ᠯᠢ ᠱᠣᠤ ᠯᠢ᠄ ᠣᠯᠠᠨ ᠲᠦᠮᠡᠨ᠎ᠤ ᠬᠡᠷᠡᠭ᠌ᠴᠡᠭᠡ ᠱᠠᠭᠠᠷᠳᠠᠯᠭ᠎ᠠ᠎ᠠᠴᠠ ᠭᠠᠷᠳᠠᠨ ᠣᠯᠠᠨ ᠲᠦᠮᠡᠨ᠎ᠤ ᠬᠠᠨᠤᠮᠵᠢ᠎ᠶ᠋ᠢᠨ ᠲᠦᠯᠦᠭᠡ ᠬᠦᠴᠦᠯᠡᠨ᠎ᠠ
2021-01-14 16:52:00
ᠵᠣᠬᠢᠶᠠᠭ᠍ᠴᠢ᠄
ᠯᠢᠦ ᠶᠠᠩ
ᠣᠩᠱᠢᠭ᠍ᠰᠠᠨ ᠣᠳᠠᠭ᠎ᠠ᠄
★★★☆☆

 ᠬᠠᠬᠢᠷ ᠡᠪᠦᠯ᠎ᠤᠨ ᠤᠯᠠᠷᠢᠯ᠎ᠳᠤ᠂ ᠪᠢᠳᠡ ᠬᠥᠬᠡᠬᠤᠲᠠ᠎ᠶ᠋ᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ ᠪᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ ᠎ᠤ ᠲᠣᠪᠴᠢᠶᠠᠨ᠎ᠤ ᠰᠣᠶᠣᠯ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠪᠡᠶ᠎ᠡ᠎ᠶ᠋ᠢᠨ ᠲᠠᠮᠢᠷ᠎ᠤᠨ ᠰᠠᠯᠠᠭᠠᠨ᠎ᠤ ᠳᠠᠷᠤᠭ᠎ᠠ ᠯᠢ ᠱᠣᠤ ᠯᠢ᠎ᠲᠠᠢ ᠠᠭᠤᠯᠵᠠᠬᠤ᠎ᠳᠤ᠂ ᠲᠡᠷᠡ ᠶᠠᠭ ᠠᠯᠪᠠᠨ ᠬᠤᠪᠴᠠᠰᠤ᠎ᠪᠠᠨ ᠲᠡᠷᠢ ᠲᠡᠭ᠌ᠰᠢ ᠡᠮᠦᠰᠦᠬᠡᠳ ᠮᠠᠲ᠋ᠧᠷᠢᠶᠠᠯ ᠠᠳᠭᠤᠵᠤ᠂ ᠣᠯᠠᠨ ᠲᠦᠮᠡᠨ᠎ᠳᠤ ᠬᠦᠯᠢᠴᠡᠩᠭᠦᠶ᠎ᠪᠠᠷ ᠤᠴᠢᠷ ᠶᠠᠪᠤᠳᠠᠯ᠎ᠢ᠎ᠨᠢ  ᠱᠢᠢᠳᠪᠦᠷᠢᠯᠡᠨ ᠰᠡᠵᠢᠭ ᠡᠷᠡᠬᠡᠯᠵᠡᠭᠡ᠎ᠶ᠋ᠢ᠎ᠨᠢ ᠠᠯᠳᠠᠷᠠᠭᠠᠵᠤ ᠪᠠᠢᠪᠠ᠃

《ᠦᠢᠯᠡᠴᠢᠯᠡᠭᠡᠨ᠎ᠤ ᠨᠢᠭᠡᠴᠢ ᠪᠤᠯ ᠬᠤᠲᠠ᠎ᠶ᠋ᠢᠨ ᠠᠷᠠᠳ᠎ᠲᠤ  ᠦᠢᠯᠡᠴᠢᠯᠡᠬᠦ᠌ ᠲᠠᠪᠴᠠᠩ᠂ ᠣᠷᠣᠨ᠎ᠤ ᠲᠥᠪ᠎ᠤᠨ ᠳᠦᠷᠢ ᠲᠥᠷᠬᠦ᠌᠎ᠶ᠋ᠢ ᠭᠠᠳᠠᠭ᠍ᠰᠢ ᠦᠵᠡᠭᠦᠯᠬᠦ᠌ ᠴᠤᠩᠬᠤᠪᠴᠢ ᠶᠤᠮ᠃ ᠪᠢᠳᠡ ᠣᠯᠠᠨ ᠲᠦᠮᠡᠨ᠎ᠤ ᠬᠡᠷᠡᠭ᠌ᠴᠡᠭᠡ ᠱᠠᠭᠠᠷᠳᠠᠯᠭ᠎ᠠ᠎ᠠᠴᠠ ᠭᠠᠷᠳᠠᠨ ᠣᠯᠠᠨ ᠲᠦᠮᠡᠨ᠎ᠤ ᠬᠠᠨᠤᠮᠵᠢ᠎ᠶ᠋ᠢᠨ ᠲᠦᠯᠦᠭᠡ ᠬᠦᠴᠦᠯᠡᠨ᠎ᠠ》 ᠭᠡᠵᠦ᠍ ᠯᠢ ᠱᠣᠤ ᠯᠢ ᠶᠠᠷᠢᠨ᠎ᠠ᠃ 《ᠤᠯᠠᠨ ᠲᠦᠮᠡᠨ᠎ᠤ ᠬᠠᠨᠤᠮᠵᠢ᠎ᠪᠠᠷ ᠠᠵᠢᠯ᠎ᠢᠶᠠᠨ ᠪᠠᠷᠢᠮᠵᠢᠶᠠᠯᠠᠵᠤ ᠤᠯᠠᠨ ᠲᠦᠮᠡᠨ᠎ᠤ ᠤᠴᠢᠷ ᠶᠠᠪᠤᠳᠠᠯ᠎ᠢ ᠥᠪᠡᠷ᠎ᠤᠨ ᠤᠴᠢᠷ ᠶᠠᠪᠤᠳᠠᠯ᠎ᠢᠶᠠᠨ ᠪᠤᠯᠭᠠᠨ᠎ᠠ》 ᠬᠡᠵᠤ ᠯᠢ ᠱᠤᠤ ᠯᠢ ᠥᠪᠡᠷ᠎ᠤᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠬᠠᠳᠠᠭᠤ ᠴᠢᠷᠮᠠᠢᠯᠭ᠎ᠠ᠂ ᠬᠠᠯᠠᠭᠤᠨ ᠰᠡᠳᠭᠢᠯ᠂ ᠢᠳᠡᠭᠡᠯ ᠵᠢᠳᠬᠦᠯ ᠎ᠢᠶᠠᠷ ᠎ᠢᠶᠠᠨ ᠦᠢᠯᠡᠳᠦᠯᠭᠡᠵᠢᠭᠦᠯᠦᠬᠡᠳ 2020 ᠣᠨ᠎ᠳᠤ ᠪᠦᠬᠦ᠌ ᠤᠯᠤᠰ᠎ᠤᠨ ᠲᠡᠷᠢᠭᠦᠨ᠎ᠤ ᠠᠵᠢᠯᠳᠠᠨ᠎ᠤ ᠢᠷᠠᠭᠤ ᠠᠯᠳᠠᠷ᠎ᠤᠨ ᠴᠣᠯᠠ᠎ᠶ᠋ᠢ ᠬᠦᠷᠳᠡᠪᠡ᠃ ᠯᠢ ᠱᠣᠤ ᠯᠢ ᠪᠠᠰᠠ ᠤᠷᠢᠳ ᠬᠤᠵᠢᠳ 《ᠬᠠᠮᠤᠭ᠎ᠤᠨ ᠭᠤᠶᠣ ᠬᠥᠬᠡᠬᠤᠲᠠ᠎ᠶ᠋ᠢᠨ ᠬᠥᠮᠦᠨ》 ᠵᠢᠴᠢ ᠬᠦᠬᠡᠬᠤᠳᠠ᠎ᠶ᠋ᠢᠨ ᠶᠣᠰᠣ ᠰᠤᠷᠲᠠᠬᠤᠨ᠎ᠤ ᠵᠢᠱ᠌ᠢᠶᠡᠴᠢ᠂ 《ᠪᠥᠬᠦ᠌ ᠤᠯᠤᠰ᠎ᠤᠨ ᠡᠷᠡᠭᠦᠯ ᠬᠠᠮᠠᠭᠠᠯᠠᠯ᠎ᠤᠨ ᠱᠢᠰᠲ᠋ᠧᠮ᠎ᠤᠨ ᠲᠡᠷᠢᠭᠦᠨ᠎ᠤ ᠠᠵᠢᠯᠲᠠᠨ》᠂ ᠵᠢᠷᠭᠤᠳᠤᠭᠠᠷ ᠬᠤᠭᠤᠴᠠᠭᠠᠨ᠎ᠤ ᠪᠥᠬᠦ᠌ ᠣᠷᠣᠨ᠎ᠤ ᠶᠣᠰᠣ ᠰᠤᠷᠲᠠᠬᠤᠨ᠎ᠤ ᠵᠢᠱ᠌ᠢᠶᠡᠴᠢ᠂ ᠶᠢᠰᠦᠳᠦᠭᠡᠷ ᠬᠤᠭᠤᠴᠠᠭᠠᠨ᠎ᠤ ᠪᠥᠬᠦ᠌ ᠤᠯᠤᠰ᠎ᠤᠨ 《ᠠᠷᠠᠳ ᠲᠦᠮᠡᠨ᠎ᠳᠤ ᠲᠠᠭᠠᠱᠢᠶᠠᠭ᠍ᠳᠠᠭ᠍ᠰᠠᠨ ᠠᠯᠪᠠᠲᠠᠨ》 ᠵᠡᠷᠭᠡ ᠢᠷᠠᠭᠤ ᠠᠯᠳᠠᠷ᠎ᠤᠨ ᠴᠣᠯᠠ ᠭᠥᠷᠳᠡᠵᠦ᠍᠂ ᠲᠡᠭᠦᠨ᠎ᠤ ᠬᠡᠷ ᠪᠦᠯᠢ᠎ᠨᠢ ᠥᠪᠡᠷᠲᠡᠭᠡᠨ ᠵᠠᠰᠠᠬᠤ ᠣᠷᠣᠨ᠎ᠤ 《ᠬᠠᠮᠤᠭ᠎ᠤᠨ ᠭᠤᠶᠣ ᠬᠡᠷ ᠪᠦᠯᠢ》 ᠎ᠪᠠᠷ ᠰᠤᠩᠭᠤᠬ᠍ᠳᠡᠬ᠍ᠰᠠᠨ ᠪᠢᠯᠡ᠃

2018 ᠣᠨ᠎ᠳᠤ᠂ ᠶᠠᠭ ᠬᠤᠶᠠᠷ ᠵᠢᠯ᠎ᠳᠤ ᠨᠢᠬᠡ ᠪᠤᠯᠬᠤ ᠰᠤᠪᠢᠯᠠᠭ᠍ᠴᠢ᠎ᠶ᠋ᠢᠨ ᠬᠢᠷᠢ ᠬᠡᠮ᠎ᠤᠨ ᠳᠠᠩᠰᠠᠯᠠᠯ᠎ᠤᠨ ᠣᠷᠭᠢᠯ᠎ᠤᠨ ᠬᠤᠭᠤᠴᠠᠭᠠᠨ᠎ᠳᠤ ᠲᠣᠬᠢᠶᠠᠯᠳᠤᠵᠤ ᠬᠥᠬᠡᠬᠤᠲᠠ 1 ᠲᠦᠮᠡ ᠭᠠᠷᠤᠶ ᠰᠤᠪᠢᠯᠠᠭ᠍ᠴᠢ᠎ᠶ᠋ᠢᠨ ᠬᠢᠷᠢ ᠬᠡᠮ᠎ᠳᠤ ᠳᠠᠩᠰᠠᠯᠠᠯ ᠬᠢᠬᠦ᠌ ᠴᠢᠬᠤᠯᠠᠲᠠᠶ ᠪᠤᠯᠪᠠ᠃ ᠡᠨᠡ ᠬᠤᠭᠤᠴᠠᠭᠠᠨ᠎ᠳᠤ ᠬᠥᠮᠦᠨ᠎ᠤ ᠲᠤᠭ᠎ᠠ᠎ᠪᠠᠷ ᠬᠠᠮᠤᠭ᠎ᠤᠨ ᠣᠯᠠᠨ ᠨᠢᠭᠡ ᠪᠦᠯᠦᠭ ᠪᠣᠯ ᠥᠪᠥᠷ ᠮᠣᠩᠭᠤᠯ᠎ᠤᠨ ᠠᠷᠠᠳ᠎ᠤᠨ ᠡᠮᠨᠡᠯᠭᠡ᠎ᠶ᠋ᠢᠨ ᠬᠤᠷᠢᠶᠠᠨ᠎ᠤ 1000 ᠰᠤᠪᠢᠯᠠᠭ᠍ᠴᠢ᠎ᠳᠤ ᠲᠥᠪᠯᠡᠷᠡᠩᠬᠦᠢ  ᠦᠢᠯᠡᠴᠢᠯᠡᠬᠦ᠌ ᠶᠠᠪᠤᠳᠠᠯ ᠪᠤᠯᠬᠤ ᠶᠤᠮ᠃ ᠯᠢ ᠱᠣᠤ ᠯᠢ ᠬᠡᠳᠦᠨ ᠠᠵᠢᠯᠲᠠᠨ᠎ᠲᠠᠢ᠎ᠪᠠᠨ ᠬᠠᠮᠳᠤ 《ᠨᠢᠭᠡ ᠬᠢᠨᠠᠵᠤ ᠨᠢᠭᠡ ᠬᠠᠷᠭᠤᠭᠤᠯᠬᠤ》 ᠠᠵᠢᠯ᠎ᠤᠨ ᠠᠷᠭ᠎ᠠ ᠬᠡᠯᠪᠡᠷᠢ᠎ᠪᠠᠷ ᠬᠦᠴᠤ᠎ᠪᠠᠨ ᠲᠥᠪᠯᠡᠷᠡᠭᠦᠯᠦᠨ ᠴᠠᠭ ᠨᠡᠮᠡᠵᠦ᠍ ᠠᠵᠢᠯᠯᠠᠵᠤ᠂ ᠭᠥᠯᠢᠶᠡᠨ ᠠᠪᠴᠤ᠌  ᠱᠢᠢᠳᠪᠦᠷᠢᠯᠡᠬᠦ᠂ ᠬᠢᠨᠠᠨ ᠬᠠᠷᠭᠤᠭᠤᠯᠬᠤ᠎ᠠᠴᠠ ᠠᠪᠤᠭᠠᠳ ᠦᠨᠡᠮᠯᠡᠯ ᠵᠣᠬᠢᠶᠠᠬᠤ᠂ ᠦᠨᠡᠮᠯᠡᠯ ᠣᠯᠭᠤᠬᠤ ᠬᠦᠷᠲᠡᠯ᠎ᠡ᠂ ᠤᠤᠯ᠎ᠤᠨ 30 ᠡᠳᠦᠷ᠎ᠲᠤ ᠪᠡᠶᠡᠯᠡᠭᠦᠯᠬᠦ᠌᠎ᠪᠠᠷ ᠲᠣᠭ᠍ᠲᠠᠭᠠᠭ᠍ᠰᠠᠨ ᠡᠭᠦᠷᠭᠡ᠎ᠶ᠋ᠢ ᠬᠤᠶᠠᠷᠬᠠᠨ ᠡᠳᠦᠷ᠎ᠲᠤ ᠪᠡᠶᠡᠯᠡᠭᠦᠯᠦᠭ᠌ᠰᠡᠨ ᠠᠵᠢ᠃

2019 ᠣᠨ᠎ᠳᠤ᠂ ᠪᠢᠲᠡᠭᠦᠨ᠎ᠤ ᠡᠮᠦᠨ᠎ᠡ ᠡᠳᠦᠷ᠎ᠤᠨ ᠦᠳᠡ᠎ᠳᠤ ᠠᠵᠢᠯ᠎ᠠᠴᠠ᠎ᠪᠠᠨ ᠪᠠᠭᠤᠬᠤ ᠦᠶ᠎ᠡ᠎ᠳᠤ ᠥᠪᠥᠷ ᠮᠣᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠤᠷᠢᠶᠠᠨ᠎ᠤ ᠨᠢᠬᠡᠨ ᠠᠵᠢᠯᠲᠠᠨ ᠬᠤᠭᠤᠴᠠᠭ᠎ᠠ᠎ᠨᠢ ᠲᠤᠯᠬᠤ ᠭᠡᠵᠤ ᠪᠠᠢᠭ᠎ᠠ 150 ᠭᠠᠷᠤᠶ ᠡᠬᠡ ᠨᠢᠯᠬᠠᠰ᠎ᠤᠨ ᠡᠷᠡᠭᠦᠯ ᠮᠡᠨᠳᠦ᠎ᠶ᠋ᠢ ᠬᠠᠮᠠᠭᠠᠯᠠᠬᠤ ᠬᠤᠪᠢ ᠬᠥᠮᠦᠨ᠎ᠤ ᠬᠢᠷᠢ ᠲᠡᠩᠴᠡᠭ᠌ᠰᠡᠨ ᠦᠨᠡᠮᠯᠡᠯ᠎ᠤᠨ ᠱᠢᠯᠭᠠᠨ ᠪᠠᠲᠤᠯᠠᠬᠤ ᠠᠵᠢᠯ᠎ᠢ ᠭᠦᠢᠴᠡᠳᠭᠡᠬᠦ᠌᠎ᠪᠠᠷ ᠶᠠᠭᠠᠷᠠᠤ ᠢᠷᠠᠬᠦ᠌᠎ᠳᠤ᠂ ᠯᠢ ᠱᠣᠤ ᠯᠢ ᠬᠠᠮᠲᠤ ᠠᠵᠢᠯᠯᠠᠭ᠍ᠰᠠᠳ᠎ᠲᠠᠢ᠎ᠪᠠᠨ ᠬᠠᠮᠳᠤ ᠴᠠᠭ ᠲᠤᠬᠠᠶ᠎ᠳᠤᠨᠢ ᠭᠥᠯᠢᠶᠡᠨ ᠠᠪᠴᠤ᠌ ᠱᠢᠶᠳᠪᠦᠷᠢᠯᠡᠨ᠂ ᠦᠳᠡ᠎ᠶ᠋ᠢᠨ ᠬᠤᠭᠤᠯᠠ ᠪᠠ ᠠᠮᠠᠷᠠᠬᠤ ᠴᠠᠭ᠎ᠢᠶᠠᠨ ᠲᠠᠶᠠᠭ᠍ᠳᠠᠨ ᠠᠵᠢᠯᠯᠠᠵᠤ᠂ ᠦᠳᠡ᠎ᠶ᠋ᠢᠨ ᠬᠤᠢᠨᠠᠬᠢ 3 ᠴᠠᠭ᠎ᠤᠨ ᠦᠶᠡᠰ ᠪᠦᠬᠦᠨ᠎ᠢ ᠭᠦᠢᠴᠡᠳᠭᠡᠵᠤ ᠦᠭ᠌ᠴᠠᠢ᠃ ᠡᠬᠦᠨ᠎ᠳᠤ ᠦᠪᠥᠷ ᠮᠣᠩᠭᠤᠯ᠎ᠤᠨ ᠠᠨᠠᠭᠠᠬᠤ ᠤᠬᠠᠭᠠᠨ᠎ᠤ ᠶᠡᠭᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠤᠷᠢᠶᠡᠨ᠎ᠠᠴᠠ ᠲᠠᠯᠠᠷᠬᠠᠯ᠎ᠤᠨ ᠵᠠᠬᠢᠳᠠᠯ ᠬᠦᠷᠬᠡᠵᠤ᠂ 《ᠮᠠᠨ᠎ᠤ ᠡᠮᠨᠡᠯᠭᠡ᠎ᠶ᠋ᠢᠨ ᠬᠤᠷᠢᠶᠠᠨ᠎ᠤ ᠭᠦᠶᠴᠡᠳᠭᠡᠬᠦ᠌᠎ᠪᠠᠷ ᠭᠤᠶᠤᠴᠢᠯᠠᠭ᠍ᠰᠠᠨ ᠡᠬᠡ ᠨᠢᠯᠬᠠᠰ᠎ᠤᠨ ᠡᠷᠡᠭᠦᠯ ᠮᠡᠨᠳᠦ᠎ᠶ᠋ᠢ ᠬᠠᠮᠠᠭᠠᠯᠠᠬᠤ ᠦᠨᠡᠮᠯᠡᠯ᠎ᠢ 60 ᠡᠳᠦᠷ᠎ᠤᠨ ᠳᠣᠲᠣᠷ᠎ᠠ ᠪᠡᠶᠡᠯᠡᠭᠦᠯᠬᠦ᠌ ᠱᠢᠯᠭᠠᠨ ᠪᠠᠲᠤᠯᠠᠬᠤ ᠠᠵᠢᠯ᠎ᠢ 3 ᠴᠠᠭ᠎ᠤᠨ ᠲᠤᠳᠤᠷ᠎ᠠ ᠭᠦᠢᠴᠡᠳᠭᠡᠴᠢᠬᠡᠵᠠᠢ᠂ ᠯᠢ ᠱᠣᠤ ᠯᠢ᠎ᠳᠤ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠵᠦ᠍ ᠪᠠᠢᠨ᠎ᠠ᠂ ᠴᠠᠭᠠᠨ ᠰᠠᠷ᠎ᠠ ᠬᠦᠷᠴᠦ᠍ ᠢᠷᠡᠮᠡᠷ ᠪᠤᠯᠤᠭ᠍ᠰᠠᠨ ᠴᠦ᠍ ᠨᠠᠷᠢᠨ ᠬᠢᠨᠠᠮᠠᠭᠠᠶ ᠠᠵᠢᠯ᠎ᠤᠨ ᠰᠤᠷᠲᠠᠯ ᠪᠣᠯᠤᠨ ᠴᠢᠨᠠᠷ ᠰᠠᠢᠲᠠᠶ ᠥᠨᠳᠥᠷ ᠪᠦᠲᠦᠮᠵᠢᠲᠡᠶ ᠦᠢᠯᠡᠴᠢᠯᠡᠭᠡ᠎ᠪᠠᠨ ᠪᠠᠲᠤᠯᠠᠵᠤ ᠪᠠᠢᠬᠤ᠎ᠶ᠋ᠢ᠎ᠨᠢ ᠮᠠᠭ᠍ᠲᠠᠨ ᠰᠠᠢᠱᠢᠶᠠᠵᠤ ᠪᠠᠢᠨ᠎ᠠ》 ᠭᠡᠵᠦ᠍ ᠪᠢᠴᠢᠭ᠌ᠰᠡᠨ ᠪᠠᠢᠨ᠎ᠠ᠃

2020 ᠣᠨ᠎ᠤ ᠴᠠᠭᠠᠨ ᠰᠠᠷ᠎ᠠ᠎ᠳᠤ ᠬᠡᠨᠡᠳᠳᠡ᠎ᠪᠠᠷ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ ᠡᠭᠦᠰᠴᠦ᠍᠂ ᠵᠠᠷᠢᠮ ᠠᠵᠤ ᠠᠬᠤᠢᠯᠠᠯ ᠎ᠤᠨ ᠬᠢᠵᠢᠭ᠎ᠲᠠᠢ ᠲᠡᠮᠡᠴᠡᠬᠦ᠌᠎ᠳᠤ ᠪᠠᠴᠢᠮ ᠬᠡᠷᠡᠭ᠌ᠰᠡᠬᠦ᠌ ᠠᠷᠢᠭᠤᠳᠭᠠᠬᠤ ᠡᠳ᠋᠎ᠤᠨ ᠦᠢᠯᠡᠳᠪᠦᠷᠢᠯᠡᠯ᠎ᠢ ᠠᠬᠢᠭᠤᠯᠬᠤ᠎ᠶ᠋ᠢᠨ ᠲᠥᠯᠥᠭᠡ᠂ ᠯᠢ ᠱᠣᠤ ᠯᠢ ᠬᠥᠬᠡᠬᠤᠲᠠ᠎ᠶ᠋ᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ ᠪᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ᠎ᠳᠤ 《ᠰᠠᠭᠠᠳ ᠥᠬᠡᠶ ᠬᠢᠨᠠᠨ ᠵᠥᠪᠱᠢᠶᠡᠷᠡᠬᠦ᠌ ᠵᠠᠮ》 ᠎ᠢ ᠨᠡᠭᠡᠭᠡᠭ᠌ᠰᠡᠨ᠎ᠤ ᠳᠠᠷᠠᠭ᠎ᠠ᠂ ᠠᠮᠠᠯᠠᠯᠲᠠ᠎ᠶ᠋ᠢᠨ ᠲᠦᠷᠢᠮ᠎ᠢ ᠬᠡᠷᠡᠭ᠌ᠵᠢᠭᠦᠯᠵᠦ᠍᠂ ᠠᠵᠤ ᠠᠬᠤᠢᠯᠠᠯ᠎ᠳᠤ ᠲᠦᠷ ᠴᠠᠭ᠎ᠤᠨ ᠡᠷᠡᠭᠦᠯ ᠬᠠᠮᠠᠭᠠᠯᠠᠯ᠎ᠤᠨ ᠵᠥᠪᠱᠢᠶᠡᠷᠡᠯ᠎ᠤᠨ ᠦᠨᠡᠮᠯᠡᠯ ᠣᠯᠭᠤᠨ᠂ ᠰᠠᠨᠠᠭᠠᠴᠢᠯᠠᠭ᠎ᠠ᠎ᠠᠴᠠ᠎ᠪᠠᠨ ᠬᠡᠷ᠎ᠲᠤᠨᠢ ᠬᠦᠷᠴᠦ᠍ ᠲᠤᠬᠠᠶ᠎ᠶ᠋ᠢᠨ ᠭᠠᠵᠠᠷ᠎ᠲᠤᠨᠢ ᠱᠢᠯᠭᠠᠨ ᠠᠪᠬᠤ ᠪᠠ ᠵᠢᠭᠠᠨ ᠵᠢᠯᠣᠭᠤᠳᠴᠤ᠌᠂ 13 ᠠᠵᠤ ᠠᠬᠤᠢᠯᠠᠯ᠎ᠤᠨ ᠴᠠᠭ ᠲᠤᠬᠠᠶ᠎ᠳᠤᠨᠢ ᠠᠵᠢᠯ  ᠦᠢᠯᠡᠳᠪᠦᠷᠢᠯᠡᠯ᠎ᠢᠶᠠᠨ ᠰᠡᠷᠭᠦᠭᠡᠵᠤ ᠪᠥᠬᠦ᠌ ᠬᠦᠴᠦᠨ᠎ᠢᠶᠠᠷ ᠡᠮᠴᠢᠯᠡᠭᠡᠨ᠎ᠤ ᠠᠷᠢᠭᠤᠳᠭᠠᠬᠤ ᠡᠳ᠋  ᠦᠢᠯᠡᠳᠪᠦᠷᠢᠯᠡᠬᠦ᠌᠎ᠳᠤ ᠪᠠᠳᠤᠯᠠᠭ᠎ᠠ ᠬᠠᠩᠭᠠᠪᠠ᠃

ᠯᠢ ᠱᠣᠤ ᠯᠢ ᠢᠳᠡᠪᠬᠢᠲᠡᠶ᠎ᠪᠠᠷ ᠠᠵᠢᠯ᠎ᠤᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠲᠡᠬᠦᠨ᠎ᠤ ᠡᠬᠦᠳᠦᠭ᠌ᠰᠡᠨ 《ᠬᠢᠨᠠᠨ ᠵᠥᠪᠱᠢᠶᠡᠷᠡᠬᠦ᠌ ᠲᠠᠩᠰᠠ ᠡᠪᠬᠡᠮᠡᠯ᠎ᠢ ᠨᠡᠬᠡᠮᠵᠢᠯᠡᠨ ᠵᠠᠭᠠᠯᠳᠤᠬᠤ》᠂ 《ABC ᠠᠵᠢᠯ᠎ᠤᠨ ᠪᠠᠢᠷᠢ》᠂ ᠤᠷᠢᠳᠴᠢᠯᠠᠨ ᠣᠷᠣᠯᠴᠠᠬᠤ᠂ ᠤᠷᠢᠳᠴᠢᠯᠠᠨ ᠪᠣᠯᠵᠣᠬᠤ ᠵᠦᠢᠯ᠂ ᠢᠯᠡ᠎ᠪᠠᠷ ᠬᠢᠨᠠᠨ ᠵᠥᠪᠱᠢᠶᠡᠷᠡᠬᠦ᠌ ᠵᠡᠷᠭᠡ ᠠᠯᠢ ᠣᠯᠠᠨ ᠠᠵᠢᠯ᠎ᠤᠨ ᠲᠦᠷᠢᠮ᠎ᠨᠢ  ᠦᠢᠯᠡᠳᠦᠯᠭᠡ᠎ᠶ᠋ᠢᠨ ᠳᠤᠮᠳᠠ ᠬᠢᠨᠠᠨ ᠵᠥᠪᠱᠢᠶᠡᠷᠡᠬᠦ᠌  ᠵᠦᠢᠯ᠎ᠢ ᠨᠠᠩ ᠲᠦᠷᠭᠡᠨ ᠪᠥᠭᠡᠳ ᠬᠥᠮᠦᠨᠴᠢ ᠴᠢᠨᠠᠷᠲᠠᠶ ᠪᠣᠯᠭᠠᠵᠠᠶ᠃ ᠤᠳᠤᠬᠠᠨ ᠪᠤᠯᠳᠠᠯ᠎ᠠ ᠲᠡᠭᠦᠨ᠎ᠤ ᠭᠠᠷᠳᠠᠨ ᠭᠦᠢᠴᠡᠳᠭᠡᠭ᠌ᠰᠡᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠵᠦᠢᠯ 16 ᠲᠦᠮᠡ᠎ᠶ᠋ᠢ ᠲᠠᠪᠠᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号