ᠮᠠᠨ᠎ᠤ ᠤᠷᠤᠨ 7 ᠲᠦᠷᠦᠯ᠎ᠤᠨ ᠬᠠᠭᠤᠴᠢ ᠰᠤᠳᠤᠯᠤᠯ᠎ᠤᠨ ᠴᠢᠬᠤᠯᠠ ᠶᠡᠭᠡ ᠦᠷ᠎ᠡ ᠪᠦᠲᠦᠭᠡᠯ ᠤᠯᠵᠠᠢ
2021-01-13 16:52:57
ᠵᠣᠬᠢᠶᠠᠭ᠍ᠴᠢ᠄
ᠯᠢᠦ ᠯᠠᠨ ᠯᠠᠨ
ᠣᠩᠱᠢᠭ᠍ᠰᠠᠨ ᠣᠳᠠᠭ᠎ᠠ᠄
★★★☆☆

ᠤᠷᠴᠢᠮᠬᠠᠨ᠂ 2020 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯ ᠬᠠᠭᠤᠴᠢ ᠰᠤᠳᠤᠯᠤᠯ᠎ᠤᠨ ᠰᠤᠲᠤᠯᠭᠠᠨ᠎ᠤ ᠭᠠᠵᠠᠷ᠎ᠤᠨ ᠬᠡᠬᠡᠷ᠎ᠠ᠎ᠶ᠋ᠢᠨ ᠪᠠᠢᠴᠠᠭᠠᠯᠳᠠ᠎ᠶ᠋ᠢᠨ ᠬᠠᠷᠢᠭᠤ ᠮᠡᠳᠡᠬᠦᠯᠦᠯᠳᠡ᠎ᠶ᠋ᠢᠨ ᠬᠤᠷᠠᠯ ᠬᠦᠬᠡᠬᠤᠳᠠ᠎ᠳᠤ ᠶᠠᠪᠤᠭ᠍ᠳᠠᠪᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠢᠯ ᠬᠠᠭᠤᠴᠢ ᠰᠤᠳᠤᠯᠤᠯ᠎ᠤᠨ ᠰᠤᠲᠤᠯᠭᠠᠨ᠎ᠤ ᠭᠠᠵᠠᠷ᠎ᠠᠴᠠ 2020 ᠤᠨ᠎ᠳᠤ ᠵᠯᠡᠷᠡᠬᠦᠯᠦᠭ᠌ᠰᠡᠨ 7 ᠬᠠᠭᠤᠴᠢ ᠰᠤᠳᠤᠯᠤᠯ᠎ᠤᠨ ᠴᠢᠬᠤᠯᠠ ᠶᠡᠭᠡ ᠦᠷ᠎ᠡ ᠪᠦᠲᠦᠭᠡᠯ᠎ᠢ ᠬᠠᠷᠢᠭᠤ ᠮᠡᠳᠡᠭᠦᠯᠬᠦ᠌᠎ᠶ᠋ᠢᠨ ᠬᠠᠮᠲᠤ᠌᠂ ᠪᠠᠷᠠᠭᠤᠨ ᠬᠤᠢᠲᠤ᠎ᠶ᠋ᠢᠨ ᠶᠡᠭᠡ ᠰᠤᠷᠭᠠᠭᠤᠯᠢ᠎ᠶ᠋ᠢᠨ ᠰᠣᠶᠣᠯ᠎ᠤᠨ ᠥᠪ᠎ᠤᠨ ᠳᠡᠭᠡᠳᠦ ᠰᠤᠷᠭᠠᠭᠤᠯᠢ᠂ ᠾᠧᠪᠧᠢ ᠮᠣᠵᠢ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠢᠯ ᠬᠠᠭᠤᠴᠢ ᠰᠤᠳᠤᠯᠤᠯ᠎ᠤᠨ ᠰᠤᠳᠤᠯᠭᠠᠨ᠎ᠤ ᠭᠠᠵᠠᠷ ᠵᠡᠷᠭᠡ᠎ᠶ᠋ᠢᠨ 4 ᠲᠤᠰᠭᠠᠢ ᠮᠡᠷᠬᠡᠵᠢᠯᠳᠡᠳ᠎ᠢ ᠤᠷᠢᠵᠦ᠍ ᠲᠠᠢᠯᠤᠮᠵᠢ ᠬᠢᠯᠭᠡᠵᠡᠢ᠃


QQ截图20210113164543.jpg


2020 ᠤᠨ᠎ᠳᠤ ᠢᠯᠡᠷᠡᠬᠦᠯᠦᠭ᠌ᠰᠡᠨ ᠬᠠᠭᠤᠴᠢ ᠰᠤᠳᠤᠯᠤᠯ᠎ᠤᠨ 7 ᠴᠢᠬᠤᠯᠠ ᠶᠡᠭᠡ ᠦᠷ᠎ᠡ ᠪᠦᠲᠦᠭᠡᠯ᠎ᠨᠢ ᠲᠣᠰ ᠲᠤᠰ ᠱᠢᠯᠢ᠎ᠶ᠋ᠢᠨ ᠭᠤᠣᠯ ᠠᠢᠮᠠᠭ᠎ᠤᠨ ᠬᠥᠪᠡᠭᠡᠲᠦ ᠱᠢᠷ᠎ᠠ ᠬᠤᠱᠢᠭᠤᠨ᠎ᠤ ᠨᠠᠢᠷ᠎ᠤᠨ ᠲᠣᠯᠣᠭᠠᠢ᠎ᠶ᠋ᠢᠨ ᠱᠢᠨ᠎ᠡ ᠴᠢᠯᠠᠭᠤᠨ ᠵᠡᠪᠰᠡᠭ᠎ᠤᠨ ᠦᠶ᠎ᠡ᠎ᠶ᠋ᠢᠨ ᠪᠠᠭᠤᠷᠢ᠂ ᠬᠥᠬᠡᠬᠤᠲᠠ᠎ᠶ᠋ᠢᠨ ᠴᠢᠩ ᠱᠦᠢ ᠾᠧ ᠱᠢᠶᠠᠨ᠎ᠤ ᠾᠧᠦ ᠴᠧᠩ ᠵᠢᠦᠢ᠎ᠶ᠋ᠢᠨ ᠴᠢᠯᠠᠭᠤᠨ ᠬᠤᠲᠠ᠎ᠶ᠋ᠢᠨ ᠪᠠᠭᠤᠷᠢ᠂ ᠤᠯᠠᠭᠠᠨᠬᠠᠳᠠ ᠬᠤᠲᠠ᠎ᠶ᠋ᠢᠨ ᠬᠡᠱᠢᠭ᠌ᠲᠡᠨ ᠬᠤᠱᠢᠭᠤᠨ᠎ᠤ ᠱᠢᠶᠠ ᠵᠢᠶᠠ ᠶᠢᠩᠽᠢ᠎ᠶ᠋ᠢᠨ ᠱᠢᠶᠠ ᠵᠢᠶᠠ ᠳ᠋ᠢᠶᠠᠨ᠎ᠤ ᠳᠡᠭᠡᠳᠦ ᠳᠠᠪᠬᠤᠷᠭ᠎ᠠ᠎ᠶ᠋ᠢᠨ ᠰᠣᠶᠣᠯ᠎ᠤᠨ ᠪᠠᠭᠤᠷᠢ᠂ ᠬᠥᠬᠡᠬᠤᠲᠠ᠎ᠶ᠋ᠢᠨ ᠢᠦᠢ ᠴᠢᠤᠧᠠᠨ ᠲᠤᠭᠤᠷᠢᠭ᠎ᠤᠨ ᠰᠠᠢᠨᠱᠢᠷᠤᠢ᠎ᠶ᠋ᠢᠨ ᠬᠠᠨ ᠤᠯᠤᠰ᠎ᠤᠨ ᠦᠶ᠎ᠠ᠎ᠶ᠋ᠢᠨ ᠡᠷᠳᠡᠨ᠎ᠤ ᠬᠤᠳᠠ᠎ᠶ᠋ᠢᠨ ᠪᠠᠭᠤᠷᠢ᠂ ᠱᠢᠯᠢ᠎ᠶ᠋ᠢᠨ ᠭᠤᠤᠯ ᠠᠢᠮᠠᠭ᠎ᠤᠨ ᠬᠦᠪᠡᠬᠡᠳᠦ ᠱᠢᠷ᠎ᠠ ᠬᠤᠱᠢᠭᠤᠨ᠎ᠤ ᠨᠠᠢᠷ᠎ᠤᠨ ᠲᠤᠯᠤᠭᠠᠢ᠎ᠶ᠋ᠢᠨ ᠵᠡᠬᠦᠨ ᠬᠠᠨ ᠤᠯᠤᠰ᠎ᠤᠨ ᠰᠡᠬᠦᠯᠴᠢ᠎ᠶ᠋ᠢᠨ ᠦᠶ᠎ᠠ᠎ᠶ᠋ᠢᠨ ᠱᠢᠶᠠᠨᠪᠢ᠎ᠶ᠋ᠢᠨ ᠤᠩᠭᠤᠨ᠎ᠤ ᠰᠦᠷᠦᠭ᠌ᠵᠢᠯ᠂ ᠬᠦᠬᠡᠬᠤᠳᠠ᠎ᠶ᠋ᠢᠨ ᠦᠴᠤᠧᠠᠨ ᠱᠢᠶᠠᠨ᠎ᠤ ᠤᠩᠭᠤᠨ ᠲᠠᠪᠠᠭᠠᠨ ᠤᠷᠤᠢ᠎ᠶ᠋ᠢᠨ ᠤᠮᠠᠷᠠᠳᠤ ᠸᠧᠢ ᠤᠯᠤᠰ᠎ᠤᠨ ᠦᠶ᠎ᠠ᠎ᠶ᠋ᠢᠨ ᠮᠤᠨᠢ ᠠᠭᠤᠯᠠ᠎ᠶ᠋ᠢᠨ ᠠᠯᠳᠠᠨ ᠤᠷᠤᠭ᠎ᠤᠨ ᠲᠡᠭ᠌ᠷᠢ᠎ᠶ᠋ᠢᠨ ᠲᠠᠬᠢᠯᠭ᠎ᠠ᠎ᠶ᠋ᠢᠨ ᠪᠠᠭᠤᠷᠢ᠂ ᠤᠯᠠᠭᠠᠨᠬᠠᠳᠠ ᠬᠤᠲᠠ᠎ᠶ᠋ᠢᠨ ᠪᠠᠭᠠᠷᠢᠨ ᠵᠡᠬᠦᠨ ᠬᠤᠱᠢᠭᠤᠨ᠎ᠤ ᠯᠢᠶᠤᠤ ᠤᠯᠤᠰ᠎ᠤᠨ ᠲᠡᠭᠡᠳᠦ ᠨᠡᠢᠰᠯᠡᠯ᠎ᠤᠨ ᠪᠠᠷᠠᠭᠤᠨ ᠠᠭᠤᠯᠠᠨ ᠬᠦᠳᠦᠯ᠎ᠤᠨ ᠪᠤᠷᠬᠠᠨ ᠱᠠᠱᠢᠨ᠎ᠤ ᠰᠦᠮ᠎ᠠ ᠬᠡᠢᠳ᠎ᠤᠨ ᠪᠠᠭᠤᠷᠢ ᠵᠡᠷᠬᠡ ᠪᠤᠯᠤᠨ᠎ᠠ᠃

ᠡᠳᠡᠭᠡᠷ ᠬᠠᠭᠤᠴᠢ ᠰᠤᠲᠤᠯᠤᠯ᠎ᠤᠨ ᠢᠯᠡᠷᠡᠬᠦᠯᠦᠯᠳᠡ᠎ᠨᠢ ᠤᠮᠠᠷᠠᠲᠦ ᠤᠷᠤᠨ᠎ᠤ ᠲᠡᠦᠭᠡ᠎ᠶ᠋ᠢᠨ ᠰᠤᠲᠤᠯᠭᠠᠨ᠂ ᠰᠤᠶᠤᠯ ᠰᠤᠲᠤᠯᠭᠠᠨ ᠵᠢᠴᠢ ᠤᠷᠠᠯᠢᠭ᠎ᠤᠨ ᠰᠤᠲᠤᠯᠭᠠᠨ᠎ᠳᠤ ᠪᠦᠷ ᠱᠢᠨ᠎ᠡ ᠮᠠᠲ᠋ᠧᠷᠢᠶᠠᠯ ᠬᠠᠨᠭ᠌ᠭᠠᠭ᠍ᠰᠠᠨ ᠪᠦᠬᠡᠳ ᠤᠮᠠᠷᠠᠲᠦ᠎ᠶ᠋ᠢᠨ ᠡᠯ᠎ᠡ ᠦᠨᠲᠦᠰᠦᠳᠡᠨ᠎ᠨᠦᠭᠦᠳ᠎ᠤᠨ ᠡᠬᠦᠰᠦᠯ ᠬᠦᠭ᠌ᠵᠢᠯ᠎ᠤᠨ ᠲᠡᠦᠭᠡ᠎ᠶ᠋ᠢ ᠦᠭ᠌ᠰᠦᠬᠦᠯᠦᠨ ᠰᠤᠲᠤᠯᠬᠤ᠎ᠳᠤ ᠴᠢᠬᠤᠯᠠ ᠪᠠᠷᠢᠮᠲᠠ ᠪᠤᠯᠤᠬ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号