ᠠᠮᠳᠠᠳᠤ ᠵᠢᠮᠢᠰ ᠪᠦᠮᠪᠦᠬᠡᠨᠡᠭ᠌ᠰᠡᠨ ᠠᠯᠳᠠᠨ ᠬᠢᠩᠭᠠᠨ
2021-01-13 15:38:00
ᠵᠣᠬᠢᠶᠠᠭ᠍ᠴᠢ᠄
ᠬᠡᠱᠢᠭ᠌ᠪᠦᠶᠠᠨ
ᠣᠩᠱᠢᠭ᠍ᠰᠠᠨ ᠣᠳᠠᠭ᠎ᠠ᠄
★★★☆☆

ᠵᠢᠮᠢᠰ᠎ᠤᠨ ᠮᠤᠳᠤᠨ᠎ᠤ ᠲᠠᠯᠠᠪᠠᠢ 60 ᠲᠦᠮᠡᠨ ᠮᠦ᠍᠎ᠶ᠋ᠢ ᠲᠠᠪᠠᠵᠤ ᠵᠢᠯ᠎ᠤᠨ ᠦᠢᠯᠡᠳᠬᠦᠨ᠎ᠤ ᠦᠷᠳᠡᠭ 5 ᠳ᠋ᠦᠩᠱᠢᠭᠤᠷ ᠲᠦᠬᠦᠷᠢᠭ᠎ᠲᠤ ᠬᠦᠷᠴᠤ᠌ ᠪᠠᠢᠨ᠎ᠠ

ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠾᠧᠩ ᠵᠢᠶᠠ ᠵᠢᠮᠢᠰ᠎ᠤᠨ ᠦᠢᠯᠡᠰ᠎ᠤᠨ ᠬᠢᠵᠠᠭᠠᠷᠲᠤ ᠺᠣᠮᠫᠠᠨᠢ᠎ᠶ᠋ᠢᠨ᠎ᠬᠢᠨ ᠱᠢᠨ᠎ᠠ ᠰᠤᠷᠭᠤᠭ᠎ᠢᠶᠠᠷ᠎ᠨᠢ ᠬᠠᠳᠠᠭᠠᠯᠠᠭ᠍ᠰᠠᠨ ᠵᠢᠮᠢᠰ᠎ᠢᠶᠠᠨ ᠵᠠᠬ᠎ᠠ ᠲᠠᠯᠬᠡᠬᠦᠷ᠎ᠲᠤ ᠭᠠᠷᠭᠠᠬᠤ᠎ᠪᠠᠷ ᠮᠤᠩᠭᠠᠨᠢᠨ᠎ᠠ᠃ ᠦᠢᠷ᠎ᠡ᠎ᠶ᠋ᠢᠨ ᠵᠢᠯ᠎ᠠᠴᠠ ᠨᠠᠭᠠᠰᠢ᠂ ᠬᠢᠩᠭᠠᠨ ᠠᠢᠮᠠᠭ 《ᠤᠢ ᠵᠢᠮᠢᠰ᠎ᠤᠨ ᠰᠠᠭᠤᠷᠢᠨ᠎ᠢ ᠥᠷᠭᠡᠳᠭᠡᠬᠦ᠂ ᠳᠠᠭᠠᠭᠤᠯᠤᠭ᠍ᠴᠢ ᠠᠵᠦ᠍ ᠠᠬᠤᠢ᠍ᠢᠯᠠᠯ᠎ᠢ ᠬᠦᠭ᠌ᠵᠢᠬᠦᠯᠬᠦ᠂ ᠲᠦᠷᠦᠯ ᠲᠡᠮᠳᠡᠭ ᠡᠭᠦᠳᠬᠦ᠂ ᠶᠠᠳᠠᠭᠤ᠎ᠶ᠋ᠢ ᠲᠡᠳᠬᠦᠬᠦ᠌》 ᠠᠵᠢᠯ᠎ᠤᠨ ᠰᠡᠳᠭᠢᠴᠡ ᠪᠣᠯᠤᠨ 《ᠠᠵᠤ ᠠᠬᠤᠢᠯᠠᠯ + ᠰᠠᠭᠤᠷᠢᠨ + ᠲᠠᠷᠢᠶᠠᠯᠠᠬᠤ ᠡᠷᠦᠬᠡ》 ᠎ᠶ᠋ᠢᠨ ᠡᠵᠡᠩᠨᠡᠯᠲᠡ᠎ᠶ᠋ᠢᠨ ᠵᠠᠭ᠍ᠪᠤᠷ᠎ᠢᠶᠠᠷ ᠣᠶ ᠵᠢᠮᠢᠰ᠎ᠤᠨ ᠠᠵᠤ ᠦᠶᠯᠡᠰ᠎ᠢ ᠬᠥᠭ᠌ᠵᠢᠭᠦᠯᠵᠦ᠍᠂ ᠠᠮᠢ ᠠᠬᠤᠢ᠎ᠶ᠋ᠢ ᠠᠵᠤ ᠦᠢᠯᠡᠰᠵᠢᠬᠦᠯᠬᠦ᠌ ᠪᠦᠳᠦᠮᠵᠢᠳᠠᠢ ᠵᠠᠮ᠎ᠢ ᠨᠡᠭᠡᠭᠡᠯ᠎ᠠ᠃

ᠬᠢᠩᠭᠠᠨ ᠠᠢᠮᠠᠭ 2018 ᠣᠨ᠎ᠳᠤ 《ᠣᠶ ᠵᠢᠮᠢᠰ᠎ᠤᠨ ᠦᠢᠯᠡᠳᠪᠦᠷᠢᠯᠡᠯ᠎ᠤᠨ ᠴᠢᠳᠠᠪᠤᠷᠢ᠎ᠶ᠋ᠢ ᠨᠡᠮᠡᠭ᠌ᠳᠡᠬᠦᠯᠬᠦ᠌ 3 ᠵᠢᠯ᠎ᠤᠨ ᠠᠵᠢᠯᠯᠠᠭᠠᠨ᠎ᠤ ᠲᠥᠯᠥᠪᠯᠡᠭᠡ᠎ᠶ᠋ᠢ ᠬᠡᠷᠡᠭ᠌ᠵᠢᠭᠦᠯᠬᠦ᠌ ᠲᠤᠬᠠᠢ ᠵᠢᠯᠣᠭᠤᠤᠡᠬᠤ ᠰᠠᠨᠠᠯ》 ᠎ᠢ ᠬᠡᠷᠡᠭ᠌ᠵᠢᠭᠦᠯᠦᠭ᠌ᠰᠡᠨ᠎ᠠᠴᠠ ᠨᠠᠭᠠᠰᠢ ᠣᠢ ᠱᠢᠭᠤᠶ ᠵᠢᠮᠢᠰ᠎ᠤᠨ ᠰᠠᠭᠤᠷᠢᠨ᠎ᠤ ᠲᠠᠯᠠᠪᠠᠢ ᠵᠢᠯ ᠳᠠᠷᠠᠭᠠᠯᠠᠨ ᠨᠡᠮᠡᠭ᠌ᠳᠡᠵᠦ᠍᠂ ᠡᠨᠡ ᠵᠢᠯ ᠱᠢᠨ᠎ᠡ᠎ᠪᠠᠷ ᠲᠠᠷᠢᠭ᠍ᠰᠠᠨ ᠵᠢᠮᠢᠰ᠎ᠤᠨ ᠮᠤᠳᠤᠨ᠎ᠤ ᠲᠠᠯᠠᠪᠠᠶ 20 ᠲᠦᠮᠡᠨ ᠮᠥ᠎ᠶ᠋ᠢ ᠲᠠᠪᠠᠭᠠᠳ ᠠᠭᠠᠯᠢᠭ ᠠᠯᠢᠮ᠎ᠠ᠂ 《123》 ᠠᠯᠮᠤᠷᠠᠳ᠎ᠢᠶᠠᠷ ᠭᠤᠤᠯ ᠪᠣᠯᠭᠠᠭ᠍ᠰᠠᠨ ᠪᠥᠬᠦ᠌ ᠠᠢᠮᠠᠭ᠎ᠤᠨ ᠵᠢᠮᠢᠰ᠎ᠤᠨ ᠮᠣᠳᠣᠨ᠎ᠤ ᠲᠠᠯᠠᠪᠠᠶ 60 ᠭᠠᠷᠤᠶ ᠲᠦᠮᠡᠨ ᠮᠥ᠎ᠶ᠋ᠢ ᠲᠠᠪᠠᠵᠤ᠂ ᠵᠢᠯ᠎ᠳᠤ 7 ᠳ᠋ᠦᠩᠱᠢᠭᠤᠷ ᠵᠢᠩ ᠵᠢᠮᠢᠰ ᠬᠤᠷᠢᠶᠠᠨ ᠦᠢᠯᠡᠳᠬᠦᠨ᠎ᠤ ᠥᠷᠲᠡᠭ᠎ᠨᠢ 5 ᠳ᠋ᠦᠩᠱᠢᠭᠤᠷ ᠲᠥᠭᠦᠷᠢᠭ᠎ᠲᠤ ᠬᠦᠷᠴᠦ᠍ ᠪᠠᠢᠨ᠎ᠠ᠃ ᠤᠳᠤ ᠲᠤᠰ ᠠᠢᠮᠠᠭ 6.27 ᠲᠦᠮᠡᠨ ᠲᠡᠭ᠌ᠰᠢ ᠳᠥᠷᠪᠡᠯᠵᠢᠨ ᠮᠧᠲᠷ᠎ᠤᠨ ᠲᠠᠯᠠᠪᠠᠢ᠎ᠲᠠᠢ ᠬᠠᠳᠠᠭᠠᠯᠠᠬᠤ ᠬᠥᠮᠥᠷᠭᠡ ᠪᠠᠢᠭᠤᠯᠵᠤ᠂ ᠵᠢᠯ᠎ᠳᠤ 4000 ᠭᠠᠷᠤᠶ ᠲᠦᠮᠡᠨ ᠵᠢᠩ ᠵᠢᠮᠢᠰ᠎ᠢ ᠱᠢᠨ᠎ᠠ ᠰᠣᠷᠭᠤᠭ᠎ᠢᠶᠠᠷ᠎ᠨᠢ ᠬᠠᠳᠠᠭᠠᠯᠠᠬᠤ ᠴᠢᠳᠠᠪᠤᠷᠢ᠎ᠲᠠᠢ ᠪᠤᠯᠵᠤ᠂ ᠵᠢᠮᠢᠰ᠎ᠢᠶᠠᠨ ᠬᠤᠷᠢᠶᠠᠮᠠᠭ᠍ᠴᠠ ᠵᠠᠬ᠎ᠠ ᠳᠡᠯᠭᠡᠭᠦᠷ᠎ᠲᠤ ᠲᠥᠪᠯᠡᠷᠡᠭᠦᠯᠦᠨ ᠭᠠᠷᠭᠠᠬᠤ᠎ᠠᠴᠠ ᠪᠤᠯᠤᠭ᠍ᠰᠠᠨ ᠪᠤᠷᠤᠯᠠᠭᠤᠯᠭ᠎ᠠ ᠪᠠ ᠦᠨ᠎ᠠ ᠬᠠᠩᠰᠢ᠎ᠶ᠋ᠢᠨ ᠨᠠᠵᠠᠭᠠᠢ ᠨᠦᠯᠦᠬᠡ᠎ᠶ᠋ᠢ ᠦᠬᠡᠢᠰᠭᠡᠪᠡ᠃

ᠲᠣᠰ ᠠᠢᠮᠠᠭ ᠲᠠᠭᠠᠭᠤᠯᠤᠭ᠍ᠴᠢ ᠠᠵᠤ ᠠᠬᠤᠢᠯᠠᠯ᠎ᠢ ᠲᠡᠳᠬᠦᠬᠦ᠌ ᠡᠷᠴᠢᠮ᠎ᠢᠶᠠᠨ ᠴᠢᠩᠭᠠᠷᠠᠭᠤᠯᠵᠤ᠂ 《ᠬᠢᠩᠭᠠᠨ ᠠᠢᠮᠠᠭ᠎ᠤᠨ ᠣᠢ ᠱᠢᠭᠤᠶ ᠵᠢᠮᠢᠰ᠎ᠤᠨ ᠨᠥᠬᠦᠪᠥᠷᠢ ᠥᠭ᠌ᠬᠦ ᠠᠷᠭ᠎ᠠ》 ᠎ᠶ᠋ᠢ ᠨᠡᠢᠲᠡᠯᠡᠨ ᠣᠯᠠᠨ ᠵᠦᠢᠯ᠎ᠤᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠭ᠍ᠲᠠᠭᠠᠨ ᠬᠡᠷᠡᠭ᠌ᠵᠢᠬᠦᠯᠵᠤ᠂ ᠣᠶ ᠱᠢᠭᠤᠶ᠎ᠶ᠋ᠢᠨ ᠠᠵᠤ ᠦᠶᠯᠡᠰᠵᠢᠯᠲᠡ᠎ᠶ᠋ᠢᠨ ᠲᠥᠷᠥᠯ ᠵᠦᠶᠯ ᠪᠣᠯᠤᠨ ᠣᠶ ᠱᠢᠭᠤᠶ᠎ᠶ᠋ᠢᠨ ᠡᠷᠬᠡ᠎ᠶ᠋ᠢᠨ ᠳᠦᠷᠢᠮ᠎ᠤᠨ ᠥᠭᠡᠷᠡᠴᠢᠯᠡᠯᠲᠡ᠎ᠶ᠋ᠢᠨ ᠪᠡᠯᠡ ᠮᠥᠩᠭᠦ᠎ᠶ᠋ᠢ ᠵᠢᠮᠢᠰ ᠪᠣᠯᠪᠠᠰᠤᠷᠠᠭᠤᠯᠬᠤ ᠠᠵᠤ ᠠᠬᠤᠢᠯᠠᠯ ᠪᠠ ᠣᠶ ᠵᠢᠮᠢᠰ᠎ᠤᠨ ᠬᠤᠷᠱᠢᠶ᠎ᠠ ᠲᠡᠢᠰᠢ ᠬᠡᠯᠪᠠᠢᠯᠭᠡᠨ 4 ᠠᠵᠤ ᠠᠬᠤᠢᠯᠠᠯ ᠪᠤᠯᠤᠨ 13 ᠲᠤᠰᠭᠠᠢ ᠬᠤᠷᠱᠢᠶ᠎ᠠ᠎ᠳᠤ ᠪᠠᠯᠠ ᠮᠥᠩᠭᠦ᠎ᠶ᠋ᠢᠨ ᠲᠡᠮᠵᠢᠯᠬᠡ ᠬᠦᠷᠳᠡᠵᠡᠢ᠃ ᠤᠳᠤ ᠪᠦᠬᠦ᠌ ᠠᠢᠮᠠᠭ᠎ᠲᠤ ᠤᠯᠤᠰ᠎ᠤᠨ ᠲᠡᠰ᠎ᠤᠨ ᠣᠢ ᠱᠢᠭᠤᠢ᠎ᠶ᠋ᠢᠨ ᠦᠢᠯᠡᠰ᠎ᠤᠨ ᠲᠠᠭᠠᠭᠤᠯᠤᠭ᠍ᠴᠢ ᠠᠵᠤ ᠠᠬᠤᠢᠯᠠᠯ 1᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠣᠢ ᠱᠢᠭᠤᠢ᠎ᠶ᠋ᠢᠨ ᠦᠢᠯᠡᠰ᠎ᠤᠨ ᠲᠠᠭᠠᠭᠤᠯᠤᠭ᠍ᠴᠢ ᠠᠵᠤ ᠠᠬᠤᠢᠯᠠᠯ 3 ᠪᠠᠢᠵᠤ᠂ ᠥᠪᠡᠷᠲᠡᠭᠡᠨ ᠵᠠᠰᠠᠬᠤ ᠣᠷᠣᠨ᠎ᠤ ᠲᠡᠰ᠎ᠠᠴᠠ ᠲᠡᠬᠡᠭ᠌ᠰᠢᠬᠢ 15 ᠣᠶ ᠱᠢᠭᠤᠶ᠎ᠶ᠋ᠢᠨ ᠦᠢᠯᠡᠰ᠎ᠤᠨ ᠵᠢᠱ᠌ᠢᠶ᠎ᠡ ᠦᠵᠡᠭᠦᠯᠬᠦ᠌ ᠲᠤᠰᠭᠠᠢ ᠬᠤᠷᠱᠢᠶ᠎ᠠ᠎ᠲᠠᠢ ᠪᠤᠯᠵᠠᠢ᠃ ᠾᠧᠩ ᠵᠢᠶᠠ ᠵᠢᠮᠢᠰ᠎ᠤᠨ ᠦᠶᠯᠡᠰ᠎ᠤᠨ ᠬᠢᠵᠠᠭᠠᠷᠲᠤ ᠺᠣᠮᠫᠠᠨᠢ ᠪᠣᠯ ᠪᠣᠯᠪᠠᠰᠤᠷᠠᠭᠤᠯᠬᠤ ᠬᠠᠳᠠᠭᠠᠯᠠᠬᠤ ᠪᠣᠷᠣᠯᠠᠭᠤᠯᠬᠤ᠎ᠶ᠋ᠢ ᠨᠢᠬᠡ ᠴᠣᠭ᠍ᠴᠠᠵᠢᠭᠤᠯᠤᠭ᠍ᠰᠠᠨ ᠬᠢᠩᠭᠠᠨ ᠠᠢᠮᠠᠭ᠎ᠤᠨ ᠣᠶ ᠵᠢᠮᠢᠰ᠎ᠤᠨ ᠦᠢᠯᠡᠳᠬᠦᠨ᠎ᠤ ᠬᠠᠮᠤᠭ᠎ᠤᠨ ᠲᠣᠮᠣ ᠠᠵᠤ ᠠᠬᠤᠢᠯᠠᠯ ᠪᠤᠯᠬᠤ ᠶᠤᠮ᠃ ᠲᠤᠰ ᠺᠤᠮᠫᠠᠨᠢ ᠵᠢᠯ᠎ᠳᠤ 600 ᠲᠦᠮᠡᠨ ᠵᠢᠩ ᠵᠢᠮᠢᠰ᠎ᠢ ᠡᠳ᠋ᠱᠢᠬᠦᠯᠤᠨ ᠪᠤᠯᠪᠠᠰᠤᠷᠠᠭᠤᠯᠬᠤ᠎ᠶ᠋ᠢᠨ ᠲᠠᠭᠠᠤ 800 ᠲᠦᠮᠡᠨ ᠵᠢᠩ ᠵᠢᠮᠢᠰ᠎ᠢ ᠱᠢᠨ᠎ᠠ ᠰᠣᠷᠭᠤᠭ᠎ᠢᠶᠠᠷ᠎ᠨᠢ ᠬᠠᠳᠠᠭᠠᠯᠠᠬᠤ ᠴᠢᠳᠠᠪᠤᠷᠢ᠎ᠲᠠᠢ ᠪᠠᠢᠵᠤ᠂ ᠲᠤᠬᠠᠶ᠎ᠶ᠋ᠢᠨ ᠭᠠᠵᠠᠷ᠎ᠤᠨ ᠲᠠᠷᠢᠶᠠᠴᠢᠳ᠎ᠤᠨ ᠵᠢᠮᠢᠰ᠎ᠢᠶᠠᠨ ᠬᠤᠳᠠᠯᠳᠤᠬᠤ᠎ᠳᠤ ᠬᠦᠴᠢᠷᠲᠡᠶ᠂ ᠣᠷᠣᠯᠭ᠎ᠠ᠎ᠪᠠᠨ ᠨᠡᠮᠡᠭ᠌ᠳᠡᠭᠦᠯᠬᠦ᠌᠎ᠳᠤ ᠬᠦᠴᠢᠷᠲᠡᠶ ᠪᠠᠢᠳᠠᠯ᠎ᠢ ᠦᠨᠳᠤᠰᠤᠨ᠎ᠳᠡᠭᠡᠨ ᠱᠢᠢᠳᠪᠤᠷᠢᠯᠡᠭ᠌ᠰᠡᠨ ᠪᠠᠢᠨ᠎ᠠ᠃

ᠬᠢᠩᠭᠠᠨ ᠠᠢᠮᠠᠭ ᠣᠢᠷ᠎ᠠ᠎ᠶ᠋ᠢᠨ 3 ᠵᠢᠯ᠎ᠳᠤ ᠨᠡᠢᠲᠡ 30 ᠭᠠᠷᠤᠶ ᠤᠳᠠᠭ᠎ᠠ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠠᠵᠤ᠂ ᠵᠢᠮᠢᠰ᠎ᠤᠨ ᠮᠤᠳᠤ ᠲᠠᠷᠢᠭ᠍ᠰᠠᠨ 3000 ᠭᠠᠷᠤᠶ ᠲᠠᠷᠢᠶᠠᠴᠢᠨ (ᠤᠳᠠᠭ᠎ᠠ) ᠎ᠳᠤ ᠪᠣᠯᠪᠠᠰᠤᠷᠠᠯ ᠬᠦᠷᠲᠡᠭᠡᠨ 5000 ᠭᠠᠷᠤᠶ ᠬᠤᠪᠢ ᠮᠡᠳᠡᠯᠬᠡ ᠮᠡᠷᠭᠡᠵᠢᠯ᠎ᠤᠨ ᠮᠠᠲ᠋ᠧᠷᠢᠶᠠᠯ ᠲᠠᠷᠬᠠᠭᠠᠵᠤ᠂ ᠲᠠᠷᠢᠶᠠᠴᠢᠳ᠎ᠢ ᠬᠠᠪᠰᠤᠷᠤᠨ ᠡᠯ᠎ᠡ ᠵᠦᠢᠯ᠎ᠤᠨ ᠮᠡᠷᠭᠡᠵᠢᠯ᠎ᠤᠨ ᠬᠦᠴᠢᠷ ᠠᠰᠠᠭᠤᠳᠠᠯ᠎ᠢ ᠱᠢᠶᠳᠪᠦᠷᠢᠯᠡᠭ᠌ᠰᠡᠨ᠎ᠢᠶᠠᠷ ᠪᠠᠷᠠᠬᠤ ᠦᠬᠡᠢ ᠪᠠᠰᠠ ᠤᠢ ᠵᠢᠮᠢᠰ᠎ᠤᠨ ᠬᠠᠮᠢᠶᠠᠳᠠᠢ ᠨᠢᠭᠡ ᠪᠦᠯᠦᠭ ᠨᠤᠳᠤᠭ᠎ᠤᠨ ᠴᠢᠳᠠᠪᠤᠷᠢᠲᠠᠨ᠎ᠢ ᠬᠥᠮᠦᠵᠢᠭᠦᠯᠵᠦ᠍᠂ ᠲᠡᠳᠡᠨ᠎ᠤ ᠣᠢ ᠵᠢᠮᠢᠰ᠎ᠤᠨ ᠠᠵᠤ ᠦᠢᠯᠡᠰ᠎ᠤᠨ ᠬᠥᠭ᠌ᠵᠢᠯᠲᠡ᠎ᠳᠠᠬᠢ ᠬᠥᠲᠥᠯᠥᠨ ᠳᠠᠭᠠᠭᠤᠯᠬᠤ ᠦᠢᠯᠡᠳᠤᠯ ᠪᠠ ᠵᠢᠱ᠌ᠢᠶ᠎ᠡ ᠦᠵᠡᠭᠦᠯᠬᠦ᠌ ᠦᠶᠯᠡᠳᠦᠯ᠎ᠢ ᠪᠠᠳᠠᠷᠠᠭᠤᠯᠪᠠ᠃ ᠤᠳᠤ ᠬᠢᠩᠭᠠᠨ ᠠᠢᠮᠠᠭ᠎ᠲᠤ ᠬᠦᠷᠢᠶ᠎ᠠ ᠬᠡᠪᠴᠢᠶ᠎ᠡ᠎ᠪᠠᠷ ᠶᠡᠭᠡ᠂ ᠦᠷ᠎ᠡ ᠠᠱᠢᠭ᠎ᠢᠶᠠᠷ ᠰᠠᠢᠨ᠂ ᠲᠥᠷᠥᠯ ᠲᠡᠮᠳᠡᠭ᠎ᠤᠨ ᠨᠦᠯᠦᠬᠡᠯᠡᠬᠦ᠌ ᠬᠦᠴᠦᠨ᠎ᠲᠠᠢ ᠣᠨᠴᠠᠯᠢᠭ᠍ᠲᠤ ᠵᠢᠮᠢᠰ᠎ᠤᠨ ᠪᠦᠲᠦᠭᠡᠭ᠌ᠳᠡᠬᠦᠨ᠎ᠤ ᠠᠵᠤ ᠦᠶᠯᠡᠰ᠎ᠤᠨ ᠪᠦᠰᠡ ᠪᠠ ᠠᠵᠤ ᠦᠢᠯᠡᠰ᠎ᠤᠨ ᠪᠦᠯᠦᠭ᠌ᠵᠢᠯ᠎ᠲᠠᠢ ᠪᠤᠯᠵᠤ᠂ 《ᠢ ᠢᠤᠢ》 《ᠯᠢᠶᠠᠩ ᠢ》 《ᠵᠧᠨ ᠬᠤᠤ ᠡᠾᠧ》 《ᠾᠧᠩ ᠵᠢᠶᠠ》 《ᠮᠧᠩ ᠭᠦᠸᠧ》 《ᠿᠢ ᠵᠢᠶᠠ ᠮᠠᠨ》 《ᠪᠸᠢ ᠬᠦᠸᠧ ᠴᠤᠧᠠᠨ ᠴᠢ》 《ᠺᠧ ᠸᠧᠢ》 ᠵᠡᠷᠭᠡ ᠣᠶ ᠵᠢᠮᠢᠰ᠎ᠤᠨ ᠪᠦᠳᠦᠬᠡᠭ᠌ᠳᠡᠬᠦᠨ᠎ᠤ ᠲᠥᠷᠥᠯ ᠲᠡᠮᠳᠡᠭ᠎ᠲᠠᠢ ᠪᠤᠯᠵᠠᠢ᠃ ᠥᠪᠥᠷ ᠮᠣᠩᠭᠤᠯ᠎ᠤᠨ ᠪᠦᠦ ᠷᠦᠨ ᠤᠯᠠᠭᠠᠨ ᠠᠷᠢᠬᠢ᠎ᠶ᠋ᠢᠨ ᠬᠢᠵᠠᠭᠠᠷᠲᠤ ᠺᠣᠮᠫᠠᠨᠢ᠎ᠶ᠋ᠢᠨ 《ᠢ ᠢᠦᠶ》 ᠪᠠ 《ᠯᠢᠶᠠᠩ ᠢ》 ᠦᠵᠦᠮ᠎ᠤᠨ ᠠᠷᠢᠬᠢ ᠤᠷᠢᠳ ᠬᠤᠵᠢᠳ ᠠᠽᠢᠶ᠎ᠠ ᠲᠢᠪ᠎ᠤᠨ ᠦᠵᠦᠮ᠎ᠤᠨ ᠠᠷᠢᠬᠢ᠎ᠶ᠋ᠢᠨ ᠶᠠᠰᠤ ᠴᠢᠨᠠᠷ᠎ᠤᠨ ᠤᠷᠤᠯᠳᠤᠭᠠᠨ᠎ᠤ ᠠᠯᠲᠠᠨ ᠱᠠᠩᠨᠠᠯ᠂ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠲᠤ ᠬᠠᠮᠤᠭ᠎ᠤᠨ ᠲᠠᠭᠠᠱᠢᠶᠠᠭ᠍ᠳᠠᠭ᠍ᠰᠠᠨ ᠦᠵᠦᠮ᠎ᠤᠨ ᠠᠷᠢᠬᠢ᠎ᠶ᠋ᠢᠨ ᠱᠠᠩᠨᠠᠯ᠎ᠢ ᠭᠥᠷᠳᠡᠪᠡ; ᠬᠢᠩᠭᠠᠨ ᠠᠢᠮᠠᠭ᠎ᠤᠨ ᠢᠳᠡᠭᠡᠨ᠎ᠤ ᠬᠢᠵᠠᠭᠠᠷᠲᠤ ᠺᠣᠮᠫᠠᠨᠢ᠎ᠶ᠋ᠢᠨ 《ᠺᠧ ᠸᠧᠢ》 ᠲᠠᠸᠠᠷ᠎ᠤᠨ ᠲᠡᠮᠳᠡᠭ ᠥᠪᠥᠷ ᠮᠣᠩᠭᠤᠯ᠎ᠤᠨ ᠨᠠᠷᠠᠲᠤ ᠲᠠᠸᠠᠷ᠎ᠤᠨ ᠲᠡᠮᠳᠡᠭ᠎ᠢᠶᠠᠷ ᠦᠨᠡᠯᠡᠭ᠌ᠳᠡᠪᠠ; ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤᠨ᠎ᠤ᠎ᠶ᠋ᠢᠨ ᠺᠸᠤ ᠸᠧᠢ ᠠᠮᠲᠠᠲᠤ ᠢᠳᠡᠭᠡᠨ᠎ᠤ ᠬᠢᠵᠠᠭᠠᠷᠲᠤ ᠺᠣᠮᠫᠠᠨᠢ᠎ᠶ᠋ᠢᠨ 《ᠦᠨᠡᠨ ᠠᠮᠲᠠᠲᠠᠶ》 ᠵᠢᠮᠢᠰ᠎ᠤᠨ ᠱᠢᠷᠢᠰ ᠪᠦᠲᠦᠭᠡᠭ᠌ᠳᠡᠬᠦᠨ ᠥᠷᠭᠡᠨ ᠣᠯᠠᠨ ᠬᠡᠷᠡᠭ᠌ᠯᠡᠭ᠌ᠴᠢ᠎ᠶ᠋ᠢᠨ ᠬᠦᠷᠢᠶᠡᠯᠡᠯ᠎ᠢ ᠣᠯᠵᠤ ᠪᠠᠢᠨ᠎ᠠ᠃

ᠬᠢᠩᠭᠠᠨ ᠠᠢᠮᠠᠭ ᠤᠢ ᠵᠢᠮᠢᠰ᠎ᠤᠨ ᠠᠵᠤ ᠦᠢᠯᠡᠰ᠎ᠢ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠬᠤ ᠭᠤᠣᠯᠳᠠᠯᠭ᠎ᠠ᠎ᠲᠠᠢ ᠲᠦᠷᠦᠯ ᠵᠦᠢᠯ ᠪᠤᠯᠭᠠᠨ 3 ᠵᠢᠯ᠎ᠤᠨ ᠲᠤᠷᠰᠢ ᠲᠠᠩᠰᠠᠯᠠᠵᠦ᠍ ᠺᠠᠷᠲᠯᠠᠬ᠍ᠰᠠᠨ ᠶᠠᠳᠠᠭᠤ ᠬᠦᠴᠢᠷᠳᠡᠯᠲᠡᠶ ᠡᠷᠦᠬᠡ᠎ᠶ᠋ᠢ ᠬᠠᠪᠰᠤᠷᠤᠨ 1.5 ᠲᠦᠮᠡᠨ ᠮᠥ᠍ ᠵᠢᠮᠢᠰ᠎ᠤᠨ ᠮᠣᠳᠣ ᠳᠠᠷᠢᠵᠤ᠂ ᠶᠠᠳᠠᠭᠤ ᠬᠦᠴᠢᠷᠳᠡᠯᠲᠡᠶ 5000 ᠭᠠᠷᠤᠶ ᠲᠠᠷᠢᠶᠠᠴᠢᠨ᠎ᠢ ᠲᠠᠢᠴᠢᠯᠠᠨ ᠬᠥᠮᠦᠨ ᠳᠤᠮᠳᠠᠴᠢ᠎ᠶ᠋ᠢᠨ ᠣᠷᠣᠯᠭ᠎ᠠ᠎ᠶ᠋ᠢ᠎ᠨᠢ 300 ᠭᠠᠷᠤᠶ ᠲᠥᠭᠦᠷᠢᠭ ᠨᠡᠮᠡᠭ᠌ᠳᠡᠭᠦᠯᠦᠭ᠌ᠰᠡᠨ ᠪᠠᠢᠨ᠎ᠠ᠃ ᠣᠢ ᠵᠢᠮᠢᠰ᠎ᠤᠨ ᠰᠠᠭᠤᠷᠢᠨ᠎ᠤ ᠪᠦᠲᠦᠭᠡᠨ ᠪᠠᠢᠭᠤᠯᠤᠯᠲᠠ᠎ᠨᠢ ᠪᠠᠰᠠ ᠤᠢ ᠲᠤᠳᠤᠷᠠᠬᠢ ᠵᠢᠭᠤᠯᠴᠢᠯᠠᠯ᠂ ᠤᠢ ᠲᠤᠳᠤᠷᠠᠬᠢ ᠲᠠᠷᠢᠮᠠᠯ ᠵᠡᠷᠭᠡ ᠠᠵᠤ ᠦᠢᠯᠡᠰ᠎ᠤᠨ ᠬᠥᠭ᠌ᠵᠢᠯᠲᠡ᠎ᠶ᠋ᠢ ᠲᠠᠢᠴᠢᠯᠠᠨ ᠠᠬᠢᠭᠤᠯᠵᠤ᠂ ᠡᠨᠡ ᠵᠢᠯ ᠪᠣᠯᠬᠤ᠎ᠳᠤ ᠪᠦᠬᠦ᠌ ᠠᠢᠮᠠᠭ᠎ᠤᠨ ᠣᠶ ᠲᠤᠳᠤᠷ᠎ᠠ ᠡᠪᠡᠰᠦᠨ ᠡᠮ ᠲᠠᠷᠢᠭ᠍ᠰᠠᠨ ᠶᠡᠷᠦᠩᠬᠡᠶ ᠲᠠᠯᠠᠪᠠᠶ 8.8 ᠲᠦᠮᠡᠨ ᠮᠦ᠍᠎ᠳᠤ ᠬᠦᠷᠴᠦ᠍᠂ ᠤᠢ ᠲᠤᠳᠤᠷ᠎ᠠ ᠨᠡᠢᠲᠡ 1000 ᠭᠠᠷᠤᠶ ᠮᠦ᠍ ᠢᠳᠡᠭᠡᠨ᠎ᠤ ᠮᠥᠭᠦ᠌ ᠲᠠᠷᠢᠵᠦ᠍᠂ ᠠᠮᠢ ᠠᠬᠤᠶ ᠪᠠ ᠠᠵᠤ ᠠᠬᠤᠶ᠎ᠶ᠋ᠢᠨ ᠬᠤᠤᠰ ᠦᠷ᠎ᠡ ᠠᠱᠢᠬ ᠡᠭᠦᠳᠴᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号