ ᠬᠡᠷᠡᠯᠳᠦᠬᠦᠯᠭᠡ᠎ᠶ᠋ᠢᠨ ᠮᠠᠲ᠋ᠧᠷᠢᠶᠠᠯ᠎ᠤᠨ ᠬᠡᠷᠡᠯᠳᠦᠬᠦᠯᠭᠡ᠎ᠶ᠋ᠢᠨ ᠴᠢᠨᠠᠷ ᠰᠠᠢᠨ᠂ ᠡᠩ᠎ᠤᠨ LED ᠳ᠋ᠧᠩ᠎ᠠᠴᠠ ᠭᠡᠷᠡᠯᠳᠦᠬᠦᠯᠭᠡ᠎ᠶ᠋ᠢᠨ ᠴᠢᠨᠠᠷ᠎ᠨᠢ ᠪᠠᠷᠤᠭ 20% ᠦᠨᠳᠤᠷ ᠪᠠᠢᠳᠠᠭ ᠪᠤᠯᠬᠤᠷ ᠡᠨᠡ ᠬᠦ᠌ ᠲᠠᠪᠠᠭᠤᠯᠢᠭ ᠲᠠᠯ᠎ᠠ᠎ᠶ᠋ᠢ ᠤᠷᠭᠤᠮᠠᠯ᠎ᠳᠤ ᠬᠡᠷᠡᠭ᠌ᠯᠡᠬᠦ᠌᠎ᠪᠠᠷ ᠪᠢ ᠰᠦᠪᠡᠭ᠌ᠴᠢᠯᠡᠵᠦ᠍ ᠰᠤᠳᠤᠯᠤᠭ᠍ᠰᠠᠭᠠᠷ ᠢᠷᠡᠪᠡ᠃ ᠢᠩᠬᠢᠭᠡᠳ ᠷᠢᠳᠢ ᠱᠢᠳᠢ᠎ᠲᠠᠢ ᠬᠤᠪᠤᠷ ᠱᠢᠷᠤᠢ᠎ᠶ᠋ᠢᠨ ᠭᠡᠷᠡᠯ᠎ᠢ ᠲᠦᠬᠦᠭᠡᠷᠤᠮᠵᠢᠳᠤ ᠲᠠᠷᠢᠶᠠᠯᠠᠩ᠎ᠤᠨ ᠲᠠᠷᠢᠵᠦ᠍ ᠤᠷᠭᠤᠭᠤᠯᠬᠤ᠎ᠳᠤ ᠠᠱᠢᠬ᠍ᠯᠠᠬᠤ᠎ᠪᠠᠷ ᠴᠢᠷᠮᠠᠢᠯᠠ》 ᠬᠡᠵᠦ᠍ ᠰᠤᠷᠪᠤᠯᠵᠢᠯᠠᠭ᠍ᠴᠢ᠎ᠳᠤ ᠲᠠᠨᠢᠯᠴᠠᠭᠤᠯᠪᠠ᠃
ᠵᠠᠩ ᠲᠦᠩ ᠪᠤᠯ ᠲᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠴᠠᠩᠴᠦ᠋ᠨ᠎ᠤ ᠬᠢᠮᠢ᠎ᠶ᠋ᠢᠨ ᠰᠤᠳᠤᠯᠭᠠᠨ᠎ᠤ ᠰᠠᠯᠪᠤᠷᠢ᠎ᠶ᠋ᠢᠨ ᠵᠠᠯᠠᠭᠤ ᠡᠮᠡᠭ᠌ᠳᠠᠢ ᠰᠤᠳᠤᠯᠭᠠᠳᠠᠨ᠂ ᠲᠡᠭᠦᠨ᠎ᠤ ᠲᠠᠭᠠᠭᠤᠯᠤᠬ᠍ᠰᠠᠨ ᠰᠤᠳᠤᠯᠭᠠᠨ᠎ᠤ ᠪᠦᠯᠬᠦᠮ ᠲᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠪᠤᠭᠤᠲᠤ᠎ᠶ᠋ᠢᠨ ᠬᠤᠪᠤᠷ ᠱᠢᠷᠤᠢ᠎ᠶ᠋ᠢᠨ ᠰᠤᠳᠤᠯᠤᠨ ᠨᠡᠭᠡᠭᠡᠬᠦ᠌ ᠲᠦᠪ᠎ᠤᠨ ᠬᠤᠪᠤᠷ ᠱᠢᠷᠤᠢ᠎ᠶ᠋ᠢᠨ ᠬᠦᠬᠦᠷᠳᠤ ᠪᠤᠳᠠᠰ ᠵᠢᠴᠢ ᠬᠤᠪᠤᠷ ᠱᠢᠷᠤᠢ᠎ᠶ᠋ᠢᠨ ᠬᠡᠷᠡᠯ᠎ᠤᠨ ᠰᠤᠷᠪᠤᠯᠵᠢ᠎ᠶ᠋ᠢᠨ ᠠᠺᠡᠳᠧᠮᠢᠴᠢ᠎ᠶ᠋ᠢᠨ ᠠᠵᠢᠯᠯᠠᠬᠤ ᠦᠷᠳᠡᠭᠡᠨ᠎ᠳᠤ ᠬᠠᠷᠢᠶᠠᠯᠠᠬ᠍ᠳᠠᠨᠠ᠃ ᠲᠡᠭᠦᠨ᠎ᠤ ᠭᠤᠤᠯ ᠪᠤᠯᠬᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠠ ᠪᠦᠳᠦᠭᠡᠯ᠎ᠨᠢ ᠲᠠᠷᠢᠶᠠᠯᠠᠩ᠎ᠤᠨ ᠲᠦᠭᠦᠭᠡᠷᠤᠮᠵᠢ ᠬᠡᠷᠡᠭ᠌ᠰᠡᠯ ᠲᠤᠮᠳᠠ ᠬᠡᠷᠡᠯ᠎ᠤᠨ ᠤᠷᠴᠢᠨ ᠲᠤᠭᠤᠷᠢᠨ᠎ᠢ ᠲᠤᠬᠢᠷᠠᠭᠤᠯᠬᠤ ᠲᠦᠯᠦᠪᠯᠡᠭᠡ᠎ᠶ᠋ᠢ ᠲᠤᠷᠠᠳᠤᠨ ᠭᠠᠷᠭᠠᠵᠦ᠍᠂ ᠤᠷᠭᠤᠮᠠᠯ᠎ᠤᠨ ᠤᠷᠴᠢᠨ ᠲᠤᠭᠤᠷᠢᠨ᠎ᠤ ᠬᠡᠷᠡᠯ᠎ᠤᠨ ᠨᠦᠬᠦᠴᠠᠯ᠎ᠢ ᠲᠤᠬᠢᠷᠠᠭᠤᠯᠤᠨ ᠰᠠᠢᠵᠢᠷᠠᠭᠤᠯᠬᠤ᠎ᠪᠠᠷ ᠲᠡᠮᠵᠢᠠ᠂ ᠤᠷᠭᠤᠮᠠᠯ᠎ᠤᠨ ᠤᠷᠭᠤᠯᠳᠠ᠎ᠳᠤ ᠴᠢᠩᠭ᠎ᠠ ᠨᠢᠮᠪᠠᠢ ᠮᠡᠷᠭᠡᠵᠢᠯ᠎ᠤᠨ ᠵᠢᠯᠤᠭᠤᠳᠤᠯᠭ᠎ᠠ ᠬᠠᠩᠭᠠᠨ᠎ᠠ᠃ ᠢᠩᠬᠢᠭᠡᠳ ᠤᠷᠭᠤᠮᠠᠯ ᠲᠠᠷᠢᠶᠠᠯᠠᠩ᠎ᠤᠨ ᠤᠷᠭᠤᠯᠳᠠ᠎ᠶ᠋ᠢᠨ ᠶᠠᠪᠤᠴᠠ᠎ᠳᠤ ᠪᠤᠷᠳᠤᠭᠤᠷ ᠪᠤᠯᠤᠨ ᠲᠠᠷᠢᠶᠠᠠ ᠡᠮ ᠵᠡᠷᠭᠡ᠎ᠳᠤ ᠲᠦᠱᠢᠭ᠌ᠯᠡᠬᠦ᠌᠎ᠶ᠋ᠢ ᠬᠠᠮᠤᠭ᠎ᠤᠨ ᠶᠡᠭᠡ ᠬᠡᠮᠵᠢᠶ᠎ᠠ᠎ᠪᠠᠷ ᠪᠠᠭᠠᠰᠭᠠᠵᠦ᠍᠂ ᠪᠤᠬᠢᠷᠳᠤᠯ ᠦᠭᠡᠢ ᠤᠳᠤᠬᠢᠴᠢᠯᠠᠬ᠍ᠰᠠᠨ ᠲᠠᠷᠢᠶᠠᠯᠠᠩ᠎ᠢ ᠠᠵᠤ ᠦᠢᠯᠡᠳᠪᠦᠷᠢᠵᠢᠬᠦᠯᠦᠨ ᠬᠦᠭ᠌ᠵᠢᠬᠦᠯᠬᠦ᠌᠎ᠶ᠋ᠢ ᠠᠬᠢᠭᠤᠯᠤᠨ᠎ᠠ᠃ ᠤᠳᠤ ᠡᠨᠡ ᠬᠦ᠌ ᠰᠤᠳᠤᠯᠭᠠᠨ᠎ᠤ ᠪᠦᠳᠦᠭᠡᠯ ᠪᠤᠭᠤᠲᠤ ᠬᠤᠳᠠ᠎ᠳᠤ ᠨᠢᠭᠡᠨᠳᠡ ᠲᠤᠷᠱᠢᠯᠳᠠ᠎ᠶ᠋ᠢᠨ ᠲᠠᠰᠤᠭ᠎ᠠᠴᠠ ᠲᠦᠭᠦᠭᠡᠷᠤᠮᠵᠢᠳᠤ ᠲᠠᠷᠢᠶᠠᠯᠠᠩ ᠵᠦᠭ ᠱᠢᠯᠵᠢᠵᠦ᠍᠂ ᠵᠢᠤᠶᠤᠸᠠᠨ ᠲᠤᠭᠤᠷᠢᠭ᠎ᠤᠨ ᠮᠠ ᡂᠢ ᠪᠠᠯᠭᠠᠰᠤᠨ᠎ᠤ ᠬᠤᠶᠠᠷ ᠬᠦᠯᠡᠮᠵᠢᠨ᠎ᠳᠤ ᠲᠤᠷᠱᠢᠯᠳᠠ ᠬᠢᠭ᠌ᠰᠡᠨ ᠪᠠᠢᠨ᠎ᠠ᠃
ᠪᠤᠭᠤᠲᠤ ᠬᠤᠳᠠ᠎ᠶ᠋ᠢᠨ ᠲᠦᠭᠦᠭᠡᠷᠤᠮᠵᠢᠳᠤ ᠲᠠᠷᠢᠶᠠᠯᠠᠩ᠎ᠳᠤ ᠬᠤᠪᠤᠷ ᠱᠢᠷᠤᠢ᠎ᠶ᠋ᠢᠨ ᠬᠡᠷᠡᠯ᠎ᠤᠨ ᠰᠤᠷᠪᠤᠯᠵᠢ᠎ᠶ᠋ᠢ ᠠᠱᠢᠬ᠍ᠯᠠᠬᠤ᠎ᠶ᠋ᠢ ᠲᠦᠭᠡᠮᠡᠯᠵᠢᠬᠦᠯᠬᠦ᠌ ᠠᠵᠢᠯ᠎ᠢ ᠪᠤᠭᠤᠲᠤ᠎ᠶ᠋ᠢᠨ ᠵᠦᠩ ᠺᠧ ᠷᠦᠢ ᠹᠧᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠢᠵᠠᠭᠠᠷᠳᠤ ᠺᠤᠮᠫᠠᠨᠢ ᠭᠠᠷᠳᠠᠨ ᠬᠢᠵᠦ᠍ ᠪᠤᠢ᠃ ᠲᠤᠰ ᠺᠤᠮᠫᠠᠨᠢ ᠵᠠᠩ ᠲᠦᠩ᠎ᠤᠨ ᠰᠤᠳᠤᠯᠭᠠᠨ᠎ᠤ ᠪᠦᠯᠬᠦᠮ᠎ᠤᠨ ᠰᠤᠳᠤᠯᠭᠠᠨ᠎ᠤ ᠦᠷ᠎ᠠ ᠪᠦᠳᠦᠭᠡᠯ᠎ᠳᠤ ᠲᠦᠱᠢᠭ᠌ᠯᠡᠨ᠂ ᠭᠠᠵᠠᠷ ᠤᠷᠤᠨ᠎ᠤ ᠬᠤᠯᠪᠤᠬ᠍ᠳᠠᠯ ᠪᠦᠬᠦᠢ ᠰᠠᠯᠠᠭ᠎ᠠ ᠮᠦᠴᠢᠷ᠎ᠲᠠᠢ ᠬᠠᠮᠳᠤᠷᠠᠨ᠂ ᠲᠠᠷᠢᠶᠠᠴᠢᠳ᠎ᠲᠤ ᠤᠬᠠᠭᠤᠯᠭ᠎ᠠ ᠰᠤᠷᠳᠠᠯᠴᠢᠯᠠᠭ᠎ᠠ ᠬᠢᠵᠦ᠍᠂ ᠤᠳᠤ ᠪᠠᠢᠭ᠎ᠠ ᠲᠤᠯᠠᠭᠠᠨ ᠬᠦᠯᠡᠮᠵᠢ ᠵᠡᠷᠭᠡ᠎ᠳᠤ ᠬᠤᠪᠤᠷ ᠱᠢᠷᠤᠢ᠎ᠶ᠋ᠢᠨ ᠬᠡᠷᠡᠯ᠎ᠤᠨ ᠰᠤᠷᠪᠤᠯᠵᠢ᠎ᠶ᠋ᠢ ᠠᠱᠢᠬ᠍ᠯᠠᠭᠤᠯᠬᠤ᠂ ᠬᠤᠪᠤᠷ ᠱᠢᠷᠤᠢ᠎ᠶ᠋ᠢᠨ ᠬᠡᠷᠡᠯ᠎ᠤᠨ ᠰᠤᠷᠪᠤᠯᠵᠢ᠎ᠶ᠋ᠢ ᠲᠦᠭᠦᠭᠡᠷᠤᠮᠵᠢᠳᠤ ᠲᠠᠷᠢᠶᠠᠯᠠᠩ᠎ᠳᠤ ᠠᠱᠢᠬ᠍ᠯᠠᠨ ᠬᠦᠭ᠌ᠵᠢᠬᠦᠯᠬᠦ᠂ ᠬᠤᠪᠤᠷ ᠱᠢᠷᠤᠢ᠎ᠶ᠋ᠢᠨ ᠬᠡᠷᠡᠯᠳᠦᠬᠦᠯᠭᠡ᠎ᠶ᠋ᠢᠨ ᠮᠠᠲ᠋ᠧᠷᠢᠶᠠᠯ᠎ᠤᠨ ᠬᠡᠷᠡᠭ᠌ᠯᠡᠭᠡ᠎ᠶ᠋ᠢ ᠤᠯᠠᠮ ᠦᠷᠭᠡᠳᠭᠡᠬᠦ᠌᠎ᠶ᠋ᠢ ᠰᠦᠪᠡᠭ᠌ᠴᠢᠯᠡᠵᠦ᠍ ᠶᠠᠪᠤᠨ᠎ᠠ᠃
ᠲᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠪᠤᠭᠤᠲᠤ᠎ᠶ᠋ᠢᠨ ᠬᠤᠪᠤᠷ ᠱᠢᠷᠤᠢ᠎ᠶ᠋ᠢᠨ ᠰᠤᠳᠤᠯᠤᠨ ᠨᠡᠭᠡᠭᠡᠬᠦ᠌ ᠲᠦᠪ ᠪᠤᠯ 2015 ᠤᠨ᠎ᠳᠤ ᠪᠤᠭᠤᠲᠤ ᠬᠤᠳᠠ᠎ᠳᠤ ᠨᠤᠳᠤᠬ᠍ᠰᠢᠬ᠍ᠰᠠᠨ ᠰᠤᠳᠤᠯᠭᠠᠨ᠎ᠤ ᠪᠠᠢᠭᠤᠯᠤᠮᠵᠢ᠂ ᠠᠷᠪᠠᠨ ᠭᠤᠷᠪᠠᠳᠤᠭᠠᠷ ᠲᠠᠪᠤᠨ ᠵᠢᠯ᠎ᠤᠨ ᠬᠤᠭᠤᠴᠠᠭᠠᠨ᠎ᠳᠤ ᠡᠨᠡ ᠬᠦ᠌ ᠰᠤᠳᠤᠯᠤᠨ ᠨᠡᠭᠡᠭᠡᠬᠦ᠌ ᠲᠦᠪ ᠪᠤᠭᠤᠲᠤ ᠬᠤᠳᠠ᠎ᠶ᠋ᠢᠨ ᠬᠤᠪᠤᠷ ᠱᠢᠷᠤᠢ᠎ᠶ᠋ᠢᠨ ᠠᠵᠤ ᠦᠢᠯᠡᠰ᠎ᠤᠨ ᠬᠦᠭ᠌ᠵᠢᠯᠳᠡ᠎ᠳᠤ ᠲᠦᠯᠬᠢᠴᠠ ᠬᠦᠴᠦᠨ ᠦᠵᠡᠬᠦᠯᠪᠠ᠃ ᠲᠡᠷᠡ᠎ᠨᠢ ᠲᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠰᠤᠳᠤᠯᠭᠠᠳᠠᠨᠤ ᠪᠦᠯᠬᠦᠮ ᠪᠤᠯᠤᠨ ᠰᠤᠳᠤᠯᠭᠠᠨ᠎ᠤ ᠦᠷ᠎ᠠ ᠪᠦᠳᠦᠭᠡᠯ᠎ᠳᠤ ᠲᠦᠱᠢᠭ᠌ᠯᠡᠨ᠂ ᠪᠤᠭᠤᠲᠤ ᠬᠤᠳᠠ᠎ᠳᠤ ᠬᠤᠪᠤᠷ ᠱᠢᠷᠤᠢ᠎ᠶ᠋ᠢᠨ ᠬᠡᠷᠡᠭ᠌ᠯᠡᠭᠡᠨ᠎ᠤ ᠱᠢᠨ᠎ᠠ ᠮᠠᠲ᠋ᠧᠷᠢᠶᠠᠯ᠎ᠢ ᠰᠤᠳᠤᠯᠤᠨ ᠪᠦᠲᠦᠭᠡᠬᠦ᠂ ᠬᠡᠷᠡᠭ᠌ᠯᠡᠭᠡᠨ᠎ᠤ ᠱᠢᠨ᠎ᠠ ᠤᠷᠤᠨ ᠵᠠᠢ ᠨᠡᠭᠡᠭᠡᠬᠦ᠂ ᠬᠤᠪᠤᠷ ᠱᠢᠷᠤᠢ᠎ᠶ᠋ᠢᠨ ᠴᠢᠳᠠᠪᠤᠷᠢᠳᠠᠨ᠎ᠢ ᠴᠤᠬ᠍ᠯᠠᠭᠤᠯᠬᠤ ᠵᠡᠷᠭᠡ ᠲᠠᠯ᠎ᠠ᠎ᠪᠠᠷ ᠲᠤᠪᠤᠢᠮ᠎ᠠ ᠦᠢᠯᠡᠳᠤᠯ ᠊ᠦᠵᠡᠬᠦᠯᠦᠭ᠌ᠰᠡᠨ ᠪᠠᠢᠨ᠎ᠠ᠃ ᠲᠡᠯᠡᠭᠡᠢ ᠳᠡᠭᠡᠷ᠎ᠡ ᠠᠩᠬᠠᠯᠠᠨ ᠬᠤᠪᠤᠷ ᠱᠢᠷᠤᠢ᠎ᠶ᠋ᠢᠨ ᠬᠦᠬᠦᠷᠳᠤ ᠪᠤᠳᠠᠰ᠎ᠤᠨ ᠪᠤᠳᠤᠭ ᠤᠷᠤᠭᠤᠯᠬᠤ ᠡᠳ᠋᠎ᠤᠨ ᠦᠢᠯᠡᠳᠪᠦᠷᠢᠯᠡᠯ᠎ᠤᠨ ᠱᠤᠭᠤᠮ᠎ᠢ ᠪᠠᠢᠭᠤᠯᠤᠬ᠍ᠰᠠᠨ᠂ ᠬᠤᠪᠤᠷ ᠱᠢᠷᠤᠢ᠎ᠶ᠋ᠢᠨ ᠸᠠᠭᠠᠷ ᠱᠠᠭᠠᠵᠠᠩᠢ ᠰᠤᠳᠤᠯᠤᠨ ᠨᠡᠭᠡᠭᠡᠭ᠌ᠰᠡᠨ ᠵᠢᠴᠢ ᠠᠵᠤ ᠦᠢᠯᠡᠳᠪᠦᠷᠢᠵᠢᠬᠦᠯᠦᠭ᠌ᠰᠡᠨ ᠵᠡᠷᠭᠡ ᠠᠯᠢ ᠤᠯᠠᠨ ᠰᠤᠳᠤᠯᠭᠠᠨ᠎ᠤ ᠊ᠦᠷ ᠠ ᠪᠦᠳᠦᠭᠡᠯ᠎ᠤᠳ ᠪᠤᠭᠤᠲᠤ ᠬᠤᠳᠠ᠎ᠳᠤ ᠬᠤᠪᠤᠷ ᠱᠢᠷᠤᠢ᠎ᠶ᠋ᠢᠨ ᠪᠦᠬᠦ᠌ ᠡᠯᠧᠮᠧᠨ᠋ᠲ᠎ᠤᠨ ᠠᠵᠤ ᠦᠢᠯᠡᠰ᠎ᠤᠨ ᠬᠡᠯᠬᠢᠶᠡᠵᠢᠯ᠎ᠢ ᠬᠦᠭ᠌ᠵᠢᠬᠦᠯᠬᠦ᠌᠎ᠳᠤ ᠢᠳᠡᠪᠬᠢᠳᠠᠢ ᠰᠦᠪᠡᠭ᠌ᠴᠢᠯᠡᠯᠳᠡ ᠬᠢᠭ᠌ᠰᠡᠨ ᠪᠠᠢᠨ᠎ᠠ᠃