《ᠦᠵᠡᠰᠭᠦᠯᠡᠩᠳᠤ ᠰᠠᠢᠬᠠᠨ ᠬᠦᠬᠡᠬᠤᠳᠠ ᠲᠠᠯ᠎ᠠ ᠨᠤᠳᠤᠬ᠎ᠤᠨ ᠶᠡᠭᠡ ᠬᠤᠳᠠ》 ᠎ᠶ᠋ᠢᠨ ᠬᠦᠭ᠌ᠵᠢᠯᠳᠡ᠎ᠶ᠋ᠢᠨ ᠱᠢᠨ᠎ᠠ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠠ
2021-01-13 15:50:05
ᠵᠣᠬᠢᠶᠠᠭ᠍ᠴᠢ᠄
ᠵᠧᠩ ᠱᠢᠤᠧᠠᠢ ᠯᠢᠶᠠᠩ
ᠣᠩᠱᠢᠭ᠍ᠰᠠᠨ ᠣᠳᠠᠭ᠎ᠠ᠄
★★★☆☆

 — ᠬᠦᠬᠡᠬᠤᠳᠠ᠎ᠶ᠋ᠢᠨ ᠨᠠᠮ᠎ᠤᠨ ᠬᠤᠷᠢᠶᠠᠨ᠎ᠤ ᠲᠡᠳ᠋ ᠱᠦᠵᠢ᠂ ᠬᠤᠳᠠ᠎ᠶ᠋ᠢᠨ ᠲᠠᠷᠤᠭ᠎ᠠ᠂ ᠦᠪᠦᠷ ᠮᠤᠩᠭᠤᠯ᠎ᠤᠨ ᠬᠤᠷᠢᠨᠬᠡᠷ ᠱᠢᠨ᠎ᠠ ᠲᠤᠭᠤᠷᠢᠬ᠎ᠤᠨ ᠨᠠᠮ᠎ᠤᠨ ᠠᠵᠢᠯᠯᠠᠬᠤ ᠬᠤᠷᠢᠶᠠᠨ᠎ᠤ ᠱᠦᠵᠢ ᠵᠠᠩ ᠪᠠᠢ ᠴᠧᠩ᠎ᠢ ᠰᠤᠷᠪᠤᠯᠵᠢᠯᠠᠬ᠍ᠰᠠᠨ᠎ᠨᠢ

ᠨᠠᠮ᠎ᠤᠨ ᠠᠷᠪᠠ ᠶᠢᠰᠦᠳᠦᠬᠡᠷ ᠬᠤᠭᠤᠴᠠᠭᠠᠨ᠎ᠤ ᠲᠦᠪ ᠬᠤᠷᠢᠶᠠᠨ᠎ᠤ ᠲᠠᠪᠤᠳᠤᠭᠠᠷ ᠪᠦᠬᠦᠳᠡ ᠬᠤᠷᠠᠯ ᠲᠡᠬᠦᠰᠦᠭ᠌ᠰᠡᠨ᠎ᠤ ᠲᠠᠷᠠᠭ᠎ᠠ᠂ ᠪᠦᠬᠦ᠌ ᠤᠷᠤᠨ᠎ᠤ ᠡᠯ᠎ᠠ ᠭᠠᠵᠠᠷ ᠤᠷᠤᠨ ᠦᠳᠳᠡᠷ ᠲᠦᠷᠬᠡᠨ᠎ᠢᠶᠠᠷ ᠪᠦᠬᠦᠳᠡ ᠬᠤᠷᠠᠯ᠎ᠤᠨ ᠵᠤᠷᠢᠬ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠦᠷᠨᠢᠯᠳᠡ ᠭᠠᠷᠭᠠᠪᠠ᠂ ᠦᠪᠡᠷᠳᠡᠭᠡᠨ ᠵᠠᠰᠠᠬᠤ ᠤᠷᠤᠨ᠎ᠤ ᠲᠦᠪ ᠪᠤᠯᠤᠬ᠍ᠰᠠᠨ᠎ᠤ ᠬᠤᠪᠢ᠎ᠳᠤ᠂ ᠬᠦᠬᠡᠬᠤᠳᠠ 《ᠠᠷᠪᠠᠨ ᠲᠦᠷᠪᠡᠳᠦᠬᠡᠷ ᠲᠠᠪᠤᠨ ᠵᠢᠯ》 ᠎ᠤᠨ ᠬᠤᠭᠤᠴᠠᠭᠠᠨ ᠳ᠋ᠤ ᠬᠡᠷᠬᠢᠨ ᠠᠱᠢᠬ᠍ᠳᠠᠢ ᠪᠠᠢᠳᠠᠯ᠎ᠢ ᠠᠮᠵᠢᠨ ᠤᠷᠤᠬ᠍ᠰᠢᠯᠠᠵᠦ᠍᠂ ᠱᠢᠨ᠎ᠠ ᠠᠶᠠᠨ ᠵᠠᠮ᠎ᠢ ᠡᠬᠢᠯᠡᠬᠦᠯᠤᠨ ᠱᠢᠨ᠎ᠠ ᠦᠷ᠎ᠠ ᠪᠦᠲᠦᠮᠵᠢ ᠭᠠᠷᠭᠠᠬᠤ ᠪᠤᠯ? ᠡᠨᠡ ᠲᠤᠬᠠᠢ ᠰᠤᠷᠪᠤᠯᠵᠢᠯᠠᠬ᠍ᠴᠢ ᠬᠦᠬᠡᠬᠤᠳᠠ᠎ᠶ᠋ᠢᠨ ᠨᠠᠮ᠎ᠤᠨ ᠬᠤᠷᠢᠶᠠᠨ᠎ᠤ ᠲᠡᠳ᠋ ᠱᠦᠵᠢ᠂ ᠬᠤᠳᠠ᠎ᠶ᠋ᠢᠨ ᠲᠠᠷᠤᠭ᠎ᠠ᠂ ᠦᠪᠦᠷ ᠮᠤᠩᠭᠤᠯ᠎ᠤᠨ ᠬᠤᠷᠢᠨᠬᠡᠷ ᠱᠢᠨ᠎ᠠ ᠲᠤᠭᠤᠷᠢᠬ᠎ᠤᠨ ᠨᠠᠮ᠎ᠤᠨ ᠠᠵᠢᠯᠯᠠᠬᠤ ᠬᠤᠷᠢᠶᠠᠨ᠎ᠤ ᠱᠦᠵᠢ ᠵᠠᠩ ᠪᠠᠢ ᠴᠧᠩ᠎ᠢ ᠰᠤᠷᠪᠤᠯᠵᠢᠯᠠᠪᠠ᠃


QQ截图20210113154316.jpg


ᠵᠠᠩ ᠪᠠᠢ ᠴᠧᠩ᠂ ᠬᠦᠬᠡᠬᠤᠳᠠ ᠡᠬᠦᠷᠢᠳᠡ ᠰᠢ᠎ᠶ᠋ᠢᠨ ᠫᠢᠩ᠎ᠤᠨ ᠱᠢᠨ᠎ᠠ ᠴᠠᠬ ᠦᠶ᠎ᠠ᠎ᠶ᠋ᠢᠨ ᠲᠤᠮᠳᠠᠳᠤ ᠤᠯᠤᠰ᠎ᠤᠨ ᠤᠨᠴᠠᠯᠢᠬ᠎ᠲᠠᠢ ᠨᠡᠢᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠦᠪᠦᠷ ᠮᠤᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ᠎ᠶ᠋ᠢᠨ ᠵᠤᠷᠢᠬ ᠰᠠᠨᠠᠭ᠎ᠠ᠎ᠶ᠋ᠢ ᠬᠦᠨᠵᠡᠬᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠱᠢᠨ᠎ᠠ ᠬᠦᠭ᠌ᠵᠢᠯᠳᠡ᠎ᠶ᠋ᠢᠨ ᠭᠠᠷᠤᠭ᠎ᠠ᠎ᠳᠤ ᠯᠠᠪᠳᠠᠭᠤᠨ ᠵᠤᠬ᠍ᠰᠤᠨ᠂ ᠱᠢᠨ᠎ᠠ ᠬᠦᠭ᠌ᠵᠢᠯᠳᠡ᠎ᠶ᠋ᠢᠨ ᠤᠢ᠍ᠢᠯᠠᠭᠠᠬ᠍ᠳᠠᠬᠤᠨ᠎ᠢ ᠲᠤᠭᠤᠱᠢᠯᠠᠭᠤᠯᠵᠤ᠂ ᠱᠢᠨ᠎ᠠ ᠬᠦᠭ᠌ᠵᠢᠯᠳᠡ᠎ᠶ᠋ᠢᠨ ᠪᠠᠢᠷᠢᠱᠢᠯ᠎ᠳᠤ ᠠᠭᠤᠰᠤᠨ᠂ ᠨᠡᠩ ᠦᠨᠳᠦᠷ᠎ᠲᠤ ᠵᠤᠬ᠍ᠰᠤᠨ ᠬᠦᠬᠡᠬᠤᠳᠠ᠎ᠶ᠋ᠢᠨ ᠬᠦᠭ᠌ᠵᠢᠯᠳᠡ᠎ᠶ᠋ᠢ ᠲᠦᠯᠦᠪᠵᠢᠬᠦᠯᠵᠤ᠂ ᠤᠯᠤᠰ᠎ᠤᠨ ᠪᠠᠢᠯᠳᠤᠬᠤ ᠪᠤᠳᠤᠯᠭ᠎ᠠ᠎ᠶ᠋ᠢ ᠲᠤᠯᠭᠠᠭᠤᠷᠢᠯᠠᠬᠤ ᠲᠤᠮᠳᠠ ᠱᠢᠨ᠎ᠠ ᠪᠠᠢᠷᠢ ᠲᠤᠭ᠍ᠳᠠᠭᠠᠯᠳᠠ᠎ᠶ᠋ᠢ ᠰᠦᠪᠡᠭ᠌ᠴᠢᠯᠡᠨ᠂ ᠤᠷᠤᠨ᠎ᠤ ᠲᠦᠪ᠎ᠤᠨ ᠦᠪᠡᠷᠮᠢᠴᠡ ᠲᠠᠪᠠᠭᠤᠯᠢᠬ᠎ᠢ ᠪᠠᠳᠠᠷᠠᠭᠤᠯᠬᠤ ᠲᠤᠮᠳᠠ ᠱᠢᠨ᠎ᠠ ᠬᠦᠳᠡᠯᠬᠡᠬᠦ᠌ ᠬᠦᠴᠦᠨ᠎ᠢᠶᠠᠨ ᠴᠢᠩᠭᠠᠷᠠᠭᠤᠯᠵᠦ᠍᠂ ᠲᠤᠪᠤᠢᠮ᠎ᠠ ᠲᠤᠳᠠᠭᠤᠳᠠᠯ᠎ᠢ ᠨᠦᠬᠦᠪᠤᠷᠢᠯᠡᠬᠦ᠌ ᠲᠤᠮᠳᠠ ᠱᠢᠨ᠎ᠠ ᠠᠷᠭ᠎ᠠ ᠵᠠᠮ᠎ᠢ ᠨᠡᠬᠡᠬᠡᠵᠦ᠍᠂ ᠬᠦᠭ᠌ᠵᠢᠯᠳᠡ᠎ᠶ᠋ᠢᠨ ᠬᠠᠷᠠᠯᠳᠠ᠎ᠶ᠋ᠢ ᠲᠤᠳᠤᠷᠬᠠᠢᠯᠠᠬᠤ ᠲᠤᠮᠳᠠ ᠱᠢᠨ᠎ᠠ ᠬᠢᠷᠢ ᠦᠷ᠎ᠠ ᠪᠦᠲᠦᠮᠵᠢ᠎ᠶ᠋ᠢ ᠤᠯᠵᠤ᠂ 《ᠤᠳᠤᠬᠢᠴᠢᠯᠠᠬ᠍ᠰᠠᠨ ᠤᠷᠤᠨ ᠪᠦᠰᠡ᠎ᠶ᠋ᠢᠨ ᠴᠢᠨᠠᠷᠳᠠᠢ ᠲᠦᠪ ᠬᠤᠳᠠ᠂ ᠦᠵᠡᠰᠭᠦᠯᠡᠩᠳᠤ ᠰᠠᠢᠬᠠᠨ ᠬᠦᠬᠡᠬᠤᠳᠠ · ᠲᠠᠯ᠎ᠠ ᠨᠤᠳᠤᠬ᠎ᠤᠨ ᠶᠡᠭᠡ ᠬᠤᠳᠠ᠎ᠶ᠋ᠢ ᠪᠦᠲᠦᠬᠡᠨ ᠪᠠᠢᠭᠤᠯᠬᠤ》 ᠎ᠪᠠᠷ ᠶᠡᠷᠦᠩᠬᠡᠢ ᠬᠠᠷᠠᠯᠳᠠ᠎ᠪᠠᠨ ᠪᠤᠯᠭᠠᠨ᠂ ᠤᠷᠤᠨ ᠪᠦᠰᠡ᠎ᠶ᠋ᠢᠨ ᠴᠢᠨᠠᠷᠳᠠᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠠ᠎ᠶ᠋ᠢ ᠡᠬᠦᠳᠬᠦ᠌ ᠲᠦᠪ᠂ ᠵᠠᠮ ᠬᠠᠷᠢᠯᠴᠠᠭ᠎ᠠ ᠡᠳ᠋ ᠪᠠᠷᠠᠭ᠎ᠠ᠎ᠶ᠋ᠢᠨ ᠬᠦᠢᠯᠬᠡᠬᠡ᠎ᠶ᠋ᠢᠨ ᠲᠦᠪ᠂ ᠬᠡᠷᠡᠭ᠌ᠯᠡᠬᠡᠨ᠎ᠤ ᠲᠦᠪ᠂ ᠰᠡᠯᠡᠬᠦᠴᠡᠨ ᠠᠮᠠᠷᠠᠬᠤ ᠲᠦᠪ ᠵᠡᠷᠬᠡ 《ᠲᠦᠷᠪᠡᠨ ᠲᠦᠪ》 ᠎ᠢ ᠭᠤᠤᠯᠳᠠᠯᠭ᠎ᠠ᠎ᠲᠠᠢ ᠴᠤᠬ᠍ᠴᠠᠯᠠᠵᠤ᠂ ᠶᠡᠷᠦᠩᠬᠡᠢᠯᠡᠭ᠌ᠰᠡᠨ ᠪᠤᠳᠠᠳᠤ ᠬᠦᠴᠦᠨ᠎ᠢ ᠪᠦᠬᠦ᠌ ᠲᠠᠯ᠎ᠠ᠎ᠪᠠᠷ ᠴᠢᠩᠭᠠᠳᠭᠠᠬᠤ᠂ ᠠᠵᠦ᠍ ᠠᠬᠤᠢ᠎ᠶ᠋ᠢᠨ ᠬᠦᠭ᠌ᠵᠢᠯᠳᠡ᠎ᠶ᠋ᠢᠨ ᠬᠡᠯᠪᠡᠷᠢ᠎ᠶ᠋ᠢ ᠪᠦᠬᠦ᠌ ᠲᠠᠯ᠎ᠠ᠎ᠪᠠᠷ ᠬᠤᠪᠢᠷᠠᠭᠤᠯᠬᠤ᠂ ᠬᠤᠳᠠ᠎ᠶ᠋ᠢᠨ ᠲᠦᠷᠢ ᠲᠦᠷᠬᠦ᠌᠎ᠶ᠋ᠢ ᠪᠦᠬᠦ᠌ ᠲᠠᠯ᠎ᠠ᠎ᠪᠠᠷ ᠲᠡᠭᠡᠭ᠌ᠰᠢᠯᠡᠬᠦᠯᠬᠦ᠌ ᠭᠤᠷᠪᠠᠨ ᠶᠡᠭᠡ ᠡᠬᠦᠷᠬᠡ᠎ᠶ᠋ᠢ ᠪᠠᠳᠤ ᠠᠳᠭᠤᠨ᠂ 《ᠦᠵᠡᠰᠭᠦᠯᠡᠩᠳᠤ ᠰᠠᠢᠬᠠᠨ ᠬᠦᠬᠡᠬᠤᠳᠠ · ᠲᠠᠯ᠎ᠠ ᠨᠤᠳᠤᠬ᠎ᠤᠨ ᠶᠡᠭᠡ ᠬᠤᠳᠠ》 ᠎ᠶ᠋ᠢᠨ ᠴᠢᠨᠠᠷ ᠰᠠᠢᠳᠠᠢ ᠬᠦᠭ᠌ᠵᠢᠯᠳᠡ᠎ᠶ᠋ᠢᠨ ᠴᠠᠬ ᠦᠶ᠎ᠠ᠎ᠶ᠋ᠢᠨ ᠱᠢᠨ᠎ᠠ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠠ ᠬᠡᠵᠠᠢ᠃

ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠱᠢᠨ᠎ᠠ᠎ᠶ᠋ᠢ ᠡᠬᠦᠳᠬᠦ᠌ ᠴᠢᠳᠠᠪᠤᠷᠢ᠎ᠶ᠋ᠢ ᠶᠡᠭᠡ᠎ᠪᠠᠷ ᠲᠡᠭᠡᠭ᠌ᠰᠢᠯᠡᠬᠦᠯᠵᠤ᠂ ᠤᠷᠤᠨ᠎ᠤ ᠲᠦᠪ᠎ᠤᠨ ᠤᠨᠴᠠᠯᠢᠬ ᠪᠦᠬᠦᠢ ᠱᠢᠨ᠎ᠠ᠎ᠶ᠋ᠢ ᠡᠬᠦᠳᠬᠦ᠌᠎ᠪᠠᠷ ᠬᠦᠳᠡᠯᠬᠡᠬᠦ᠌ ᠬᠦᠴᠦᠨ ᠪᠤᠯᠭᠠᠬ᠍ᠰᠠᠨ ᠬᠦᠭ᠌ᠵᠢᠯᠳᠡ᠎ᠶ᠋ᠢᠨ ᠵᠠᠮ᠎ᠢᠶᠠᠷ ᠴᠢᠷᠮᠠᠢᠨ ᠵᠠᠮᠨᠠᠨ᠎ᠠ᠃ ᠨᠢᠬᠡ᠎ᠳᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠢᠶᠠᠷ ᠦᠪᠦᠷ ᠮᠤᠩᠭᠤᠯ᠎ᠢᠶᠠᠨ ᠮᠠᠨᠳᠤᠭᠤᠯᠬᠤ》 ᠠᠵᠢᠯᠯᠠᠭᠠᠨ᠎ᠳᠤ ᠲᠦᠱᠢᠭ᠌ᠯᠡᠨ᠂ ᠬᠦᠬᠡᠬᠤᠳᠠ ᠪᠤᠭᠤᠳᠤ ᠤᠷᠳᠤᠰ᠎ᠤᠨ ᠪᠡᠶ᠎ᠠ᠎ᠪᠠᠨ ᠲᠠᠭᠠᠭᠠᠵᠦ᠍ ᠱᠢᠨ᠎ᠠ᠎ᠶ᠋ᠢ ᠡᠬᠦᠳᠬᠦ᠌ ᠵᠢᠱ᠌ᠢᠶ᠎ᠠ ᠦᠵᠡᠬᠦᠯᠬᠦ᠌ ᠤᠷᠤᠨ᠂ ᠤᠯᠤᠰ᠎ᠤᠨ ᠰᠦ᠎ᠶ᠋ᠢᠨ ᠦᠢᠯᠡᠰ᠎ᠤᠨ ᠲᠧᠭ᠌ᠨᠢᠭ ᠮᠡᠷᠬᠡᠵᠢᠯ᠎ᠤᠨ ᠱᠢᠨ᠎ᠠ᠎ᠶ᠋ᠢ ᠡᠬᠦᠳᠬᠦ᠌ ᠲᠦᠪ᠂ ᠦᠪᠡᠷᠳᠡᠭᠡᠨ ᠵᠠᠰᠠᠬᠤ ᠤᠷᠤᠨ᠎ᠤ ᠡᠪᠡᠰᠤᠨ᠎ᠤ ᠦᠷ᠎ᠠ᠎ᠶ᠋ᠢᠨ ᠦᠢᠯᠡᠰ᠎ᠤᠨ ᠲᠧᠭ᠌ᠨᠢᠭ ᠮᠡᠷᠬᠡᠵᠢᠯ᠎ᠤᠨ ᠱᠢᠨ᠎ᠠ᠎ᠶ᠋ᠢ ᠡᠬᠦᠳᠬᠦ᠌ ᠲᠦᠪ᠂ ᠠᠮᠢᠳᠠᠨ᠎ᠤ ᠸᠠᠺᠼᠢᠨ᠎ᠤ ᠤᠯᠤᠰ᠎ᠤᠨ ᠢᠨᠵᠧᠨᠧᠷᠢᠩ᠎ᠤᠨ ᠲᠤᠷᠱᠢᠯᠳᠠ᠎ᠶ᠋ᠢᠨ ᠲᠠᠰᠤᠬ ᠵᠡᠷᠬᠡ᠎ᠶ᠋ᠢ ᠲᠦᠷᠬᠡᠳᠭᠡᠵᠦ᠍ ᠡᠬᠦᠳᠦᠨ ᠪᠠᠢᠭᠤᠯᠵᠦ᠍᠂ ᠱᠢᠨ᠎ᠠ᠎ᠶ᠋ᠢ ᠡᠬᠦᠳᠬᠦ᠌ ᠡᠬᠢ ᠪᠠᠶᠠᠯᠢᠬ᠎ᠢ ᠲᠦᠪᠯᠡᠷᠡᠬᠦᠯᠵᠤ ᠱᠢᠨ᠎ᠠ᠎ᠶ᠋ᠢ ᠡᠬᠦᠳᠬᠦ᠌ ᠡᠯᠧᠮᠧᠨ᠋ᠲ᠎ᠢ ᠬᠦᠭ᠌ᠵᠢᠬᠡᠨ᠂ ᠱᠢᠨ᠎ᠠ᠎ᠶ᠋ᠢ ᠡᠬᠦᠳᠬᠦ᠌ ᠦᠷ᠎ᠠ ᠪᠦᠲᠦᠬᠡᠯ᠎ᠢ ᠤᠨᠳᠤᠤᠱᠢᠭᠤᠯᠤᠨ᠎ᠠ᠃ ᠬᠤᠶᠠᠷ᠎ᠲᠤ᠌᠂ ᠠᠵᠦ᠍ ᠦᠢᠯᠡᠰ᠎ᠤᠨ ᠬᠦᠭ᠌ᠵᠢᠯᠳᠡ᠎ᠶ᠋ᠢᠨ ᠲᠠᠪᠠᠭᠤᠯᠢᠬ᠎ᠲᠤ ᠪᠠᠳᠤ ᠰᠠᠭᠤᠷᠢᠯᠠᠵᠤ᠂ ᠬᠦᠴᠤᠨ᠎ᠢᠶᠠᠨ ᠲᠦᠪᠯᠡᠷᠡᠬᠦᠯᠦᠨ ᠱᠢᠨ᠎ᠠ ᠡᠨᠧᠷᠬᠢ᠂ ᠱᠢᠨ᠎ᠠ ᠮᠠᠲ᠋ᠧᠷᠢᠶᠠᠯ᠂ ᠠᠮᠢᠳᠤ ᠪᠤᠳᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠂ ᠮᠤᠩᠭᠤᠯ ᠬᠢᠳᠠᠳ ᠡᠮ᠂ ᠤᠶᠤᠨᠴᠢ ᠮᠠᠱᠢᠨ ᠲᠤᠨᠤᠬ᠍ᠯᠠᠯ ᠦᠢᠯᠡᠳᠬᠦ᠂ ᠲᠤᠮᠤ ᠳ᠋ᠠᠢᠲ᠋ᠠ ᠡᠬᠦᠯᠡᠨ ᠪᠤᠳᠤᠯᠳᠠ᠂ ᠡᠨᠧᠷᠬᠢ ᠠᠷᠪᠢᠯᠠᠵᠦ᠍ ᠤᠷᠴᠢᠨ ᠲᠤᠭᠤᠷᠢᠨ᠎ᠢ ᠬᠠᠮᠠᠭᠠᠯᠠᠬᠤ ᠵᠡᠷᠬᠡ ᠨᠢᠬᠡ ᠪᠦᠯᠦᠭ ᠤᠯᠠᠨ ᠨᠡᠢᠳᠡ᠎ᠶ᠋ᠢᠨ ᠲᠧᠭ᠌ᠨᠢᠭ ᠮᠡᠷᠬᠡᠵᠢᠯ᠎ᠤᠨ ᠱᠢᠨ᠎ᠠ᠎ᠶ᠋ᠢ ᠡᠬᠦᠳᠬᠦ᠌ ᠲᠠᠪᠴᠠᠩ᠎ᠢ ᠴᠤᠬ᠍ᠴᠠᠯᠠᠬᠤ ᠪᠠ ᠦᠷ᠎ᠠ ᠪᠦᠲᠦᠬᠡᠯ᠎ᠢ ᠤᠨᠳᠤᠤᠱᠢᠭᠤᠯᠤᠨ ᠬᠡᠷᠡᠭ᠌ᠯᠡᠨ᠎ᠠ᠃ ᠭᠤᠷᠪᠠ᠎ᠳᠤ᠂ ᠱᠢᠨ᠎ᠠ᠎ᠶ᠋ᠢ ᠡᠬᠦᠳᠬᠦ᠌ ᠬᠠᠮᠵᠢᠯᠴᠠᠭᠠᠨ᠎ᠤ ᠲᠤᠬ᠍ᠳᠠᠴᠠ᠎ᠶ᠋ᠢ ᠪᠦᠷᠢᠨᠱᠢᠬᠦᠯᠵᠤ᠂ ᠬᠦᠬᠡᠬᠤᠳᠠ ᠬᠢᠬᠡᠳ ᠤᠷᠤᠨ᠎ᠤ ᠲᠤᠳᠤᠨ᠎ᠠ ᠭᠠᠳᠠᠨᠠᠬᠢ ᠶᠡᠭᠡ ᠲᠡᠬᠡᠳᠤ ᠰᠤᠷᠭᠠᠭᠤᠯᠢ ᠪᠠ ᠬᠦᠷᠢᠶᠡᠯᠡᠩ ᠲᠠᠰᠤᠬ᠎ᠯᠤᠭ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠮᠳᠤᠷᠠᠯᠴᠠᠭ᠎ᠠ᠎ᠪᠠᠨ ᠬᠦᠨᠵᠡᠬᠡᠢᠷᠡᠬᠦᠯᠦᠨ᠂ 《4+8+N》 ᠎ᠤ ᠡᠯ᠎ᠠ ᠲᠦᠷᠦᠯ᠎ᠤᠨ ᠭᠤᠤᠯ ᠴᠤᠬ᠍ᠴᠠ᠎ᠯᠤᠭ᠎ᠠ᠎ᠶ᠋ᠢᠨ ᠬᠠᠮᠳᠤᠷᠠᠯᠴᠠᠭ᠎ᠠ᠎ᠪᠠᠨ ᠴᠢᠩᠭᠠᠳᠭᠠᠨ᠂ ᠬᠦᠬᠡᠬᠤᠳᠠ (ᠪᠡᠬᠡᠵᠢᠩ) ᠎ᠶ᠋ᠢᠨ ᠱᠢᠨᠵᠢᠯᠡᠬᠦ᠌ ᠤᠬᠠᠭᠠᠨ᠎ᠤ ᠱᠢᠨ᠎ᠠ᠎ᠶ᠋ᠢ ᠡᠬᠦᠳᠬᠦ᠌ ᠲᠦᠪ᠂ ᠦᠪᠦᠷ ᠮᠤᠩᠭᠤᠯ (ᠬᠦᠬᠡᠬᠤᠳᠠ) ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠬᠡᠵᠢᠯ᠎ᠤᠨ ᠲᠤᠮᠤ ᠵᠠᠬ᠎ᠠ ᠲᠡᠯᠬᠡᠬᠦᠷ ᠵᠡᠷᠬᠡ ᠲᠠᠪᠴᠠᠩ᠎ᠢ ᠰᠠᠢᠳᠤᠷ ᠬᠡᠷᠡᠭ᠌ᠯᠡᠵᠤ᠂ 《ᠪᠡᠭᠡᠵᠢᠩ᠎ᠳᠤ ᠰᠤᠳᠤᠯᠤᠨ ᠨᠡᠬᠡᠬᠡᠵᠦ᠍ ᠬᠦᠬᠡᠬᠤᠳᠠ᠎ᠳᠤ ᠲᠤᠷᠱᠢᠵᠦ᠍ ᠤᠨᠳᠤᠤᠱᠢᠭᠤᠯᠬᠤ》 ᠱᠢᠨ᠎ᠠ᠎ᠶ᠋ᠢ ᠡᠬᠦᠳᠬᠦ᠌ ᠪᠠᠢᠷᠢᠱᠢᠯ᠎ᠢ ᠬᠠᠢᠨ ᠰᠦᠪᠡᠭ᠌ᠴᠢᠯᠡᠵᠦ᠍ ᠪᠦᠷᠢᠯᠳᠦᠬᠦᠯᠦᠨ᠎ᠠ᠃ ᠲᠦᠷᠪᠡ᠎ᠳᠤ᠂ ᠴᠢᠳᠠᠪᠤᠷᠢᠳᠠᠨ᠎ᠢ ᠤᠷᠤᠭᠤᠯᠤᠨ ᠠᠪᠴᠢᠷᠠᠬᠤ ᠵᠠᠬ᠍ᠪᠤᠷ᠎ᠤᠨ ᠱᠢᠨ᠎ᠠ᠎ᠶ᠋ᠢ ᠡᠬᠦᠳᠴᠤ᠌᠂ 《ᠪᠦᠷᠢᠨ᠎ᠢ ᠬᠦᠬᠡᠬᠡᠴᠡᠯᠳᠦᠬᠦ᠌ ᠦᠬᠡᠢ ᠴᠤ᠌ ᠬᠡᠷᠡᠭ᠌ᠳᠡᠢ ᠪᠠᠢᠬᠤ᠎ᠶ᠋ᠢ ᠬᠦᠬᠡᠬᠡᠴᠡᠯᠳᠦᠬᠦ᠌》 ᠎ᠶ᠋ᠢ ᠪᠠᠷᠢᠮᠳᠠᠯᠠᠨ ᠴᠢᠳᠠᠪᠤᠷᠢᠳᠠᠨ ᠤᠷᠤᠭᠤᠯᠵᠤ᠂ ᠤᠷᠤᠨ ᠨᠤᠳᠤᠬ᠎ᠤᠨ ᠴᠢᠳᠠᠪᠤᠷᠢᠳᠠᠨ᠎ᠳᠠᠭᠠᠨ ᠰᠠᠢᠬᠠᠨ ᠬᠠᠨᠳᠤᠨ ᠤᠷᠤᠨ ᠨᠤᠳᠤᠬ᠎ᠤᠨ ᠴᠢᠳᠠᠪᠤᠷᠢᠳᠠᠨ᠎ᠢᠶᠠᠨ ᠤᠷᠢᠶᠠᠯᠠᠨ ᠲᠠᠭᠠᠭᠤᠯᠵᠤ᠂ ᠲᠡᠯᠡᠬᠡᠢ᠎ᠶ᠋ᠢᠨ ᠰᠤᠳᠤᠨ ᠴᠢᠳᠠᠪᠤᠷᠢᠳᠠᠨ᠎ᠢ ᠦᠷᠬᠡᠨ᠎ᠢᠶᠠᠷ ᠲᠠᠳᠠᠨ ᠤᠷᠤᠨ᠎ᠤ ᠲᠦᠪ᠎ᠤᠨ ᠴᠢᠨᠠᠷ ᠰᠠᠢᠳᠠᠢ ᠬᠦᠭ᠌ᠵᠢᠯᠳᠡ᠎ᠳᠤ ᠬᠠᠮᠳᠤ᠎ᠪᠠᠷ ᠬᠦᠴᠦᠨ ᠨᠡᠮᠡᠷᠢᠯᠡᠨ᠎ᠠ᠃

ᠦᠪᠡᠷᠮᠢᠴᠨ ᠤᠨᠴᠠᠯᠢᠭ᠎ᠲᠠᠢ ᠳᠠᠪᠠᠭᠤᠯᠢᠭ᠍ᠳᠤ ᠠᠵᠤ ᠦᠢᠯᠡᠰ ᠲᠤ᠋ ᠰᠠᠭᠤᠷᠢᠯᠠᠵᠤ᠂ ᠠᠵᠤ ᠦᠢᠯᠡᠰ᠎ᠤᠨ ᠬᠡᠯᠬᠢᠶ᠎ᠡ ᠪᠠ ᠬᠠᠨᠭ᠌ᠭᠠᠯᠭ᠎ᠠ᠎ᠶ᠋ᠢᠨ ᠬᠡᠯᠬᠢᠶ᠎ᠡ᠎ᠶ᠋ᠢᠨ ᠤᠳᠤᠬᠢᠴᠢᠯᠠᠯᠳᠠ᠎ᠶ᠋ᠢᠨ ᠲᠦᠪᠱᠢᠨ᠎ᠢ ᠳᠠᠰᠤᠷᠠᠯᠳᠠ ᠦᠭᠡᠢ ᠳᠡᠭᠡᠭ᠌ᠰᠢᠯᠡᠬᠦᠯᠤᠨ᠎ᠡ᠃ ᠨᠢᠭᠡ᠎ᠳᠤ᠂ 《ᠳᠤᠮᠳᠠᠳᠤ ᠤᠯᠤᠰ᠎ᠤᠨ ᠴᠠᠭᠠᠨ ᠢᠳᠡᠭᠡᠨ᠎ᠤ ᠬᠤᠳᠠ》 ᠎ᠶ᠋ᠢᠨ ᠳᠡᠰ ᠳᠠᠪᠱᠢᠭ᠍ᠰᠡᠨ ᠬᠡᠪ᠎ᠢ ᠡᠬᠦᠳᠦᠨ ᠪᠠᠢᠭᠤᠯᠤᠨ᠎ᠠ᠃ ᠢ ᠯᠢ᠎ᠶ᠋ᠢᠨ ᠤᠳᠤ ᠦᠶ᠎ᠡ᠎ᠶ᠋ᠢᠨ ᠤᠶᠤᠨᠳᠤ ᠡᠷᠡᠬᠦᠯ ᠮᠡᠨᠳᠤ᠎ᠶ᠋ᠢᠨ ᠬᠦᠨᠳᠠᠢ᠂ ᠮᠸᠡᠭ ᠨᠢᠦ ᠰᠦ᠎ᠶ᠋ᠢᠨ ᠦᠢᠯᠡᠰ᠎ᠤᠨ ᠠᠵᠤ ᠦᠢᠯᠡᠰ᠎ᠤᠨ ᠬᠦᠷᠢᠶᠡᠯᠡᠩ ᠵᠡᠷᠭᠡ ᠴᠢᠬᠤᠯᠠ ᠶᠡᠭᠡ ᠲᠦᠷᠦᠯ ᠵᠦᠢᠯ᠎ᠳᠤ ᠲᠦᠱᠢᠭ᠌ᠯᠡᠨ ᠰᠠᠭᠠᠯᠢ᠎ᠶ᠋ᠢᠨ ᠦᠨᠢᠶᠡᠨ᠎ᠤ ᠮᠠᠯᠵᠢᠯ᠎ᠤᠨ ᠳᠠᠯᠠᠪᠠᠢ᠎ᠶ᠋ᠢᠨ ᠪᠦᠳᠦᠭᠡᠨ ᠪᠠᠢᠭᠤᠯᠤᠯᠳᠠ᠎ᠶ᠋ᠢ ᠢᠵᠢ ᠪᠦᠷᠢᠳᠦᠬᠦᠯᠵᠤ᠂ ᠰᠦᠯ ᠰᠠᠢᠳᠠᠢ ᠪᠡᠯᠴᠢᠭᠡᠷ ᠡᠪᠡᠰᠤ ᠲᠠᠷᠢᠬᠤ ᠮᠡᠷᠭᠡᠵᠢᠯ᠎ᠤᠨ ᠪᠤᠭᠤᠮᠳᠠ᠎ᠶ᠋ᠢ ᠪᠦᠬᠦ᠌ ᠬᠦᠴᠦᠨ᠎ᠢᠶᠠᠷ ᠱᠢᠪᠳᠤᠯᠵᠤ᠂ ᠤᠯᠤᠰ᠎ᠤᠨ ᠰᠦ᠎ᠶ᠋ᠢᠨ ᠦᠢᠯᠡᠰ᠎ᠤᠨ ᠲᠧᠭ᠌ᠨᠢᠭ ᠮᠡᠷᠭᠡᠵᠢᠯ᠎ᠤᠨ ᠪᠠᠷᠢᠮᠵᠢᠶ᠎ᠠ᠎ᠶ᠋ᠢᠨ ᠱᠢᠨ᠎ᠡ᠎ᠶ᠋ᠢ ᠡᠬᠦᠳᠬᠦ᠌ ᠰᠠᠭᠤᠷᠢᠨ᠎ᠢ ᠪᠦᠳᠦᠬᠡᠨ ᠪᠠᠢᠭᠤᠯᠵᠤ᠂ ᠰᠦ᠎ᠶ᠋ᠢᠨ ᠦᠢᠯᠡᠰ᠎ᠤᠨ ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠱᠢᠨ᠎ᠡ᠎ᠶ᠋ᠢ ᠡᠬᠦᠳᠬᠦ᠌ ᠱᠢᠰᠲ᠋ᠧᠮ᠎ᠢ ᠴᠤᠭ᠍ᠴᠠᠯᠠᠨ᠎ᠠ᠃ ᠬᠤᠶᠠᠷ ᠲᠤ᠋᠂ ᠤᠳᠤ ᠦᠶ᠎ᠡ᠎ᠶ᠋ᠢᠨ ᠡᠨᠧᠷᠬᠢ ᠬᠢᠮᠢ᠎ᠶ᠋ᠢᠨ ᠦᠢᠯᠡᠳᠪᠦᠷᠢ᠎ᠶ᠋ᠢᠨ ᠠᠵᠤ ᠦᠢᠯᠡᠰ᠎ᠤᠨ ᠰᠦᠷᠦᠭ᠌ᠵᠢᠯ᠎ᠢ ᠡᠬᠦᠳᠦᠨ ᠪᠠᠢᠭᠤᠯᠤᠨ᠎ᠠ᠃ ᠴᠠᠬᠢᠯᠭᠠᠨ ᠬᠦᠴᠦ᠎ᠶ᠋ᠢ ᠭᠠᠳᠠᠭ᠍ᠰᠢ ᠳᠠᠮᠵᠢᠭᠤᠯᠬᠤ ᠵᠠᠮ ᠱᠤᠭᠤᠮ᠎ᠤᠨ ᠪᠦᠳᠦᠭᠡᠨ ᠪᠠᠢᠭᠤᠯᠤᠯᠳᠠ᠎ᠶ᠋ᠢ ᠢᠳᠡᠪᠬᠢᠳᠠᠢ ᠠᠬᠢᠭᠤᠯᠵᠤ᠂ ᠨᠢᠭᠡ ᠪᠦᠯᠦᠭ ᠱᠢᠨ᠎ᠡ ᠡᠨᠧᠷᠬᠢ᠎ᠶ᠋ᠢᠨ ᠰᠠᠭᠤᠷᠢᠨ᠂ ᠵᠢᠱ᠌ᠢᠶ᠎ᠡ ᠦᠵᠡᠬᠦᠯᠬᠦ᠌ ᠲᠦᠷᠦᠯ ᠵᠦᠢᠯ᠎ᠤᠨ ᠪᠦᠳᠦᠭᠡᠨ ᠪᠠᠢᠭᠤᠯᠤᠯᠳᠠ᠎ᠶ᠋ᠢ ᠡᠮᠬᠢ ᠵᠢᠷᠤᠮ᠎ᠲᠠᠢ ᠠᠬᠢᠭᠤᠯᠵᠤ᠂ ᠴᠠᠬᠢᠯᠭᠠᠨ ᠬᠦᠴᠤᠨ᠎ᠤ ᠡᠨᠧᠷᠬᠢ᠎ᠶ᠋ᠢᠨ ᠪᠤᠬᠢᠷᠳᠤᠯ ᠦᠬᠡᠢ ᠬᠦᠭ᠌ᠵᠢᠯᠳᠡ᠎ᠶ᠋ᠢ ᠠᠬᠢᠭᠤᠯᠤᠨ᠎ᠠ᠃ ᠡᠬᠦᠨ᠎ᠤ ᠬᠠᠮᠳᠤ᠂ 《ᠡᠨᠧᠷᠬᠢ ᠬᠢᠮᠢ᠎ᠶ᠋ᠢᠨ ᠦᠢᠯᠡᠳᠪᠦᠷᠢ᠎ᠶ᠋ᠢ ᠨᠢᠭᠡ ᠴᠤᠭ᠍ᠴᠠᠵᠢᠭᠤᠯᠬᠤ》 ᠬᠦᠭ᠌ᠵᠢᠯᠳᠡ᠎ᠶ᠋ᠢᠨ ᠰᠡᠳᠭᠢᠴᠡ᠎ᠶ᠋ᠢ ᠦᠨᠳᠦᠰᠦᠯᠡᠵᠤ᠂ ᠬᠢᠮᠢ᠎ᠶ᠋ᠢᠨ ᠠᠵᠤ ᠦᠢᠯᠡᠳᠪᠦᠷᠢ᠎ᠨᠤᠭᠤᠳ᠎ᠢ ᠬᠦᠷᠢᠶᠡᠯᠡᠩ ᠳᠤᠭᠤᠷᠢᠭ ᠵᠦᠭ ᠴᠤᠭ᠍ᠯᠠᠷᠠᠭᠤᠯᠤᠨ ᠪᠤᠬᠢᠷᠳᠤᠯ ᠦᠭᠡᠢ᠂ ᠨᠠᠷᠢᠯᠢᠭ᠍ᠵᠢᠭ᠍ᠰᠠᠨ᠂ ᠡᠷᠬᠢᠯᠳᠡᠳᠤ ᠤᠳᠤ ᠦᠶ᠎ᠡ᠎ᠶ᠋ᠢᠨ ᠬᠢᠮᠢ᠎ᠶ᠋ᠢᠨ ᠦᠢᠯᠡᠳᠪᠦᠷᠢ᠎ᠶ᠋ᠢᠨ ᠠᠵᠤ ᠦᠢᠯᠡᠰ᠎ᠤᠨ ᠰᠦᠷᠦᠭ᠌ᠵᠢᠯ᠎ᠢ ᠴᠤᠭ᠍ᠴᠠᠯᠠᠨ᠎ᠠ᠃ ᠭᠤᠷᠪᠠ᠎ᠳᠤ᠂ ᠳᠤᠮᠤ ᠳ᠋ᠡᠢᠲ᠋ᠠ᠎ᠶ᠋ᠢᠨ ᠠᠵᠤ ᠦᠢᠯᠡᠰ᠎ᠤᠨ ᠬᠦᠭ᠌ᠵᠢᠯᠳᠡ᠎ᠶ᠋ᠢ ᠲᠦᠷᠭᠡᠳᠭᠡᠨ᠎ᠡ᠃ ᠭᠤᠷᠪᠠᠨ ᠶᠡᠭᠡ ᠳᠤᠤᠷ ᠰᠦᠯᠵᠢᠶᠡᠨ᠎ᠤ ᠦᠢᠯᠡᠴᠢᠯᠡᠭᠡ ᠬᠠᠨᠭ᠌ᠭᠠᠬᠤ ᠺᠤᠮᠫᠠᠨᠢ ᠵᠢᠴᠢ ᠯᠠᠩ ᠴᠤᠤ᠂ ᠳ᠋ᠦᠡᠭ ᠹᠠᠨᠭ᠌ ᠭᠦᠸᠧ ᠱᠢᠨ ᠵᠡᠷᠭᠡ ᠳᠤᠮᠤ ᠬᠡᠯᠪᠡᠷᠢ᠎ᠶ᠋ᠢᠨ ᠠᠵᠤ ᠠᠬᠤᠢ᠍ᠢᠯᠠᠯ᠎ᠤᠨ ᠳᠤᠭ᠎ᠠ ᠪᠠᠷᠢᠮᠳᠠ᠎ᠶ᠋ᠢᠨ ᠲᠦᠪ ᠲᠤ᠋ ᠲᠦᠱᠢᠭ᠌ᠯᠡᠨ ᠤᠮᠠᠷᠠᠳᠤ ᠬᠢᠯᠢ᠎ᠶ᠋ᠢᠨ ᠳᠤᠮᠤ ᠳ᠋ᠡᠢᠲ᠋ᠠ᠎ᠶ᠋ᠢᠨ ᠪᠤᠳᠤᠯᠭ᠎ᠠ᠎ᠶ᠋ᠢᠨ ᠳᠤᠯᠭᠠᠭᠤᠷᠢ ᠳᠠᠪᠴᠠᠩ᠎ᠢ ᠪᠠᠢᠭᠤᠯᠵᠤ᠂ ᠮᠠᠨ᠎ᠤ ᠤᠯᠤᠰ᠎ᠤᠨ ᠤᠮᠠᠷᠠᠳᠤ ᠤᠷᠤᠨ᠎ᠤ ᠳᠤᠭ᠎ᠠ ᠪᠠᠷᠢᠮᠳᠠ᠎ᠶ᠋ᠢᠨ ᠡᠬᠢ ᠪᠠᠶᠠᠯᠢᠭ᠎ᠤᠨ ᠲᠦᠪ᠎ᠢ ᠪᠠᠢᠭᠤᠯᠤᠨ᠂ ᠤᠯᠤᠰ᠎ᠤᠨ ᠠᠵᠤ ᠦᠢᠯᠡᠳᠪᠦᠷᠢᠯᠡᠯ᠎ᠤᠨ ᠳᠤᠮᠤ ᠳ᠋ᠡᠢᠲ᠋ᠠ᠎ᠶ᠋ᠢᠨ ᠳᠠᠪᠴᠠᠩ᠎ᠢ ᠡᠬᠦᠳᠦᠨ ᠪᠠᠢᠭᠤᠯᠵᠤ᠂ 《ᠳᠤᠮᠳᠠᠳᠤ ᠤᠯᠤᠰ᠎ᠤᠨ ᠡᠬᠦᠯᠡᠨ ᠬᠦᠨᠳᠠᠢ》 ᠎ᠶ᠋ᠢ ᠠᠯᠳᠠᠷᠱᠢᠭᠤᠯᠤᠨ᠎ᠠ᠃ ᠲᠦᠷᠪᠡ᠎ᠳᠤ᠂ ᠬᠡᠷᠡᠯᠴᠢ ᠴᠡᠨᠡᠭ᠎ᠤᠨ ᠮᠠᠲ᠋ᠧᠷᠢᠶᠠᠯ᠎ᠤᠨ ᠠᠵᠤ ᠦᠢᠯᠡᠰ᠎ᠢ ᠬᠦᠴᠦᠷᠭᠡᠭ᠌ᠵᠢᠬᠦᠯᠤᠨ᠎ᠠ᠃ ᠳᠠᠩ ᠳᠠᠯᠠᠰᠳᠤ ᠵᠢᠴᠢ ᠴᠠᠬᠢᠭᠤᠷ᠎ᠤᠨ ᠢᠯᠳᠠᠰᠤᠨ᠎ᠤ ᠳᠡᠭᠡᠳᠤ ᠤᠷᠤᠰᠭᠠᠯ᠎ᠤᠨ ᠠᠵᠤ ᠦᠢᠯᠡᠰ᠎ᠤᠨ ᠦᠢᠯᠡᠳᠪᠦᠷᠢᠯᠡᠯ᠎ᠤᠨ ᠮᠡᠷᠭᠡᠵᠢᠯ᠎ᠤᠨ ᠲᠦᠭᠦᠭᠡᠷᠤᠮᠵᠢ᠎ᠶ᠋ᠢ ᠦᠭᠡᠷᠡᠴᠢᠯᠡᠨ ᠰᠠᠢᠵᠢᠷᠠᠭᠤᠯᠵᠤ᠂ ᠦᠭᠡᠬᠦᠨ ᠴᠢᠯᠠᠭᠤᠨ ᠬᠠᠢᠯᠤᠭᠤᠷ᠂ ᠳᠠᠩ ᠳᠠᠯᠠᠰᠳᠤ ᠪᠠᠯ ᠴᠢᠯᠠᠭᠤᠨ᠎ᠤ ᠳᠤᠨᠤᠭ ᠵᠡᠷᠭᠡ ᠠᠵᠤ ᠠᠬᠤᠢ᠍ᠢᠯᠠᠯ᠎ᠤᠨ ᠶᠠᠰᠤ ᠴᠢᠨᠠᠷ ᠪᠠ ᠠᠱᠢᠬ᠍ᠯᠠᠮᠵᠢ᠎ᠶ᠋ᠢ ᠳᠡᠭᠡᠭ᠌ᠰᠢᠯᠡᠬᠦᠯᠤᠨ᠂ ᠳᠠᠩ ᠳᠠᠯᠠᠰᠳᠤ ᠴᠠᠬᠢᠭᠤᠷ᠎ᠤᠨ ᠤᠯᠤᠰ᠎ᠤᠨ ᠳᠡᠰ᠎ᠤᠨ ᠳᠤᠷᠱᠢᠯᠳᠠ᠎ᠶ᠋ᠢᠨ ᠳᠠᠰᠤᠭ᠎ᠢ ᠲᠦᠷᠭᠡᠳᠭᠡᠨ ᠪᠠᠢᠭᠤᠯᠵᠤ᠂ ᠬᠡᠷᠡᠯᠴᠢ ᠴᠡᠨᠡᠭ᠎ᠤᠨ ᠮᠠᠲ᠋ᠧᠷᠢᠶᠠᠯ᠎ᠤᠨ ᠨᠠᠷᠠᠨ᠎ᠤ ᠡᠨᠧᠷᠬᠢ᠎ᠶ᠋ᠢᠨ ᠳᠡᠰ᠎ᠠᠴᠠ ᠬᠤᠷᠠᠮᠠᠯ ᠴᠠᠬᠢᠯᠭᠠᠨ ᠬᠡᠯᠬᠢᠶ᠎ᠡ᠎ᠶ᠋ᠢᠨ ᠳᠡᠰ ᠬᠦᠷᠬᠦ᠌ ᠳᠡᠰ ᠳᠠᠪᠱᠢᠭ᠍ᠰᠡᠨ ᠬᠦᠭ᠌ᠵᠢᠯᠳᠡ᠎ᠶ᠋ᠢ ᠪᠡᠶᠡᠯᠡᠬᠦᠯᠦᠨ᠎ᠡ᠃ ᠳᠠᠪᠤ᠎ᠳᠤ᠂ ᠠᠮᠢᠳᠤ ᠪᠤᠳᠠᠰ᠎ᠤᠨ ᠡᠮ ᠡᠮᠨᠡᠯᠭᠡ᠎ᠶ᠋ᠢᠨ ᠠᠵᠤ ᠦᠢᠯᠡᠰ᠎ᠢ ᠦᠭᠡᠷᠡᠴᠢᠯᠡᠨ ᠰᠠᠢᠵᠢᠷᠠᠭᠤᠯᠵᠤ ᠳᠡᠰ ᠳᠡᠪᠱᠢᠬᠦ᠌᠎ᠶ᠋ᠢ ᠲᠦᠷᠭᠡᠳᠭᠡᠨ᠎ᠡ᠃ ᠠᠮᠢᠳᠤ ᠪᠤᠳᠠᠰ᠎ᠤᠨ ᠬᠢᠵᠢᠭ᠎ᠤᠨ ᠳᠠᠷᠢᠯᠭ᠎ᠠ᠂ ᠠᠮᠢᠳᠤ ᠪᠤᠳᠠᠰ᠎ᠤᠨ ᠢᠰᠭᠡᠬᠦᠷ᠂ ᠮᠤᠩᠭᠤᠯ ᠬᠢᠳᠠᠳ ᠡᠮ ᠵᠡᠷᠭᠡ ᠳᠡᠭᠡᠳᠤ ᠵᠡᠷᠭᠡ᠎ᠶ᠋ᠢᠨ ᠦᠢᠯᠡᠳᠬᠦᠨ᠎ᠤ ᠬᠦᠭ᠌ᠵᠢᠨ ᠬᠦᠴᠦᠷᠭᠡᠭ᠌ᠵᠢᠬᠦ᠌᠎ᠶ᠋ᠢ ᠯᠠᠪᠳᠠᠭᠤᠨ ᠠᠬᠢᠭᠤᠯᠵᠤ᠂ ᠠᠮᠢᠳᠤ ᠪᠤᠳᠠᠰ᠎ᠤᠨ ᠡᠮ ᠡᠮᠨᠡᠯᠭᠡ᠎ᠶ᠋ᠢᠨ ᠳᠡᠭᠡᠳᠤ ᠵᠡᠷᠭᠡ᠎ᠶ᠋ᠢᠨ ᠬᠦᠭ᠌ᠵᠢᠯᠳᠡ᠎ᠶ᠋ᠢ ᠬᠦᠴᠦᠯᠡᠨ ᠪᠡᠶᠡᠯᠡᠬᠦᠯᠦᠨ᠎ᠡ᠃ ᠵᠢᠷᠭᠤᠭ᠎ᠠ᠎ᠳᠤ᠂ ᠳᠡᠭᠡᠳᠤ ᠵᠡᠷᠭᠡ᠎ᠶ᠋ᠢᠨ ᠲᠦᠬᠦᠭᠡᠷᠤᠮᠵᠢ᠎ᠶ᠋ᠢᠨ ᠦᠢᠯᠡᠳᠭᠡᠯ᠎ᠤᠨ ᠦᠢᠯᠡᠰ᠎ᠢ ᠪᠤᠢᠵᠢᠭᠤᠯᠤᠨ᠎ᠠ᠃ ᠺᠠᠢ ᠸᠧ ᠱᠢᠨ᠎ᠡ ᠡᠨᠧᠷᠬᠢ᠎ᠶ᠋ᠢᠨ ᠮᠠᠱᠢᠨ ᠳᠡᠷᠭᠡᠨ᠎ᠤ ᠠᠵᠤ ᠦᠢᠯᠡᠰ᠎ᠤᠨ ᠰᠠᠭᠤᠷᠢᠨ᠂ ᠵᠦᠡᠭ ᠯᠢ ᠱᠢᠨ᠎ᠡ ᠮᠠᠲ᠋ᠧᠷᠢᠶᠠᠯ᠎ᠤᠨ ᠳᠠᠰᠤᠯᠤᠪᠴᠢ᠎ᠶ᠋ᠢᠨ ᠬᠤᠶᠠᠳᠤᠭᠠᠷ ᠬᠤᠭᠤᠴᠠᠭ᠎ᠠ ᠵᠡᠷᠭᠡ ᠭᠤᠤᠯᠳᠠᠯᠭ᠎ᠠ᠎ᠲᠠᠢ ᠲᠦᠷᠦᠯ ᠵᠦᠢᠯ᠎ᠤᠨ ᠪᠦᠳᠦᠭᠡᠨ ᠪᠠᠢᠭᠤᠯᠤᠯᠳᠠ᠎ᠶ᠋ᠢ ᠲᠦᠷᠭᠡᠳᠭᠡᠵᠤ᠂ ᠳ᠋ᠢᠶᠠᠨ ᡂᠢ᠎ᠠᠴᠠ ᠪᠦᠳᠦᠨ ᠮᠠᠱᠢᠨ ᠳᠡᠷᠭᠡ ᠬᠦᠷᠳᠡᠯᠡᠬᠢ ᠪᠦᠬᠦ᠌ ᠠᠵᠤ ᠦᠢᠯᠡᠰ᠎ᠤᠨ ᠬᠡᠯᠬᠢᠶᠡᠵᠢᠯ᠎ᠤᠨ ᠬᠦᠭ᠌ᠵᠢᠯᠳᠡ᠎ᠶ᠋ᠢᠨ ᠪᠠᠢᠷᠢᠱᠢᠯ᠎ᠢ ᠪᠦᠷᠢᠯᠳᠦᠬᠦᠯᠦᠨ᠎ᠡ᠃


QQ截图20210113154347.jpg


ᠤᠷᠤᠨ᠎ᠤ ᠳᠦᠪ᠎ᠠᠴᠠ ᠳᠠᠪᠠᠭ᠍ᠰᠠᠨ ᠤᠨᠳᠤᠤ ᠬᠠᠷᠠᠭᠠᠰᠤ᠎ᠠᠴᠠ ᠣᠷᠣᠨ᠎ᠤ ᠲᠦᠪ ᠬᠤᠲᠠ᠎ᠪᠠᠨ ᠪᠠᠷᠠᠯᠠᠵᠤ᠂ ᠣᠷᠣᠨ᠎ᠤ ᠲᠥᠪ᠎ᠢᠶᠠᠨ ᠤᠯᠤᠰ᠎ᠤᠨ ᠳᠣᠲᠣᠭᠠᠳᠤ᠎ᠶ᠋ᠢᠨ ᠶᠡᠭᠡ ᠤᠷᠴᠢᠯ᠎ᠳᠤ ᠭᠦᠨ ᠠᠭᠤᠰᠤᠯᠴᠠᠭᠤᠯᠤᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠣᠰ ᠣᠷᠴᠢᠯ᠎ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠨ᠎ᠠ᠃ 《ᠵᠡᠭᠦᠨᠰᠢ ᠠᠭᠤᠰᠤᠯᠴᠠᠨ᠂ ᠪᠠᠷᠠᠭᠤᠨᠰᠢ ᠬᠤᠯᠪᠤᠭᠠᠯᠠᠵᠤ᠂ ᠡᠮᠦᠨᠡᠰᠢ ᠨᠡᠪᠳᠡᠷᠡᠨ᠂ ᠤᠮᠠᠷᠠᠰᠢ ᠨᠡᠭᠡᠭᠡᠯᠲᠡ ᠬᠢᠬᠦ᠌》 ᠪᠦᠬᠦ᠌ ᠲᠠᠯ᠎ᠠ᠎ᠶ᠋ᠢᠨ ᠨᠡᠭᠡᠭᠡᠯᠲᠡᠳᠤ ᠬᠥᠭ᠌ᠵᠢᠯᠳᠡ᠎ᠶ᠋ᠢᠨ ᠱᠢᠨ᠎ᠡ ᠪᠠᠢᠳᠠᠯ᠎ᠢ ᠪᠣᠢ ᠪᠣᠯᠭᠠᠨ᠎ᠠ᠃ 《ᠵᠡᠭᠦᠨᠰᠢ ᠠᠭᠤᠰᠤᠯᠴᠠᠬᠤ》 ᠬᠡᠳᠡᠭ᠎ᠨᠢ ᠪᠡᠭᠡᠵᠢᠩ᠂ ᠲᠢᠶᠠᠨᠵᠢᠨ᠂ ᠾᠧᠪᠧᠢ᠎ᠶ᠋ᠢᠨ ᠵᠣᠬᠢᠴᠠᠩᠭᠤᠢ ᠬᠥᠭ᠌ᠵᠢᠯᠲᠡ᠎ᠲᠠᠢ ᠪᠦᠬᠦ᠌ ᠲᠠᠯ᠎ᠠ᠎ᠪᠠᠷ ᠤᠶᠠᠯᠳᠤᠭᠤᠯᠤᠨ ᠪᠡᠭᠡᠵᠢᠩ᠂ ᠲᠢᠶᠠᠨᠵᠢᠨ᠂ ᠾᠧᠪᠧᠢ᠎ᠶ᠋ᠢᠨ ᠪᠡᠯᠡ ᠮᠥᠩᠭᠦ᠌᠂ ᠮᠡᠷᠭᠡᠵᠢᠯ᠂ ᠴᠢᠳᠠᠪᠤᠷᠢᠲᠠᠨ᠂ ᠵᠠᠬ᠎ᠠ ᠳᠡᠯᠭᠡᠭᠦᠷ᠂ ᠬᠠᠮᠢᠶᠠᠷᠤᠯᠲᠠ ᠵᠡᠷᠭᠡ ᠡᠯᠧᠮᠧᠨ᠋ᠲ᠎ᠢ ᠣᠷᠣᠨ᠎ᠤ ᠲᠦᠪ ᠬᠤᠲᠠ᠎ᠶ᠋ᠢᠨ ᠪᠠᠢᠷᠢ ᠰᠠᠭᠤᠷᠢ᠂ ᠡᠬᠢ ᠪᠠᠶᠠᠯᠢᠭ᠂ ᠠᠮᠢ ᠠᠬᠤᠢ᠂ ᠲᠥᠷᠥ᠎ᠶ᠋ᠢᠨ ᠪᠣᠳᠣᠯᠭ᠎ᠠ ᠵᠡᠷᠭᠡ ᠳᠠᠪᠠᠭᠤᠯᠢᠭ᠎ᠲᠠᠢ ᠤᠶᠠᠯᠳᠤᠭᠤᠯᠵᠤ᠂ ᠵᠠᠬ᠎ᠠ ᠳᠡᠯᠭᠡᠭᠦᠷ᠎ᠯᠦᠭᠡ ᠤᠶᠠᠯᠳᠤᠭᠤᠯᠤᠨ ᠠᠵᠤ ᠦᠢᠯᠡᠰ᠎ᠲᠠᠢ ᠵᠤᠯᠭᠠᠯᠴᠠᠵᠤ᠂ ᠰᠠᠨᠠᠭᠠᠴᠢᠯᠠᠭ᠎ᠠ᠎ᠲᠠᠢ᠎ᠪᠠᠷ ᠦᠢᠯᠡᠴᠢᠯᠡᠨ ᠤᠷ᠎ᠠ ᠳᠡᠮᠳᠡᠢ᠎ᠪᠠᠷ ᠬᠥᠭ᠌ᠵᠢᠬᠦᠯᠬᠦ᠌᠎ᠶ᠋ᠢ ᠵᠢᠭᠠᠵᠤ ᠪᠠᠢᠨ᠎ᠠ᠃ 《ᠪᠠᠷᠠᠭᠤᠨᠰᠢ ᠬᠤᠯᠪᠤᠭᠠᠯᠠᠬᠤ》 ᠬᠡᠳᠡᠭ᠎ᠨᠢ ᠬᠥᠬᠡᠬᠤᠲᠠ᠂ ᠪᠤᠭᠤᠳᠤ᠂ ᠣᠷᠳᠣᠰ᠂ ᠲᠡᠮᠡᠭᠡᠲᠦ᠎ᠶ᠋ᠢᠨ ᠬᠤᠲᠠ᠎ᠶ᠋ᠢᠨ ᠪᠦᠯᠦᠭ᠌ᠵᠢᠯ᠎ᠤᠨ ᠪᠦᠲᠦᠭᠡᠨ ᠪᠣᠯᠤᠨ ᠬᠥᠬᠡᠬᠤᠲᠠ᠂ ᠪᠤᠭᠤᠳᠤ᠂ ᠣᠷᠳᠣᠰ᠂ ᠦᠬᠠᠢ ᠬᠤᠲᠠ᠎ᠶ᠋ᠢ ᠨᠢᠭᠡ ᠴᠤᠭ᠍ᠴᠠᠵᠢᠭᠤᠯᠬᠤ ᠬᠥᠭ᠌ᠵᠢᠯᠲᠡ᠎ᠶ᠋ᠢ ᠢᠳᠡᠪᠬᠢᠲᠡᠢ ᠤᠳᠤᠷᠢᠳᠤᠨ ᠵᠢᠯᠤᠭᠤᠳᠴᠤ᠌᠂ ᠰᠠᠭᠤᠷᠢ ᠲᠦᠬᠦᠭᠡᠷᠦᠮᠵᠢ᠎ᠶ᠋ᠢᠨ 《ᠬᠠᠲᠠᠭᠤ ᠬᠤᠯᠪᠣᠭ᠎ᠠ》 ᠪᠣᠯᠤᠨ ᠲᠦᠷᠦ᠎ᠶ᠋ᠢᠨ ᠪᠤᠳᠤᠯᠭ᠎ᠠ᠂ ᠳᠦᠷᠢᠮ ᠲᠤᠭ᠍ᠳᠠᠭᠠᠯ᠂ ᠪᠠᠷᠢᠮᠵᠢᠶ᠎ᠠ᠎ᠶ᠋ᠢᠨ 《ᠵᠦᠭᠡᠯᠡᠨ ᠬᠤᠯᠪᠣᠭ᠎ᠠ》 ᠎ᠶ᠋ᠢ ᠬᠦᠴᠦᠯᠡᠨ ᠠᠬᠢᠭᠤᠯᠵᠤ᠂ ᠭᠠᠷ ᠭᠠᠷ᠎ᠢᠶᠠᠨ ᠬᠤᠯᠪᠤᠭᠠᠯᠠᠨ ᠬᠠᠮᠳᠤ᠎ᠪᠠᠷ ᠬᠦᠭ᠌ᠵᠢᠬᠦ᠌᠎ᠶ᠋ᠢ ᠵᠢᠭᠠᠵᠤ ᠪᠠᠢᠨ᠎ᠠ᠃ 《ᠡᠮᠦᠨᠡᠰᠢ ᠨᠡᠪᠳᠡᠷᠡᠬᠦ᠌》 ᠬᠡᠳᠡᠭ᠎ᠨᠢ ᠲᠠᠢᠶᠤᠸᠠᠨ᠂ ᠰᠢ ᠠᠨ᠂ ᠵᠧᠩᠵᠧᠦ ᠵᠡᠷᠭᠡ ᠭᠠᠵᠠᠷ᠎ᠯᠤᠭ᠎ᠠ᠎ᠶ᠋ᠢᠨ ᠵᠠᠮ ᠱᠤᠭᠤᠮ᠎ᠢ ᠬᠤᠯᠪᠣᠯᠳᠤᠨ ᠨᠡᠪᠳᠡᠷᠡᠬᠦᠯᠵᠤ᠂ ᠬᠠᠲᠤᠨ ᠭᠤᠣᠯ ᠳᠠᠭᠠᠤ᠎ᠶ᠋ᠢᠨ ᠡᠯ᠎ᠡ ᠬᠤᠲᠠ᠎ᠯᠤᠭ᠎ᠠ᠎ᠶ᠋ᠢᠨ ᠬᠠᠷᠢᠯᠴᠠᠭ᠎ᠠ᠎ᠶ᠋ᠢ ᠭᠦᠨᠵᠡᠭᠡᠢᠷᠡᠭᠦᠯᠤᠨ᠂ ᠨᠡᠭᠡᠭᠡᠯᠲᠡᠲᠡᠢ ᠬᠠᠮᠲᠤᠷᠠᠯᠴᠠᠭᠠᠨ᠎ᠤ ᠠᠵᠤ ᠠᠬᠤᠢ᠎ᠶ᠋ᠢᠨ ᠪᠦᠰᠡ᠎ᠶ᠋ᠢ ᠪᠦᠷᠢᠯᠳᠦᠭᠦᠯᠬᠦ᠌᠎ᠶ᠋ᠢ ᠵᠢᠭᠠᠵᠤ ᠪᠠᠢᠨ᠎ᠠ᠃ 《ᠤᠮᠠᠷᠠᠰᠢ ᠨᠡᠭᠡᠭᠡᠯᠲᠡ ᠬᠢᠬᠦ᠌》 ᠬᠡᠳᠡᠭ᠎ᠨᠢ 《ᠨᠢᠭᠡ ᠪᠦᠰᠡ ᠨᠢᠭᠡ ᠵᠠᠮ》 ᠎ᠤᠨ ᠪᠦᠲᠦᠭᠡᠨ ᠪᠠᠢᠭᠤᠯᠤᠯᠲᠠ᠎ᠳᠤ ᠰᠠᠨᠠᠭᠠᠴᠢᠯᠠᠭ᠎ᠠ᠎ᠠᠴᠠ᠎ᠪᠠᠨ ᠣᠷᠣᠯᠴᠠᠵᠤ᠂ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠂ ᠬᠢᠯᠢ ᠠᠯᠤᠰᠯᠠᠭ᠍ᠰᠠᠨ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠣᠷᠣᠨ ᠵᠡᠷᠭᠡ ᠭᠠᠳᠠᠭᠠᠳᠤ ᠨᠡᠭᠡᠭᠡᠯᠲᠡ᠎ᠶ᠋ᠢᠨ ᠲᠠᠪᠴᠠᠩ᠎ᠤᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠤᠨ᠂ ᠣᠷᠣᠰ ᠮᠣᠩᠭᠤᠯ᠎ᠯᠤᠭ᠎ᠠ ᠬᠠᠮᠲᠤᠷᠠᠨ ᠠᠵᠢᠯᠯᠠᠬᠤ᠎ᠶ᠋ᠢ ᠴᠢᠨᠠᠭ᠍ᠰᠢᠳᠠ ᠭᠦᠨᠵᠡᠭᠡᠢᠷᠡᠭᠦᠯᠵᠦ᠍᠂ ᠧᠦ᠋ᠷᠣᠫᠠ ᠠᠽᠢᠶ᠎ᠠ᠎ᠶ᠋ᠢᠨ ᠡᠬᠡ ᠬᠠᠭᠤᠷᠠᠢ ᠵᠢᠴᠢ ᠳᠤᠮᠳᠠᠳᠤ ᠶᠠᠫᠣᠨ ᠺᠣᠷᠢᠶᠠ ᠵᠡᠷᠭᠡ ᠤᠯᠤᠰ᠎ᠯᠤᠭ᠎ᠠ᠎ᠶ᠋ᠢᠨ ᠬᠠᠮᠲᠤᠷᠠᠯᠴᠠᠭ᠎ᠠ ᠰᠣᠯᠢᠯᠴᠠᠭ᠎ᠠ᠎ᠶ᠋ᠢ ᠢᠳᠡᠪᠬᠢᠲᠡᠢ ᠥᠷᠭᠡᠳᠭᠡᠵᠤ᠂ ᠨᠡᠷ᠎ᠡ ᠨᠢᠳᠡᠷ᠎ᠲᠡᠭᠡᠨ ᠨᠡᠢᠴᠡᠭ᠌ᠰᠡᠨ ᠤᠮᠠᠷᠠᠰᠢ ᠨᠡᠭᠡᠭᠡᠯᠲᠡ ᠬᠢᠬᠦ᠌ 《ᠪᠠᠬᠢᠯᠡᠯᠲᠡ》 ᠎ᠶ᠋ᠢ ᠴᠤᠭ᠍ᠴᠠᠯᠠᠬᠤ᠎ᠶ᠋ᠢ ᠵᠢᠭᠠᠵᠤ ᠪᠠᠢᠨ᠎ᠠ᠃

ᠠᠮᠢ ᠠᠬᠤᠢ᠎ᠪᠠᠷ ᠬᠤᠲᠠ᠎ᠪᠠᠨ ᠪᠦᠳᠦᠬᠡᠨ ᠪᠠᠢᠭᠤᠯᠵᠤ ᠠᠮᠢ ᠠᠬᠤᠢ᠎ᠪᠠᠷ ᠬᠤᠲᠠ᠎ᠪᠠᠨ ᠬᠦᠴᠦᠷᠬᠡᠭ᠌ᠵᠢᠭᠦᠯᠬᠦ᠌᠎ᠶ᠋ᠢ ᠪᠠᠷᠢᠮᠲᠠᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠤᠭ᠍ᠴᠠᠯᠠᠨ᠎ᠠ᠃ ᠠᠮᠢ ᠠᠬᠤᠢ᠎ᠶ᠋ᠢᠨ ᠬᠠᠮᠠᠭᠠᠯᠠᠯᠲᠠ᠎ᠶ᠋ᠢ ᠨᠡᠩ ᠴᠢᠬᠤᠯᠠᠴᠢᠯᠠᠨ 《ᠠᠭᠤᠯᠠ ᠲᠠᠯ᠎ᠠ ᠭᠤᠣᠯ ᠲᠠᠩᠭᠢᠰ》 ᠎ᠤᠨ ᠠᠮᠢ ᠠᠬᠤᠢ᠎ᠶ᠋ᠢᠨ ᠰᠡᠷᠭᠦᠭᠡᠯᠲᠡ᠎ᠶ᠋ᠢᠨ ᠠᠵᠢᠯᠯᠠᠭ᠎ᠠ᠎ᠶ᠋ᠢ ᠭᠦᠨᠵᠡᠭᠡᠢ ᠦᠷᠨᠢᠭᠦᠯᠦᠨ᠎ᠡ᠃ ᠲᠠᠷᠤᠢ ᠳᠠᠯᠠᠨ ᠬᠠᠷ᠎ᠠ ᠠᠭᠤᠯᠠ᠎ᠶ᠋ᠢᠨ ᠪᠦᠬᠦ᠌ ᠬᠡᠪᠴᠢᠶᠡᠨ᠎ᠤ ᠠᠮᠢ ᠠᠬᠤᠢ᠎ᠶ᠋ᠢᠨ ᠶᠡᠷᠦᠩᠬᠡᠢᠯᠡᠭ᠌ᠰᠡᠨ ᠵᠠᠰᠠᠯᠲᠠ᠎ᠶ᠋ᠢ ᠭᠦᠨᠵᠡᠭᠡᠢ ᠠᠬᠢᠭᠤᠯᠵᠤ᠂ ᠴᠡᠯᠡᠭᠡᠷ ᠲᠠᠯ᠎ᠠ ᠤᠯᠤᠰ᠎ᠤᠨ ᠲᠠᠯ᠎ᠠ ᠨᠤᠲᠤᠭ᠎ᠤᠨ ᠪᠠᠢᠭᠠᠯᠢ᠎ᠶ᠋ᠢᠨ ᠴᠡᠴᠡᠷᠯᠢᠭ᠎ᠢ ᠴᠣᠭ᠍ᠴᠠᠯᠠᠨ᠂ ᠬᠠᠲᠤᠨ ᠭᠤᠣᠯ᠎ᠤᠨ ᠬᠥᠬᠡᠬᠤᠲᠠ᠎ᠶ᠋ᠢᠨ ᠬᠡᠰᠡᠭ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠰᠡᠷᠭᠦᠭᠡᠯᠲᠡ᠎ᠶ᠋ᠢᠨ ᠠᠵᠢᠯᠯᠠᠭ᠎ᠠ᠎ᠶ᠋ᠢ ᠶᠠᠪᠤᠭᠤᠯᠵᠤ᠂ ᠬᠠᠷ᠎ᠠ ᠤᠰᠤ ᠨᠠᠭᠤᠷ᠎ᠤᠨ ᠶᠡᠷᠦᠩᠬᠡᠢᠯᠡᠭ᠌ᠰᠡᠨ ᠵᠠᠰᠠᠯᠲᠠ᠎ᠶ᠋ᠢ ᠭᠦᠨᠵᠡᠭᠡᠢ ᠠᠬᠢᠭᠤᠯᠤᠨ᠎ᠠ᠃ ᠣᠷᠴᠢᠨ ᠲᠣᠭᠤᠷᠢᠨ᠎ᠤ ᠵᠠᠰᠠᠯᠲᠠ᠎ᠶ᠋ᠢ ᠨᠡᠩ ᠴᠢᠬᠤᠯᠠᠴᠢᠯᠠᠵᠤ᠂ ᠤᠯᠤᠰ᠎ᠤᠨ ᠭᠤᠣᠯᠳᠠᠯᠭ᠎ᠠ᠎ᠲᠠᠢ ᠠᠮᠢ ᠠᠬᠤᠢ᠎ᠶ᠋ᠢᠨ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠂ ᠶᠡᠭᠡ ᠬᠡᠪᠴᠢᠶᠡᠨ᠎ᠤ ᠤᠯᠤᠰ᠎ᠤᠨ ᠭᠠᠵᠠᠷ ᠱᠢᠷᠣᠢ᠎ᠶ᠋ᠢᠨ ᠨᠣᠭᠤᠭᠠᠷᠠᠭᠤᠯᠤᠯᠲᠠ᠎ᠶ᠋ᠢᠨ ᠢᠨᠵᠧᠨᠧᠷᠢᠩ᠎ᠢ ᠦᠷᠭᠦᠯᠵᠢᠯᠡᠨ ᠬᠡᠷᠡᠭ᠌ᠵᠢᠭᠦᠯᠵᠦ᠍᠂ ᠬᠤᠲᠠ᠎ᠶ᠋ᠢᠨ ᠣᠷᠴᠢᠨ ᠲᠣᠭᠤᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠵᠤ᠂ 《ᠬᠥᠬᠡ ᠤᠭ᠍ᠳᠠᠷᠭᠤᠢ᠂ ᠬᠦᠬᠡᠮᠳᠦᠭ ᠤᠰᠤ᠂ ᠠᠷᠢᠭᠤᠨ ᠬᠥᠷᠥᠰᠥ᠍》 ᠎ᠶ᠋ᠢ ᠬᠠᠮᠠᠭᠠᠯᠠᠬᠤ ᠲᠡᠢᠯᠠᠯᠳᠤᠭᠠᠨ᠎ᠢ ᠦᠷᠭᠦᠯᠵᠢᠯᠡᠨ ᠰᠠᠢᠲᠤᠷ ᠬᠢᠨ᠎ᠡ᠃ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠦᠭ᠌ᠴᠢᠲᠦ ᠬᠥᠭ᠌ᠵᠢᠯᠲᠡ᠎ᠶ᠋ᠢ ᠤᠯᠠᠮ ᠴᠢᠬᠤᠯᠠᠴᠢᠯᠠᠵᠤ᠂ ᠣᠷᠴᠢᠯ ᠠᠵᠤ ᠠᠬᠤᠢ ᠪᠤᠯᠤᠨ ᠪᠣᠬᠢᠷᠲᠤᠯ ᠦᠭᠡᠢ ᠣᠷᠴᠢᠨ ᠲᠣᠭᠤᠷᠢᠨ᠎ᠢ ᠬᠠᠮᠠᠭᠠᠯᠠᠬᠤ ᠠᠵᠤ ᠦᠢᠯᠡᠰ᠎ᠢ ᠶᠡᠭᠡ᠎ᠪᠠᠷ ᠬᠥᠭ᠌ᠵᠢᠭᠦᠯᠦᠨ᠂ ᠡᠷᠡᠬᠦᠯ ᠪᠣᠯᠪᠠᠰᠤᠨ᠂ ᠪᠣᠬᠢᠷᠲᠤᠯ ᠦᠭᠡᠢ ᠣᠷᠴᠢᠨ ᠲᠣᠭᠤᠷᠢᠨ᠎ᠢ ᠬᠠᠮᠠᠭᠠᠯᠠᠬᠤ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠢᠳᠡᠪᠬᠢᠲᠡᠢ ᠰᠠᠨᠠᠭᠠᠴᠢᠯᠠᠵᠤ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠬᠥᠮᠦᠰ᠎ᠤᠨ ᠰᠡᠳᠭᠢᠯ᠎ᠳᠤ ᠭᠦᠨ ᠬᠠᠳᠠᠩᠱᠢᠭᠤᠯᠤᠨ ᠪᠣᠬᠢᠷᠲᠤᠯ ᠦᠭᠡᠢ ᠠᠮᠢᠳᠤᠷᠠᠯ᠎ᠢ ᠱᠢᠨ᠎ᠡ ᠬᠡᠪ ᠰᠤᠷᠲᠠᠯ ᠪᠣᠯᠭᠠᠨ᠎ᠠ᠃

ᠨᠡᠢᠭᠡᠮ ᠵᠢᠷᠤᠮ᠎ᠤᠨ ᠭᠤᠣᠯᠯᠠᠭ᠍ᠴᠢ ᠥᠷᠲᠡᠭ᠎ᠤᠨ ᠦᠵᠡᠯᠲᠡ᠎ᠪᠠᠷ ᠳᠠᠭᠠᠭᠤᠯᠬᠤ᠎ᠶ᠋ᠢ ᠪᠠᠷᠢᠮᠲᠠᠯᠠᠵᠤ᠂ ᠲᠦᠪ ᠬᠤᠲᠠ᠎ᠶ᠋ᠢᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠬᠦᠴᠦᠲᠡᠢ ᠳᠡᠭᠡᠭ᠌ᠰᠢᠯᠡᠭᠦᠯᠦᠨ᠎ᠡ᠃ ᠨᠢᠭᠡ᠎ᠳᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠬᠤ᠎ᠪᠠᠷ ᠭᠤᠣᠯ ᠱᠢᠵᠢᠮ ᠪᠣᠯᠭᠠᠨ᠂ ᠨᠡᠢᠭᠡᠮ ᠵᠢᠷᠤᠮ᠎ᠤᠨ ᠭᠤᠣᠯᠯᠠᠭ᠍ᠴᠢ ᠥᠷᠲᠡᠭ᠎ᠤᠨ ᠦᠵᠡᠯᠲᠡ᠎ᠶ᠋ᠢ ᠶᠡᠭᠡ᠎ᠪᠠᠷ ᠰᠤᠷᠳᠠᠯᠴᠢᠯᠠᠵᠤ᠂ ᠱᠢᠯᠢᠳᠡᠭ ᠤᠯᠠᠮᠵᠢᠯᠠᠯᠲᠤ ᠰᠣᠶᠣᠯ ᠪᠤᠯᠤᠨ 《ᠮᠣᠩᠭᠤᠯ ᠮᠣᠷᠢᠨ᠎ᠤ ᠵᠣᠷᠢᠭ ᠰᠠᠨᠠᠭ᠎ᠠ》 ᠎ᠶ᠋ᠢ ᠤᠯᠠᠮᠵᠢᠯᠠᠨ ᠪᠠᠳᠠᠷᠠᠭᠤᠯᠵᠤ᠂ ᠠᠷᠠᠳ ᠢᠷᠭᠡᠨ᠎ᠤ ᠶᠣᠰᠣ ᠰᠤᠷᠲᠠᠬᠤᠨ᠎ᠤ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌ ᠠᠵᠢᠯᠯᠠᠭ᠎ᠠ ᠦᠷᠨᠢᠭᠦᠯᠵᠦ᠍᠂ ᠣᠯᠠᠨ ᠲᠦᠮᠡᠨᠴᠢ ᠴᠢᠨᠠᠷᠲᠠᠢ ᠣᠶᠤᠨ᠎ᠤ ᠪᠣᠯᠪᠠᠰᠤᠨ᠎ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠭᠦᠨᠵᠡᠭᠡᠢᠷᠡᠭᠦᠯᠦᠨ᠎ᠡ᠃ ᠬᠤᠶᠠᠷ᠎ᠲᠤ᠌᠂ ᠰᠣᠶᠣᠯ᠎ᠤᠨ ᠰᠠᠭᠤᠷᠢ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠂ ᠣᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠵᠦ᠍᠂ ᠬᠦ᠍ᠳᠡᠭᠡ ᠲᠣᠰᠭᠤᠨ᠎ᠤ ᠰᠣᠶᠣᠯ᠎ᠤᠨ ᠦᠢᠯᠡᠴᠢᠯᠡᠭᠡ᠎ᠶ᠋ᠢ ᠬᠠᠩᠭᠠᠯᠭ᠎ᠠ᠎ᠶ᠋ᠢᠨ ᠲᠠᠯ᠎ᠠ ᠲᠡᠢᠰᠢ ᠭᠤᠤᠯᠳᠠᠯᠭ᠎ᠠ᠎ᠲᠠᠢ ᠡᠯᠪᠠᠢᠯᠭᠡᠵᠦ᠍᠂ ᠣᠯᠠᠨ ᠲᠦᠮᠡᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠤᠨ᠎ᠠ᠃ ᠭᠤᠷᠪᠠ᠎ᠳᠤ᠂ ᠰᠣᠶᠣᠯ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠂ ᠬᠠᠲᠤᠨ ᠭᠤᠣᠯ᠎ᠤᠨ ᠰᠣᠶᠣᠯ ᠵᠢᠭᠤᠯᠴᠢᠯᠠᠯ᠎ᠤᠨ ᠪᠦᠰᠡ᠂ ᠴᠡᠯᠡᠭᠡᠷ ᠲᠠᠯ᠎ᠠ ᠰᠣᠶᠣᠯ ᠵᠢᠭᠤᠯᠴᠢᠯᠠᠯ᠎ᠤᠨ ᠪᠦᠰᠡ᠎ᠶ᠋ᠢ ᠪᠠᠢᠭᠤᠯᠵᠦ᠍᠂ ᠪᠦᠬᠦ᠌ ᠣᠷᠣᠨ ᠪᠦᠰᠡ᠎ᠶ᠋ᠢᠨ ᠵᠢᠭᠤᠯᠴᠢᠯᠠᠯ᠂ ᠠᠮᠢ ᠠᠬᠤᠢ᠎ᠶ᠋ᠢᠨ ᠵᠢᠭᠤᠯᠴᠢᠯᠠᠯ᠂ ᠡᠪᠦᠯ᠎ᠤᠨ ᠤᠯᠠᠷᠢᠯ᠎ᠤᠨ ᠵᠢᠭᠤᠯᠴᠢᠯᠠᠯ᠂ ᠬᠥᠳᠡᠭᠡ ᠲᠣᠰᠭᠤᠨ᠎ᠤ ᠵᠢᠭᠤᠯᠴᠢᠯᠠᠯ᠂ ᠵᠤᠭ᠎ᠠ ᠰᠡᠯᠡᠭᠦᠴᠡᠯ ᠠᠮᠠᠷᠠᠯᠳᠠ᠎ᠶ᠋ᠢᠨ ᠵᠢᠭᠤᠯᠴᠢᠯᠠᠯ᠎ᠢ ᠢᠳᠡᠪᠬᠢᠳᠡᠢ ᠬᠦᠭ᠌ᠵᠢᠭᠦᠯᠵᠦ᠍᠂ ᠣᠨᠴᠠᠯᠢᠭ᠍ᠲᠤ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠢ ᠪᠦᠳᠦᠬᠡᠨ ᠪᠠᠢᠭᠤᠯᠵᠦ᠍᠂ ᠦᠵᠡᠰᠭᠦᠯᠡᠩᠲᠦ ᠰᠠᠢᠬᠠᠨ ᠬᠥᠬᠡᠬᠤᠲᠠ᠎ᠳᠤ ᠢᠷᠡᠭ᠌ᠰᠡᠨ ᠵᠢᠭᠤᠯᠴᠢᠯᠠᠭ᠍ᠰᠠᠳ᠎ᠢ ᠬᠤᠷᠭᠤᠳᠠᠭᠤᠯᠤᠨ᠎ᠠ᠃

ᠬᠤᠲᠠ ᠬᠥᠳᠡᠭᠡ᠎ᠶ᠋ᠢ ᠨᠢᠭᠡ ᠴᠣᠭ᠍ᠴᠠᠵᠢᠭᠤᠯᠬᠤ ᠬᠥᠭ᠌ᠵᠢᠯᠲᠡ᠎ᠶ᠋ᠢ ᠪᠠᠷᠢᠮᠲᠠᠯᠠᠵᠤ᠂ ᠣᠳᠣᠬᠢᠴᠢᠯᠠᠭ᠍ᠰᠠᠨ ᠤᠷᠤᠱᠢᠨ ᠰᠠᠭᠤᠷᠢᠱᠢᠬᠤ᠎ᠳᠤ ᠲᠣᠬᠢᠷᠠᠮᠵᠢᠲᠠᠢ ᠬᠤᠲᠠ᠎ᠶ᠋ᠢ ᠪᠦᠳᠦᠬᠡᠨ ᠪᠠᠢᠭᠤᠯᠤᠨ᠎ᠠ᠃ ᠨᠢᠭᠡ᠎ᠳᠤ᠂ ᠬᠤᠲᠠ᠎ᠶ᠋ᠢᠨ ᠶᠡᠷᠦᠩᠬᠡᠢᠯᠡᠭ᠌ᠰᠡᠨ ᠳᠠᠭᠠᠭᠠᠴᠠ ᠬᠦᠴᠦᠨ᠎ᠢ ᠳᠡᠭᠡᠭ᠌ᠰᠢᠯᠡᠭᠦᠯᠦᠨ᠎ᠡ᠃ ᠳᠣᠲᠣᠭᠠᠳᠤ ᠭᠠᠳᠠᠭᠠᠳᠤ᠎ᠶ᠋ᠢᠨ ᠣᠷᠴᠢᠯ᠎ᠢ ᠨᠡᠪᠲᠡᠷᠡᠭᠦᠯᠵᠦ᠍᠂ ᠪᠢᠴᠢᠯ ᠣᠷᠴᠢᠯ᠎ᠢ ᠱᠢᠯᠤᠭᠤᠳᠭᠠᠨ᠂ ᠵᠢᠮᠳᠤ ᠲᠡᠮᠦᠷ ᠵᠠᠮ᠎ᠢ ᠲᠣᠣᠷᠵᠢᠭᠤᠯᠬᠤ ᠪᠠ ᠲᠦᠷᠭᠡᠨ᠎ᠤ ᠲᠡᠮᠦᠷ ᠵᠠᠮ᠎ᠤᠨ ᠲᠤᠤᠷ᠎ᠲᠤ ᠣᠷᠣᠬᠤ᠎ᠶ᠋ᠢ ᠠᠬᠢᠭᠤᠯᠵᠦ᠍᠂ ᠬᠥᠬᠡᠬᠤᠲᠠ᠎ᠶ᠋ᠢᠨ ᠱᠢᠨ᠎ᠡ ᠨᠢᠰᠭᠡᠯ᠎ᠤᠨ ᠪᠠᠭᠤᠳᠠᠯ᠎ᠢ ᠲᠦᠷᠭᠡᠳᠭᠡᠨ ᠪᠠᠢᠭᠤᠯᠵᠦ᠍᠂ ᠲᠦᠪ ᠬᠤᠳᠠ᠎ᠶ᠋ᠢᠨ ᠲᠠᠳᠠᠬᠤ ᠬᠦᠴᠦᠨ᠂ ᠲᠦᠭᠡᠭᠡᠬᠦ᠌ ᠬᠦᠴᠦᠨ ᠪᠠ ᠲᠠᠭᠠᠭᠤᠯᠬᠤ ᠬᠦᠴᠦᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ᠃ ᠬᠤᠶᠠᠷ᠎ᠲᠤ᠌᠂ ᠬᠤᠳᠠ᠎ᠶ᠋ᠢᠨ ᠨᠠᠷᠢᠯᠢᠭ᠍ᠵᠢᠭᠤᠯᠤᠭ᠍ᠰᠠᠨ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠣᠶᠤᠨᠲᠤ ᠬᠥᠬᠡᠬᠤᠲᠠ᠎ᠶ᠋ᠢ ᠦᠨᠳᠦᠷ ᠪᠠᠷᠢᠮᠵᠢᠶ᠎ᠠ᠎ᠪᠠᠷ ᠪᠦᠳᠦᠭᠡᠨ ᠪᠠᠢᠭᠤᠯᠵᠦ᠍᠂ ᠵᠠᠮ ᠬᠠᠷᠢᠯᠴᠠᠭ᠎ᠠ᠎ᠶ᠋ᠢᠨ ᠵᠠᠰᠠᠯᠳᠠ᠂ ᠬᠤᠭ ᠨᠣᠪᠰᠢ᠎ᠶ᠋ᠢᠨ ᠲᠥᠷᠥᠯ ᠠᠩᠬᠢᠯᠠᠯ᠂ ᠭᠠᠵᠠᠷ ᠳᠡᠭᠡᠷᠡᠬᠢ ᠭᠠᠵᠠᠷ ᠳᠣᠣᠷᠠᠬᠢ ᠬᠤᠭᠤᠯᠠᠢ ᠲᠣᠣᠷ᠎ᠤᠨ ᠪᠦᠲᠦᠭᠡᠨ ᠪᠠᠢᠭᠤᠯᠤᠯᠲᠠ ᠵᠡᠷᠭᠡ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠶᠠᠪᠤᠭ᠍ᠳᠠᠭᠤᠯᠵᠤ᠂ ᠬᠤᠲᠠ᠎ᠶ᠋ᠢᠨ ᠬᠠᠮᠢᠶᠠᠷᠤᠯᠲᠠ᠎ᠶ᠋ᠢᠨ ᠨᠠᠷᠢᠯᠢᠭ᠍ᠵᠢᠭᠤᠯᠤᠭ᠍ᠰᠠᠨ ᠲᠦᠪᠱᠢᠨ᠎ᠢ ᠳᠡᠭᠡᠭ᠌ᠰᠢᠯᠡᠭᠦᠯᠦᠨ᠎ᠡ᠃ ᠭᠤᠷᠪᠠ᠎ᠳᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠢ ᠬᠡᠷᠡᠭ᠌ᠵᠢᠭᠦᠯᠦᠨ᠎ᠡ᠃ ᠬᠤᠲᠠ᠎ᠶ᠋ᠢᠨ ᠲᠠᠷᠢᠶᠠᠯᠠᠩ᠂ ᠣᠶᠤᠨᠳᠤ ᠲᠠᠷᠢᠶᠠᠯᠠᠩ᠂ ᠤᠳᠤ ᠦᠶ᠎ᠡ᠎ᠶ᠋ᠢᠨ ᠲᠠᠷᠢᠶᠠᠯᠠᠩ᠂ ᠪᠣᠬᠢᠷᠳᠦᠯ ᠦᠭᠡᠢ ᠲᠠᠷᠢᠶᠠᠯᠠᠩ᠎ᠢ ᠢᠳᠡᠪᠬᠢᠲᠡᠢ ᠬᠥᠭ᠌ᠵᠢᠭᠦᠯᠵᠦ᠍᠂ ᠥᠨᠳᠥᠷ ᠪᠠᠷᠢᠮᠵᠢᠶᠠᠳᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠂ ᠬᠦᠳᠡᠭᠡ ᠳᠤᠰᠭᠤᠨ᠎ᠢ ᠪᠦᠳᠦᠭᠡᠨ ᠪᠠᠢᠭᠤᠯᠬᠤ ᠠᠵᠢᠯᠯᠠᠭ᠎ᠠ ᠶᠠᠪᠤᠭᠤᠯᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ᠎ᠢ ᠠᠭᠤᠰᠤᠯᠴᠠᠭᠤᠯᠤᠭ᠍ᠰᠠᠨ ᠱᠢᠨ᠎ᠡ ᠦᠯᠢᠭᠡᠷ ᠵᠢᠱ᠌ᠢᠶ᠎ᠡ᠎ᠶ᠋ᠢ ᠴᠤᠭ᠍ᠴᠠᠯᠠᠨ᠎ᠠ᠃ ᠲᠦᠷᠪᠡ᠎ᠳᠤ᠂ ᠠᠷᠠᠳ᠎ᠤᠨ ᠰᠠᠨᠠᠭᠠᠱᠢᠷᠠᠵᠦ᠍ ᠪᠠᠢᠭ᠎ᠠ ᠠᠰᠠᠭᠤᠳᠠᠯ᠎ᠢ ᠰᠡᠳᠭᠢᠯ ᠲᠠᠯᠪᠢᠨ ᠱᠢᠢᠳᠪᠦᠷᠢᠯᠡᠵᠦ᠍᠂ ᠠᠷᠠᠳ ᠤᠯᠠᠨ᠎ᠳᠤ ᠪᠤᠶᠠᠨ ᠵᠢᠷᠭᠠᠯ ᠡᠳ᠋ᠯᠡᠬᠦᠯᠦᠨ᠎ᠠ᠃ ᠰᠤᠷᠭᠠᠨ ᠬᠥᠮᠦᠵᠢᠯ᠂ ᠡᠮᠴᠢᠯᠡᠬᠡᠨ᠂ ᠨᠠᠰᠤᠵᠢᠯ᠎ᠤᠨ ᠠᠰᠠᠷᠠᠮᠵᠢ ᠵᠢᠴᠢ ᠣᠯᠠᠨ ᠲᠦᠮᠡᠨ᠎ᠲᠠᠢ ᠨᠢᠭ᠍ᠲᠠ ᠬᠤᠯᠪᠣᠭ᠎ᠠ᠎ᠲᠠᠢ ᠢᠳᠡᠵᠦ᠍ ᠡᠮᠦᠰᠭᠦ ᠶᠠᠪᠤᠵᠤ ᠰᠠᠭᠤᠬᠤ ᠠᠰᠠᠭᠤᠳᠠᠯ᠎ᠤᠨ ᠲᠣᠭᠤᠷᠢᠨ᠎ᠳᠤ ᠠᠷᠠᠳ᠎ᠤᠨ ᠠᠮᠢᠳᠤᠷᠠᠯ᠎ᠤᠨ ᠳᠤᠳᠠᠭᠤᠳᠠᠯ᠎ᠢ ᠨᠥᠬᠦᠪᠥᠷᠢᠯᠡᠬᠦ᠌ ᠨᠢᠬᠡ ᠪᠦᠯᠦᠭ ᠲᠥᠷᠥᠯ ᠵᠦᠢᠯ᠎ᠢ ᠭᠦᠨᠵᠡᠭᠡᠢ ᠬᠡᠷᠡᠭ᠌ᠵᠢᠭᠦᠯᠵᠦ᠍᠂ ᠲᠤᠭ᠎ᠠ ᠬᠡᠮᠵᠢᠶᠡᠨ᠎ᠤ ᠨᠡᠮᠡᠭ᠌ᠳᠡᠯ᠎ᠢ ᠠᠬᠢᠭᠤᠯᠬᠤ ᠮᠥᠷᠲᠡᠭᠡᠨ ᠶᠠᠰᠤ ᠴᠢᠨᠠᠷ᠎ᠤᠨ ᠳᠡᠭᠡᠭ᠌ᠰᠢᠯᠡᠯᠳᠡ᠎ᠶ᠋ᠢ ᠪᠡᠶᠡᠯᠡᠭᠦᠯᠵᠦ᠍᠂ ᠣᠯᠠᠨ ᠲᠦᠮᠡᠨ᠎ᠤ ᠠᠮᠢᠳᠤᠷᠠᠯ᠎ᠢ ᠨᠡᠩ ᠪᠠᠲᠤᠯᠠᠭ᠎ᠠ᠎ᠲᠠᠢ᠂ ᠨᠡᠩ ᠵᠣᠯ ᠵᠢᠷᠭᠠᠯ᠎ᠲᠠᠢ ᠪᠣᠯᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号