ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠨ᠎ᠡ
2021-01-16 11:28:03
ᠵᠣᠬᠢᠶᠠᠭ᠍ᠴᠢ᠄
ᠰᠦ᠋ ᠶᠦᠩ ᠱᠧᠩ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠹᠧᠩ ᠵᠢᠶᠠ ᠵᠢᠤᠢ᠎ᠶ᠋ᠢ ᠰᠤᠷᠪᠤᠯᠵᠢᠯᠠᠭ᠍ᠰᠠᠨ᠎ᠨᠢ 

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠠᠴᠠ᠂ 《ᠤᠯᠤᠰ ᠠᠷᠠᠳ᠎ᠤᠨ ᠠᠵᠤ ᠠᠬᠤᠢ ᠪᠣᠯᠤᠨ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠣᠯᠤᠨ 2035 ᠣᠨ᠎ᠤ ᠠᠯᠤᠰ᠎ᠤᠨ ᠬᠠᠷᠠᠯᠲᠠ᠎ᠶ᠋ᠢ ᠲᠣᠭ᠍ᠲᠠᠭᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠰᠠᠨᠠᠭᠤᠯᠭ᠎ᠠ》 (ᠳᠤᠤᠷ᠎ᠠ 《ᠰᠠᠨᠠᠭᠤᠯᠭ᠎ᠠ》 ᠭᠡᠵᠦ᠍ ᠲᠤᠪᠴᠢᠯᠡᠨ᠎ᠡ) ᠎ᠶ᠋ᠢ ᠪᠠᠲᠤᠯᠠᠵᠤ᠂ ᠣᠳᠣᠬᠠᠨ ᠪᠠ ᠬᠤᠢᠱᠢᠳᠠ᠎ᠶ᠋ᠢᠨ ᠬᠡᠰᠡᠭ ᠬᠤᠭᠤᠴᠠᠭᠠᠨ᠎ᠤ ᠪᠦᠬᠦ᠌ ᠣᠷᠣᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠴᠢᠭ᠌ᠯᠡᠯ᠎ᠢ ᠲᠤᠳᠤᠷᠬᠠᠢᠯᠠᠵᠤ᠂ ᠬᠠᠷᠠᠯᠲᠠ᠎ᠶ᠋ᠢ ᠲᠤᠲᠤᠷᠬᠠᠢᠯᠠᠪᠠ᠃ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠰᠲ᠋ᠧᠮ᠎ᠤᠨ᠎ᠬᠢᠨ ᠲᠤᠰ ᠤᠳᠠᠭ᠎ᠠ᠎ᠶ᠋ᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠬᠢ ᠪᠠᠶᠠᠯᠢᠭ᠎ᠤᠨ ᠬᠦᠴᠦᠨ᠎ᠢᠶᠠᠨ ᠲᠥᠪᠯᠡᠷᠡᠭᠦᠯᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠳᠤᠲᠠᠭᠤᠳᠠᠯ᠎ᠳᠤ ᠱᠢᠪᠲᠤᠯᠤᠯᠲᠠ ᠭᠠᠷᠭᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠳᠤ ᠬᠦᠴᠦᠲᠡᠢ ᠲᠤᠯᠭᠠᠭᠤᠷᠢᠯᠠᠯ ᠬᠠᠩᠭᠠᠬᠤ ᠲᠤᠬᠠᠢ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠹᠧᠩ ᠵᠢᠶᠠ ᠵᠢᠤᠢ᠎ᠶ᠋ᠢ ᠰᠤᠷᠪᠤᠯᠵᠢᠯᠠᠪᠠ᠃

ᠹᠸᠡᠭ ᠵᠢᠶᠠ ᠵᠢᠤᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠠᠴᠠ 《ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠭ᠍ᠰᠠᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠶᠡᠭᠡ᠎ᠪᠠᠷ ᠬᠡᠷᠡᠭ᠌ᠵᠢᠭᠦᠯᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭ᠌ᠵᠢᠭᠦᠯᠬᠦ᠌᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠬᠤ》 ᠲᠤᠬᠠᠶ ᠲᠣᠬᠢᠷᠠᠭᠤᠯᠤᠯᠲᠠ ᠪᠠᠢᠷᠢᠯᠠᠭᠤᠯᠤᠯᠲᠠ ᠬᠢᠵᠦ᠍᠂ ᠡᠬᠢ ᠪᠠᠶᠠᠯᠢᠭ᠎ᠤᠨ ᠬᠦᠴᠦᠨ᠎ᠢᠶᠠᠨ ᠲᠥᠪᠯᠡᠷᠡᠭᠦᠯᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠳᠤᠲᠠᠭᠤᠳᠠᠯ᠎ᠳᠤ ᠱᠢᠪᠲᠤᠯᠤᠯᠲᠠ ᠭᠠᠷᠭᠠᠵᠤ᠂ ᠨᠠᠩ ᠶᠡᠭᠡ ᠡᠷᠴᠢᠮ᠎ᠢᠶᠠᠷ ᠠᠵᠤ  ᠦᠢᠯᠡᠰ᠎ᠤᠨ ᠪᠠᠢᠷᠢᠱᠢᠭᠤᠯᠤᠯᠲᠠ᠎ᠶ᠋ᠢ ᠲᠣᠬᠢᠷᠠᠭᠤᠯᠬᠤ᠂ ᠪᠦᠲᠦᠴᠡ᠎ᠶ᠋ᠢ ᠱᠢᠯᠢᠳᠡᠭ᠌ᠵᠢᠭᠦᠯᠬᠦ᠌ ᠪᠠ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠮᠠᠨ᠎ᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠠᠵᠢᠯ᠎ᠢ ᠤᠯᠠᠮ ᠴᠢᠨᠠᠭ᠍ᠰᠢᠳᠠ ᠰᠠᠢᠲᠤᠷ ᠬᠢᠬᠦ᠌᠎ᠳᠤ ᠴᠢᠭ᠌ᠯᠡᠯ᠎ᠢ ᠲᠣᠳᠣᠷᠬᠠᠢᠯᠠᠵᠤ᠂ ᠵᠢᠷᠤᠮᠯᠠᠯ ᠬᠠᠩᠭᠠᠪᠠ᠃ ᠪᠢᠳᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ᠂ ᠲᠥᠪ᠎ᠤᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠂ ᠤᠨᠴᠠᠭᠠᠢᠯᠠᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠵᠤ᠂ ᠡᠨᠡ ᠤᠳᠠᠭ᠎ᠠ᠎ᠶ᠋ᠢᠨ ᠬᠤᠷᠠᠯ᠎ᠠᠴᠠ ᠲᠣᠭ᠍ᠲᠠᠭᠠᠭ᠍ᠰᠠᠨ ᠬᠠᠷᠠᠯᠲᠠ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ ᠳᠤᠮᠳᠠᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ ᠡᠭᠦᠳᠦᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠶ ᠡᠵᠡᠮᠳᠡᠬᠦ᠌ ᠬᠡᠷᠡᠭ᠌ᠲᠡᠶ ᠭᠡᠪᠡ᠃

ᠹᠧᠩ ᠵᠢᠶᠠ ᠵᠢᠤᠢ ᠭᠡᠯᠡᠭ᠌ᠰᠡᠨ᠎ᠨᠢ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠪᠦᠬᠦᠳᠠ ᠬᠤᠷᠠᠯ᠎ᠠᠴᠠ᠂ ᠮᠠᠨ᠎ᠤ ᠤᠯᠤᠰ᠎ᠤᠨ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠳᠤ ᠱᠢᠨ᠎ᠡ᠎ᠶ᠋ᠢ ᠡᠭᠦᠳᠬᠦ᠌ ᠭᠤᠣᠯᠯᠠᠭ᠍ᠴᠢ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠬᠦ᠌᠎ᠪᠠᠷ ᠤᠯᠤᠰ᠎ᠤᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠲᠤᠯᠭᠠᠭᠤᠷᠢᠯᠠᠯ ᠪᠣᠯᠭᠠᠨ᠎ᠠ ᠬᠡᠪᠡ᠃ ᠡᠨᠡ᠎ᠨᠢ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠢᠮᠠᠭ᠍ᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢᠬᠤ ᠪᠠ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ᠎ᠶ᠋ᠢ ᠭᠦᠢᠴᠡᠳ ᠢᠯᠡᠷᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠨᠢ ᠮᠠᠨ᠎ᠤ ᠤᠯᠤᠰ᠎ᠲᠤ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠣᠷᠣᠵᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠨᠠᠢᠳᠠᠪᠤᠷᠢᠵᠢᠭᠤᠯᠤᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠣᠭ᠍ᠴᠠᠯᠠᠬᠤ ᠳᠤᠮᠳᠠᠬᠢ ᠵᠠᠩᠭᠢᠯᠠᠭ᠎ᠠ᠎ᠶ᠋ᠢᠨ ᠦᠢᠯᠡᠳᠦᠯ᠎ᠢ ᠭᠦᠢᠴᠡᠳ ᠢᠯᠡᠷᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠠᠴᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠠᠵᠢᠯ᠎ᠢ ᠮᠠᠰᠢ ᠴᠢᠬᠤᠯᠠᠴᠢᠯᠠᠵᠤ᠂ ᠣᠷᠣᠨ᠎ᠤ ᠪᠠᠢᠳᠠᠯ᠎ᠳᠤ ᠰᠠᠭᠤᠷᠢᠯᠠᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ ᠬᠦᠷᠦᠯᠴᠡᠬᠦ᠌ ᠥᠬᠡᠶ ᠪᠠᠢᠬᠤ ᠪᠣᠯ ᠮᠠᠨ᠎ᠤ ᠣᠷᠣᠨ᠎ᠤ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠲᠣᠪᠤᠢᠮ᠎ᠠ ᠳᠤᠲᠠᠭᠤᠳᠠᠯ ᠪᠠ ᠪᠠᠭᠤᠷᠠᠶ ᠲᠠᠯ᠎ᠠ ᠪᠣᠯᠤᠨ᠎ᠠ ᠭᠡᠵᠦ᠍ ᠲᠣᠳᠣᠷᠬᠠᠶ ᠵᠢᠭᠠᠵᠤ ᠭᠠᠷᠭᠠᠪᠠ; ᠢᠷᠡᠭᠡᠳᠦᠢ᠎ᠶ᠋ᠢ ᠲᠥᠯᠥᠪᠵᠢᠭᠦᠯᠬᠦ᠌᠎ᠳᠡᠭᠡᠨ᠂ 《ᠨᠡᠬᠡᠬᠡᠯᠳᠡ ᠬᠢᠵᠦ᠍ ᠬᠠᠮᠲᠤᠷᠠᠨ ᠠᠵᠢᠯᠯᠠᠵᠤ ᠱᠢᠨ᠎ᠡ᠎ᠶ᠋ᠢ ᠡᠭᠦᠳᠬᠦ᠂ ᠣᠨᠴᠠᠯᠢᠭ᠎ᠢ ᠳᠤᠪᠤᠢᠯᠭᠠᠨ ᠱᠢᠨ᠎ᠡ᠎ᠶ᠋ᠢ ᠡᠭᠦᠳᠬᠦ᠂ ᠵᠠᠩᠭᠢᠯᠠᠭ᠎ᠠ᠎ᠶ᠋ᠢ ᠠᠳᠭᠤᠨ ᠱᠢᠨ᠎ᠡ᠎ᠶ᠋ᠢ ᠡᠭᠦᠳᠬᠦ᠌》 ᠶᠡᠷᠦᠩᠬᠡᠢ ᠰᠡᠳᠭᠢᠴᠡ᠎ᠶ᠋ᠢ ᠳᠤᠷᠠᠳᠤᠭ᠍ᠰᠠᠨ ᠪᠠᠢᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠪᠣᠯᠤᠭ᠍ᠰᠠᠨ᠎ᠤ ᠬᠤᠪᠢ᠎ᠳᠤ᠂ ᠪᠢᠳᠡ ᠬᠦᠨᠳᠦ ᠡᠭᠦᠷᠭᠡ᠎ᠶ᠋ᠢ ᠡᠭᠦᠷᠭᠡᠯᠡᠵᠦ᠍ ᠪᠠᠢᠭ᠎ᠠ᠎ᠪᠠᠨ ᠭᠦᠨᠵᠡᠬᠡᠢ ᠮᠡᠳᠡᠷᠡᠵᠦ᠍ ᠪᠠᠢᠨ᠎ᠠ᠃ ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠪᠦᠭᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠶ ᠰᠤᠷᠤᠯᠴᠠᠨ ᠣᠢᠯᠠᠭᠠᠵᠤ᠂ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠲᠠᠭᠤᠳᠠᠯ᠎ᠢᠶᠠᠨ ᠨᠥᠬᠦᠪᠥᠷᠢᠯᠡᠨ᠂ ᠳᠣᠲᠣᠭᠠᠳᠤ ᠬᠦᠴᠦᠨ᠎ᠢᠶᠠᠨ ᠴᠢᠩᠭᠠᠷᠠᠭᠤᠯᠵᠤ᠂ ᠭᠠᠳᠠᠭᠠᠳᠤ ᠬᠦᠴᠦᠨ᠎ᠢ ᠲᠠᠲᠠᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠡᠷᠲᠡᠬᠡᠨ ᠪᠣᠳᠠᠲᠤ ᠦᠷ᠎ᠡ ᠪᠦᠲᠦᠮᠵᠢ ᠣᠯᠬᠤ᠎ᠪᠠᠷ ᠴᠢᠷᠮᠠᠢᠨ᠎ᠠ᠃ ᠪᠣᠳᠠᠲᠠᠢ ᠠᠵᠢᠯ᠎ᠤᠨ ᠳᠤᠮᠳᠠ᠎ᠪᠠᠨ ᠪᠢᠳᠡ ᠳᠣᠣᠷᠠᠬᠢ 6 ᠲᠠᠯ᠎ᠠ᠎ᠶ᠋ᠢᠨ ᠠᠵᠢᠯ᠎ᠢ ᠬᠢᠨᠠᠮᠠᠭᠠᠢ ᠰᠠᠢᠲᠤᠷ ᠬᠢᠨ᠎ᠠ ᠭᠡᠪᠡ᠃

ᠨᠢᠭᠡ᠎ᠳᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠪᠠᠷ ᠶᠡᠷᠦᠩᠬᠡᠢᠯᠠᠨ ᠵᠢᠯᠤᠭᠤᠳᠤᠭᠤᠯᠵᠤ᠂ ᠦᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠦᠨ᠎ᠡ᠃ ᠪᠢᠳᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ ᠬᠠᠮᠲᠤᠷᠠᠯᠴᠠᠭ᠎ᠠ᠎ᠶ᠋ᠢ ᠠᠬᠢᠭᠤᠯᠬᠤ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《4 + 8 + N》 ᠬᠠᠮᠲᠤᠷᠠᠯᠴᠠᠭᠠᠨ᠎ᠤ ᠲᠣᠭ᠍ᠲᠠᠴᠠ᠎ᠶ᠋ᠢ ᠭᠦᠨᠵᠡᠭᠡᠢᠷᠡᠭᠦᠯᠵᠦ᠍᠂ ᠬᠠᠷᠢᠯᠴᠠᠨ ᠠᠱᠢᠭ᠍ᠲᠠᠶ ᠬᠠᠮᠲᠤ᠎ᠪᠠᠷ ᠠᠱᠢᠭ ᠭᠥᠷᠳᠡᠬᠦ᠌ ᠵᠠᠷᠴᠢᠮ ᠶᠣᠰᠣᠭᠠᠷ᠂ ᠣᠷᠣᠨ᠎ᠤ ᠭᠠᠳᠠᠨᠠᠬᠢ ᠮᠤᠵᠢ ᠬᠤᠲᠠ᠂ ᠳᠡᠭᠡᠳᠦ ᠱᠢᠨ᠎ᠡ ᠮᠡᠷᠭᠡᠵᠢᠯ᠎ᠤᠨ ᠠᠵᠤ ᠠᠬᠤᠢᠯᠠᠯ᠂ ᠶᠡᠭᠡ ᠳᠡᠭᠡᠳᠦ ᠰᠤᠷᠭᠠᠭᠤᠯᠢ ᠪᠣᠯᠤᠨ ᠬᠦᠷᠢᠶᠡᠯᠡᠩ ᠭᠠᠵᠠᠷ᠎ᠯᠤᠭ᠎ᠠ᠎ᠶ᠋ᠢᠨ ᠬᠠᠷᠢᠯᠴᠠᠭ᠎ᠠ ᠵᠣᠯᠭᠠᠯᠴᠠᠭ᠎ᠠ᠎ᠪᠠᠨ ᠴᠢᠩᠭᠠᠳᠭᠠᠵᠤ᠂ ᠲᠡᠷᠢᠭᠦᠨ᠎ᠤ ᠮᠡᠷᠭᠡᠵᠢᠯ᠎ᠤᠨ ᠦᠷ᠎ᠡ ᠪᠦᠲᠦᠭᠡᠯ ᠪᠣᠯᠤᠨ ᠱᠢᠨ᠎ᠡ᠎ᠶ᠋ᠢ ᠡᠭᠦᠳᠬᠦ᠌ ᠣᠢᠯᠠᠭᠠᠭ᠍ᠳᠠᠬᠤᠨ᠎ᠢ ᠬᠦᠴᠦᠯᠡᠨ ᠣᠷᠣᠭᠤᠯᠤᠨ ᠠᠪᠴᠢᠷᠠᠨ᠎ᠠ᠃ ᠡᠯ᠎ᠡ ᠠᠢᠮᠠᠭ ᠬᠤᠲᠠ᠂ ᠡᠯ᠎ᠡ ᠬᠠᠮᠲᠤᠷᠠᠯᠴᠠᠭᠠᠨ᠎ᠤ ᠭᠤᠤᠯ ᠴᠣᠭ᠍ᠴᠠ᠎ᠶ᠋ᠢ ᠨᠢᠭ᠍ᠲᠠ ᠠᠩᠬᠠᠷᠴᠤ᠌᠂ ᠡᠯ᠎ᠡ ᠵᠦᠢᠯ᠎ᠤᠨ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭᠠᠨ᠎ᠤ ᠵᠥᠪᠯᠡᠯᠴᠡᠭᠡᠷ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠱᠢᠨ᠎ᠡ᠎ᠶ᠋ᠢ ᠡᠭᠦᠳᠬᠦ᠌ ᠦᠢᠯᠡᠴᠢᠯᠡᠭᠡ ᠪᠠ ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠵᠢᠯᠣᠭᠤᠳᠭᠤ᠎ᠶ᠋ᠢ ᠰᠠᠢᠲᠤᠷ ᠬᠢᠵᠦ᠍᠂ ᠬᠠᠮᠲᠤᠷᠠᠯᠴᠠᠭᠠᠨ᠎ᠤ ᠵᠦᠶᠯ ᠨᠢᠭᠡᠪᠦᠷᠢ᠎ᠶ᠋ᠢ ᠪᠣᠳᠠᠲᠠᠢᠵᠢᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠨ᠎ᠠ᠃ ᠠᠵᠢᠯ᠎ᠤᠨ ᠬᠤᠪᠢᠶᠠᠷᠢᠯᠠᠯ᠎ᠤᠨ ᠲᠥᠰᠦᠯ᠎ᠢ ᠲᠣᠭ᠍ᠲᠠᠭᠠᠵᠤ᠂ ᠡᠯ᠎ᠡ ᠰᠠᠯᠠᠭ᠎ᠠ ᠮᠥᠴᠢᠷ᠎ᠲᠠᠢ ᠬᠠᠮᠲᠤᠷᠠᠨ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ 30 ᠵᠤᠷᠪᠤᠰ》 ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠠᠢᠮᠠᠭ ᠬᠤᠲᠠ᠎ᠶ᠋ᠢᠨ  ᠭᠦᠢᠴᠡᠳᠭᠡᠯ ᠲᠤᠭ᠎ᠠ᠎ᠶ᠋ᠢᠨ ᠱᠢᠰᠲ᠋ᠧᠮ᠎ᠢ ᠲᠣᠭ᠍ᠲᠠᠭᠠᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠭᠦᠨᠵᠡᠭᠡᠶ ᠪᠣᠳᠠᠲᠠᠶ ᠠᠬᠢᠭᠤᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠎ᠳᠠᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠢ ᠪᠥᠬᠦ᠌ ᠬᠦᠴᠦᠨ᠎ᠢᠶᠠᠷ ᠰᠠᠢᠲᠤᠷ ᠬᠢᠵᠦ᠍᠂ ᠲᠥᠯᠥᠪᠵᠢᠭᠦᠯᠭᠡ᠎ᠶ᠋ᠢᠨ ᠬᠠᠷᠠᠯᠲᠠ ᠲᠣᠳᠣᠷᠬᠠᠶ᠂ ᠡᠭᠦᠷᠭᠡ ᠪᠣᠳᠠᠲᠠᠶ᠂ ᠦᠨᠡᠨ ᠬᠦ᠌ ᠬᠡᠷᠡᠭ᠌ᠵᠢᠭᠦᠯᠦᠭᠦᠱᠢᠲᠡᠶ ᠪᠠᠢᠬᠤ᠎ᠶ᠋ᠢ ᠪᠠᠲᠤᠯᠠᠵᠤ᠂ ᠭᠤᠷᠪᠠᠨ ᠵᠢᠯ᠎ᠤᠨ ᠠᠵᠢᠯᠯᠠᠭᠠᠨ᠎ᠤ ᠲᠥᠯᠥᠪᠯᠡᠭᠡ᠎ᠶ᠋ᠢ ᠲᠣᠭ᠍ᠲᠠᠭᠠᠵᠤ᠂ ᠲᠥᠯᠥᠪᠵᠢᠭᠦᠯᠭᠡ᠎ᠶ᠋ᠢᠨ ᠡᠭᠦᠷᠭᠡ᠎ᠶ᠋ᠢ ᠨᠢᠭᠡᠳ ᠨᠢᠭᠡ᠎ᠪᠠᠷ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ᠃

ᠬᠤᠶᠠᠷ᠎ᠲᠤ᠌᠂ ᠠᠵᠤ ᠦᠢᠯᠡᠰ᠎ᠤᠨ ᠱᠢᠨ᠎ᠡ᠎ᠶ᠋ᠢ ᠡᠭᠦᠳᠬᠦ᠌ ᠬᠡᠷᠡᠭ᠌ᠴᠡᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ᠎ᠶ᠋ᠢ ᠡᠭᠦᠳᠬᠦ᠌ ᠴᠢᠬᠤᠯᠠ ᠶᠡᠭᠡ ᠡᠭᠦᠷᠭᠡ᠎ᠶ᠋ᠢ ᠪᠠᠢᠷᠢᠱᠢᠭᠤᠯᠤᠨ᠎ᠠ᠃ ᠱᠢᠯᠢᠳᠡᠭ ᠡᠨᠧᠷᠭᠢ᠎ᠶ᠋ᠢᠨ ᠡᠬᠢ ᠪᠠᠶᠠᠯᠢᠭ᠂ ᠠᠮᠢ ᠠᠬᠤᠢ᠎ᠶ᠋ᠢᠨ ᠣᠷᠴᠢᠨ ᠲᠣᠭᠤᠷᠢᠨ᠎ᠤ ᠬᠠᠮᠠᠭᠠᠯᠠᠯᠲᠠ᠂ ᠣᠨᠴᠠᠯᠢᠭ᠍ᠲᠤ ᠳᠠᠪᠠᠭᠤᠯᠢᠭ ᠠᠵᠤ ᠦᠢᠯᠡᠰ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠡᠷᠭᠡ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ᠎ᠶ᠋ᠢ ᠡᠭᠦᠳᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠡᠮᠬᠢᠯᠡᠨ ᠪᠣᠯᠪᠠᠰᠤᠷᠠᠭᠤᠯᠵᠤ᠂ ᠠᠵᠤ ᠦᠢᠯᠡᠰ᠎ᠤᠨ ᠬᠡᠯᠬᠢᠶᠡᠰᠦ᠎ᠶ᠋ᠢᠨ ᠲᠣᠭᠤᠷᠢᠨ᠎ᠳᠤ ᠱᠢᠨ᠎ᠡ᠎ᠶ᠋ᠢ ᠡᠭᠦᠳᠬᠦ᠌ ᠬᠡᠯᠬᠢᠶᠡᠰᠦ᠎ᠶ᠋ᠢ ᠪᠠᠢᠷᠢᠯᠠᠭᠤᠯᠤᠨ᠂ ᠱᠢᠨ᠎ᠡ᠎ᠶ᠋ᠢ ᠡᠭᠦᠳᠬᠦ᠌ ᠬᠡᠯᠬᠢᠶᠡᠰᠦ᠎ᠶ᠋ᠢᠨ ᠲᠣᠭᠤᠷᠢᠨ᠎ᠳᠤ ᠠᠵᠤ ᠦᠢᠯᠡᠰ᠎ᠤᠨ ᠬᠡᠯᠬᠢᠶᠡᠰᠦ᠎ᠶ᠋ᠢ ᠪᠠᠢᠷᠢᠯᠠᠭᠤᠯᠵᠤ᠂ ᠴᠢᠬᠤᠯᠠ ᠶᠡᠭᠡ ᠱᠢᠨᠵᠢᠯᠡᠬᠦ᠌ ᠤᠬᠠᠭᠠᠨ ᠮᠡᠷᠭᠡᠵᠢᠯ᠎ᠤᠨ ᠡᠭᠦᠷᠭᠡ᠎ᠶ᠋ᠢ ᠨᠠᠷᠢᠯᠢᠬ ᠣᠨᠣᠪᠴᠢᠲᠠᠢ ᠬᠡᠷᠡᠭ᠌ᠵᠢᠭᠦᠯᠦᠨ᠂ ᠨᠢᠭᠡ ᠪᠦᠯᠦᠭ ᠴᠢᠬᠤᠯᠠ ᠶᠡᠭᠡ ᠱᠢᠨᠵᠢᠯᠡᠬᠦ᠌ ᠤᠬᠠᠭᠠᠨ ᠮᠡᠷᠭᠡᠵᠢᠯ᠎ᠤᠨ ᠲᠤᠰᠭᠠᠢ ᠲᠥᠷᠥᠯ ᠵᠦᠢᠯ᠎ᠢ ᠪᠠᠢᠷᠢᠯᠠᠭᠤᠯᠵᠤ᠂ ᠨᠢᠭᠡ ᠪᠦᠯᠦᠭ ᠵᠠᠩᠭᠢᠯᠠᠭ᠎ᠠ᠎ᠶ᠋ᠢᠨ ᠭᠤᠣᠯᠯᠠᠬᠤ ᠮᠡᠷᠭᠡᠵᠢᠯ᠎ᠳᠤ ᠬᠦᠴᠦᠯᠡᠨ ᠱᠢᠪᠲᠤᠯᠤᠯᠲᠠ ᠭᠠᠷᠭᠠᠵᠤ᠂ ᠨᠢᠭᠡ ᠪᠦᠯᠦᠭ ᠴᠢᠬᠤᠯᠠ ᠶᠡᠭᠡ ᠱᠢᠨ᠎ᠡ᠎ᠶ᠋ᠢ ᠡᠭᠦᠳᠦᠭ᠌ᠰᠡᠨ ᠦᠢᠯᠡᠳᠬᠦᠨ᠎ᠢ ᠦᠷᠭᠦᠯᠵᠢᠯᠡᠨ ᠰᠤᠳᠤᠯᠤᠨ ᠨᠡᠭᠡᠭᠡᠨ᠎ᠡ᠃

ᠭᠤᠷᠪᠠ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠢᠯᠡᠴᠢᠯᠡᠭᠡᠨ᠎ᠤ ᠱᠢᠰᠲ᠋ᠧᠮ᠎ᠢ ᠲᠡᠭᠦᠯᠳᠡᠷᠵᠢᠭᠦᠯᠵᠦ᠍᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠱᠢᠭᠤᠯᠤᠨ ᠬᠤᠪᠢᠷᠠᠭᠤᠯᠬᠤ᠎ᠶ᠋ᠢ ᠠᠬᠢᠭᠤᠯᠤᠨ᠎ᠠ᠃ ᠵᠠᠬ᠎ᠠ ᠳᠡᠯᠭᠡᠭᠦᠷ᠎ᠤᠨ ᠬᠡᠷᠡᠭ᠌ᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠱᠢᠭᠤᠯᠬᠤ᠎ᠶ᠋ᠢ ᠠᠬᠢᠭᠤᠯᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠯᠴᠠᠭᠤᠯᠬᠤ ᠲᠣᠭ᠍ᠲᠠᠴᠠ᠎ᠶ᠋ᠢ ᠱᠢᠯᠢᠳᠡᠭ᠌ᠵᠢᠭᠦᠯᠵᠦ᠍᠂ 《ᠥᠪᠥᠷ ᠮᠣᠩᠭᠤᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠣᠮᠣ ᠵᠠᠬ᠎ᠠ ᠳᠡᠯᠭᠡᠭᠦᠷ》 ᠎ᠢ ᠲᠦᠷᠭᠡᠳᠭᠡᠨ ᠪᠠᠢᠭᠤᠯᠵᠤ᠂ ᠲᠤᠰᠭᠠᠢᠵᠢᠭ᠍ᠰᠠᠨ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ᠎ᠶ᠋ᠢ ᠶᠡᠭᠡ᠎ᠪᠠᠷ ᠪᠤᠢᠵᠢᠭᠤᠯᠤᠨ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠠᠷ ᠥᠪᠥᠷ ᠮᠣᠩᠭᠤᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢᠨ ᠬᠠᠮᠲᠤᠷᠠᠯᠴᠠᠬᠤ ᠭᠤᠤᠯ ᠴᠣᠭ᠍ᠴᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠵᠣᠯᠭᠠᠯᠴᠠᠭᠤᠯᠵᠤ ᠲᠠᠨᠢᠯᠴᠠᠭᠤᠯᠬᠤ ᠠᠵᠢᠯᠯᠠᠭ᠎ᠠ᠎ᠶ᠋ᠢ ᠪᠠᠢᠩᠭᠤᠵᠢᠭᠤᠯᠤᠨ ᠡᠷᠭᠢᠯᠡᠵᠦ᠍᠂ 《ᠣᠯᠠᠨ᠎ᠢᠶᠠᠷ᠎ᠢᠶᠠᠨ ᠱᠢᠨ᠎ᠡ᠎ᠶ᠋ᠢ ᠡᠭᠦᠳᠬᠦ᠌ ᠣᠷᠣᠨ ᠵᠠᠶ》᠂ 《ᠤᠴᠢ᠎ᠶ᠋ᠢᠨ  ᠦᠢᠯᠡᠰ ᠴᠣᠭ᠍ᠴᠠᠯᠠᠬᠤ ᠣᠷᠣᠨ ᠵᠠᠶ》 ᠵᠡᠷᠭᠡ ᠱᠢᠨ᠎ᠡ᠎ᠶ᠋ᠢ ᠡᠭᠦᠳᠴᠦ᠍ ᠠᠵᠢᠯ  ᠦᠢᠯᠡᠰ ᠴᠣᠭ᠍ᠴᠠᠯᠠᠬᠤ ᠲᠠᠪᠴᠠᠩ᠎ᠤᠨ ᠪᠠᠢᠭᠤᠯᠤᠯᠲᠠ᠎ᠶ᠋ᠢ ᠴᠢᠩᠭᠠᠳᠭᠠᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠨᠳᠤᠤᠱᠢᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠰᠠᠢᠨ ᠰᠠᠢᠬᠠᠨ ᠲᠥᠷᠥ᠎ᠶ᠋ᠢᠨ ᠪᠣᠳᠣᠯᠭ᠎ᠠ᠎ᠶ᠋ᠢᠨ ᠣᠷᠴᠢᠨ ᠲᠣᠭᠤᠷᠢᠨ᠎ᠢ ᠪᠤᠢ ᠪᠤᠯᠭᠠᠨ᠎ᠠ᠃

ᠲᠦᠷᠪᠡ᠎ᠳᠤ᠂ ᠱᠢᠨ᠎ᠡ᠎ᠶ᠋ᠢ ᠡᠭᠦᠳᠬᠦ᠌ ᠲᠠᠪᠴᠠᠩ᠎ᠤᠨ ᠠᠴᠢᠶᠠᠯᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠥᠨᠳᠦᠷᠯᠢᠭ᠎ᠢ ᠪᠤᠢ ᠪᠣᠯᠭᠠᠨ᠎ᠠ᠃ 《ᠭᠤᠷᠪᠠᠨ ᠣᠷᠣᠨ ᠬᠤᠶᠠᠷ ᠲᠥᠪ》 ᠎ᠤᠨ ᠪᠥᠲᠥᠭᠡᠨ ᠪᠠᠢᠭᠤᠯᠤᠯᠲᠠ᠎ᠶ᠋ᠢ ᠱᠢᠰᠲ᠋ᠧᠮ᠎ᠲᠠᠢ ᠠᠬᠢᠭᠤᠯᠵᠤ᠂ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌ ᠪᠠ ᠲᠥᠷᠥ᠎ᠶ᠋ᠢᠨ ᠪᠣᠳᠣᠯᠭ᠎ᠠ᠎ᠶ᠋ᠢ ᠤᠷᠢᠳ᠎ᠢᠶᠠᠷ ᠬᠡᠷᠡᠭ᠌ᠵᠢᠭᠦᠯᠵᠦ᠍ ᠤᠷᠢᠳ᠎ᠢᠶᠠᠷ ᠲᠤᠷᠱᠢᠬᠤ᠎ᠶ᠋ᠢ ᠰᠦᠪᠡᠭ᠌ᠴᠢᠯᠡᠨ᠎ᠡ᠃ ᠬᠥᠬᠡᠬᠤᠲᠠ᠎ᠶ᠋ᠢᠨ ᠳᠡᠭᠡᠳᠦ ᠱᠢᠨ᠎ᠡ ᠮᠡᠷᠭᠡᠵᠢᠯ᠎ᠤᠨ ᠲᠣᠭᠤᠷᠢᠭ᠂ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠂ ᠠᠵᠤ ᠦᠢᠯᠡᠰᠵᠢᠯᠳᠡ᠎ᠶ᠋ᠢᠨ ᠰᠠᠭᠤᠷᠢᠨ ᠭᠠᠵᠠᠷ ᠵᠡᠷᠭᠡ ᠱᠢᠨ᠎ᠡ᠎ᠶ᠋ᠢ ᠡᠭᠦᠳᠬᠦ᠌ ᠲᠠᠪᠴᠠᠩ᠎ᠳᠤ ᠲᠦᠱᠢᠭ᠌ᠯᠡᠨ᠂ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠲᠥᠪᠯᠡᠷᠡᠭᠦᠯᠵᠦ᠍᠂ ᠱᠢᠨ᠎ᠡ᠎ᠶ᠋ᠢ ᠡᠭᠦᠳᠬᠦ᠌ ᠲᠥᠪ ᠬᠤᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠎ᠶ᠋ᠢ ᠢᠳᠡᠪᠬᠢᠲᠡᠶ ᠳᠡᠮᠵᠢᠨ᠎ᠡ᠃ ᠤᠯᠤᠰ᠎ᠤᠨ ᠲᠠᠰ᠎ᠤᠨ ᠳᠡᠭᠡᠳᠦ ᠱᠢᠨ᠎ᠡ ᠮᠡᠷᠭᠡᠵᠢᠯ᠎ᠤᠨ ᠲᠣᠭᠤᠷᠢᠭ᠎ᠤᠨ 《ᠶᠠᠰᠤ ᠴᠢᠨᠠᠷ᠎ᠢ ᠳᠡᠭᠡᠭ᠌ᠰᠢᠯᠡᠭᠦᠯᠵᠦ᠍ ᠤᠷᠤᠨ ᠪᠠᠢᠷᠢ᠎ᠶ᠋ᠢ ᠳᠡᠪᠱᠢᠭᠦᠯᠬᠦ᠌》᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠱᠢᠨ᠎ᠡ ᠮᠡᠷᠭᠡᠵᠢᠯ᠎ᠤᠨ ᠲᠣᠭᠤᠷᠢᠭ᠎ᠤᠨ 《ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌》 ᠪᠠ 《ᠪᠤᠢᠵᠢᠭᠤᠯᠤᠨ ᠡᠭᠦᠳᠦᠨ ᠪᠠᠢᠭᠤᠯᠬᠤ》 ᠠᠵᠢᠯᠯᠠᠭ᠎ᠠ᠎ᠶ᠋ᠢ ᠥᠷᠨᠢᠭᠦᠯᠵᠦ᠍᠂ ᠤᠯᠤᠰ᠎ᠤᠨ ᠰᠦ᠎ᠶ᠋ᠢᠨ ᠦᠢᠯᠡᠰ᠂ ᠬᠤᠪᠣᠷ ᠱᠢᠷᠣᠶ᠎ᠶ᠋ᠢᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠳᠡᠭᠡᠳᠦ ᠱᠢᠨ᠎ᠡ ᠮᠡᠷᠭᠡᠵᠢᠯ᠎ᠤᠨ ᠠᠵᠤ ᠠᠬᠤᠢᠯᠠᠯ᠎ᠢ ᠪᠤᠢᠵᠢᠭᠤᠯᠬᠤ ᠢᠨᠵᠧᠨᠧᠷᠢᠩ᠎ᠢ ᠬᠡᠷᠡᠭ᠌ᠵᠢᠭᠦᠯᠵᠦ᠍᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠬᠤᠯᠪᠣᠭᠠᠲᠤ ᠴᠣᠭ᠍ᠴᠠ᠎ᠶ᠋ᠢ ᠲᠦᠷᠦᠭᠦᠯᠡᠨ ᠵᠣᠬᠢᠶᠠᠨ ᠪᠠᠢᠭᠤᠯᠬᠤ᠎ᠶ᠋ᠢ ᠵᠣᠷᠢᠭ᠍ᠵᠢᠭᠤᠯᠤᠨ᠎ᠠ᠃ ᠨᠡᠷᠡᠲᠦ ᠶᠡᠭᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ ᠠᠵᠤ ᠠᠬᠤᠢᠯᠠᠯ᠎ᠤᠳ᠎ᠤᠨ ᠮᠠᠨ᠎ᠤ ᠣᠷᠣᠨ᠎ᠳᠤ ᠱᠢᠨ᠎ᠡ ᠮᠠᠶᠢᠭ᠎ᠤᠨ ᠰᠤᠳᠤᠯᠤᠨ ᠨᠡᠭᠡᠭᠡᠬᠦ᠌ ᠪᠠᠢᠭᠤᠯᠤᠮᠵᠢ ᠪᠠᠢᠭᠤᠯᠬᠤ᠎ᠶ᠋ᠢ ᠳᠡᠮᠵᠢᠨ᠎ᠡ᠃

ᠲᠠᠪᠤ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠱᠢᠨ᠎ᠡ᠎ᠶ᠋ᠢ ᠡᠭᠦᠳᠬᠦ᠌ ᠰᠠᠢᠨ ᠰᠠᠢᠬᠠᠨ ᠠᠮᠢ ᠠᠬᠤᠢ᠎ᠶ᠋ᠢ ᠪᠤᠢ ᠪᠣᠯᠭᠠᠨ᠎ᠠ᠃ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠮᠥᠩᠭᠦᠨ ᠭᠦᠢᠯᠭᠡᠭᠡᠨ᠎ᠤ ᠪᠠᠢᠭᠤᠯᠤᠮᠵᠢ᠂ ᠨᠡᠢᠭᠡᠮ᠎ᠤᠨ ᠬᠦᠷᠦᠩᠭᠡ᠎ᠶ᠋ᠢᠨ ᠱᠢᠨ᠎ᠡ᠎ᠶ᠋ᠢ ᠡᠭᠦᠳᠬᠦ᠌ ᠠᠵᠢᠯᠯᠠᠭ᠎ᠠ᠎ᠶ᠋ᠢ ᠳᠡᠮᠵᠢᠬᠦ᠌ ᠪᠡ ᠨᠡᠮᠡᠭ᠌ᠳᠡᠭᠦᠯᠬᠦ᠌᠎ᠶ᠋ᠢ ᠬᠦᠲᠦᠯᠦᠨ ᠵᠢᠯᠣᠭᠤᠳᠴᠤ᠌᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠱᠠᠩᠨᠠᠯ ᠨᠥᠬᠦᠪᠥᠷᠢ᠎ᠶ᠋ᠢᠨ ᠲᠦᠷᠦ᠎ᠶ᠋ᠢᠨ ᠪᠤᠳᠤᠯᠭ᠎ᠠ᠎ᠶ᠋ᠢ ᠲᠣᠭ᠍ᠲᠠᠭᠠᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠤᠯᠠᠨ ᠡᠱᠢᠵᠢᠭ᠌ᠰᠡᠨ ᠣᠷᠣᠭᠤᠯᠤᠯᠲᠠ᠎ᠶ᠋ᠢᠨ ᠱᠢᠰᠲ᠋ᠧᠮ᠎ᠢ ᠪᠠᠢᠭᠤᠯᠵᠤ᠂ ᠪᠦᠬᠦ᠌ ᠨᠡᠢᠭᠡᠮ᠎ᠤᠨ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠡᠷᠴᠢᠮ᠎ᠢ ᠬᠦᠴᠦᠯᠡᠨ ᠳᠡᠭᠡᠭ᠌ᠰᠢᠯᠡᠭᠦᠯᠦᠨ᠎ᠡ᠃ ᠦᠨᠳᠦᠰᠦᠨ ᠱᠠᠲᠤᠨ᠎ᠤ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠱᠢᠯᠭᠠᠨ ᠬᠢᠨᠠᠬᠤ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠱᠢᠯᠭᠠᠨ ᠦᠨᠡᠯᠡᠬᠦ᠌ ᠳᠦᠷᠢᠮ ᠪᠠ ᠥᠷᠢᠰᠥᠯᠳᠦᠨ ᠤᠷᠤᠭ᠍ᠰᠢᠯᠠᠬᠤ ᠲᠣᠭ᠍ᠲᠠᠴᠠ᠎ᠶ᠋ᠢ ᠪᠠᠢᠭᠤᠯᠤᠨ᠎ᠠ᠃ 《ᠭᠤᠷᠪᠠ᠎ᠶ᠋ᠢ ᠦᠨᠡᠯᠡᠬᠦ᠌》 ᠳᠦᠷᠢᠮ᠎ᠤᠨ ᠥᠭᠡᠷᠡᠴᠢᠯᠡᠯᠲᠡ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠲᠥᠯᠥᠪᠯᠡᠭᠡᠲᠦ ᠬᠠᠮᠢᠶᠠᠷᠤᠯᠲᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ 《ᠵᠠᠷᠯᠠᠨ ᠨᠡᠢᠲᠡᠯᠡᠬᠦ᠌》᠂ 《ᠪᠠᠲᠤᠯᠠᠭ᠎ᠠ᠎ᠶ᠋ᠢᠨ ᠪᠢᠴᠢᠭ》 ᠵᠡᠷᠭᠡ ᠳᠦᠷᠢᠮ᠎ᠢ ᠬᠡᠷᠡᠭ᠌ᠵᠢᠭᠦᠯᠦᠨ᠎ᠡ᠃ ᠴᠢᠳᠠᠪᠤᠷᠢᠲᠠᠨ᠎ᠢ ᠪᠦᠬᠦ᠌ ᠲᠠᠯ᠎ᠠ᠎ᠪᠠᠷ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠰᠠᠢᠲᠤᠷ ᠬᠡᠷᠡᠭ᠌ᠯᠡᠵᠦ᠍᠂ ᠭᠤᠣᠯᠳᠠᠯᠭ᠎ᠠ᠎ᠲᠠᠢ ᠬᠦᠷᠢᠶ᠎ᠡ ᠴᠠᠷᠠᠭᠠᠨ᠎ᠳᠠᠬᠢ ᠲᠦᠷᠦᠯ ᠵᠦᠢᠯ᠂ ᠰᠠᠭᠤᠷᠢᠨ᠂ ᠴᠢᠳᠠᠪᠤᠷᠢᠲᠠᠨ᠂ ᠪᠡᠯᠡ ᠮᠥᠩᠭᠦ᠎ᠶ᠋ᠢ ᠨᠢᠭᠡ ᠴᠤᠬ᠍ᠴᠠᠵᠢᠭᠤᠯᠤᠨ ᠲᠤᠬᠢᠷᠠᠭᠤᠯᠬᠤ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ᠎ᠢ ᠲᠠᠢᠴᠢᠯᠠᠨ᠂ ᠡᠯ᠎ᠡ ᠲᠦᠷᠦᠯ᠎ᠤᠨ ᠱᠢᠨ᠎ᠡ᠎ᠶ᠋ᠢ ᠡᠭᠦᠳᠬᠦ᠌ ᠭᠤᠣᠯ ᠴᠣᠭ᠍ᠴᠠ᠎ᠶ᠋ᠢᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃

ᠵᠢᠷᠭᠤᠭ᠎ᠠ᠎ᠳᠤ᠂ ᠡᠭᠦᠷᠭᠡ ᠴᠢᠳᠠᠪᠬᠢ᠎ᠶ᠋ᠢ ᠦᠨᠡᠨ ᠬᠦ᠌ ᠬᠤᠪᠢᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠵᠠᠰᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠶᠡᠷᠦᠩᠬᠡᠶ ᠱᠦᠵᠢ ᠰᠢ᠎ᠶ᠋ᠢᠨ ᠫᠢᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠠᠯᠠᠭ᠎ᠠ ᠮᠥᠴᠢᠷ᠎ᠤᠨ 《ᠪᠠᠢᠯᠳᠤᠬᠤ ᠪᠣᠳᠣᠯᠭ᠎ᠠ᠎ᠶ᠋ᠢ ᠠᠳᠭᠤᠬᠤ᠂ ᠲᠥᠯᠥᠪᠵᠢᠭᠦᠯᠭᠡ᠎ᠶ᠋ᠢ ᠠᠳᠭᠤᠬᠤ᠂ ᠲᠥᠷᠥ᠎ᠶ᠋ᠢᠨ ᠪᠣᠳᠣᠯᠭ᠎ᠠ᠎ᠶ᠋ᠢ ᠠᠳᠭᠤᠬᠤ᠂  ᠦᠢᠯᠡᠴᠢᠯᠡᠭᠡ᠎ᠶ᠋ᠢ ᠠᠳᠭᠤᠬᠤ》 ᠲᠤᠬᠠᠶ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠠᠵᠢᠯ᠎ᠤᠨ ᠭᠤᠣᠯᠳᠠᠯᠭ᠎ᠠ᠎ᠶ᠋ᠢ ᠰᠤᠳᠤᠯᠤᠨ ᠨᠡᠭᠡᠭᠡᠬᠦ᠌ ᠬᠠᠮᠢᠶᠠᠷᠤᠯᠲᠠ᠎ᠠᠴᠠ ᠱᠢᠨ᠎ᠡ᠎ᠶ᠋ᠢ ᠡᠭᠦᠳᠬᠦ᠌ ᠦᠢᠯᠡᠴᠢᠯᠡᠭᠡ ᠳᠠᠢᠰᠢ ᠬᠤᠪᠢᠷᠠᠭᠤᠯᠬᠤ᠎ᠶ᠋ᠢ ᠠᠬᠢᠭᠤᠯᠤᠨ᠎ᠠ᠃ ᠪᠠᠢᠭᠤᠯᠭ᠎ᠠ᠎ᠶ᠋ᠢᠨ ᠤᠪᠤᠷ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠠᠵᠢᠯ ᠬᠢᠵᠦ᠍  ᠦᠢᠯᠡᠰ ᠴᠣᠭ᠍ᠴᠠᠯᠠᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠵᠤ᠂ ᠠᠵᠢᠯ ᠬᠢᠬᠦ᠌ ᠰᠠᠨᠠᠭ᠎ᠠ᠎ᠲᠠᠢ᠂ ᠠᠵᠢᠯ ᠬᠢᠵᠦ᠍ ᠳᠡᠢᠯᠬᠦ᠂ ᠦᠢᠯᠡᠰ ᠪᠦᠲᠦᠭᠡᠵᠦ᠍ ᠳᠡᠢᠯᠬᠦ᠌ ᠱᠢᠨᠵᠢᠯᠡᠬᠦ᠌ ᠤᠬᠠᠭᠠᠨᠴᠢ ᠬᠠᠮᠢᠶᠠᠷᠤᠯᠲᠠ᠎ᠶ᠋ᠢᠨ ᠡᠩᠨᠡᠭᠡ᠎ᠶ᠋ᠢ ᠪᠠᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠼᠠᠢ ᠬᠤᠩ
ᠦᠪᠦᠷ ᠮᠤᠩᠭᠤᠯ᠎ᠤᠨ ᠡᠳᠦᠷ᠎ᠤᠨ ᠰᠤᠨᠢᠨ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号