— ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠶᠠᠩ ᠵᠢᠶᠧ᠎ᠶ᠋ᠢ ᠰᠤᠷᠪᠤᠯᠵᠢᠯᠠᠭ᠍ᠰᠠᠨ᠎ᠨᠢ
ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ ᠪᠣᠯ ᠮᠠᠨ᠎ᠤ ᠨᠠᠮ᠎ᠤᠨ 《ᠬᠤᠤᠰ ᠵᠠᠭᠤᠨ ᠵᠢᠯ》 ᠤᠨ ᠲᠡᠮᠡᠴᠡᠬᠦ᠌ ᠬᠠᠷᠠᠯᠲᠠ᠎ᠶ᠋ᠢᠨ ᠲᠡᠦᠬᠡ᠎ᠶ᠋ᠢᠨ ᠠᠭᠤᠯᠵᠠᠷ᠎ᠲᠤ ᠬᠤᠷᠠᠯᠳᠤᠭᠤᠯᠤᠭ᠍ᠰᠠᠨ ᠴᠢᠬᠤᠯᠠ ᠬᠤᠷᠠᠯ ᠪᠣᠯᠤᠨ᠎ᠠ᠃ ᠪᠦᠬᠦᠳᠡ ᠬᠤᠷᠠᠯ᠎ᠠᠴᠠ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠪᠤᠯᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠠᠵᠢᠯ᠎ᠳᠤ ᠱᠢᠨ᠎ᠡ ᠪᠠᠢᠷᠢᠯᠠᠭᠤᠯᠤᠯᠲᠠ ᠬᠢᠵᠦ᠍᠂ ᠱᠢᠨ᠎ᠡ ᠡᠭᠦᠷᠭᠡ᠎ᠶ᠋ᠢ ᠲᠣᠳᠣᠷᠬᠠᠢᠯᠠᠨ ᠱᠢᠨ᠎ᠡ ᠱᠠᠭᠠᠷᠳᠠᠯᠭ᠎ᠠ ᠳᠤᠷᠠᠳᠴᠠᠢ᠃ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠲᠢᠩᠬᠢᠮ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠬᠡᠷᠬᠢᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠬᠤ ᠪᠤᠯ? ᠡᠨᠡ ᠲᠤᠬᠠᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠶᠠᠩ ᠵᠢᠶᠧ᠎ᠶ᠋ᠢ ᠰᠤᠷᠪᠤᠯᠵᠢᠯᠠᠪᠠ᠃

ᠰᠤᠷᠪᠤᠯᠵᠢᠯᠠᠭ᠍ᠴᠢ᠄ 《ᠠᠷᠪᠠᠨ ᠳᠥᠷᠪᠡᠳᠦᠭᠡᠷ ᠲᠠᠪᠤᠨ ᠵᠢᠯ》 ᠤᠨ ᠱᠢᠨ᠎ᠡ ᠠᠶᠠᠨ ᠵᠠᠮ ᠡᠬᠢᠯᠡᠯ᠎ᠠ᠂ ᠥᠪᠥᠷ ᠮᠣᠩᠭᠤᠯ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠠᠵᠢᠯ᠎ᠤᠨ ᠶᠡᠷᠦᠩᠬᠡᠢ ᠰᠡᠳᠭᠢᠴᠡ ᠪᠣᠯᠤᠨ ᠭᠤᠣᠯ ᠬᠠᠷᠠᠯᠲᠠ᠎ᠨᠢ ᠶᠠᠭᠤ ᠪᠤᠢ?
ᠶᠠᠩ ᠵᠢᠶᠧ᠄ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ᠂ ᠥᠪᠥᠷ ᠮᠣᠩᠭᠤᠯ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠠᠵᠢᠯ᠎ᠤᠨ ᠶᠡᠷᠦᠩᠬᠡᠶ ᠰᠡᠳᠭᠢᠴᠡ ᠪᠣᠯ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠨ᠂ ᠰᠢ᠎ᠶ᠋ᠢᠨ ᠫᠢᠩ᠎ᠤᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ᠎ᠠ; 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ》 ᠭᠡᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢ ᠢᠮᠠᠭ᠍ᠲᠠ ᠪᠠᠲᠤᠯᠠᠵᠤ᠂ ᠪᠣᠬᠢᠷᠲᠤᠯ᠎ᠢ ᠨᠠᠷᠢᠯᠢᠭ ᠣᠨᠣᠴᠠᠲᠠᠶ᠎ᠪᠠᠷ ᠵᠠᠰᠠᠬᠤ᠎ᠶ᠋ᠢ ᠨᠠᠩ ᠳᠣᠪᠤᠢᠯᠭᠠᠵᠤ᠂ ᠱᠢᠨᠵᠢᠯᠡᠬᠦ᠌ ᠤᠬᠠᠭᠠᠨᠴᠢ᠎ᠪᠠᠷ ᠪᠣᠬᠢᠷᠲᠤᠯ᠎ᠢ ᠵᠠᠰᠠᠬᠤ᠂ ᠬᠠᠤᠯᠢ ᠶᠣᠰᠣᠭᠠᠷ ᠪᠣᠬᠢᠷᠲᠤᠯ᠎ᠢ ᠵᠠᠰᠠᠬᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠨ᠎ᠡ; ᠪᠠᠢᠭᠠᠯᠢ᠎ᠶ᠋ᠢᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠂ ᠤᠳᠤ ᠦᠶ᠎ᠡ᠎ᠶ᠋ᠢᠨ ᠠᠮᠢ ᠠᠬᠤᠢ ᠣᠷᠴᠢᠨ ᠲᠤᠭᠤᠷᠢᠨ᠎ᠤ ᠵᠠᠰᠠᠯᠲᠠ᠎ᠶ᠋ᠢᠨ ᠱᠢᠰᠲ᠋ᠧᠮ᠎ᠢ ᠢᠳᠡᠪᠬᠢᠲᠡᠢ ᠪᠠᠢᠭᠤᠯᠵᠤ᠂ ᠠᠮᠢ ᠠᠬᠤᠶ ᠣᠷᠴᠢᠨ ᠲᠣᠭᠤᠷᠢᠨ᠎ᠤ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠤᠨ᠂ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠤᠬᠢᠴᠠᠩᠭᠤᠢ ᠬᠠᠮᠲᠤ᠎ᠪᠠᠷ ᠣᠷᠣᠱᠢᠬᠤ᠎ᠶ᠋ᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ ᠪᠠ ᠡᠬᠡ ᠤᠯᠤᠰ᠎ᠤᠨ ᠤᠮᠠᠷᠠᠲᠤ᠎ᠶ᠋ᠢᠨ ᠲᠦᠮᠡᠨ ᠭᠠᠵᠠᠷ᠎ᠤᠨ ᠨᠣᠮᠢᠨ ᠨᠣᠭᠤᠭᠠᠨ ᠣᠷᠳᠣ ᠴᠠᠭᠠᠨ ᠬᠡᠷᠡᠮ᠎ᠢ ᠪᠠᠲᠤ ᠴᠣᠭ᠍ᠴᠠᠯᠠᠨ᠎ᠠ᠃
ᠭᠤᠣᠯ ᠬᠠᠷᠠᠯᠲᠠ ᠪᠣᠯ 2025 ᠣᠨ ᠪᠣᠯᠬᠤ᠎ᠳᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ ᠦᠷ᠎ᠡ ᠪᠦᠲᠦᠭᠡᠯ᠎ᠢ ᠴᠢᠨᠠᠭ᠍ᠰᠢᠳᠠ ᠪᠠᠬᠢᠵᠢᠭᠦᠯᠵᠦ᠍᠂ ᠠᠭᠠᠷ ᠮᠠᠨᠳᠠᠯ᠂ ᠤᠰᠤ᠂ ᠬᠥᠷᠥᠰᠥ᠍ ᠱᠢᠷᠣᠢ᠎ᠶ᠋ᠢᠨ ᠣᠷᠴᠢᠨ ᠲᠣᠭᠤᠷᠢᠨ᠎ᠤ ᠶᠠᠰᠤ ᠴᠢᠨᠠᠷ᠎ᠢ ᠲᠣᠭ᠍ᠲᠠᠭᠤᠨ᠎ᠢᠶᠠᠷ ᠰᠠᠢᠵᠢᠷᠠᠭᠤᠯᠤᠨ᠂ ᠣᠷᠴᠢᠨ ᠲᠣᠭᠤᠷᠢᠨ᠎ᠤ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠬᠢᠵᠠᠭᠠᠷᠯᠠᠵᠤ᠂ ᠣᠷᠴᠢᠨ ᠲᠣᠭᠤᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠤᠨ᠎ᠠ; ᠠᠽᠣᠲ᠎ᠤᠨ ᠢᠰᠦᠯ᠂ ᠳᠡᠭ᠌ᠳᠡᠮᠡᠬᠡᠶ ᠴᠢᠨᠠᠷᠲᠠᠶ ᠣᠷᠭᠠᠨᠢᠭ ᠪᠣᠳᠠᠰ᠂ ᠬᠢᠮᠢ᠎ᠳᠤ ᠬᠡᠷᠡᠭ᠌ᠰᠡᠬᠦ᠌ ᠬᠦᠴᠢᠯᠲᠥ᠋ᠷᠥᠭ᠌ᠴᠢ᠎ᠶ᠋ᠢᠨ ᠬᠡᠮᠵᠢᠶ᠎ᠡ᠂ ᠱᠢᠪᠲᠦᠷᠲᠦ ᠠᠽᠣᠲ᠎ᠤᠨ ᠭᠤᠤᠯ ᠪᠣᠯᠬᠤ ᠪᠣᠬᠢᠷ ᠪᠣᠳᠠᠰ ᠭᠠᠳᠠᠭ᠍ᠰᠢᠯᠠᠭᠤᠯᠬᠤ ᠶᠡᠷᠦᠩᠬᠡᠶ ᠬᠡᠮᠵᠢᠶ᠎ᠡ᠎ᠶ᠋ᠢ ᠦᠷᠭᠦᠯᠵᠢᠯᠡᠨ ᠪᠠᠭᠠᠰᠭᠠᠵᠤ᠂ ᠨᠢᠭᠡᠴᠢ ᠤᠷᠤᠨ ᠨᠤᠳᠤᠭ᠎ᠤᠨ ᠦᠶᠯᠡᠳᠪᠦᠷᠢᠯᠡᠯ᠎ᠤᠨ ᠶᠡᠷᠦᠩᠬᠡᠶ ᠥᠷᠲᠡᠭ᠎ᠲᠠᠬᠢ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠤᠨ ᠭᠠᠳᠠᠭ᠍ᠰᠢᠯᠠᠭᠤᠯᠤᠯᠲᠠ᠎ᠶ᠋ᠢ ᠪᠠᠭᠤᠷᠠᠭᠤᠯᠤᠨ᠎ᠠ; ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠢᠨᠠᠨ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢ ᠲᠠᠰᠤᠷᠠᠯᠲᠠ ᠦᠭᠡᠢ ᠴᠢᠩᠭᠠᠳᠭᠠᠨ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠬᠠᠮᠢᠶᠠᠷᠤᠨ ᠡᠵᠡᠮᠳᠡᠬᠦ᠌ ᠦᠢᠯᠡᠳᠦᠯ᠎ᠢ ᠪᠦᠬᠦ᠌ ᠲᠠᠯ᠎ᠠ᠎ᠪᠠᠷ ᠪᠠᠳᠠᠷᠠᠭᠤᠯᠵᠤ᠂ ᠠᠮᠢ ᠠᠬᠤᠢ᠎ᠶ᠋ᠢᠨ ᠱᠢᠰᠲ᠋ᠧᠮ᠎ᠤᠨ ᠶᠠᠰᠤ ᠴᠢᠨᠠᠷ ᠪᠣᠯᠤᠨ ᠲᠣᠭ᠍ᠲᠠᠪᠤᠷᠢᠲᠤ ᠴᠢᠨᠠᠷ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠦᠨ᠎ᠠ; ᠠᠮᠢ ᠠᠬᠤᠶ ᠣᠷᠴᠢᠨ ᠲᠣᠭᠤᠷᠢᠨ᠎ᠤ ᠬᠦᠷᠢᠶᠡᠨ᠎ᠳᠠᠬᠢ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠬᠦᠯᠵᠦ᠍᠂ ᠠᠮᠢ ᠠᠬᠤᠶ ᠣᠷᠴᠢᠨ ᠲᠣᠭᠤᠷᠢᠨ᠎ᠤ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ ᠳᠡᠭᠡᠭ᠌ᠰᠢᠯᠡᠬᠦᠯᠦᠨ᠂ ᠠᠷᠠᠳ ᠣᠯᠠᠨ᠎ᠤ ᠦᠵᠡᠰᠭᠦᠯᠡᠩᠲᠦ ᠰᠠᠢᠬᠠᠨ ᠠᠮᠢ ᠠᠬᠤᠶ ᠣᠷᠴᠢᠨ ᠲᠣᠭᠤᠷᠢᠨ᠎ᠤ ᠲᠤᠬᠠᠢ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ ᠪᠠ ᠠᠮᠤᠷ ᠲᠦᠪᠱᠢᠨ᠎ᠤ ᠲᠥᠷᠥᠭ᠌ᠳᠡᠯ᠎ᠢ ᠴᠢᠨᠠᠭ᠍ᠰᠢᠳᠠ ᠨᠡᠮᠡᠭ᠌ᠳᠡᠬᠦᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠥᠬᠦ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ ᠵᠠᠮ᠎ᠢ ᠡᠬᠢᠯᠡᠭᠦᠯᠬᠦ᠂ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠭᠦᠨ᠎ᠠ᠃
ᠰᠤᠷᠪᠤᠯᠵᠢᠯᠠᠭ᠍ᠴᠢ᠄ ᠳᠡᠭᠡᠷ᠎ᠡ ᠳᠤᠷᠠᠳᠤᠭ᠍ᠰᠠᠨ ᠰᠡᠳᠭᠢᠴᠡ ᠬᠠᠷᠠᠯᠲᠠ᠎ᠶ᠋ᠢᠨ ᠲᠣᠭᠤᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠎ᠤᠨ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠠᠬᠢ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠬᠤ ᠭᠤᠤᠯ ᠠᠷᠭ᠎ᠠ ᠬᠡᠮᠵᠢᠶ᠎ᠡ᠎ᠪᠠᠨ ᠲᠠᠨᠢᠯᠴᠠᠭᠤᠯᠵᠤ ᠦᠭ᠌ᠬᠦᠨ᠎ᠠ ᠤᠤ?
ᠶᠠᠩ ᠵᠢᠶᠧ᠄ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠳᠤ᠂ ᠪᠦᠬᠦ᠌ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠰᠠᠯᠠᠭ᠎ᠠ ᠮᠦᠴᠢᠷ᠎ᠤᠨ᠎ᠬᠢᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠨ᠂ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠭᠤᠯᠭ᠎ᠠ》 ᠳᠠᠬᠢ ᠠᠮᠢ ᠠᠬᠤᠶ ᠣᠷᠴᠢᠨ ᠲᠤᠭᠤᠷᠢᠨ᠎ᠤ ᠬᠠᠮᠠᠭᠠᠯᠠᠯᠲᠠ᠎ᠶ᠋ᠢᠨ ᠲᠤᠬᠠᠶ ᠡᠯ᠎ᠡ ᠵᠦᠢᠯ᠎ᠤᠨ ᠬᠠᠷᠠᠯᠲᠠ ᠡᠭᠦᠷᠭᠡ᠎ᠶ᠋ᠢᠨ ᠪᠠᠢᠷᠢᠯᠠᠭᠤᠯᠤᠯᠲᠠ᠎ᠲᠠᠢ ᠰᠠᠨᠠᠭᠠᠴᠢᠯᠠᠭ᠎ᠠ᠎ᠠᠴᠠ᠎ᠪᠠᠨ ᠪᠠᠷᠢᠮᠵᠢᠶᠡᠯᠡᠨ ᠬᠠᠷᠭᠤᠭᠤᠯᠵᠤ᠂ ᠮᠠᠨ᠎ᠤ ᠣᠷᠣᠨ᠎ᠤ ᠪᠣᠳᠠᠲᠤ ᠪᠠᠢᠳᠠᠯ᠎ᠲᠠᠢ ᠤᠶᠠᠯᠳᠤᠭᠤᠯᠤᠨ᠂ 《ᠥᠪᠥᠷ ᠮᠣᠩᠭᠤᠯ᠎ᠢ ᠮᠠᠨ᠎ᠤ ᠤᠯᠤᠰ᠎ᠤᠨ ᠤᠮᠠᠷᠠᠲᠤ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠤ ᠴᠢᠬᠤᠯᠠ ᠬᠠᠯᠬᠠᠪᠴᠢ ᠪᠣᠯᠭᠠᠨ ᠪᠥᠲᠥᠭᠡᠨ ᠪᠠᠢᠭᠤᠯᠬᠤ》 ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠵᠤ᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠪᠥᠬᠦ᠌ ᠲᠠᠯ᠎ᠠ᠎ᠪᠠᠷ ᠴᠢᠩᠭᠠᠳᠭᠠᠨ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠲᠤᠯᠬᠤ ᠳᠠᠢᠯᠠᠯᠳᠤᠭᠠᠨ᠎ᠤ 《ᠱᠤᠭᠤᠮ᠎ᠤᠨ ᠵᠢᠷᠤᠭ》 ᠪᠠ 《ᠪᠠᠷᠢᠯᠭ᠎ᠠ᠎ᠶ᠋ᠢᠨ ᠵᠢᠷᠤᠭ》 ᠢ ᠭᠦᠨᠵᠡᠭᠡᠢ ᠰᠠᠢᠳᠤᠷ ᠬᠢᠨ᠎ᠠ᠃ ᠭᠤᠣᠯᠳᠠᠭᠤ ᠳᠣᠣᠷᠠᠬᠢ ᠲᠠᠪᠤᠨ ᠵᠦᠢᠯ᠎ᠤᠨ ᠪᠣᠳᠠᠲᠠᠶ ᠠᠷᠭ᠎ᠠ ᠬᠡᠮᠵᠢᠶ᠎ᠡ ᠠᠪᠴᠤ᠌ ᠠᠵᠢᠯ᠎ᠢᠶᠠᠨ ᠠᠬᠢᠭᠤᠯᠬᠤ ᠪᠤᠯᠤᠨ᠎ᠠ᠃
ᠨᠢᠭᠡ᠎ᠳᠤ᠂ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠭᠦᠨᠵᠡᠭᠡᠢ ᠠᠬᠢᠭᠤᠯᠤᠨ᠎ᠠ᠃ ᠭᠤᠣᠯᠳᠠᠯᠭ᠎ᠠ᠎ᠲᠠᠢ ᠭᠠᠵᠠᠷ ᠣᠷᠣᠨ᠂ ᠭᠤᠣᠯᠳᠠᠯᠭ᠎ᠠ᠎ᠲᠠᠢ ᠠᠵᠢᠯ ᠲᠦᠷᠦᠯ᠂ ᠭᠤᠣᠯᠳᠠᠯᠭ᠎ᠠ᠎ᠲᠠᠢ ᠬᠦᠷᠢᠶ᠎ᠠ ᠴᠠᠷᠠᠭᠠᠨ᠎ᠤ ᠪᠣᠬᠢᠷᠲᠤᠯ᠎ᠢ ᠵᠠᠰᠠᠬᠤ᠎ᠶ᠋ᠢ ᠴᠢᠩᠭᠠᠳᠭᠠᠨ᠎ᠠ᠃ ᠳᠡᠭ᠌ᠳᠡᠮᠡᠬᠡᠢ ᠴᠢᠨᠠᠷᠲᠠᠢ ᠣᠷᠭᠠᠨᠢᠭ ᠪᠣᠳᠠᠰ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠡᠷᠴᠢᠮ᠎ᠢ ᠴᠢᠩᠭᠠᠷᠠᠭᠤᠯᠵᠤ᠂ ᠳᠡᠭ᠌ᠳᠡᠮᠡᠬᠡᠢ ᠴᠢᠨᠠᠷᠲᠠᠢ ᠣᠷᠭᠠᠨᠢᠭ ᠪᠣᠳᠠᠰ᠎ᠤᠨ ᠶᠡᠷᠦᠩᠬᠡᠢ ᠬᠡᠮᠵᠢᠶ᠎ᠡ᠎ᠶ᠋ᠢ ᠪᠠᠭᠠᠰᠭᠠᠵᠤ ᠬᠢᠵᠠᠭᠠᠷᠯᠠᠬᠤ ᠳᠦᠷᠢᠮ᠎ᠢ ᠠᠬᠢᠭᠤᠯᠵᠤ᠂ ᠠᠵᠤ ᠦᠢᠯᠡᠳᠪᠦᠷᠢ᠎ᠶ᠋ᠢᠨ ᠪᠣᠬᠢᠷᠲᠤᠯ᠎ᠤᠨ ᠡᠬᠢ ᠰᠤᠷᠪᠤᠯᠵᠢ᠎ᠶ᠋ᠢ ᠭᠦᠨᠵᠡᠭᠡᠢ ᠵᠠᠰᠠᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ᠃ ᠨᠡᠭᠦᠷᠡᠰᠦ ᠲᠦᠯᠡᠬᠦ᠌ᠠᠴᠠ ᠪᠤᠯᠤᠭ᠍ᠰᠠᠨ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢ ᠴᠢᠩᠭᠠᠳᠭᠠᠨ᠂ ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠶ ᠲᠣᠤᠷ᠎ᠤᠨ ᠬᠠᠮᠤᠷᠬᠤ ᠬᠡᠪᠴᠢᠶᠡᠨ᠎ᠳᠠᠬᠢ ᠨᠡᠭᠦᠷᠡᠰᠦ ᠲᠦᠯᠡᠵᠦ᠍ ᠢᠯᠴᠢ ᠬᠠᠩᠭᠠᠬᠤ ᠭᠦᠸᠧᠯᠦ᠎ᠶ᠋ᠢ ᠡᠮᠬᠢ ᠵᠢᠷᠤᠮ᠎ᠲᠠᠢ᠎ᠪᠠᠷ ᠴᠡᠪᠡᠷᠯᠡᠵᠤ ᠲᠦᠪᠯᠡᠷᠡᠬᠦᠯᠤᠨ ᠢᠯᠴᠢ ᠬᠠᠩᠭᠠᠬᠤ ᠪᠤᠯᠭᠠᠨ᠎ᠠ᠃ ᠮᠠᠱᠢᠨ ᠲᠡᠷᠭᠡ᠂ ᠲᠣᠰᠣ᠂ ᠵᠠᠮ᠎ᠢ ᠶᠡᠷᠦᠩᠬᠡᠢᠯᠡᠨ ᠵᠠᠰᠠᠬᠤ᠎ᠶ᠋ᠢ ᠨᠢᠭᠡᠳᠦᠯᠲᠡᠶ ᠲᠥᠯᠥᠪᠯᠡᠵᠦ᠍᠂ ᠮᠠᠱᠢᠨ ᠲᠡᠷᠭᠡᠨ᠎ᠤ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢ ᠭᠦᠨᠵᠡᠭᠡᠶ ᠠᠬᠢᠭᠤᠯᠤᠨ᠎ᠠ᠃ ᠣᠷᠣᠨ ᠪᠦᠰᠡ᠎ᠶ᠋ᠢ ᠨᠢᠭᠡᠳᠦᠯᠲᠡᠢ ᠲᠥᠯᠥᠪᠯᠡᠬᠦ᠌ ᠪᠠ ᠪᠠᠴᠢᠮ ᠪᠠᠢᠳᠠᠯ᠎ᠢ ᠠᠷᠭᠠᠴᠠᠭᠠᠬᠤ ᠲᠠᠯ᠎ᠠ᠎ᠪᠠᠷ ᠬᠤᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠪᠦᠲᠦᠮᠵᠢᠲᠡᠢ ᠠᠷᠭᠠᠴᠠᠭᠠᠨ᠎ᠠ᠃ ᠬᠦᠯᠡᠮᠵᠢ᠎ᠶ᠋ᠢᠨ ᠬᠡᠢ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠬᠤ᠎ᠶ᠋ᠢ ᠬᠠᠮᠵᠢᠯᠴᠠᠨ ᠠᠬᠢᠭᠤᠯᠵᠤ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠣᠷᠭᠢᠯ᠎ᠳᠤ ᠬᠦᠷᠭᠡᠬᠦ᠌ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠤᠯᠤᠰ᠎ᠤᠨ ᠳᠣᠤᠷ᠎ᠠ ᠨᠡᠭᠦᠷᠡᠰᠦᠲᠥ᠋ᠷᠥᠭ᠌ᠴᠢᠲᠦ ᠬᠤᠲᠠ᠎ᠶ᠋ᠢᠨ ᠲᠤᠷᠱᠢᠯᠲᠠ᠎ᠶ᠋ᠢᠨ ᠴᠡᠭ᠎ᠤᠨ ᠣᠷᠭᠢᠯ᠎ᠳᠤ ᠲᠦᠷᠦᠭᠦᠯᠡᠨ ᠬᠦᠷᠬᠦ᠌᠎ᠶ᠋ᠢ ᠬᠦᠴᠦᠯᠡᠨ ᠠᠬᠢᠭᠤᠯᠵᠤ᠂ 2030 ᠣᠨ᠎ᠠᠴᠠ ᠡᠮᠦᠨ᠎ᠠ ᠪᠥᠬᠦ᠌ ᠤᠯᠤᠰ᠎ᠤᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠣᠷᠭᠢᠯ᠎ᠳᠤ ᠬᠦᠷᠭᠡᠬᠦ᠌᠎ᠳᠤ ᠥᠪᠥᠷ ᠮᠣᠩᠭᠤᠯ᠎ᠤᠨ ᠲᠤᠷᠱᠢᠯᠭ᠎ᠠ᠎ᠶ᠋ᠢ ᠴᠢᠷᠮᠠᠢᠨ ᠬᠠᠩᠭᠠᠨ᠎ᠠ᠃
ᠬᠤᠶᠠᠷ᠎ᠲᠤ᠌᠂ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠦᠨ᠎ᠡ᠃ ᠭᠤᠤᠯ ᠮᠥᠷᠡᠨ ᠨᠠᠭᠤᠷ ᠴᠥᠭᠦᠷᠥᠮ᠎ᠢ ᠶᠡᠷᠦᠩᠬᠡᠢᠯᠡᠨ ᠵᠠᠰᠠᠬᠤ᠎ᠪᠠᠷ ᠭᠤᠤᠯᠳᠠᠭᠤᠯᠤᠨ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠪᠠ ᠤᠰᠤᠨ᠎ᠤ ᠠᠮᠢ ᠠᠬᠤᠶ᠎ᠶ᠋ᠢ ᠬᠠᠮᠠᠭᠠᠯᠠᠬᠤ ᠲᠦᠪᠱᠢᠨ᠎ᠢ ᠳᠡᠭᠡᠭ᠌ᠰᠢᠯᠡᠭᠦᠯᠦᠨ᠎ᠡ᠃ ᠭᠤᠣᠯᠳᠠᠯᠭ᠎ᠠ᠎ᠲᠠᠢ ᠰᠠᠪᠠ ᠭᠠᠵᠠᠷ᠎ᠤᠨ ᠪᠠᠷᠢᠮᠵᠢᠶ᠎ᠠ᠎ᠳᠤ ᠬᠦᠷᠬᠦ᠌ ᠦᠭᠡᠶ ᠤᠰᠤᠨ ᠴᠣᠭ᠍ᠴᠠ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ᠎ᠶ᠋ᠢ ᠴᠢᠩᠭᠠᠳᠭᠠᠵᠤ᠂ ᠴᠠᠭᠠᠰᠤ ᠬᠢᠬᠦ᠂ ᠳᠠᠷᠤᠮᠠᠯᠯᠠᠨ ᠪᠤᠳᠤᠭ᠍ᠯᠠᠬᠤ᠂ ᠬᠢᠮᠢ᠎ᠶ᠋ᠢᠨ ᠠᠵᠤ ᠦᠢᠯᠡᠳᠪᠦᠷᠢ᠂ ᠡᠮ ᠦᠢᠯᠡᠳᠬᠦ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠯᠡᠬᠦᠯᠬᠦ᠌ ᠵᠡᠷᠭᠡ ᠤᠰᠤ᠎ᠲᠠᠢ ᠬᠤᠯᠪᠣᠭ᠍ᠳᠠᠬ᠍ᠰᠠᠨ ᠠᠵᠢᠯ ᠲᠥᠷᠥᠯ᠎ᠤᠨ ᠠᠵᠤ ᠠᠬᠤᠢᠯᠠᠯ᠎ᠢ ᠴᠡᠪᠡᠷᠱᠢᠭᠦᠯᠦᠨ ᠥᠭᠡᠷᠡᠴᠢᠯᠡᠬᠦ᠌ ᠡᠷᠴᠢᠮ᠎ᠢ ᠴᠢᠩᠭᠠᠷᠠᠭᠤᠯᠵᠤ᠂ ᠬᠤᠲᠠ ᠪᠠᠯᠭᠠᠰᠤ᠂ ᠬᠦᠷᠢᠶᠡᠯᠡᠩ ᠲᠣᠭᠤᠷᠢᠭ᠎ᠤᠨ ᠪᠣᠬᠢᠷ ᠤᠰᠤ ᠱᠢᠶᠳᠪᠦᠷᠢᠯᠡᠬᠦ᠌ ᠦᠢᠯᠡᠳᠪᠦᠷᠢ᠎ᠶ᠋ᠢ ᠪᠠᠷᠢᠮᠵᠢᠶ᠎ᠠ᠎ᠳᠤ ᠬᠦᠷᠭᠡᠬᠦ᠌ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠂ ᠤᠷᠤᠨ ᠨᠤᠳᠤᠭ᠎ᠤᠨ ᠪᠤᠳᠠᠳᠤ ᠪᠠᠢᠳᠠᠯ᠎ᠳᠤᠨᠢ ᠲᠣᠬᠢᠷᠠᠭᠤᠯᠤᠨ ᠭᠤᠣᠯ ᠮᠥᠷᠡᠨ ᠲᠠᠭᠠᠤ ᠭᠠᠵᠠᠷ᠎ᠲᠤ 《ᠵᠤᠬᠢᠶᠠᠮᠠᠯ ᠨᠤᠭᠤ ᠭᠠᠵᠠᠷ》 ᠪᠠᠢᠭᠤᠯᠵᠤ᠂ ᠨᠠᠭᠤᠷ ᠪᠦᠷᠢ᠎ᠳᠤ ᠭᠤᠣᠯ ᠮᠦᠷᠡᠨ ᠤᠷᠤᠭᠤ ᠬᠠᠨᠳᠤᠭᠤᠯᠤᠬ᠍ᠰᠠᠨ ᠪᠣᠬᠢᠷᠲᠤᠯ ᠭᠠᠳᠠᠭ᠍ᠰᠢᠯᠠᠭᠤᠯᠬᠤ ᠠᠮᠠ᠎ᠶ᠋ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠠᠬᠢᠭᠤᠯᠤᠨ᠎ᠠ᠃ 《ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠲᠥᠯᠥᠪᠵᠢᠭᠦᠯᠭᠡ》 ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠠᠲᠤᠨ ᠭᠤᠤᠯ᠎ᠤᠨ ᠭᠤᠤᠯ ᠤᠷᠤᠰᠭᠠᠯ᠎ᠤᠨ ᠴᠢᠨᠠᠷ ᠰᠠᠢᠲᠠᠶ ᠤᠰᠤᠨ᠎ᠤ ᠴᠢᠨᠠᠷ᠎ᠢ ᠬᠦᠴᠦᠯᠡᠨ ᠰᠠᠢᠲᠤᠷ ᠬᠠᠮᠠᠭᠠᠯᠠᠵᠤ᠂ ᠰᠠᠪᠠ ᠭᠠᠵᠠᠷ᠎ᠤᠨ ᠬᠡᠪᠴᠢᠶᠡᠨ᠎ᠳᠠᠬᠢ ᠮᠠᠭᠤ V ᠲᠥᠷᠥᠯ᠎ᠤᠨ ᠤᠰᠤᠨ ᠴᠣᠭ᠍ᠴᠠ᠎ᠶ᠋ᠢ ᠴᠡᠪᠡᠷᠱᠢᠬᠦᠯᠦᠨᠠ᠃ ᠦᠵᠡᠰᠭᠦᠯᠡᠩᠲᠦ ᠰᠠᠢᠬᠠᠨ ᠭᠤᠣᠯ ᠮᠥᠷᠡᠨ ᠨᠠᠭᠤᠷ ᠴᠥᠭᠦᠷᠥᠮ᠎ᠤᠨ ᠪᠦᠳᠦᠬᠡᠨ ᠪᠠᠢᠭᠤᠯᠤᠯᠳᠠ᠎ᠶ᠋ᠢᠨ ᠲᠦᠷᠬᠡᠳᠭᠡᠨ ᠬᠦᠯᠦᠨ ᠨᠠᠭᠤᠷ᠂ ᠲᠠᠭ᠎ᠠ᠎ᠶ᠋ᠢᠨ ᠨᠠᠭᠤᠷ ᠤᠯᠠᠭᠠᠨᠰᠤᠬᠠᠢ᠎ᠶ᠋ᠢᠨ ᠠᠮᠢ ᠠᠬᠤᠢ ᠣᠷᠴᠢᠨ ᠲᠣᠭᠤᠷᠢᠨ᠎ᠤ ᠶᠡᠷᠦᠩᠬᠡᠢᠯᠡᠭ᠌ᠰᠡᠨ ᠵᠠᠰᠠᠯᠲᠠ᠎ᠶ᠋ᠢ ᠦᠨᠡᠨ ᠬᠦ᠌ ᠴᠢᠩᠭᠠᠳᠭᠠᠵᠤ᠂ 《ᠨᠢᠭᠡ ᠨᠠᠭᠤᠷ᠎ᠲᠤ ᠨᠢᠭᠡ ᠠᠷᠭ᠎ᠠ ᠪᠤᠳᠤᠯᠭ᠎ᠠ》 ᠠᠪᠴᠦ᠍ ᠪᠠᠢᠭᠠᠳ ᠲᠠᠯᠠᠢᠨᠠᠭᠤᠷ᠂ ᠬᠠᠷ᠎ᠠ ᠤᠰᠤ ᠨᠠᠭᠤᠷ᠂ ᠰᠤᠪᠨᠠᠭᠤᠷ ᠵᠡᠷᠭᠡ ᠨᠠᠭᠤᠷ ᠴᠥᠭᠦᠷᠥᠮ᠎ᠤᠨ ᠵᠠᠰᠠᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠲᠤᠰᠭᠠᠢ ᠤᠷᠤᠨ᠎ᠤ ᠲᠠᠰ᠎ᠤᠨ ᠬᠤᠲᠠ᠎ᠶ᠋ᠢᠨ ᠪᠣᠬᠢᠷ ᠦᠮᠡᠬᠡᠶ ᠤᠰᠤᠨ ᠴᠣᠭ᠍ᠴᠠ᠎ᠶ᠋ᠢ ᠵᠠᠰᠠᠭ᠍ᠰᠠᠨ ᠦᠷ᠎ᠡ ᠪᠦᠲᠦᠭᠡᠯ᠎ᠢ ᠪᠠᠬᠢᠵᠢᠭᠦᠯᠦᠨ ᠳᠡᠭᠡᠭ᠌ᠰᠢᠯᠡᠭᠦᠯᠵᠦ᠍᠂ ᠬᠤᠱᠢᠭᠤ ᠱᠢᠶᠠᠨ᠎ᠤ ᠱᠠᠲᠤ ᠵᠢᠴᠢ ᠲᠡᠭᠦᠨ᠎ᠠᠴᠠ ᠳᠡᠭᠡᠭ᠌ᠰᠢᠬᠢ ᠲᠤᠭᠤᠷᠢᠭ ᠪᠠᠢᠭᠤᠯᠤᠭ᠍ᠰᠠᠨ ᠬᠤᠳᠠ᠎ᠶ᠋ᠢᠨ ᠪᠣᠬᠢᠷ ᠦᠮᠡᠬᠡᠶ ᠤᠰᠤᠨ ᠴᠣᠭ᠍ᠴᠠ᠎ᠶ᠋ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠦᠨ᠎ᠡ᠃ ᠤᠤᠭᠤᠬᠤ ᠤᠰᠤᠨ᠎ᠤ ᠡᠬᠢ ᠰᠤᠷᠪᠤᠯᠵᠢ᠎ᠶ᠋ᠢᠨ ᠬᠠᠮᠠᠭᠠᠯᠠᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠬᠤᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠬᠤᠲᠠ᠎ᠶ᠋ᠢᠨ ᠤᠤᠭᠤᠬᠤ ᠤᠰᠤᠨ᠎ᠤ ᠡᠬᠢ ᠰᠤᠷᠪᠤᠯᠵᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠢ ᠵᠢᠷᠤᠮᠵᠢᠭᠤᠯᠤᠨ ᠪᠦᠳᠦᠬᠡᠨ ᠪᠠᠢᠭᠤᠯᠵᠤ᠂ ᠮᠢᠩᠭᠠᠨ ᠬᠥᠮᠦᠨ᠎ᠠᠴᠠ ᠳᠡᠭᠡᠭ᠌ᠰᠢᠬᠢ ᠱᠢᠶᠠᠩ ᠪᠠᠯᠭᠠᠰᠤ᠂ ᠬᠥᠳᠡᠭᠡ ᠲᠣᠰᠭᠤᠨ᠎ᠤ ᠱᠠᠲᠤᠨ᠎ᠤ ᠤᠤᠭᠤᠬᠤ ᠤᠰᠤᠨ᠎ᠤ ᠡᠬᠢ ᠰᠤᠷᠪᠤᠯᠵᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠢ ᠬᠤᠪᠢᠶᠠᠷᠢᠯᠠᠨ ᠲᠣᠭ᠍ᠲᠠᠭᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠤᠤᠭᠤᠬᠤ ᠤᠰᠤᠨ᠎ᠤ ᠠᠮᠤᠷ ᠲᠦᠪᠱᠢᠨ᠎ᠢ ᠪᠠᠲᠤᠯᠠᠬᠤ ᠲᠦᠪᠱᠢᠨ᠎ᠢ ᠦᠨᠡᠨ ᠬᠦ᠌ ᠳᠡᠭᠡᠭ᠌ᠰᠢᠯᠡᠭᠦᠯᠦᠨ᠎ᠡ᠃
ᠭᠤᠷᠪᠠ᠎ᠳᠤ᠂ ᠬᠥᠷᠥᠰᠥ᠍ ᠱᠢᠷᠣᠢ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠦᠨᠡᠨ ᠬᠦ᠌ ᠴᠢᠩᠭᠠᠳᠭᠠᠨ᠎ᠠ᠃ 《ᠬᠠᠮᠠᠭᠠᠯᠠᠬᠤ》 《ᠰᠡᠷᠭᠡᠢᠯᠡᠬᠦ᠌》 《ᠬᠠᠮᠢᠶᠠᠷᠤᠨ ᠡᠵᠡᠮᠳᠡᠬᠦ᠌》 《ᠰᠡᠷᠭᠦᠭᠡᠬᠦ᠌》 ᠳᠥᠷᠪᠡᠨ ᠶᠡᠭᠡ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠦᠨ᠎ᠡ᠃ ᠠᠬᠤᠶ ᠪᠠᠢᠳᠠᠯ ᠠᠨᠠᠢ᠂ ᠠᠶᠤᠯ ᠲᠦᠭ᠌ᠰᠢᠭᠦᠷᠢ ᠶᠡᠬᠡᠲᠡᠶ ᠣᠷᠣᠨ ᠪᠦᠰᠡ᠎ᠶ᠋ᠢᠨ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ ᠱᠢᠷᠤᠢ᠎ᠶ᠋ᠢ ᠭᠦᠨᠵᠡᠭᠡᠶ ᠪᠠᠢᠴᠠᠭᠠᠬᠤ ᠪᠠ ᠬᠢᠨᠠᠨ ᠬᠡᠮᠵᠢᠵᠤ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠂ ᠠᠶᠤᠯᠲᠠᠶ ᠬᠠᠶᠠᠭ᠍ᠳᠠᠮᠠᠯ ᠪᠣᠳᠠᠰ ᠪᠣᠯᠤᠨ ᠬᠥᠷᠥᠰᠥ᠍ ᠱᠢᠷᠣᠶ᠎ᠶ᠋ᠢᠨ ᠣᠷᠴᠢᠨ ᠲᠣᠭᠤᠷᠢᠨ᠂ ᠭᠠᠵᠠᠷ ᠳᠣᠤᠷᠠᠬᠢ ᠤᠰᠤᠨ᠎ᠤ ᠣᠷᠴᠢᠨ ᠲᠣᠭᠤᠷᠢᠨ᠎ᠤ ᠬᠤᠭᠤᠷᠣᠨᠳᠣᠬᠢ ᠵᠤᠬᠢᠴᠠᠭᠤᠯᠤᠯ ᠡᠵᠡᠮᠳᠡᠯ᠎ᠢ ᠤᠯᠠᠮ ᠨᠢᠭᠡ ᠠᠯᠬᠤᠮ ᠠᠬᠢᠭᠤᠯᠤᠨ᠎ᠠ᠃ ᠪᠣᠬᠢᠷᠲᠤᠭ᠍ᠰᠠᠨ ᠭᠠᠵᠠᠷ᠎ᠤᠨ ᠪᠥᠬᠦ᠌ ᠠᠮᠢ ᠨᠠᠰᠤᠨ᠎ᠤ ᠦᠶᠡᠯᠡᠯ᠎ᠤᠨ ᠣᠷᠴᠢᠨ ᠲᠣᠭᠤᠷᠢᠨ᠎ᠤ ᠬᠠᠮᠢᠶᠠᠷᠤᠯᠲᠠ᠎ᠶ᠋ᠢᠨ ᠱᠢᠰᠲ᠋ᠧᠮ᠎ᠢ ᠪᠥᠬᠦ᠌ ᠲᠠᠯ᠎ᠠ᠎ᠪᠠᠷ ᠭᠦᠨᠵᠡᠭᠡᠢ ᠴᠤᠭ᠍ᠴᠠᠯᠠᠵᠤ᠂ ᠲᠥᠷ ᠨᠡᠭᠡᠭᠡᠨ ᠠᠱᠢᠬ᠍ᠯᠠᠬᠤ ᠥᠭᠡᠢ ᠭᠠᠵᠠᠷ ᠪᠣᠯᠤᠨ ᠣᠳᠣᠬᠠᠨ᠎ᠳᠤ ᠵᠠᠰᠠᠨ ᠰᠡᠷᠭᠦᠭᠡᠬᠦ᠌ ᠮᠡᠷᠭᠡᠵᠢᠯ᠎ᠨᠢ ᠪᠤᠯᠪᠠᠰᠤᠷᠠᠩᠭᠤᠢ ᠪᠢᠰᠢ ᠪᠠᠢᠭ᠎ᠠ ᠪᠣᠬᠢᠷᠲᠤᠭ᠍ᠰᠠᠨ ᠭᠠᠵᠠᠷ᠎ᠤᠨ ᠬᠡᠰᠡᠭ᠎ᠲᠤ ᠠᠶᠤᠯ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌᠎ᠶ᠋ᠢ ᠭᠤᠣᠯᠳᠠᠯᠭ᠎ᠠ᠎ᠲᠠᠢ ᠬᠡᠷᠡᠭ᠌ᠵᠢᠭᠦᠯᠦᠨ᠎ᠡ᠃ ᠬᠦᠨᠳᠦ ᠲᠡᠮᠦᠷᠯᠢᠭ᠎ᠤᠨ ᠪᠣᠬᠢᠷᠲᠤᠯ ᠭᠠᠳᠠᠭ᠍ᠰᠢᠯᠠᠭᠤᠯᠬᠤ ᠶᠡᠷᠦᠩᠬᠡᠶ ᠬᠡᠮᠵᠢᠶ᠎ᠡ᠎ᠶ᠋ᠢ ᠬᠢᠵᠠᠭᠠᠷᠯᠠᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠬᠦᠨᠳᠦ ᠲᠡᠮᠦᠷᠯᠢᠭ᠎ᠲᠤ ᠬᠤᠯᠪᠣᠭ᠍ᠳᠠᠬ᠍ᠰᠠᠨ ᠭᠤᠣᠯᠳᠠᠯᠭ᠎ᠠ᠎ᠲᠠᠢ ᠠᠵᠤ ᠠᠬᠤᠢᠯᠠᠯ᠎ᠤᠨ ᠭᠠᠳᠠᠭ᠍ᠰᠢᠯᠠᠭᠤᠯᠤᠯᠳᠠ᠎ᠶ᠋ᠢ ᠪᠦᠬᠦ᠌ ᠲᠠᠯ᠎ᠠ᠎ᠪᠠᠷ ᠪᠠᠷᠢᠮᠵᠢᠶ᠎ᠠ᠎ᠳᠤ ᠬᠦᠷᠬᠡᠬᠦ᠌᠎ᠶ᠋ᠢ ᠠᠬᠢᠭᠤᠯᠵᠤ᠂ ᠭᠤᠣᠯᠳᠠᠯᠭ᠎ᠠ᠎ᠲᠠᠢ ᠣᠷᠣᠨ ᠪᠦᠰᠡ᠎ᠶ᠋ᠢᠨ ᠲᠤᠭᠤᠯᠭ᠎ᠠ᠂ ᠮᠥᠩᠭᠦᠨ ᠤᠰᠤ᠂ ᠺᠠᠳ᠋ᠮᠢ᠂ ᠾᠷᠣᠮ᠂ ᠠᠷᠰᠧᠨ ᠵᠡᠷᠭᠡ ᠬᠦᠨᠳᠦ ᠲᠡᠮᠦᠷᠯᠢᠭ᠎ᠤᠨ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢ ᠬᠦᠴᠦᠯᠡᠨ ᠴᠢᠩᠭᠠᠳᠭᠠᠨ᠎ᠠ᠃ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠬᠠᠮᠢᠶ᠎ᠠ ᠪᠦᠬᠦᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠠᠵᠢᠯ᠎ᠢ ᠪᠦᠲᠦᠮᠵᠢᠲᠡᠢ ᠰᠠᠢᠲᠤᠷ ᠬᠢᠵᠦ᠍᠂ ᠡᠮᠴᠢᠯᠡᠭᠡᠨ᠎ᠤ ᠬᠠᠶᠠᠭ᠍ᠳᠠᠮᠠᠯ ᠪᠣᠳᠠᠰ᠂ ᠬᠠᠶᠠᠭ᠍ᠳᠠᠮᠠᠯ ᠤᠰᠤ ᠵᠡᠷᠭᠡ᠎ᠶ᠋ᠢ ᠱᠢᠢᠳᠪᠦᠷᠢᠯᠡᠬᠦ᠌ ᠣᠷᠴᠢᠨ ᠲᠣᠭᠤᠷᠢᠨ᠎ᠤ ᠬᠢᠨᠠᠨ ᠬᠠᠮᠢᠶᠠᠷᠤᠯᠲᠠ᠎ᠶ᠋ᠢ ᠴᠢᠩᠭᠠᠳᠭᠠᠨ᠂ ᠡᠮᠴᠢᠯᠡᠭᠡᠨ᠎ᠤ ᠬᠠᠶᠠᠭ᠍ᠳᠠᠮᠠᠯ ᠪᠣᠳᠠᠰ᠎ᠢ ᠱᠢᠢᠳᠪᠦᠷᠢᠯᠡᠬᠦ᠌ ᠲᠥᠬᠦᠭᠡᠷᠦᠮᠵᠢ᠎ᠶ᠋ᠢᠨ ᠳᠤᠲᠠᠭᠤᠳᠠᠯ᠎ᠢ ᠲᠦᠷᠭᠡᠳᠭᠡᠨ ᠨᠦᠬᠦᠪᠤᠷᠢᠯᠡᠨ᠎ᠠ᠃ ᠡᠩ᠎ᠤᠨ ᠠᠵᠤ ᠦᠶᠯᠡᠳᠪᠦᠷᠢ᠎ᠶ᠋ᠢᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠣᠪᠣᠭᠠᠯᠠᠨ ᠬᠠᠳᠠᠭᠠᠯᠠᠬᠤ ᠲᠠᠯᠠᠪᠤᠷ ᠭᠠᠵᠠᠷ᠎ᠤᠨ ᠣᠷᠴᠢᠨ ᠲᠣᠭᠤᠷᠢᠨ᠎ᠢ ᠴᠡᠭ᠌ᠴᠡᠯᠡᠨ ᠵᠠᠰᠠᠬᠤ᠎ᠶ᠋ᠢ ᠦᠷᠭᠦᠯᠵᠢᠯᠡᠨ ᠠᠬᠢᠭᠤᠯᠵᠤ᠂ ᠠᠶᠤᠯᠲᠠᠶ ᠬᠠᠶᠠᠭ᠍ᠳᠠᠮᠠᠯ ᠪᠣᠳᠠᠰ ᠪᠣᠶ ᠪᠣᠯᠬᠤ᠂ ᠴᠤᠭ᠍ᠯᠠᠭᠤᠯᠬᠤ᠂ ᠬᠠᠳᠠᠭᠠᠯᠠᠬᠤ᠂ ᠱᠢᠯᠵᠢᠭᠦᠯᠬᠦ᠂ ᠠᠱᠢᠬ᠍ᠯᠠᠬᠤ᠂ ᠱᠢᠶᠳᠪᠦᠷᠢᠯᠡᠬᠦ᠌ ᠪᠥᠬᠦ᠌ ᠶᠠᠪᠤᠴᠠ᠎ᠶ᠋ᠢ ᠴᠢᠩᠭ᠎ᠠ ᠬᠢᠨᠠᠨ ᠬᠠᠮᠢᠶᠠᠷᠤᠨ᠎ᠠ᠃ 《ᠬᠠᠶᠠᠭ᠍ᠳᠠᠮᠠᠯ ᠪᠣᠳᠠᠰ ᠥᠬᠡᠶ ᠬᠤᠲᠠ》 ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠴᠡᠭ᠎ᠢ ᠦᠷᠭᠦᠯᠵᠢᠯᠡᠨ ᠬᠡᠷᠡᠭ᠌ᠵᠢᠭᠦᠯᠵᠦ᠍᠂ 《ᠬᠠᠷᠢ᠎ᠶ᠋ᠢᠨ ᠬᠤᠭ ᠨᠣᠪᠰᠢ》 ᠶ᠋ᠢ ᠬᠢᠯᠢ᠎ᠳᠤ ᠣᠷᠣᠭᠤᠯᠬᠤ᠎ᠶ᠋ᠢ ᠴᠢᠩᠭ᠎ᠠ ᠴᠠᠭᠠᠵᠠᠯᠠᠨ᠂ ᠬᠤᠤᠷ ᠬᠥᠨᠥᠭᠡᠯ᠎ᠲᠠᠢ ᠬᠢᠮᠢ᠎ᠶ᠋ᠢᠨ ᠪᠣᠳᠠᠰ᠎ᠤᠨ ᠣᠷᠴᠢᠨ ᠲᠣᠭᠤᠷᠢᠨ᠎ᠤ ᠠᠶᠤᠯ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠌ ᠪᠠ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠭᠠᠵᠤ᠂ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠂ ᠠᠮᠢ ᠠᠬᠤᠶ ᠣᠷᠴᠢᠨ ᠲᠣᠭᠤᠷᠢᠨ᠎ᠤ ᠠᠮᠤᠷ ᠲᠦᠪᠱᠢᠨ᠎ᠢ ᠦᠨᠡᠨ ᠬᠦ᠌ ᠪᠠᠲᠤᠯᠠᠨ᠎ᠠ᠃ ᠬᠥᠳᠡᠭᠡ ᠲᠣᠰᠭᠤᠨ᠎ᠤ ᠣᠷᠴᠢᠨ ᠲᠣᠭᠤᠷᠢᠨ᠎ᠢ ᠶᠡᠷᠦᠩᠬᠡᠢᠯᠡᠨ ᠴᠡᠭ᠌ᠴᠡᠯᠡᠨ ᠵᠠᠰᠠᠬᠤ ᠪᠠ ᠠᠮᠢᠳᠤᠷᠠᠯ᠎ᠤᠨ ᠪᠣᠬᠢᠷ ᠤᠰᠤ᠎ᠶ᠋ᠢ ᠵᠠᠰᠠᠬᠤ ᠠᠵᠢᠯ᠎ᠢ ᠭᠦᠨᠵᠡᠭᠡᠶ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ᠎ᠤ ᠣᠷᠣᠱᠢᠨ ᠰᠠᠭᠤᠷᠢᠱᠢᠬᠤ ᠣᠷᠴᠢᠨ ᠲᠣᠭᠤᠷᠢᠨ᠎ᠢ ᠰᠠᠢᠵᠢᠷᠠᠭᠤᠯᠤᠨ᠎ᠠ᠃
ᠳᠥᠷᠪᠡ᠎ᠳᠤ᠂ ᠪᠠᠢᠭᠠᠯᠢ᠎ᠶ᠋ᠢᠨ ᠠᠮᠢ ᠠᠬᠤᠶ᠎ᠶ᠋ᠢᠨ ᠬᠠᠮᠠᠭᠠᠯᠠᠯᠲᠠ ᠪᠠ ᠬᠢᠨᠠᠯᠲᠠ ᠬᠠᠮᠢᠶᠠᠷᠤᠯᠲᠠ᠎ᠶ᠋ᠢ ᠪᠥᠬᠦ᠌ ᠲᠠᠯ᠎ᠠ᠎ᠪᠠᠷ ᠴᠢᠩᠭᠠᠳᠭᠠᠨ᠎ᠠ᠃ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠬᠢᠨᠠᠨ ᠬᠠᠮᠢᠶᠠᠷᠬᠤ ᠡᠭᠦᠷᠭᠡ ᠴᠢᠳᠠᠪᠬᠢ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠪᠠ ᠡᠯ᠎ᠡ ᠠᠢᠮᠠᠭ ᠬᠤᠳᠠ᠎ᠶ᠋ᠢᠨ ᠬᠡᠷᠡᠭ᠌ᠵᠢᠭᠦᠯᠦᠭ᠌ᠰᠡᠨ ᠪᠠᠢᠳᠠᠯ᠎ᠢ ᠦᠨᠡᠯᠡᠨ ᠵᠢᠱ᠌ᠢᠵᠦ᠍ ᠬᠢᠨᠠᠨ ᠱᠢᠯᠭᠠᠬᠤ ᠠᠵᠢᠯ᠎ᠢ ᠴᠢᠩᠭ᠎ᠠ ᠥᠷᠨᠢᠭᠦᠯᠦᠨ᠎ᠡ᠃ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ᠎ᠲᠤ ᠬᠠᠤᠯᠢ ᠬᠡᠷᠡᠭ᠌ᠵᠢᠬᠦᠯᠵᠤ ᠬᠢᠨᠠᠨ ᠬᠠᠮᠢᠶᠠᠷᠬᠤ᠎ᠶ᠋ᠢ ᠴᠢᠩᠭᠠᠳᠭᠠᠵᠤ᠂ ᠠᠮᠢ ᠠᠬᠤᠶ᠎ᠶ᠋ᠢ ᠡᠪᠳᠡᠵᠤ ᠬᠠᠤᠯᠢ᠎ᠠᠴᠠ ᠵᠥᠷᠢᠴᠡᠭ᠌ᠰᠡᠨ ᠡᠯ᠎ᠡ ᠵᠦᠢᠯ᠎ᠤᠨ ᠠᠵᠢᠯᠯᠠᠭ᠎ᠠ᠎ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭ᠌ᠭᠦᠨ᠎ᠡ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠪᠠᠢᠴᠠᠭᠠᠯᠲᠠ᠂ ᠬᠢᠨᠠᠨ ᠬᠡᠮᠵᠢᠯᠲᠡ ᠪᠠ ᠦᠨᠡᠯᠡᠨ ᠵᠢᠱ᠌ᠢᠯᠲᠡ᠎ᠶ᠋ᠢ ᠭᠦᠨᠵᠡᠭᠡᠢ ᠥᠷᠨᠢᠭᠦᠯᠵᠦ᠍᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭᠠᠯᠠᠯᠲᠠ᠎ᠶ᠋ᠢ ᠴᠢᠩᠭᠠᠳᠭᠠᠨ᠎ᠠ᠃ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠵᠤ ᠡᠭᠦᠳᠦᠨ ᠪᠠᠢᠭᠤᠯᠬᠤ ᠠᠵᠢᠯ᠎ᠢ ᠴᠢᠩᠭᠠᠳᠭᠠᠵᠤ᠂ ᠤᠯᠤᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠬᠤᠲᠠ ᠱᠢᠶᠠᠨ ᠪᠤᠯᠤᠨ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠦᠨ》 ᠭᠡᠬᠦ᠌ ᠦᠶᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ᠎ᠢ ᠡᠭᠦᠳᠦᠨ ᠪᠠᠢᠭᠤᠯᠬᠤ ᠠᠵᠢᠯ᠎ᠢ ᠦᠷᠭᠦᠯᠵᠢᠯᠡᠨ ᠵᠣᠬᠢᠶᠠᠨ ᠪᠠᠢᠭᠤᠯᠤᠨ ᠥᠷᠨᠢᠭᠦᠯᠵᠦ᠍᠂ ᠨᠡᠢᠲᠡᠯᠢᠭ ᠵᠢᠱ᠌ᠢᠶ᠎ᠡ ᠦᠵᠡᠭᠦᠯᠬᠦ᠌ ᠦᠶᠯᠡᠳᠦᠯ᠎ᠢ ᠭᠦᠶᠴᠡᠳ ᠪᠠᠳᠠᠷᠠᠭᠤᠯᠤᠨ᠂ ᠪᠥᠬᠦ᠌ ᠣᠷᠣᠨ᠎ᠤ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠪᠦᠬᠦᠯᠢ ᠴᠣᠭ᠍ᠴᠠ᠎ᠶ᠋ᠢᠨ ᠲᠦᠪᠱᠢᠨ᠎ᠢ ᠳᠠᠢᠴᠢᠯᠠᠨ ᠳᠡᠭᠡᠭ᠌ᠰᠢᠯᠡᠭᠦᠯᠦᠨ᠎ᠡ᠃
ᠲᠠᠪᠤ᠎ᠳᠤ᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠲᠦᠷᠢᠮ᠎ᠤᠨ ᠱᠢᠰᠲ᠋ᠧᠮ᠎ᠢ ᠲᠡᠬᠦᠯᠳᠡᠷᠵᠢᠬᠦᠯᠦᠨ᠎ᠠ᠃ 《ᠣᠲᠣ ᠦᠶ᠎ᠡ᠎ᠶ᠋ᠢᠨ ᠠᠮᠢ ᠠᠬᠤᠶ ᠣᠷᠴᠢᠨ ᠲᠣᠭᠤᠷᠢᠨ᠎ᠤ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ ᠲᠤᠬᠠᠶ ᠬᠡᠷᠡᠭ᠌ᠵᠢᠭᠦᠯᠬᠦ᠌ ᠲᠥᠰᠦᠯ》 ᠢ ᠭᠦᠨᠵᠡᠭᠡᠶ ᠨᠠᠢᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠤᠷᠢᠨ᠎ᠤ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠤᠨ᠎ᠠ᠃ 《ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ᠎ᠤ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠠᠷᠢᠭᠤᠴᠠᠯᠭ᠎ᠠ᠎ᠶ᠋ᠢᠨ ᠨᠠᠷᠢᠨ ᠲᠠᠩᠰᠠ》 ᠶ᠋ᠢ ᠴᠢᠩᠭ᠎ᠠ ᠬᠡᠷᠡᠭ᠌ᠵᠢᠭᠦᠯᠵᠦ᠍᠂ ᠠᠮᠢ ᠠᠬᠤᠶ ᠣᠷᠴᠢᠨ ᠲᠣᠭᠤᠷᠢᠨ᠎ᠤ ᠵᠠᠰᠠᠯᠲᠠ᠎ᠳᠤ ᠥᠪᠡᠷᠲᠡᠭᠡᠨ ᠵᠠᠰᠠᠬᠤ ᠣᠷᠣᠨ ᠶᠡᠷᠦᠩᠬᠡᠶ ᠬᠠᠷᠢᠭᠤᠴᠠᠯᠭ᠎ᠠ ᠡᠭᠦᠷᠭᠡᠯᠡᠬᠦ᠂ ᠠᠢᠮᠠᠭ ᠬᠤᠲᠠ (ᠬᠤᠱᠢᠭᠤ ᠱᠢᠶᠠᠨ ᠬᠤᠲᠠ ᠲᠣᠭᠤᠷᠢᠭ) ᠪᠣᠳᠠᠲᠠᠶ ᠨᠠᠢᠳᠠᠪᠤᠷᠢᠵᠢᠭᠤᠯᠤᠯᠲᠠ᠎ᠶ᠋ᠢ ᠠᠳᠭᠤᠬᠤ ᠠᠵᠢᠯ᠎ᠤᠨ ᠲᠣᠭ᠍ᠲᠠᠴᠠ᠎ᠶ᠋ᠢ ᠲᠠᠰᠤᠷᠠᠯᠲᠠ ᠥᠬᠡᠶ ᠴᠢᠩᠭᠠᠳᠭᠠᠨ᠎ᠠ᠃ 《ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠢᠨᠠᠨ ᠪᠠᠢᠴᠠᠭᠠᠬᠤ ᠠᠵᠢᠯ᠎ᠤᠨ ᠬᠡᠷᠡᠭ᠌ᠵᠢᠭᠦᠯᠬᠦ᠌ ᠠᠷᠭ᠎ᠠ》 ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠪᠠᠲᠤᠳᠭᠠᠨ᠂ ᠠᠮᠢ ᠠᠬᠤᠶ ᠣᠷᠴᠢᠨ ᠲᠣᠭᠤᠷᠢᠨ᠎ᠤ ᠲᠣᠪᠤᠢᠮ᠎ᠠ ᠠᠰᠠᠭᠤᠳᠠᠯ᠎ᠢ ᠱᠢᠶᠳᠪᠦᠷᠢᠯᠡᠨᠡ᠃ ᠲᠠᠯᠪᠢᠬᠤ ᠬᠠᠮᠢᠶᠠᠷᠬᠤ᠎ᠶ᠋ᠢ ᠤᠶᠠᠯᠳᠤᠭᠤᠯᠬᠤ᠂ ᠤᠢ᠍ᠢᠯᠡᠴᠢᠯᠡᠭᠡ᠎ᠶ᠋ᠢ ᠱᠢᠯᠢᠳᠡᠭ᠌ᠵᠢᠬᠦᠯᠬᠦ᠌ ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠵᠤ᠂ ᠣᠷᠴᠢᠨ ᠲᠣᠭᠤᠷᠢᠨ᠎ᠤ ᠦᠨᠡᠯᠡᠯᠲᠡ᠎ᠶ᠋ᠢ ᠬᠢᠨᠠᠨ ᠵᠥᠪᠱᠢᠶᠡᠷᠡᠬᠦ᠌ ᠪᠠ ᠬᠢᠨᠠᠯᠲᠠ ᠲᠠᠯᠪᠢᠵᠤ ᠬᠠᠤᠯᠢ ᠬᠡᠷᠡᠭ᠌ᠵᠢᠭᠦᠯᠬᠦ᠌ 《ᠬᠤᠶᠠᠷ ᠵᠥᠪ ᠲᠠᠯ᠎ᠠ᠎ᠶ᠋ᠢᠨ ᠨᠠᠷᠢᠨ ᠲᠠᠩᠰᠠ》 ᠶ᠋ᠢᠨ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠳᠦᠷᠢᠮᠵᠢᠬᠦᠯᠦᠨᠠ᠃ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠲᠥᠷᠥᠯ ᠵᠦᠢᠯ᠎ᠤᠨ ᠣᠷᠴᠢᠨ ᠲᠣᠭᠤᠷᠢᠨ᠎ᠤ ᠦᠨᠡᠯᠡᠯᠲᠡ᠎ᠶ᠋ᠢ ᠬᠢᠨᠠᠨ ᠵᠥᠪᠱᠢᠶᠡᠷᠡᠬᠦ᠌ ᠲᠠᠩᠰᠠ᠎ᠶ᠋ᠢᠨ ᠬᠠᠮᠢᠶᠠᠷᠤᠯᠲᠠ᠎ᠶ᠋ᠢᠨ ᠠᠷᠭ᠎ᠠ᠎ᠶ᠋ᠢ ᠬᠡᠷᠡᠭ᠌ᠵᠢᠭᠦᠯᠵᠦ᠍᠂ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠱᠠᠭᠠᠷᠳᠠᠯᠭ᠎ᠠ᠎ᠳᠤ ᠨᠡᠢᠴᠡᠭ᠌ᠰᠡᠨ ᠲᠥᠷᠥᠯ ᠵᠦᠢᠯ᠎ᠳᠤ ᠰᠠᠭᠠᠳ ᠥᠬᠡᠶ ᠨᠡᠪᠲᠡᠷᠡᠬᠦ᠌ ᠵᠠᠮ᠎ᠢ ᠨᠡᠭᠡᠭᠡᠵᠤ ᠦᠭ᠌ᠬᠦᠨ᠎ᠠ᠃ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠣᠷᠴᠢᠨ ᠲᠣᠭᠤᠷᠢᠨ᠎ᠤ ᠶᠠᠰᠤ ᠴᠢᠨᠠᠷ᠎ᠤᠨ ᠬᠤᠷᠢᠭ᠎ᠠ ᠱᠤᠭᠤᠮ᠂ ᠡᠬᠢ ᠪᠠᠶᠠᠯᠢᠭ᠎ᠤᠨ ᠠᠱᠢᠬ᠍ᠯᠠᠯᠳᠠ᠎ᠶ᠋ᠢᠨ ᠳᠡᠭᠡᠳᠦ ᠱᠤᠭᠤᠮ ᠪᠤᠯᠤᠨ ᠠᠮᠢ ᠠᠬᠤᠶ ᠣᠷᠴᠢᠨ ᠲᠣᠭᠤᠷᠢᠨ᠎ᠤ ᠵᠥᠪᠱᠢᠶᠡᠷᠡᠨ ᠣᠷᠣᠭᠤᠯᠬᠤ ᠨᠠᠷᠢᠨ ᠲᠠᠩᠰᠠ᠎ᠶ᠋ᠢ ᠪᠥᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠠᠮᠢ ᠠᠬᠤᠶ ᠣᠷᠴᠢᠨ ᠲᠣᠭᠤᠷᠢᠨ᠎ᠢ ᠲᠤᠭᠤᠷᠢᠭ ᠬᠤᠪᠢᠶᠠᠨ ᠬᠠᠮᠢᠶᠠᠷᠤᠨ ᠡᠵᠡᠮᠳᠡᠬᠦ᠌ ᠲᠦᠷᠢᠮ᠎ᠢ ᠨᠠᠷᠢᠯᠢᠭ᠍ᠵᠢᠭᠤᠯᠤᠨ ᠪᠠᠢᠭᠤᠯᠤᠨ᠎ᠠ᠃ ᠬᠠᠤᠯᠢ ᠶᠤᠰᠤᠭᠠᠷ ᠠᠮᠢ ᠠᠬᠤᠶ ᠣᠷᠴᠢᠨ ᠲᠣᠭᠤᠷᠢᠨ᠎ᠤ ᠲᠤᠭ᠎ᠠ ᠪᠦᠷᠢᠳᠭᠡᠯ᠎ᠤᠨ ᠥᠭᠡᠷᠡᠴᠢᠯᠡᠯᠲᠡ᠎ᠶ᠋ᠢ ᠠᠬᠢᠭᠤᠯᠵᠤ᠂ ᠬᠢᠨᠠᠨ ᠬᠡᠮᠵᠢᠯᠳᠡ᠎ᠶ᠋ᠢᠨ ᠲᠤᠭ᠎ᠠ ᠪᠠᠷᠢᠮᠲᠠ᠎ᠶ᠋ᠢ ᠬᠤᠳᠠᠯ ᠬᠠᠭᠤᠷᠮᠠᠭ᠎ᠢᠶᠠᠷ ᠵᠣᠬᠢᠶᠠᠬᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠠᠮᠢ ᠠᠬᠤᠶ ᠣᠷᠴᠢᠨ ᠲᠣᠭᠤᠷᠢᠨ᠎ᠢ ᠵᠠᠰᠠᠬᠤ ᠠᠵᠤ ᠠᠬᠤᠢᠯᠠᠯ᠎ᠤᠨ ᠭᠤᠤᠯ ᠴᠤᠭ᠍ᠴᠡᠶ᠋ᠢᠨ ᠬᠠᠷᠢᠭᠤᠴᠠᠯᠭ᠎ᠠ᠎ᠶ᠋ᠢ ᠴᠢᠩᠭᠠᠳᠭᠠᠨ᠎ᠠ᠃ ᠣᠷᠣᠨ ᠨᠤᠲᠤᠭ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠬᠠᠤᠯᠢ ᠲᠣᠭ᠍ᠲᠠᠭᠠᠯ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠬᠠᠲᠠᠭᠤ ᠪᠡᠶᠡᠲᠦ ᠬᠠᠶᠠᠭ᠍ᠳᠠᠮᠠᠯ ᠪᠤᠳᠠᠰ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠲᠦᠷᠢᠮ᠎ᠤᠨ ᠬᠠᠤᠯᠢ ᠲᠣᠭ᠍ᠲᠠᠭᠠᠬᠤ ᠠᠵᠢᠯ᠎ᠢ ᠴᠠᠭᠲᠤᠨᠢ ᠳᠣᠭᠢᠷᠠᠭᠤᠯᠤᠨ ᠡᠬᠢᠯᠡᠭᠦᠯᠦᠨ᠎ᠡ᠃ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠪᠤᠯᠤᠨ ᠠᠵᠤ ᠠᠬᠤᠢᠯᠠᠯ᠎ᠤᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠣᠷᠴᠢᠨ ᠲᠣᠭᠤᠷᠢᠨ᠎ᠤ ᠪᠣᠬᠢᠷᠲᠤᠯ᠎ᠤᠨ ᠠᠯᠪᠠᠳᠠᠯᠭ᠎ᠠ᠎ᠶ᠋ᠢᠨ ᠴᠢᠨᠠᠷᠲᠠᠶ ᠬᠠᠷᠢᠭᠤᠴᠠᠯᠭ᠎ᠠ᠎ᠶ᠋ᠢᠨ ᠳᠠᠭᠠᠳᠭᠠᠯ᠂ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠦᠨᠡᠨᠴᠢ ᠢᠲᠡᠭᠡᠮᠵᠢ᠎ᠶ᠋ᠢᠨ ᠦᠨᠡᠯᠡᠯᠲᠡ᠂ ᠣᠷᠴᠢᠨ ᠲᠣᠭᠤᠷᠢᠨ᠎ᠤ ᠮᠡᠳᠡᠭᠡ ᠵᠠᠩᠭᠢ᠎ᠶ᠋ᠢ ᠠᠯᠪᠠᠳᠠᠯᠭ᠎ᠠ᠎ᠶ᠋ᠢᠨ ᠴᠢᠨᠠᠷᠲᠠᠶ᠎ᠪᠠᠷ ᠨᠡᠢᠲᠡᠯᠡᠬᠦ᠌ ᠵᠡᠷᠭᠡ ᠲᠦᠷᠢᠮ᠎ᠢ ᠲᠡᠭᠦᠯᠳᠡᠷᠵᠢᠭᠦᠯᠬᠦ᠌᠎ᠶ᠋ᠢᠨ ᠬᠠᠮᠲᠤ ᠬᠡᠷᠡᠭ᠌ᠵᠢᠭᠦᠯᠦᠨ᠎ᠡ᠃ 2025 ᠣᠨ ᠪᠣᠯᠬᠤ᠎ᠳᠤ ᠤᠳᠤᠷᠢᠳᠤᠮᠵᠢ ᠲᠣᠳᠣᠷᠬᠠᠢ᠂ ᠱᠢᠢᠳᠪᠦᠷᠢᠲᠦ ᠪᠤᠳᠤᠯᠭ᠎ᠠ ᠱᠢᠨᠵᠢᠯᠡᠬᠦ᠌ ᠤᠬᠠᠭᠠᠨᠴᠢ᠂ ᠬᠡᠷᠡᠭ᠌ᠵᠢᠭᠦᠯᠦᠯᠲᠡ ᠬᠦᠴᠦᠲᠡᠢ᠂ ᠤᠷᠮᠠᠱᠢᠭᠤᠯᠤᠯ ᠪᠦᠲᠦᠮᠵᠢᠲᠡᠢ᠂ ᠤᠯᠠᠨ ᠡᠱᠢᠴᠢᠯᠡᠨ ᠣᠷᠣᠯᠴᠠᠭ᠍ᠰᠠᠨ᠂ ᠬᠤᠷᠱᠢᠯ ᠰᠠᠢᠳᠠᠢ ᠠᠮᠢ ᠠᠬᠤᠢ ᠣᠷᠴᠢᠨ ᠲᠣᠭᠤᠷᠢᠨ᠎ᠤ ᠵᠠᠰᠠᠯᠲᠠ᠎ᠶ᠋ᠢᠨ ᠪᠠᠢᠭᠤᠯᠤᠮᠵᠢ ᠲᠣᠭ᠍ᠲᠠᠴᠠ᠎ᠶ᠋ᠢ ᠪᠤᠢ ᠪᠤᠯᠭᠠᠬᠤ᠎ᠪᠠᠷ ᠴᠢᠷᠮᠠᠢᠨ᠎ᠠ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠶᠠᠩ ᠵᠢᠶᠧ᠃