ᠲᠠᠯ᠎ᠠ ᠨᠤᠳᠤᠭ᠎ᠲᠤ 《ᠲᠤᠮᠤ》 ᠵᠠᠮ ᠬᠠᠷᠢᠯᠴᠠᠭ᠎ᠠ ᠪᠦᠷᠢᠳᠦᠯ᠎ᠠ — 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠠᠬᠢ ᠮᠠᠨ᠎ᠤ ᠤᠷᠤᠨ᠎ᠤ ᠵᠠᠮ ᠬᠠᠷᠢᠯᠴᠠᠭᠠᠨ᠎ᠤ ᠪᠦᠲᠦᠬᠡᠨ ᠪᠠᠢᠭᠤᠯᠤᠯᠳᠠ᠎ᠶ᠋ᠢᠨ ᠲᠤᠬᠠᠢ ᠬᠦᠦᠷᠨᠢᠯ
2021-01-11 09:53:51
ᠵᠣᠬᠢᠶᠠᠭ᠍ᠴᠢ᠄
ᠬᠠᠢ ᠴᠢᠤᠧᠠᠨ
ᠣᠩᠱᠢᠭ᠍ᠰᠠᠨ ᠣᠳᠠᠭ᠎ᠠ᠄
★★★☆☆

ᠬᠦᠬᠡᠬᠤᠳᠠ — ᠪᠡᠬᠡᠵᠢᠩ ᠬᠦᠷᠬᠦ᠌ ᠲᠦᠷᠬᠡᠨ᠎ᠤ ᠲᠡᠮᠦᠷ ᠵᠠᠮ ᠲᠡᠷᠬᠡ ᠨᠡᠪᠲᠡᠷᠡᠭ᠌ᠰᠡᠨ᠎ᠠᠴᠠ᠂ ᠤᠷᠤᠨ᠎ᠤ ᠲᠦᠪ᠎ᠠᠴᠠ ᠤᠯᠤᠰ᠎ᠤᠨ ᠨᠡᠢᠰᠯᠡᠯ ᠤᠷᠤᠳᠠᠯ᠎ᠠ ᠬᠤᠶᠠᠷᠬᠠᠨ ᠴᠠᠬ ᠬᠡᠷᠡᠭ᠌ᠰᠡᠬᠦ᠌ ᠪᠤᠯᠵᠦ᠍᠂ 《ᠦᠷᠯᠦᠬᠡ᠎ᠶ᠋ᠢᠨ ᠴᠠᠢ᠎ᠪᠠᠨ ᠬᠦᠬᠡᠬᠤᠳᠠ᠎ᠳᠤ ᠤᠤᠭᠤᠭᠠᠳ᠂ ᠦᠳᠡ᠎ᠶ᠋ᠢᠨ ᠦᠶ᠎ᠠ᠎ᠪᠠᠷ ᠪᠡᠬᠡᠵᠢᠩ᠎ᠤᠨ ᠱᠢᠷᠠᠬ᠍ᠰᠠᠨ ᠨᠤᠭᠤᠰᠤ᠎ᠶ᠋ᠢ ᠠᠮᠳᠠᠯᠠᠬᠤ》 ᠬᠦᠬᠡᠬᠤᠳᠠᠴᠤᠳ᠎ᠤᠨ ᠬᠦᠰᠡᠯ ᠪᠡᠶᠡᠯᠡᠭ᠌ᠳᠡᠯ᠎ᠠ᠃

ᠬᠦᠬᠡᠬᠤᠳᠠ᠎ᠳᠤ ᠵᠢᠮᠳᠤ ᠲᠡᠮᠦᠷ ᠵᠠᠮ᠎ᠲᠠᠢ ᠪᠤᠯᠬᠤ᠎ᠶ᠋ᠢᠨ ᠤᠯᠠᠮ᠎ᠢᠶᠠᠷ᠂ ᠮᠠᠨ᠎ᠤ ᠤᠷᠤᠨ᠎ᠤ ᠵᠢᠮᠳᠤ ᠲᠡᠮᠦᠷ ᠵᠠᠮ ᠪᠠᠢᠬ᠍ᠰᠨᠨ ᠦᠬᠡᠢ ᠲᠡᠤᠬᠡ᠎ᠶ᠋ᠢᠨ ᠬᠤᠭᠤᠰᠤᠨ᠎ᠢ ᠨᠦᠬᠦᠪᠦᠷᠢᠯᠡᠯ᠎ᠠ᠃

ᠬᠦᠬᠡᠬᠤᠳᠠ᠎ᠶ᠋ᠢᠨ ᠵᠠᠮ ᠬᠠᠷᠢᠯᠴᠠᠭᠠᠨ᠎ᠤ ᠨᠦᠬᠦᠴᠡᠯ᠎ᠤᠨ ᠰᠠᠢᠵᠢᠷᠠᠯᠳᠠ᠎ᠨᠢ ᠮᠦᠨ ᠴᠤ᠌ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠠᠬᠢ ᠮᠠᠨ᠎ᠤ ᠤᠷᠤᠨ᠎ᠤ ᠵᠠᠮ ᠬᠠᠷᠢᠯᠴᠠᠭᠠᠨ᠎ᠤ ᠪᠦᠲᠦᠬᠡᠨ ᠪᠠᠢᠭᠤᠯᠤᠯᠳᠠ᠎ᠶ᠋ᠢᠨ ᠯᠤᠳᠤ ᠶᠡᠭᠡ ᠬᠦᠭ᠌ᠵᠢᠯᠳᠡ᠎ᠶ᠋ᠢᠨ ᠨᠢᠬᠡᠨ ᠴᠤᠮᠬᠠᠳᠭᠠᠯ ᠪᠢᠯᠡ᠃ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠮᠠᠨ᠎ᠤ ᠤᠷᠤᠨ᠎ᠤ ᠲᠦᠷᠬᠡᠨ᠎ᠤ ᠲᠡᠮᠦᠷ ᠵᠠᠮ᠂ ᠵᠢᠮᠳᠤ ᠲᠡᠮᠦᠷ ᠵᠠᠮ᠂ ᠨᠢᠰᠭᠡᠯ᠎ᠤᠨ ᠪᠠᠭᠤᠳᠠᠯ᠂ ᠬᠦᠳᠡᠭᠡ ᠲᠤᠰᠭᠤᠨ᠎ᠤ ᠵᠠᠰᠠᠮᠠᠯ ᠵᠠᠮ᠂ ᠲᠦᠷᠬᠡᠨ᠎ᠤ ᠵᠠᠰᠠᠮᠠᠯ ᠵᠠᠮ ᠵᠡᠷᠬᠡ᠎ᠶ᠋ᠢ ᠪᠠᠭ᠍ᠳᠠᠭᠠᠬ᠍ᠰᠠᠨ 《ᠲᠤᠮᠤ》 ᠵᠠᠮ ᠬᠠᠷᠢᠯᠴᠠᠭᠠᠨ᠎ᠤ ᠪᠦᠲᠦᠬᠡᠨ ᠪᠠᠢᠭᠤᠯᠤᠯᠳᠠ ᠲᠠᠰᠤᠷᠠᠯᠳᠠ ᠦᠬᠡᠢ ᠲᠦᠷᠬᠡᠳᠴᠤ᠌᠂ ᠲᠠᠯ᠎ᠠ ᠨᠤᠳᠤᠬ᠎ᠤᠨ ᠤᠯᠠᠨ ᠲᠦᠮᠡᠨ᠎ᠤ ᠶᠠᠪᠤᠵᠦ᠍ ᠰᠠᠭᠤᠬᠤ᠎ᠳᠤ ᠨᠡᠩ ᠲᠦᠬᠦᠮ ᠲᠦᠳᠡ ᠨᠦᠬᠦᠴᠡᠯ ᠪᠦᠷᠢᠯᠳᠦᠬᠦᠯᠵᠦ᠍ ᠦᠭ᠌ᠴᠡᠢ᠃

ᠴᠢᠨᠡᠬᠡᠯᠢᠭ᠌ᠵᠢᠶ᠎ᠠ ᠬᠡᠪᠡᠯ ᠤᠷᠢᠳ᠎ᠢᠶᠠᠷ ᠵᠠᠮ ᠵᠠᠰᠠᠨ᠎ᠠ ᠬᠡᠳᠡᠭ᠌ᠴᠢᠯᠡᠨ᠂ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠠᠴᠠ ᠨᠠᠭᠠᠰᠢ᠂ ᠮᠠᠨ᠎ᠤ ᠤᠷᠤᠨ᠎ᠤ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠪᠦᠲᠦᠬᠡᠨ ᠪᠠᠢᠭᠤᠯᠤᠯᠳᠠ ᠢᠯᠡᠷᠬᠡᠢ ᠲᠦᠷᠬᠡᠳᠴᠤ᠌᠂ ᠪᠦᠬᠦ᠌ ᠤᠷᠤᠨ᠎ᠤ 12 ᠠᠢᠮᠠᠬ ᠬᠤᠳᠠ᠎ᠶ᠋ᠢᠨ ᠰᠠᠭᠤᠭ᠎ᠠ ᠭᠠᠵᠠᠷ᠎ᠲᠤ ᠪᠦᠷ ᠲᠦᠷᠬᠡᠨ᠎ᠤ ᠵᠠᠰᠠᠮᠠᠯ ᠵᠠᠮ ᠨᠡᠪᠲᠡᠷᠡᠵᠦ᠍᠂ ᠪᠦᠬᠦ᠌ ᠤᠷᠤᠨ᠎ᠤ 103 ᠬᠤᠱᠢᠭᠤ ᠱᠢᠶᠠᠨ ᠬᠤᠳᠠ ᠲᠤᠭᠤᠷᠢᠬ᠎ᠲᠤ ᠪᠦᠷ ᠨᠢᠬᠡᠳᠦᠬᠡᠷ ᠲᠡᠰ᠎ᠠᠴᠠ ᠲᠡᠭᠡᠭ᠌ᠰᠢᠬᠢ ᠵᠠᠰᠠᠮᠠᠯ ᠵᠠᠮ ᠨᠡᠪᠲᠡᠷᠡᠵᠦ᠍᠂ ᠨᠦᠬᠦᠴᠡᠯ᠎ᠳᠤ ᠬᠦᠷᠦᠭ᠌ᠰᠡᠨ ᠵᠠᠰᠠᠬ ᠵᠠᠬᠢᠷᠭᠠᠨ᠎ᠤ ᠭᠠᠴᠠᠭ᠎ᠠ ᠲᠤᠰᠭᠤᠨ ᠪᠦᠬᠦᠨ᠎ᠳᠤ ᠪᠦᠷ ᠬᠠᠳᠠᠭᠤᠷᠠᠭᠤᠯᠤᠬ᠍ᠰᠠᠨ ᠵᠠᠮ ᠨᠡᠪᠲᠡᠷᠡᠬᠦ᠌᠎ᠶ᠋ᠢᠨ ᠤᠯᠠᠮ᠎ᠢᠶᠠᠷ ᠠᠶᠠᠨᠴᠢᠨ᠎ᠤ ᠮᠠᠱᠢᠨ ᠲᠡᠷᠬᠡ ᠭᠠᠴᠠᠭ᠎ᠠ ᠲᠤᠰᠭᠤᠨ᠎ᠳᠤ ᠬᠦᠷᠳᠡᠯ᠎ᠠ ᠨᠡᠪᠲᠡᠷᠡᠵᠦ᠍᠂ ᠴᠢᠨᠡᠬᠡᠯᠢᠭ ᠨᠡᠢᠬᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ᠌ ᠱᠢᠢᠳᠪᠦᠷᠢᠳᠤ ᠢᠯᠠᠯᠳᠠ᠎ᠶ᠋ᠢ ᠤᠯᠬᠤ᠎ᠳᠤ ᠵᠠᠮ ᠬᠠᠷᠢᠯᠴᠠᠭᠠᠨ᠎ᠤ ᠦᠨᠳᠦᠰᠦᠨ ᠪᠠᠳᠤᠯᠠᠭ᠎ᠠ ᠬᠠᠩᠭᠠᠵᠠᠢ᠃ 2020 ᠤᠨ᠎ᠤ 11 ᠰᠠᠷ᠎ᠠ᠎ᠶ᠋ᠢᠨ ᠰᠡᠬᠦᠯᠴᠢ ᠪᠤᠯᠳᠠᠯ᠎ᠠ᠂ ᠪᠦᠬᠦ᠌ ᠤᠷᠤᠨ᠎ᠤ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠵᠠᠰᠠᠮᠠᠯ ᠵᠠᠮ ᠪᠠ ᠤᠰᠤᠨ ᠵᠠᠮ᠎ᠤᠨ ᠵᠠᠮ ᠬᠠᠷᠢᠯᠴᠠᠭ᠎ᠠ ᠲᠡᠬᠡᠬᠡᠪᠦᠷᠢ᠎ᠶ᠋ᠢᠨ ᠲᠤᠬ᠍ᠳᠠᠮᠠᠯ ᠬᠦᠷᠦᠩᠬᠡ᠎ᠶ᠋ᠢᠨ ᠪᠡᠯᠡ ᠤᠷᠤᠭᠤᠯᠤᠯᠳᠠ 2990 ᠳ᠋ᠦᠩᠱᠢᠭᠤᠷ ᠲᠦᠬᠦᠷᠢᠭ᠎ᠲᠤ ᠬᠦᠷᠴᠡᠢ᠃ 2020 ᠤᠨ᠎ᠤ ᠰᠡᠬᠦᠯᠴᠢ ᠪᠤᠯᠳᠠᠯ᠎ᠠ᠂ ᠪᠦᠬᠦ᠌ ᠤᠷᠤᠨ᠎ᠤ ᠲᠡᠷᠭᠡ ᠨᠡᠪᠲᠡᠷᠡᠭ᠌ᠰᠡᠨ ᠵᠠᠰᠠᠮᠠᠯ ᠵᠠᠮ᠎ᠤᠨ ᠶᠡᠷᠦᠩᠬᠡᠢ ᠤᠷᠳᠤ 21 ᠲᠦᠮᠡᠨ ᠺᠢᠯᠤᠮᠧᠲᠷ᠎ᠲᠤ ᠬᠦᠷᠴᠤ᠌᠂ 2015 ᠤᠨ᠎ᠤ᠎ᠬᠢ᠎ᠠᠴᠠ 3.5 ᠲᠦᠮᠡᠨ ᠺᠢᠯᠤᠮᠧᠲᠷ ᠨᠡᠮᠡᠭ᠌ᠳᠡᠵᠦ᠍᠂ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠰᠠᠭᠤᠷᠢ ᠲᠦᠬᠦᠬᠡᠷᠦᠮᠵᠢ᠎ᠶ᠋ᠢᠨ ᠲᠤᠤᠷᠵᠢᠯᠳᠠ ᠲᠦᠷᠬᠡᠳᠦᠭ᠌ᠰᠡᠨ ᠪᠠᠢᠨ᠎ᠠ᠃

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠮᠠᠨ᠎ᠤ ᠤᠷᠤᠨ᠎ᠤ ᠲᠦᠷᠬᠡᠨ᠎ᠤ ᠵᠠᠰᠠᠮᠠᠯ ᠵᠠᠮ᠎ᠤᠨ ᠲᠤᠤᠷ ᠲᠠᠰᠤᠷᠠᠯᠳᠠ ᠦᠬᠡᠢ ᠲᠡᠬᠦᠯᠳᠡᠷᠵᠢᠵᠦ᠍᠂ 2020 ᠤᠨ᠎ᠤ ᠰᠡᠬᠦᠯᠴᠢ ᠪᠤᠯᠳᠠᠯ᠎ᠠ᠂ ᠪᠦᠬᠦ᠌ ᠤᠷᠤᠨ᠎ᠤ ᠲᠡᠷᠭᠡ ᠨᠡᠪᠲᠡᠷᠡᠭ᠌ᠰᠡᠨ ᠲᠦᠷᠬᠡᠨ᠎ᠤ ᠵᠠᠰᠠᠮᠠᠯ ᠵᠠᠮ᠎ᠤᠨ ᠶᠡᠷᠦᠩᠬᠡᠢ ᠤᠷᠳᠤ 6985 ᠺᠢᠯᠤᠮᠧᠳ᠋ᠷ᠎ᠲᠤ ᠬᠦᠷᠴᠡᠢ᠃ ᠦᠩᠬᠡᠷᠡᠭ᠌ᠰᠡᠨ ᠲᠠᠪᠤᠨ ᠵᠢᠯ᠎ᠳᠤ᠂ ᠲᠡᠯᠡᠬᠡᠢ ᠲᠡᠬᠡᠷᠡᠬᠢ ᠬᠠᠮᠤᠬ᠎ᠤᠨ ᠤᠷᠳᠤ ᠡᠯᠡᠰᠤᠨ᠎ᠳᠠᠬᠢ ᠲᠦᠷᠬᠡᠨ᠎ᠤ ᠵᠠᠰᠠᠮᠠᠯ ᠵᠠᠮ ᠪᠤᠯᠬᠤ ᠪᠡᠬᠡᠵᠢᠩ — ᠱᠢᠨᠵᠢᠶᠠᠩ ᠬᠦᠷᠬᠦ᠌ ᠲᠦᠷᠬᠡᠨ᠎ᠤ ᠵᠠᠰᠠᠮᠠᠯ ᠵᠠᠮ᠎ᠤᠨ ᠦᠪᠦᠷ ᠮᠤᠩᠭᠤᠯ᠎ᠳᠠᠬᠢ ᠬᠡᠰᠡᠭ ᠪᠦᠬᠦ᠌ ᠱᠤᠭᠤᠮ᠎ᠢᠶᠠᠷ᠎ᠢᠶᠠᠨ ᠲᠡᠷᠬᠡ ᠨᠡᠪᠲᠡᠷᠡᠵᠦ᠍᠂ ᠪᠤᠭᠤᠳᠤ — ᠮᠤᠤᠮᠢᠩ ᠬᠦᠷᠬᠦ᠌ ᠲᠦᠷᠬᠡᠨ᠎ᠤ ᠵᠠᠰᠠᠮᠠᠯ ᠵᠠᠮ᠎ᠤᠨ ᠪᠤᠭᠤᠳᠤ — ᠤᠷᠳᠤᠰ ᠬᠦᠷᠬᠦ᠌ ᠬᠡᠰᠡᠭ᠎ᠢ ᠪᠦᠲᠦᠬᠡᠨ ᠪᠠᠢᠭᠤᠯᠵᠦ᠍ ᠲᠠᠭᠤᠰᠭᠠᠨ ᠲᠡᠷᠬᠡ ᠨᠡᠪᠲᠡᠷᠡᠬᠦᠯᠵᠦ᠍᠂ ᠤᠯᠤᠰ᠎ᠤᠨ ᠲᠦᠷᠬᠡᠨ᠎ᠤ ᠵᠠᠰᠠᠮᠠᠯ ᠵᠠᠮ ᠪᠤᠯᠬᠤ ᠳ᠋ᠠᠨᠳᠦ᠋ᠩ — ᠱᠢᠯᠢᠩᠬᠤᠳᠠ ᠬᠦᠷᠬᠦ᠂ ᠷᠦᠩᠴᠧᠩ — ᠦᠬᠠᠢ ᠬᠦᠷᠬᠦ᠂ ᠨᠠᠢ᠍ᠮᠠᠨ — ᠶᠢᠩᠺᠧᠤ ᠬᠦᠷᠬᠦ᠌ ᠲᠦᠷᠬᠡᠨ᠎ᠤ ᠵᠠᠰᠠᠮᠠᠯ ᠵᠠᠮ᠎ᠤᠨ ᠦᠪᠦᠷ ᠮᠤᠩᠭᠤᠯ᠎ᠳᠠᠬᠢ ᠬᠡᠰᠡᠭ᠎ᠢ ᠤᠳᠠᠯ ᠦᠬᠡᠢ ᠪᠦᠲᠦᠬᠡᠨ ᠪᠠᠢᠭᠤᠯᠵᠦ᠍ ᠲᠠᠭᠤᠰᠭᠠᠨ᠂ ᠭᠠᠳᠠᠨ᠎ᠠ ᠤᠷᠤᠨ᠎ᠳᠤ ᠨᠡᠪᠲᠡᠷᠡᠬᠦ᠌ ᠮᠤᠵᠢ ᠠᠯᠤᠰᠯᠠᠬ᠍ᠰᠠᠨ ᠲᠦᠷᠬᠡᠨ᠎ᠤ ᠵᠠᠰᠠᠮᠠᠯ ᠵᠠᠮ᠎ᠢ 7 ᠵᠤᠷᠪᠤᠰ ᠱᠢᠨ᠎ᠠ᠎ᠪᠠᠷ ᠨᠡᠮᠡᠵᠦ᠍ ᠪᠦᠲᠦᠬᠡᠨ ᠪᠠᠢᠭᠤᠯᠵᠦ᠍᠂ ᠮᠠᠨ᠎ᠤ ᠤᠷᠤᠨ᠎ᠤ ᠭᠠᠳᠠᠨ᠎ᠠ ᠤᠷᠤᠨ᠎ᠳᠤ ᠨᠡᠪᠲᠡᠷᠡᠬᠦ᠌ ᠲᠦᠷᠬᠡᠨ᠎ᠤ ᠵᠠᠰᠠᠮᠠᠯ ᠵᠠᠮ 21 ᠵᠤᠷᠪᠤᠰ ᠪᠤᠯᠵᠦ᠍᠂ 13 ᠬᠤᠱᠢᠭᠤ ᠱᠢᠶᠠᠨ᠎ᠳᠤ ᠠᠩᠬ᠎ᠠ ᠲᠦᠷᠬᠡᠨ᠎ᠤ ᠵᠠᠰᠠᠮᠠᠯ ᠵᠠᠮ ᠨᠡᠪᠲᠡᠷᠡᠵᠦ᠍᠂ ᠲᠦᠷᠬᠡᠨ᠎ᠤ ᠵᠠᠰᠠᠮᠠᠯ ᠵᠠᠮ ᠨᠡᠪᠲᠡᠷᠡᠭ᠌ᠰᠡᠨ ᠬᠤᠱᠢᠭᠤ ᠱᠢᠶᠠᠨ ᠬᠤᠳᠠ ᠲᠤᠭᠤᠷᠢᠬ 64 ᠪᠤᠯᠤᠬ᠍ᠰᠠᠨ ᠠᠵᠢ᠃ ᠡᠩ᠎ᠤᠨ ᠭᠤᠤᠯ ᠱᠤᠭᠤᠮ᠎ᠤᠨ ᠵᠠᠮ ᠲᠤᠤᠷ᠎ᠤᠨ ᠪᠦᠲᠦᠴᠡ ᠨᠡᠩ ᠢᠯᠡᠬᠦᠦ ᠱᠢᠯᠢᠳᠡᠭ᠌ᠵᠢᠵᠦ᠍᠂ ᠵᠢᠱ᠌ᠢᠯᠳᠡ᠎ᠪᠠᠷ᠂ 2020 ᠤᠨ᠎ᠤ ᠰᠡᠬᠦᠯᠴᠢ ᠪᠤᠯᠳᠠᠯ᠎ᠠ᠂ ᠪᠦᠬᠦ᠌ ᠤᠷᠤᠨ᠎ᠤ ᠲᠡᠷᠭᠡ ᠨᠡᠪᠲᠡᠷᠡᠭ᠌ᠰᠡᠨ ᠨᠢᠬᠡᠳᠦᠬᠡᠷ ᠲᠡᠰ᠎ᠤᠨ ᠵᠠᠰᠠᠮᠠᠯ ᠵᠠᠮ᠎ᠤᠨ ᠤᠷᠳᠤ 8650 ᠺᠢᠯᠤᠮᠧᠳ᠋ᠷ᠂ ᠬᠤᠶᠠᠳᠤᠭᠠᠷ ᠲᠡᠰ᠎ᠤᠨ ᠵᠠᠰᠠᠮᠠᠯ ᠵᠠᠮ᠎ᠤᠨ ᠤᠷᠳᠤ 1.9 ᠲᠦᠮᠡᠨ ᠺᠢᠯᠤᠮᠧᠲᠷ᠎ᠲᠤ ᠬᠦᠷᠴᠤ᠌᠂ ᠬᠤᠱᠢᠭᠤ ᠱᠢᠶᠠᠨ ᠪᠦᠬᠦᠨ᠎ᠳᠤ ᠨᠢᠬᠡᠳᠦᠬᠡᠷ ᠲᠡᠰ ᠵᠢᠴᠢ ᠨᠢᠬᠡᠳᠦᠬᠡᠷ ᠲᠡᠰ᠎ᠠᠴᠠ ᠲᠡᠭᠡᠭ᠌ᠰᠢᠬᠢ ᠵᠠᠰᠠᠮᠠᠯ ᠵᠠᠮ ᠨᠡᠪᠲᠡᠷᠡᠵᠡᠢ᠃ ᠮᠠᠯᠵᠢᠬᠤ ᠲᠠᠷᠢᠶᠠᠯᠠᠬᠤ ᠤᠷᠤᠨ᠎ᠤ ᠵᠠᠰᠠᠮᠠᠯ ᠵᠠᠮ᠎ᠤᠨ ᠪᠦᠲᠦᠬᠡᠨ ᠪᠠᠢᠭᠤᠯᠤᠯᠳᠠ ᠱᠢᠨ᠎ᠠ ᠲᠠᠪᠠᠯᠳᠠ᠎ᠲᠠᠢ ᠪᠤᠯᠵᠦ᠍᠂ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠪᠦᠬᠦ᠌ ᠤᠷᠤᠨ 6.55 ᠲᠦᠮᠡᠨ ᠺᠢᠯᠤᠮᠧᠳ᠋ᠷ᠎ᠤᠨ ᠮᠠᠯᠵᠢᠬᠤ ᠲᠠᠷᠢᠶᠠᠯᠠᠬᠤ ᠤᠷᠤᠨ᠎ᠤ ᠵᠠᠰᠠᠮᠠᠯ ᠵᠠᠮ᠎ᠢ ᠱᠢᠨ᠎ᠠ᠎ᠪᠠᠷ ᠦᠬᠡᠷᠡᠴᠢᠯᠡᠵᠦ᠍ ᠪᠦᠲᠦᠬᠡᠨ ᠪᠠᠢᠭᠤᠯᠵᠦ᠍᠂ 2019 ᠤᠨ᠎ᠤ ᠰᠡᠬᠦᠯᠴᠢ ᠪᠤᠯᠳᠠᠯ᠎ᠠ᠂ ᠪᠦᠬᠦ᠌ ᠤᠷᠤᠨ᠎ᠤ ᠮᠠᠯᠵᠢᠬᠤ ᠲᠠᠷᠢᠶᠠᠯᠠᠬᠤ ᠤᠷᠤᠨ᠎ᠤ ᠵᠠᠰᠠᠮᠠᠯ ᠵᠠᠮ᠎ᠤᠨ ᠶᠡᠷᠦᠩᠬᠡᠢ ᠤᠷᠳᠤ 16.5 ᠲᠦᠮᠡᠨ ᠺᠢᠯᠤᠮᠧᠲᠷ᠎ᠲᠤ ᠬᠦᠷᠴᠤ᠌᠂ 《ᠠᠷᠪᠠᠨ ᠬᠤᠶᠠᠳᠤᠭᠠᠷ ᠲᠠᠪᠤᠨ ᠵᠢᠯ》 ᠎ᠤᠨ᠎ᠬᠢ᠎ᠠᠴᠠ 2 ᠲᠦᠮᠡᠨ ᠺᠢᠯᠤᠮᠧᠲᠷ ᠨᠡᠮᠡᠭ᠌ᠳᠡᠭ᠌ᠰᠡᠨ ᠠᠵᠢ᠃

ᠲᠦᠷᠬᠡᠨ᠎ᠤ ᠲᠡᠮᠦᠷ ᠵᠠᠮ ᠨᠡᠪᠲᠡᠷᠡᠬᠦᠶ᠎ᠠ᠂ ᠬᠦᠭ᠌ᠵᠢᠯᠳᠡ᠎ᠶ᠋ᠢᠨ ᠡᠷᠴᠢ ᠴᠢᠩᠭᠠᠷᠠᠨᠠᠮ᠃ 2018 ᠤᠨ᠎ᠤ ᠰᠡᠬᠦᠯᠴᠢ᠎ᠪᠠᠷ᠂ ᠲᠦᠩᠯᠢᠶᠤᠤ — ᠮᠦᠭ᠌ᠳᠡᠨ ᠬᠦᠷᠬᠦ᠌ ᠲᠦᠷᠬᠡᠨ᠎ᠤ ᠲᠡᠮᠦᠷ ᠵᠠᠮ ᠲᠡᠷᠬᠡ ᠨᠡᠪᠲᠡᠷᠡᠭ᠌ᠰᠡᠨ᠎ᠨᠢ ᠮᠠᠨ᠎ᠤ ᠤᠷᠤᠨ ᠪᠦᠬᠦ᠌ ᠤᠯᠤᠰ᠎ᠤᠨ ᠲᠦᠷᠬᠡᠨ᠎ᠤ ᠲᠡᠮᠦᠷ ᠵᠠᠮ᠎ᠤᠨ ᠲᠤᠤᠷ᠎ᠲᠤ ᠵᠢᠩᠬᠢᠨᠢ᠎ᠪᠠᠷ ᠤᠷᠤᠬ᠍ᠰᠠᠨ᠎ᠤ ᠪᠡᠯᠬᠡ ᠲᠡᠮᠳᠡᠭ ᠪᠤᠯᠵᠠᠢ᠃ ᠬᠦᠬᠡᠬᠤᠳᠠ — ᠪᠡᠬᠡᠵᠢᠩ ᠬᠦᠷᠬᠦ᠌ ᠲᠦᠷᠬᠡᠨ᠎ᠤ ᠲᠡᠮᠦᠷ ᠵᠠᠮ 2019 ᠤᠨ᠎ᠤ ᠰᠡᠬᠦᠯᠴᠢ᠎ᠪᠠᠷ ᠪᠦᠬᠦ᠌ ᠱᠤᠭᠤᠮ᠎ᠢᠶᠠᠷ ᠲᠡᠷᠬᠡ ᠨᠡᠪᠲᠡᠷᠡᠵᠦ᠍᠂ ᠤᠷᠤᠨ᠎ᠤ ᠲᠦᠪ ᠪᠠ ᠤᠯᠤᠰ᠎ᠤᠨ ᠨᠡᠢᠰᠯᠡᠯ᠎ᠤᠨ ᠵᠠᠢ᠎ᠶ᠋ᠢ ᠤᠯᠠᠮ ᠤᠢ᠍ᠢᠷᠠᠳᠤᠭᠤᠯᠤᠬ᠍ᠰᠠᠨ ᠠᠵᠢ᠃ ᠪᠡᠭᠡᠵᠢᠩ — ᠮᠦᠭ᠌ᠳᠡᠨ ᠬᠦᠷᠬᠦ᠌ ᠲᠡᠮᠦᠷ ᠵᠠᠮ᠎ᠤᠨ ᠤᠯᠠᠭᠠᠨᠬᠠᠳᠠ — ᠬᠠᠷᠠᠴᠢᠨ ᠵᠡᠬᠦᠨ ᠦᠷᠳᠡᠭᠡ ᠬᠦᠷᠬᠦ᠌ ᠬᠡᠰᠡᠭ ᠪᠠᠰᠠ 2020 ᠤᠨ᠎ᠤ 7 ᠰᠠᠷ᠎ᠠ᠎ᠳᠤ ᠪᠠᠰᠠ ᠲᠡᠷᠭᠡ ᠨᠡᠪᠲᠡᠷᠡᠪᠡ᠃ ᠡᠬᠦᠨ᠎ᠠᠴᠠ ᠭᠠᠳᠠᠨ᠎ᠠ᠂ ᠵᠢᠨᠢᠩ — ᠳ᠋ᠠᠲ᠋ᠦ᠋ᠩ ᠬᠦᠷᠬᠦ᠌ ᠲᠦᠷᠬᠡᠨ᠎ᠤ ᠲᠡᠮᠦᠷ ᠵᠠᠮ᠂ ᠪᠤᠭᠤᠳᠤ — ᠢᠷᠭᠠᠢ ᠬᠦᠷᠬᠦ᠌ ᠲᠦᠷᠬᠡᠨ᠎ᠤ ᠲᠡᠮᠦᠷ ᠵᠠᠮ᠎ᠤᠨ ᠲᠦᠷᠦᠯ ᠵᠦᠢᠯ᠎ᠢ ᠨᠢᠳᠤᠨᠤᠨ ᠪᠠᠷᠢᠯᠭ᠎ᠠ ᠡᠬᠢᠯᠡᠬᠦᠯᠵᠦ᠍᠂ ᠤᠳᠤᠬᠠᠨ᠎ᠳᠤ ᠢᠳᠡ ᠬᠦᠭ᠎ᠲᠠᠢ ᠶᠠᠪᠤᠬ᠍ᠳᠠᠵᠦ᠍᠂ ᠮᠠᠨ᠎ᠤ ᠤᠷᠤᠨ᠎ᠳᠤ ᠤᠳᠠᠯ ᠦᠬᠡᠢ ᠪᠠᠰᠠ ᠬᠤᠶᠠᠷ ᠵᠤᠷᠪᠤᠰ ᠲᠦᠷᠬᠡᠨ᠎ᠤ ᠲᠠᠮᠦᠷ ᠵᠠᠮ ᠨᠡᠮᠡᠭ᠌ᠳᠡᠬᠦ᠌ ᠪᠠᠶᠠᠷ᠎ᠤᠨ ᠴᠢᠮᠡᠭᠡ ᠤᠯᠠᠮᠵᠢᠯᠠᠬ᠍ᠳᠠᠯ᠎ᠠ᠃ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠮᠠᠨ᠎ᠤ ᠤᠷᠤᠨ ᠲᠡᠮᠦᠷ ᠵᠠᠮ᠎ᠤᠨ ᠭᠤᠤᠯᠳᠠᠯᠭ᠎ᠠ᠎ᠲᠠᠢ ᠲᠦᠷᠤᠯ ᠵᠦᠢᠯ᠎ᠤᠨ ᠪᠦᠲᠦᠬᠡᠨ ᠪᠠᠢᠭᠤᠯᠤᠯᠳᠠ᠎ᠳᠤ ᠨᠡᠢᠳᠡ 542 ᠳ᠋ᠦᠩᠱᠢᠭᠤᠷ ᠲᠦᠬᠦᠷᠢᠭ᠎ᠤᠨ ᠪᠡᠯᠡ ᠤᠷᠤᠭᠤᠯᠵᠦ᠍᠂ 2020 ᠤᠨ᠎ᠤ ᠰᠡᠬᠦᠯᠴᠢ ᠪᠤᠯᠳᠠᠯ᠎ᠠ᠂ ᠮᠠᠨ᠎ᠤ ᠤᠷᠤᠨ᠎ᠤ ᠲᠡᠮᠦᠷ ᠵᠠᠮ᠎ᠤᠨ ᠡᠵᠡᠩᠨᠡᠯᠳᠡ ᠬᠢᠵᠦ᠍ ᠪᠠᠢᠭ᠎ᠠ ᠶᠡᠷᠦᠩᠬᠡᠢ ᠤᠷᠳᠤ 1.5 ᠲᠦᠮᠡᠨ ᠺᠢᠯᠤᠮᠧᠳ᠋ᠷ᠎ᠲᠤ ᠬᠦᠷᠴᠤ᠌᠂ 2015 ᠤᠨ᠎ᠤ᠎ᠬᠢ᠎ᠠᠴᠠ 10.5% ᠎ᠪᠠᠷ ᠨᠡᠮᠡᠭ᠌ᠳᠡᠵᠦ᠍᠂ ᠪᠦᠬᠦ᠌ ᠤᠯᠤᠰ᠎ᠤᠨ ᠲᠡᠮᠦᠷ ᠵᠠᠮ᠎ᠤᠨ ᠲᠤᠤᠷ᠎ᠤᠨ ᠡᠵᠡᠩᠨᠡᠯᠳᠡ ᠬᠢᠵᠦ᠍ ᠪᠠᠢᠭ᠎ᠠ ᠶᠡᠷᠦᠩᠬᠡᠢ ᠤᠷᠳᠤ᠎ᠶ᠋ᠢᠨ 10.6% ᠎ᠶ᠋ᠢ ᠡᠵᠡᠯᠡᠵᠦ᠍᠂ ᠪᠦᠬᠦ᠌ ᠤᠯᠤᠰ᠎ᠲᠤ ᠲᠦᠷᠦᠬᠦᠯᠡᠵᠡᠢ᠃

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠮᠠᠨ᠎ᠤ ᠤᠷᠤᠨ᠎ᠤ ᠨᠢᠰᠭᠡᠯ᠎ᠤᠨ ᠪᠠᠭᠤᠳᠠᠯ᠎ᠤᠨ ᠪᠦᠲᠦᠬᠡᠨ ᠪᠠᠢᠭᠤᠯᠤᠯᠳᠠ᠎ᠶ᠋ᠢᠨ ᠠᠯᠬᠤᠴᠠ ᠮᠡᠳᠡᠭ᠌ᠳᠡᠮ᠎ᠠ ᠲᠦᠷᠬᠡᠳᠴᠤ᠌᠂ ᠤᠷᠢᠳ ᠬᠤᠵᠢᠳ ᠬᠦᠬᠡᠬᠤᠳᠠ᠎ᠶ᠋ᠢᠨ ᠱᠢᠨ᠎ᠠ ᠨᠢᠰᠭᠡᠯ᠎ᠤᠨ ᠪᠠᠭᠤᠳᠠᠯ᠎ᠤᠨ ᠪᠠᠷᠢᠯᠭ᠎ᠠ᠎ᠶ᠋ᠢ ᠪᠦᠬᠦ᠌ ᠲᠠᠯ᠎ᠠ᠎ᠪᠠᠷ ᠡᠬᠢᠯᠡᠬᠦᠯᠵᠦ᠍᠂ ᠬᠦᠯᠦᠨ ᠪᠤᠢᠷ᠂ ᠲᠦᠩᠯᠢᠶᠤᠤ᠂ ᠤᠷᠳᠤᠰ ᠵᠡᠷᠬᠡ ᠨᠢᠰᠭᠡᠯ᠎ᠤᠨ ᠪᠠᠭᠤᠳᠠᠯ᠎ᠢ ᠦᠬᠡᠷᠡᠴᠢᠯᠡᠵᠦ᠍ ᠪᠦᠲᠦᠬᠡᠨ ᠪᠠᠢᠭᠤᠯᠬᠤ ᠪᠠᠷᠢᠯᠭ᠎ᠠ᠎ᠶ᠋ᠢᠨ ᠠᠵᠢᠯ᠎ᠢ ᠲᠠᠭᠤᠰᠭᠠᠨ ᠠᠱᠢᠬ᠍ᠯᠠᠯᠳᠠ᠎ᠳᠤ ᠤᠷᠤᠭᠤᠯᠵᠦ᠍᠂ ᠬᠦᠪᠡᠭᠡᠳᠤ ᠱᠢᠷ᠎ᠠ ᠬᠤᠱᠢᠭᠤ᠂ ᠠᠷᠤ ᠬᠤᠷᠴᠢᠨ ᠬᠤᠱᠢᠭᠤᠨ᠎ᠤ ᠨᠡᠢᠳᠡᠮ᠎ᠤᠨ ᠬᠡᠷᠡᠭ᠌ᠯᠡᠬᠡᠨ᠎ᠤ ᠨᠢᠰᠭᠡᠯ᠎ᠤᠨ ᠪᠠᠭᠤᠳᠠᠯ᠎ᠢ ᠠᠱᠢᠬ᠍ᠯᠠᠯᠳᠠ᠎ᠳᠤ ᠤᠷᠤᠭᠤᠯᠵᠦ᠍᠂ ᠮᠤᠷᠢᠨᠳᠠᠪᠠᠭ᠎ᠠ ᠲᠠᠭᠤᠷ ᠦᠨᠳᠦᠰᠤᠳᠡᠨ᠎ᠤ ᠦᠪᠡᠷᠳᠡᠭᠡᠨ ᠵᠠᠰᠠᠬᠤ ᠬᠤᠱᠢᠭᠤ᠂ ᠤᠷᠠᠳ᠎ᠤᠨ ᠲᠤᠮᠳᠠᠳᠤ ᠬᠤᠱᠢᠭᠤ ᠵᠡᠷᠬᠡ ᠨᠡᠢᠳᠡᠮ᠎ᠤᠨ ᠬᠡᠷᠡᠭ᠌ᠯᠡᠬᠡᠨ᠎ᠤ ᠨᠢᠰᠭᠡᠯ᠎ᠤᠨ ᠪᠠᠭᠤᠳᠠᠯ᠎ᠤᠨ ᠪᠠᠷᠢᠯᠭ᠎ᠠ᠎ᠶ᠋ᠢ ᠡᠬᠢᠯᠡᠬᠦᠯᠵᠡᠢ᠃ 2020 ᠤᠨ᠎ᠳᠤ᠂ ᠪᠦᠬᠦ᠌ ᠤᠷᠤᠨ᠎ᠤ ᠠᠷᠠᠳ᠎ᠤᠨ ᠬᠡᠷᠡᠭ᠌ᠯᠡᠬᠡᠨ᠎ᠤ ᠨᠢᠰᠭᠡᠯ᠎ᠤᠨ ᠪᠠᠭᠤᠳᠠᠯ᠎ᠤᠨ ᠲᠤᠭ᠎ᠠ 40 ᠪᠤᠯᠵᠦ᠍᠂ ᠪᠦᠬᠦ᠌ ᠤᠯᠤᠰ᠎ᠤᠨ ᠬᠤᠶᠠᠳᠤᠭᠠᠷ᠎ᠲᠤ ᠵᠢᠬ᠍ᠰᠠᠵᠠᠢ᠃ ᠤᠳᠤᠬᠠᠨ᠎ᠳᠤ᠂ ᠮᠠᠨ᠎ᠤ ᠤᠷᠤᠨ᠎ᠤ ᠲᠤᠳᠤᠨ᠎ᠠ ᠲᠠᠩᠰᠠᠯᠠᠭᠤᠯᠤᠬ᠍ᠰᠠᠨ ᠠᠭᠠᠷ᠎ᠤᠨ ᠠᠶᠠᠯᠠᠯ᠎ᠤᠨ ᠠᠵᠦ᠍ ᠠᠬᠤᠢ᠍ᠢᠯᠠᠯ 16 ᠪᠤᠯᠵᠦ᠍᠂ 《ᠠᠷᠪᠠᠨ ᠬᠤᠶᠠᠳᠤᠭᠠᠷ ᠲᠠᠪᠤᠨ ᠵᠢᠯ》 ᠎ᠤᠨ ᠰᠡᠬᠦᠯᠴᠢ᠎ᠶ᠋ᠢᠨ᠎ᠬᠢ᠎ᠠᠴᠠ 7 ᠨᠡᠮᠡᠭ᠌ᠳᠡᠵᠦ᠍᠂ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠡᠬᠢᠨ᠎ᠤ ᠲᠦᠷᠪᠡᠨ ᠵᠢᠯ᠎ᠳᠤ᠂ ᠪᠦᠬᠦ᠌ ᠤᠷᠤᠨ᠎ᠤ ᠠᠶᠠᠨᠴᠢᠨ᠎ᠤ ᠵᠦᠬᠡᠬᠡᠪᠦᠷᠢ᠎ᠶ᠋ᠢᠨ ᠨᠢᠰᠭᠡᠯ᠎ᠤᠨ ᠪᠠᠭᠤᠳᠠᠯ᠎ᠤᠨ ᠠᠶᠠᠨᠴᠢᠨ᠎ᠤ ᠵᠦᠬᠡᠬᠡᠪᠦᠷᠢ ᠵᠢᠯ ᠲᠤᠮᠳᠠᠴᠢ᠎ᠪᠠᠷ 13% ᠎ᠪᠠᠷ ᠨᠡᠮᠡᠭ᠌ᠳᠡᠭ᠌ᠰᠡᠨ ᠠᠵᠢ᠃

3 ᠵᠢᠯ ᠭᠠᠷᠤᠢ᠎ᠶ᠋ᠢᠨ ᠪᠠᠷᠢᠯᠭ᠎ᠠ᠎ᠶ᠋ᠢᠨ ᠪᠦᠲᠦᠬᠡᠨ ᠪᠠᠢᠭᠤᠯᠤᠯᠳᠠ᠎ᠪᠠᠷ ᠲᠠᠮᠵᠢᠵᠦ᠍᠂ ᠮᠠᠨ᠎ᠤ ᠤᠷᠤᠨ᠎ᠤ ᠲᠦᠷᠦᠬᠦᠦ ᠵᠤᠷᠪᠤᠰ ᠵᠢᠮᠳᠤ ᠲᠡᠮᠦᠷ ᠵᠠᠮ — ᠬᠦᠬᠡᠬᠤᠳᠠ᠎ᠶ᠋ᠢᠨ ᠵᠢᠮᠳᠤ ᠲᠡᠮᠦᠷ ᠵᠠᠮ᠎ᠤᠨ 1 ᠨᠤᠮᠧᠷᠳᠤ ᠱᠤᠭᠤᠮ 2019 ᠤᠨ᠎ᠤ 12 ᠰᠠᠷ᠎ᠠ᠎ᠶ᠋ᠢᠨ ᠰᠡᠬᠦᠯᠴᠢ᠎ᠪᠠᠷ ᠲᠡᠷᠬᠡ ᠨᠡᠪᠳᠡᠷᠡᠨ᠂ 20220 ᠤᠨ᠎ᠤ 10 ᠰᠠᠷ᠎ᠠ᠎ᠶ᠋ᠢᠨ ᠡᠬᠢ᠎ᠪᠠᠷ 2 ᠨᠤᠮᠧᠷᠳᠤ ᠱᠤᠭᠤᠮ ᠪᠠᠰᠠ ᠲᠡᠷᠬᠡ ᠨᠡᠪᠲᠡᠷᠡᠪᠡ᠂ ᠡᠨᠡ ᠬᠤᠶᠠᠷ ᠱᠤᠭᠤᠮ ᠬᠦᠬᠡᠬᠤᠳᠠ᠎ᠶ᠋ᠢᠨ ᠭᠠᠵᠠᠷ ᠳᠤᠤᠭᠤᠷ ᠰᠤᠯᠢᠪᠴᠢᠨ ᠡᠮᠦᠨ᠎ᠠ ᠬᠤᠢᠨ᠎ᠠ ᠵᠡᠬᠦᠨ ᠪᠠᠷᠠᠭᠤᠨ᠎ᠢ ᠬᠤᠯᠪᠤᠵᠦ᠍᠂ ᠤᠯᠠᠨ ᠲᠦᠮᠡᠨ᠎ᠤ ᠶᠠᠪᠤᠵᠤ ᠰᠠᠭᠤᠬᠤ᠎ᠳᠤ ᠨᠡᠩ ᠶᠡᠭᠡ ᠲᠦᠬᠦᠮ ᠦᠵᠡᠬᠦᠯᠦᠭ᠌ᠰᠡᠨ ᠠᠵᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号