ᠤᠯᠠᠭᠠᠨᠬᠠᠳᠠ ᠬᠤᠳᠠ ᠡᠶ᠎ᠡ ᠵᠣᠬᠢᠴᠠᠩᠭᠤᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠯ᠎ᠠ
2021-01-16 11:27:41
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠡᠶ᠎ᠡ ᠵᠣᠬᠢᠴᠠᠩᠭᠤᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠬᠤ ᠪᠣᠯ ᠨᠡᠢᠭᠡᠮ᠎ᠤᠨ ᠬᠠᠮᠢᠶᠠᠷᠤᠯᠲᠠ᠎ᠶ᠋ᠢ ᠴᠢᠩᠭᠠᠤᠡᠬᠠᠨ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢᠨ ᠴᠢᠬᠤᠯᠠ ᠠᠭᠤᠯᠭ᠎ᠠ ᠮᠥᠨ᠂ ᠪᠠᠰᠠ ᠴᠤ᠌ ᠠᠵᠤ ᠠᠬᠤᠢ᠎ᠶ᠋ᠢᠨ ᠦᠷᠭᠦᠯᠵᠢᠯᠡᠨ ᠡᠷᠡᠭᠦᠯ᠎ᠢᠶᠠᠷ ᠬᠥᠭ᠌ᠵᠢᠬᠦ᠌᠎ᠶ᠋ᠢᠨ ᠴᠢᠬᠤᠯᠠ ᠪᠠᠲᠤᠯᠠᠭ᠎ᠠ ᠶᠤᠮᠰᠠᠨ᠃ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ ᠤᠯᠠᠭᠠᠨᠬᠠᠳᠠ ᠬᠤᠲᠠ ᠬᠥᠳᠡᠯᠮᠦᠷᠢ᠎ᠶ᠋ᠢᠨ ᠬᠠᠷᠢᠴᠠᠭᠠᠨ᠎ᠤ ᠬᠦᠷᠢᠶᠡᠨ᠎ᠳᠠᠬᠢ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠎ᠪᠠᠷ ᠭᠤᠤᠯ ᠱᠢᠵᠢᠮ ᠪᠣᠯᠭᠠᠵᠤ᠂ ᠡᠶ᠎ᠡ ᠵᠣᠬᠢᠴᠠᠩᠭᠤᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠪᠠᠷ ᠭᠠᠷᠳᠠᠴᠠ ᠪᠣᠯᠭᠠᠨ ᠡᠶ᠎ᠡ ᠵᠣᠬᠢᠴᠠᠩᠭᠤᠢ ᠬᠥᠳᠡᠯᠮᠦᠷᠢ᠎ᠶ᠋ᠢᠨ ᠬᠠᠷᠢᠴᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠡᠮᠬᠢ ᠵᠢᠷᠤᠮ᠎ᠲᠠᠢ᠂ ᠲᠥᠪ ᠭᠤᠤᠯᠴᠢ ᠵᠦᠶ ᠵᠣᠬᠢᠰᠲᠠᠶ᠂ ᠬᠠᠷᠢᠯᠴᠠᠨ ᠠᠱᠢᠭ᠍ᠲᠠᠶ ᠬᠠᠮᠲᠤ᠎ᠪᠠᠷ ᠠᠱᠢᠭ ᠭᠥᠷᠳᠡᠬᠦ᠂ ᠡᠶ᠎ᠡ ᠵᠣᠬᠢᠴᠠᠩᠭᠤᠢ ᠲᠣᠭ᠍ᠲᠠᠭᠤᠨ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠤᠭ᠍ᠰᠠᠨ ᠪᠠᠢᠨ᠎ᠠ᠃

ᠲᠠᠪᠤᠨ ᠵᠢᠯ᠎ᠤᠨ ᠲᠤᠷᠰᠢ᠂ ᠤᠯᠠᠭᠠᠨᠬᠠᠳᠠ ᠬᠤᠲᠠ᠎ᠶ᠋ᠢᠨ ᠬᠥᠳᠡᠯᠮᠦᠷᠢ᠎ᠶ᠋ᠢᠨ ᠬᠠᠷᠢᠴᠠᠭᠠᠨ᠎ᠤ ᠭᠤᠷᠪᠠᠨ ᠲᠠᠯ᠎ᠠ᠎ᠶ᠋ᠢᠨ ᠲᠣᠭ᠍ᠲᠠᠴᠠ ᠲᠠᠰᠤᠷᠠᠯᠲᠠ ᠥᠬᠡᠶ ᠲᠡᠭᠦᠯᠳᠡᠷᠵᠢᠵᠦ᠍᠂ ᠬᠥᠳᠡᠯᠮᠦᠷᠢ᠎ᠶ᠋ᠢᠨ ᠬᠠᠷᠢᠴᠠᠭᠠᠨ᠎ᠤ ᠠᠶᠤᠯ ᠲᠦᠭ᠌ᠰᠢᠭᠦᠷᠢ᠎ᠶ᠋ᠢ ᠠᠷᠢᠯᠭᠠᠬᠤ᠂ ᠬᠥᠳᠡᠯᠮᠦᠷᠢ᠎ᠶ᠋ᠢᠨ ᠬᠠᠷᠢᠴᠠᠭᠠᠨ᠎ᠤ ᠬᠤᠶᠠᠷ ᠲᠠᠯ᠎ᠠ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ ᠵᠡᠷᠬᠡ ᠲᠠᠯ᠎ᠠ᠎ᠪᠠᠷ ᠴᠢᠬᠤᠯᠠ ᠦᠢᠯᠡᠳᠦᠯ ᠭᠠᠷᠭᠠᠵᠠᠢ᠃ ᠡᠯ᠎ᠡ ᠱᠠᠲᠤᠨ᠎ᠤ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠵᠣᠬᠢᠴᠠᠭᠤᠯᠬᠤ ᠭᠤᠷᠪᠠᠨ ᠲᠠᠯ᠎ᠠ᠎ᠶ᠋ᠢᠨ ᠺᠣᠮᠢᠰ᠎ᠨᠢ ᠲᠠᠪᠴᠠᠩ᠎ᠤᠨ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ ᠡᠶ᠎ᠡ ᠵᠣᠬᠢᠴᠠᠩᠭᠤᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠬᠤ ᠤᠯᠠᠨ ᠵᠦᠢᠯ᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠪᠠ᠃ ᠬᠥᠳᠡᠯᠮᠦᠷᠢ ᠬᠦᠴᠦ᠍ ᠬᠡᠷᠡᠭ᠌ᠯᠡᠬᠦ᠌᠎ᠶ᠋ᠢ ᠳᠠᠩᠰᠠᠯᠠᠨ ᠲᠡᠮᠳᠡᠭ᠌ᠯᠡᠬᠦ᠌ ᠠᠵᠢᠯ᠎ᠢ ᠵᠢᠯᠣᠭᠤᠤᠡᠬᠤ ᠦᠢᠯᠡᠴᠢᠯᠡᠭᠡ᠎ᠪᠠᠨ ᠴᠢᠩᠭᠠᠤᠡᠬᠠᠭ᠍ᠰᠠᠨ᠎ᠢᠶᠠᠷ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ᠎ᠳᠤ ᠤᠯᠠᠭᠠᠨᠬᠠᠳᠠ ᠬᠤᠲᠠ᠎ᠶ᠋ᠢᠨ ᠠᠵᠢᠯᠴᠢᠨ ᠬᠡᠷᠡᠭ᠌ᠯᠡᠬᠦ᠌᠎ᠶ᠋ᠢ ᠳᠠᠩᠰᠠᠯᠠᠨ ᠲᠡᠮᠳᠡᠭ᠌ᠯᠡᠭ᠌ᠰᠡᠨ ᠨᠢᠭᠡᠴᠢ 5.1 ᠲᠦᠮᠡ᠎ᠶ᠋ᠢ ᠲᠠᠪᠠᠵᠤ᠂ 32.5 ᠲᠦᠮᠡ ᠭᠠᠷᠤᠢ ᠬᠥᠮᠦᠨ᠎ᠢ ᠳᠠᠩᠰᠠᠯᠠᠨ᠂ ᠬᠥᠳᠡᠯᠮᠦᠷᠢ᠎ᠶ᠋ᠢᠨ ᠭᠡᠷ᠎ᠡ ᠲᠣᠭ᠍ᠲᠠᠭ᠍ᠰᠠᠨ ᠨᠣᠷᠮ᠎ᠠ 90% ᠎ᠶ᠋ᠢ ᠲᠠᠪᠠᠭ᠍ᠰᠠᠨ ᠠᠵᠢ᠃

《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠤᠯᠠᠭᠠᠨᠬᠠᠳᠠ ᠬᠤᠲᠠ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠡᠶ᠎ᠡ ᠵᠣᠬᠢᠴᠠᠩᠭᠤᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠬᠤ ᠲᠤᠬᠠᠶ  ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠨᠠᠷᠢᠨ ᠨᠢᠮᠪᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠠᠭᠠᠨᠬᠠᠳᠠ ᠬᠤᠳᠠ᠎ᠶ᠋ᠢᠨ 《〈ᠡᠶ᠎ᠡ ᠵᠣᠬᠢᠴᠠᠩᠭᠤᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠠᠷᠠᠳ᠎ᠤᠨ ᠵᠠᠰᠠᠭ᠎ᠤᠨ ᠣᠷᠳᠣᠨ᠎ᠤ ᠬᠡᠷᠡᠭ᠌ᠵᠢᠭᠦᠯᠬᠦ᠌ ᠰᠠᠨᠠᠯ〉 ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ ᠠᠵᠢᠯ᠎ᠤᠨ ᠬᠤᠪᠢᠶᠠᠷᠢᠯᠠᠯ᠎ᠤᠨ ᠲᠥᠰᠦᠯ》 ᠎ᠢ ᠲᠣᠭ᠍ᠲᠠᠭᠠᠨ ᠬᠡᠷᠡᠭ᠌ᠵᠢᠬᠦᠯᠵᠤ᠂ ᠡᠶ᠎ᠡ ᠵᠣᠬᠢᠴᠠᠩᠭᠤᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠬᠤ ᠠᠵᠢᠯ᠎ᠤᠨ ᠲᠦᠪᠱᠢᠨ᠎ᠢ ᠳᠡᠭᠡᠭ᠌ᠰᠢᠯᠡᠭᠦᠯᠪᠡ᠃ ᠡᠶ᠎ᠡ ᠵᠣᠬᠢᠴᠠᠩᠭᠤᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠬᠤ᠎ᠶ᠋ᠢ ᠭᠠᠵᠠᠷ ᠣᠷᠣᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ ᠪᠠ ᠵᠠᠰᠠᠭ᠎ᠤᠨ ᠣᠷᠳᠣᠨ᠎ᠤ ᠬᠠᠷᠠᠯᠲᠠᠲᠤ ᠬᠠᠷᠢᠭᠤᠴᠠᠯᠭ᠎ᠠ᠎ᠶ᠋ᠢ ᠬᠢᠨᠠᠨ ᠱᠢᠯᠭᠠᠬᠤ ᠱᠢᠰᠲ᠋ᠧᠮ᠎ᠳᠤ ᠣᠷᠣᠭᠤᠯᠵᠤ᠂ ᠬᠢᠨᠠᠨ ᠱᠢᠯᠭᠠᠵᠤ ᠦᠨᠡᠯᠡᠬᠦ᠌ ᠭᠦᠢᠴᠡᠳᠭᠡᠯ ᠲᠤᠭ᠎ᠠ᠎ᠶ᠋ᠢ ᠲᠡᠭᠦᠯᠳᠡᠷᠵᠢᠭᠦᠯᠦᠨ᠂ ᠡᠳᠦᠷ ᠲᠤᠳᠤᠮ᠎ᠤᠨ ᠵᠢᠯᠤᠭᠤᠳᠤᠯᠭ᠎ᠠ᠎ᠪᠠᠨ ᠴᠢᠩᠭᠠᠤᠡᠬᠠᠵᠠᠢ᠃ ᠠᠵᠤ ᠠᠬᠤᠢᠯᠠᠯ᠎ᠤᠨ ᠴᠠᠯᠢᠩ ᠬᠥᠯᠥᠰᠥ᠎ᠶ᠋ᠢᠨ ᠪᠠᠢᠴᠠᠭᠠᠯᠲᠠ ᠪᠠ ᠮᠡᠳᠡᠭᠡ ᠵᠠᠩᠭᠢ ᠨᠡᠢᠲᠡᠯᠡᠬᠦ᠌ ᠲᠦᠷᠢᠮ᠎ᠢ ᠨᠠᠢᠳᠠᠪᠤᠷᠢᠵᠢᠭᠤᠯᠵᠤ᠂ ᠠᠵᠤ ᠠᠬᠤᠢᠯᠠᠯ᠎ᠤᠨ ᠴᠠᠯᠢᠩ ᠬᠥᠯᠥᠰᠥ᠎ᠶ᠋ᠢᠨ ᠪᠠᠢᠴᠠᠭᠠᠯᠲᠠ᠎ᠶ᠋ᠢᠨ ᠠᠵᠢᠯ ᠥᠷᠨᠢᠭᠦᠯᠦᠨ᠂ ᠨᠠᠭᠠᠳᠤ ᠵᠠᠬ᠎ᠠ᠎ᠶ᠋ᠢᠨ ᠴᠠᠯᠢᠩ᠎ᠤᠨ ᠪᠠᠷᠢᠮᠵᠢᠶ᠎ᠠ᠎ᠶ᠋ᠢᠨ ᠲᠦᠷᠢᠮ᠎ᠢ ᠬᠡᠷᠡᠭ᠌ᠵᠢᠭᠦᠯᠪᠡ᠃ 《ᠲᠠᠯᠪᠢᠬᠤ ᠬᠠᠮᠢᠶᠠᠷᠬᠤ ᠦᠶᠯᠡᠴᠢᠯᠡᠬᠦ᠌》 ᠠᠵᠢᠯ᠎ᠤᠨ ᠱᠠᠭᠠᠷᠳᠠᠯᠭ᠎ᠠ ᠶᠣᠰᠣᠭᠠᠷ ᠬᠥᠳᠡᠯᠮᠦᠷᠢ  ᠦᠢᠯᠡᠴᠢᠯᠡᠭᠡ ᠲᠣᠮᠢᠯᠠᠬᠤ ᠵᠥᠪᠱᠢᠶᠡᠷᠡᠯ᠎ᠢ ᠬᠡᠷᠡᠭ᠌ᠵᠢᠭᠦᠯᠵᠦ᠍᠂ ᠣᠨᠴᠠᠭᠠᠶ ᠠᠵᠢᠯ᠎ᠤᠨ ᠴᠠᠭ᠎ᠤᠨ ᠠᠵᠤ ᠠᠬᠤᠢᠯᠠᠯ᠎ᠢ ᠬᠢᠨᠠᠨ ᠵᠥᠪᠱᠢᠶᠡᠷᠡᠬᠦ᠌ ᠪᠠ ᠬᠥᠳᠡᠯᠮᠦᠷᠢ ᠬᠦᠴᠦ᠍ ᠬᠡᠷᠡᠭ᠌ᠯᠡᠬᠦ᠌᠎ᠳᠤ ᠳᠠᠩᠰᠠᠯᠠᠭᠤᠯᠬᠤ 3 ᠵᠦᠢᠯ᠎ᠢ ᠦᠢᠯᠡᠴᠢᠯᠡᠭᠡᠨ᠎ᠤ ᠲᠢᠩᠬᠢᠮ᠎ᠳᠤ ᠭᠦᠢᠴᠡᠳᠭᠡᠵᠦ᠍᠂ ᠦᠢᠯᠡᠴᠢᠯᠡᠭᠡᠨ᠎ᠤ ᠶᠠᠪᠤᠴᠠ᠎ᠶ᠋ᠢ ᠱᠢᠯᠢᠳᠡᠭ᠌ᠵᠢᠭᠦᠯᠦᠨ᠂ ᠬᠠᠮᠲᠤ᠎ᠶ᠋ᠢᠨ ᠭᠡᠷ᠎ᠡ᠎ᠶ᠋ᠢ ᠬᠢᠨᠠᠨ ᠪᠠᠢᠴᠠᠭᠠᠵᠤ ᠬᠢᠨᠠᠭᠤᠯᠬᠤ ᠮᠠᠲ᠋ᠧᠷᠢᠶᠠᠯ᠎ᠢ ᠴᠣᠮᠬᠠᠤᠡᠬᠠᠵᠤ᠂ ᠠᠵᠤ ᠠᠬᠤᠢᠯᠠᠯ᠎ᠳᠤ ᠲᠦᠢᠯ᠎ᠤᠨ ᠶᠡᠭᠡ ᠲᠥᠬᠦᠮ ᠦᠵᠡᠭᠦᠯᠪᠡ᠃

ᠬᠥᠳᠡᠯᠮᠦᠷᠢ᠎ᠶ᠋ᠢᠨ ᠬᠠᠷᠢᠴᠠᠭᠠᠨ᠎ᠤ ᠵᠢᠭᠤᠷᠠᠯᠳᠤᠭᠠᠨ᠎ᠢ ᠱᠢᠢᠳᠪᠦᠷᠢᠯᠡᠬᠦ᠌ ᠶᠠᠪᠤᠴᠠ᠎ᠳᠤ ᠡᠶᠡᠳᠡᠭᠦᠯᠵᠦ᠍ ᠬᠥᠨᠳᠡᠯᠡᠨ᠎ᠠᠴᠠ ᠲᠠᠰᠤᠯᠬᠤ ᠪᠣᠯ ᠬᠠᠮᠤᠭ᠎ᠤᠨ ᠵᠠᠩᠭᠢᠯᠠᠭ᠎ᠠ᠎ᠶ᠋ᠢᠨ ᠭᠤᠭ᠍ᠴᠤᠭ᠎ᠠ ᠪᠠᠢᠵᠤ᠂ ᠡᠶ᠎ᠡ ᠵᠣᠬᠢᠴᠠᠩᠭᠤᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠬᠤ᠎ᠳᠤ ᠴᠢᠬᠤᠯᠠ ᠦᠢᠯᠡᠳᠦᠯ᠎ᠢ ᠪᠠᠳᠠᠷᠠᠭᠤᠯᠵᠤ ᠪᠠᠢᠳᠠᠭ ᠶᠤᠮ᠃ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠤᠯᠠᠭᠠᠨᠬᠠᠳᠠ ᠬᠤᠲᠠ ᠬᠥᠳᠡᠯᠮᠦᠷᠢ ᠪᠠ ᠠᠵᠢᠯᠴᠢᠨ᠎ᠤ ᠶᠠᠪᠤᠳᠠᠯ᠎ᠤᠨ ᠵᠢᠭᠤᠷᠠᠯᠳᠤᠭᠠᠨ᠎ᠢ ᠬᠥᠨᠳᠡᠯᠡᠨ᠎ᠠᠴᠠ ᠲᠠᠰᠤᠯᠬᠤ ᠲᠦᠷᠢᠮ᠎ᠢ ᠲᠡᠭᠦᠯᠳᠡᠷᠵᠢᠭᠦᠯᠵᠦ᠍᠂ ᠬᠥᠨᠳᠡᠯᠡᠨ᠎ᠠᠴᠠ ᠲᠠᠰᠤᠯᠵᠤ  ᠱᠢᠢᠳᠪᠦᠷᠢᠯᠡᠬᠦ᠌ ᠠᠷᠭ᠎ᠠ᠎ᠶ᠋ᠢᠨ ᠱᠢᠨ᠎ᠡ᠎ᠶ᠋ᠢ ᠡᠭᠦᠳᠤᠨ᠂ ᠬᠥᠨᠳᠡᠯᠡᠨ᠎ᠠᠴᠠ ᠲᠠᠰᠤᠯᠵᠤ  ᠱᠢᠢᠳᠪᠦᠷᠢᠯᠡᠬᠦ᠌ ᠲᠠᠰ ᠳᠠᠷᠠᠭᠠᠯᠠᠯ᠎ᠢ ᠳᠥᠭᠦᠮᠴᠢᠯᠡᠨ ᠱᠢᠯᠢᠳᠡᠭ᠌ᠵᠢᠭᠦᠯᠵᠦ᠍᠂ ᠬᠥᠨᠳᠡᠯᠡᠨ᠎ᠠᠴᠠ ᠲᠠᠰᠤᠯᠬᠤ ᠲᠡᠦᠬᠡᠨ ᠲᠠᠩᠰᠠ ᠡᠪᠬᠡᠮᠡᠯ᠎ᠢ ᠡᠯᠧᠺᠲᠷᠣᠨᠴᠢᠯᠡᠨ 2010 ᠣᠨ᠎ᠠᠴᠠ ᠰᠡᠭᠦᠯᠡᠷᠬᠢ ᠬᠡᠷᠡᠭ᠎ᠤᠨ ᠲᠠᠩᠰᠠ ᠡᠪᠬᠡᠮᠡᠯ᠎ᠢ ᠴᠦᠮ ᠬᠡᠷᠡᠭ ᠱᠢᠢᠤᠡᠪᠦᠷᠢᠯᠡᠬᠦ᠌ ᠱᠢᠰᠲ᠋ᠧᠮ᠎ᠳᠤ ᠣᠷᠣᠭᠤᠯᠪᠠ; ᠡᠶᠡᠳᠡᠭᠦᠯᠬᠦ᠌ ᠪᠠ ᠬᠥᠨᠳᠡᠯᠡᠨ᠎ᠠᠴᠠ ᠲᠠᠰᠤᠯᠬᠤ ᠠᠵᠢᠯ᠎ᠤᠨ ᠶᠠᠪᠤᠴᠠ᠎ᠶ᠋ᠢ ᠱᠢᠯᠢᠳᠡᠭ᠌ᠵᠢᠭᠦᠯᠵᠦ᠍᠂ ᠦᠨᠳᠦᠰᠦᠨ ᠱᠠᠲᠤᠨ᠎ᠤ ᠡᠶᠡᠳᠡᠭᠦᠯᠬᠦ᠌ ᠵᠣᠬᠢᠶᠠᠨ ᠪᠠᠢᠭᠤᠯᠤᠯᠲᠠ᠎ᠶ᠋ᠢ ᠴᠢᠩᠭᠠᠤᠡᠬᠠᠨ᠂ ᠬᠥᠨᠳᠡᠯᠡᠨ᠎ᠠᠴᠠ ᠲᠠᠰᠤᠯᠬᠤ ᠪᠠ ᠱᠢᠭᠦᠨ ᠲᠠᠰᠤᠯᠬᠤ᠎ᠶ᠋ᠢ ᠵᠤᠯᠭᠠᠯᠴᠠᠭᠤᠯᠬᠤ ᠲᠣᠭ᠍ᠲᠠᠴᠠ᠎ᠶ᠋ᠢ ᠪᠠᠢᠭᠤᠯᠵᠤ᠂ 《ᠬᠡᠷᠡᠭ᠎ᠢᠶᠠᠷ ᠪᠣᠯᠪᠠᠰᠤᠷᠠᠯ᠎ᠢ ᠣᠷᠣᠯᠠᠭᠤᠯᠬᠤ》 ᠲᠦᠷᠢᠮ᠎ᠢ ᠨᠠᠢᠳᠠᠪᠤᠷᠢᠵᠢᠭᠤᠯᠤᠭ᠍ᠰᠠᠨ ᠪᠦᠬᠡᠳ ᠪᠠᠰᠠ ᠬᠥᠨᠳᠡᠯᠡᠨ᠎ᠠᠴᠠ ᠲᠠᠰᠤᠯᠬᠤ ᠲᠢᠩᠬᠢᠮ᠎ᠢ ᠪᠠᠢᠭᠤᠯᠵᠠᠢ᠃ ᠲᠠᠪᠤᠨ ᠵᠢᠯ᠎ᠤᠨ ᠲᠤᠷᠰᠢ ᠤᠯᠠᠭᠠᠨᠬᠠᠳᠠ ᠬᠤᠲᠠ ᠨᠡᠢᠲᠡ 7303 ᠬᠡᠷᠡᠭ᠎ᠢ ᠬᠡᠷᠡᠭ ᠪᠣᠯᠭᠠᠨ ᠳᠠᠩᠰᠠᠯᠠᠵᠤ ᠬᠦᠯᠢᠶᠡᠨ ᠠᠪᠴᠤ᠌᠂ 723 ᠬᠡᠷᠡᠭ᠎ᠢ ᠱᠢᠭᠦᠨ ᠳᠠᠭᠤᠰᠭᠠᠵᠤ᠂ ᠱᠢᠭᠦᠨ ᠳᠠᠭᠤᠰᠭᠠᠭ᠍ᠰᠠᠨ ᠨᠣᠷᠮ᠎ᠠ 99.04% ᠎ᠳᠤ ᠬᠦᠷᠴᠠᠢ᠃

ᠠᠵᠢᠯ ᠣᠯᠭᠤᠯᠲᠠ᠂ ᠨᠡᠢᠭᠡᠮ᠎ᠤᠨ ᠪᠠᠲᠤᠯᠠᠭ᠎ᠠ᠂ ᠬᠥᠳᠡᠯᠮᠦᠷᠢ᠎ᠶ᠋ᠢᠨ ᠬᠠᠷᠢᠴᠠᠭ᠎ᠠ ᠪᠣᠯ ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ 《ᠲᠤᠯᠭ᠎ᠠ᠎ᠶ᠋ᠢᠨ ᠭᠤᠷᠪᠠᠨ ᠴᠢᠯᠠᠭᠤ》 ᠶᠤᠮ᠂ ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ ᠬᠢᠨᠠᠨ ᠪᠠᠢᠴᠠᠭᠠᠯᠲᠠ ᠪᠣᠯ ᠡᠶ᠎ᠡ ᠵᠣᠬᠢᠴᠠᠩᠭᠤᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠬᠤ᠎ᠶ᠋ᠢᠨ ᠰᠠᠭᠤᠷᠢ ᠪᠠ ᠪᠠᠲᠤᠯᠠᠭ᠎ᠠ ᠮᠥᠨ᠃ 《ᠠᠷᠪᠠᠨ ᠭᠤᠷᠪᠠᠳᠤᠭᠠᠷ ᠲᠠᠪᠤᠨ ᠵᠢᠯ》 ᠎ᠤᠨ ᠬᠤᠭᠤᠴᠠᠭᠠᠨ᠎ᠳᠤ᠂ ᠤᠯᠠᠭᠠᠨᠬᠠᠳᠠ ᠬᠤᠲᠠ ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ ᠬᠢᠨᠠᠨ ᠪᠠᠢᠴᠠᠭᠠᠬᠤ ᠠᠵᠢᠯ᠎ᠢᠶᠠᠨ ᠵᠢᠷᠤᠮᠵᠢᠭᠤᠯᠵᠤ᠂ ᠬᠠᠤᠯᠢ ᠬᠡᠷᠡᠭ᠌ᠵᠢᠭᠦᠯᠬᠦ᠌ ᠬᠦᠴᠦᠨ ᠴᠢᠳᠠᠪᠤᠷᠢ᠎ᠶ᠋ᠢᠨ ᠪᠠᠢᠭᠤᠯᠤᠯᠲᠠ᠎ᠳᠤ ᠱᠢᠨ᠎ᠡ ᠳᠡᠭᠡᠭ᠌ᠰᠢᠯᠡᠯᠲᠡ᠎ᠲᠠᠢ᠂ ᠰᠠᠯᠠᠭ᠎ᠠ ᠮᠥᠴᠢᠷ᠎ᠤᠨ ᠵᠤᠬᠢᠴᠠᠭᠤᠯᠭ᠎ᠠ᠎ᠳᠤ ᠱᠢᠨ᠎ᠡ ᠦᠷ᠎ᠡ ᠪᠦᠲᠦᠭᠡᠯ᠎ᠲᠠᠢ᠂ ᠴᠢᠬᠤᠯᠠ ᠶᠡᠭᠡ ᠬᠡᠷᠡᠭ᠎ᠢ ᠱᠠᠯᠠᠪᠳᠠᠭᠤᠯᠤᠨ  ᠭᠦᠢᠴᠡᠳᠭᠡᠭ᠌ᠰᠡᠨ᠎ᠨᠢ ᠱᠢᠨ᠎ᠡ ᠱᠢᠪᠲᠤᠯᠤᠯᠲᠠ᠎ᠲᠠᠢ᠂ ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ᠎ᠳᠤ ᠱᠢᠨ᠎ᠡ ᠦᠷ᠎ᠡ ᠪᠦᠲᠦᠮᠵᠢ᠎ᠲᠠᠢ᠂ ᠬᠢᠨᠠᠨ ᠪᠠᠢᠴᠠᠭᠠᠬᠤ ᠡᠩᠨᠡᠭᠡ᠎ᠶ᠋ᠢᠨ ᠪᠠᠢᠭᠤᠯᠤᠯᠲᠠ᠎ᠳᠤ ᠱᠢᠨ᠎ᠡ ᠳᠦᠷᠢ ᠲᠥᠷᠬᠦ᠌᠎ᠲᠠᠢ ᠪᠤᠯᠤᠭ᠍ᠰᠠᠨ ᠪᠠᠢᠨ᠎ᠠ᠃ 2016 ᠣᠨ᠎ᠤ ᠡᠬᠢᠨ᠎ᠠᠴᠠ 2020 ᠣᠨ᠎ᠤ 11 ᠰᠠᠷ᠎ᠠ ᠪᠣᠯᠲᠠᠯ᠎ᠠ᠂ ᠪᠥᠬᠦ᠌ ᠬᠤᠲᠠ᠎ᠪᠠᠷ᠎ᠢᠶᠠᠨ ᠨᠡᠢᠲᠡ 7.5 ᠲᠦᠮᠡᠨ ᠬᠥᠮᠦᠨ ᠤᠳᠠᠭ᠎ᠠ᠎ᠶ᠋ᠢᠨ ᠵᠠᠬᠢᠳᠠᠯ ᠰᠤᠷᠪᠤᠯᠵᠢᠯᠠᠯ ᠪᠤᠯᠤᠨ ᠢᠯᠡᠴᠢᠯᠡᠨ ᠵᠠᠭᠠᠯᠳᠤᠭ᠍ᠰᠠᠨ 5826 ᠬᠡᠷᠡᠭ᠎ᠢ ᠭᠥᠯᠢᠶᠡᠨ ᠠᠪᠴᠤ᠌ ᠱᠢᠢᠳᠪᠦᠷᠢᠯᠡᠨ᠂ 3.4 ᠲᠦᠮᠡᠨ ᠬᠥᠳᠡᠯᠮᠦᠷᠢᠴᠢᠨ᠎ᠤ 5.26 ᠳ᠋ᠦᠩᠱᠢᠭᠤᠷ ᠲᠥᠭᠦᠷᠢᠭ᠎ᠤᠨ ᠴᠠᠯᠢᠩ ᠬᠦᠯᠦᠰᠤ᠎ᠶ᠋ᠢ ᠨᠡᠬᠡᠮᠵᠢᠯᠡᠨ ᠠᠪᠴᠤ᠌ ᠥᠭ᠌ᠴᠡᠶ᠃ ᠬᠥᠮᠦᠨ ᠬᠡᠷᠡᠭ᠌ᠯᠡᠬᠦ᠌ ᠨᠢᠭᠡᠴᠢ᠎ᠶ᠋ᠢ 6520 ᠡᠷᠦᠬᠡ (ᠤᠳᠠᠭ᠎ᠠ) ᠪᠠᠢᠴᠠᠭᠠᠵᠤ᠂ ᠡᠨᠡ᠎ᠨᠢ 12.3 ᠲᠦᠮᠡᠨ ᠬᠥᠳᠡᠯᠮᠦᠷᠢᠴᠢᠨ᠎ᠳᠤ ᠬᠤᠯᠪᠣᠭ᠍ᠳᠠᠨ᠂ ᠬᠥᠮᠦᠨ ᠬᠡᠷᠡᠭ᠌ᠯᠡᠬᠦ᠌ ᠨᠢᠭᠡᠴᠢ᠎ᠶ᠋ᠢ ᠱᠠᠯᠠᠪᠳᠠᠭᠤᠯᠵᠤ ᠪᠠᠢᠭᠠᠳ 3230 ᠬᠥᠳᠡᠯᠮᠦᠷᠢᠴᠢᠨ᠎ᠳᠤ 4326.52 ᠲᠦᠮᠡᠨ ᠲᠥᠭᠦᠷᠢᠭ᠎ᠤᠨ ᠨᠡᠢᠭᠡᠮ᠎ᠤᠨ ᠳᠠᠭᠠᠤᠡᠬᠠᠯ᠎ᠤᠨ ᠵᠠᠷᠤᠳᠠᠯ᠎ᠢ ᠨᠥᠬᠦᠪᠥᠷᠢᠯᠡᠨ ᠲᠤᠱᠢᠶᠠᠯᠭᠠᠵᠤ᠂ 4.7 ᠲᠦᠮᠡᠨ ᠬᠤᠪᠢ ᠬᠥᠳᠡᠯᠮᠦᠷᠢ᠎ᠶ᠋ᠢᠨ ᠭᠡᠷ᠎ᠡ᠎ᠶ᠋ᠢ ᠨᠥᠬᠦᠨ ᠲᠣᠭ᠍ᠲᠠᠭᠠᠯᠭᠠᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号