2020 ᠣᠨ᠎ᠳᠤ᠂ ᠲᠦᠩᠯᠢᠶᠤᠤ ᠬᠤᠲᠠ ᠪᠥᠬᠦ᠌ ᠲᠠᠯᠠᠬᠡᠢ᠎ᠶ᠋ᠢᠨ ᠬᠢᠵᠢᠭ᠎ᠤᠨ ᠪᠠᠢᠳᠠᠯ᠎ᠤᠨ ᠭᠠᠳᠠᠭᠠᠳᠤ ᠭᠠᠷᠭᠠᠯᠳᠠ᠎ᠶ᠋ᠢᠨ ᠠᠵᠤ ᠠᠬᠤᠢᠯᠠᠯ᠎ᠳᠤ ᠤᠴᠠᠷᠠᠭᠤᠯᠤᠭ᠍ᠰᠠᠨ ᠨᠦᠯᠦᠭᠡ᠎ᠶ᠋ᠢ ᠢᠳᠡᠪᠬᠢᠳᠠᠢ ᠠᠷᠭᠠᠴᠠᠭᠠᠨ ᠣᠯᠠᠨ ᠵᠦᠢᠯ᠎ᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌᠂ ᠭᠠᠳᠠᠭᠠᠳᠤ ᠠᠷᠠᠯᠵᠢᠶ᠎ᠠ᠎ᠶ᠋ᠢ ᠲᠤᠭ᠍ᠲᠠᠪᠤᠷᠢᠵᠢᠭᠤᠯᠬᠤ ᠡᠯ᠎ᠡ ᠵᠦᠢᠯ᠎ᠤᠨ ᠲᠥᠷᠥ᠎ᠶ᠋ᠢᠨ ᠪᠤᠳᠣᠯᠭ᠎ᠠ᠎ᠶ᠋ᠢ ᠴᠢᠩᠭ᠎ᠠ ᠬᠦᠴᠤᠳᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠭᠠᠳᠠᠭᠠᠳᠤ ᠭᠠᠷᠭᠠᠯᠳᠠ᠎ᠶ᠋ᠢᠨ ᠠᠵᠤ ᠠᠬᠤᠢᠯᠠᠯ᠎ᠤᠨ ᠡᠷᠡᠭᠦᠯ ᠲᠤᠭ᠍ᠳᠠᠭᠤᠨ ᠵᠶᠡᠷ ᠬᠥᠭ᠌ᠵᠢᠬᠦ᠌᠎ᠳᠤ ᠬᠦᠴᠦᠨ ᠨᠡᠮᠡᠷᠢᠯᠡᠪᠡ᠃
ᠲᠦᠩᠯᠢᠶᠤᠤ ᠬᠤᠳᠠ ᠨᠢᠳᠤᠨᠤᠠ 209 ᠠᠵᠤ ᠠᠬᠤᠢᠯᠠᠯ (ᠤᠳᠠᠭ᠎ᠠ) ᠤᠨ ᠭᠠᠳᠠᠭᠠᠳᠤ᠎ᠳᠤ ᠭᠠᠷᠭᠠᠬᠤ ᠡᠳ᠋ ᠪᠠᠷᠠᠭᠠᠨ᠎ᠤ ᠭᠠᠢᠯᠢ᠎ᠠᠴᠠ ᠬᠡᠯᠳᠤᠷᠢᠬᠦᠯᠬᠦ᠌᠎ᠶ᠋ᠢ ᠭᠤᠶᠤᠴᠢᠯᠠᠨ ᠮᠡᠳᠡᠭᠦᠯᠬᠦ᠂ ᠭᠤᠶᠤᠴᠢᠯᠠᠨ ᠳᠠᠩᠰᠠᠯᠠᠭᠤᠯᠬᠤ ᠪᠠ ᠡᠵᠡᠩᠨᠡᠯᠲᠠ᠎ᠶ᠋ᠢᠨ ᠬᠥᠷᠢᠶ᠎ᠡ ᠬᠡᠪᠴᠢᠶ᠎ᠠ᠎ᠪᠠᠨ ᠬᠤᠪᠢᠷᠠᠭᠤᠯᠬᠤ᠂ ᠭᠡᠷᠡᠴᠢᠯᠡᠯ ᠬᠢᠯᠬᠡᠬᠦ᠌ ᠵᠡᠷᠬᠡ ᠵᠦᠢᠯ᠎ᠢ ᠬᠥᠯᠢᠶᠡᠨ ᠠᠪᠴᠤ᠌ ᠱᠢᠶᠳᠪᠦᠷᠢᠯᠡᠨ᠂ ᠠᠵᠤ ᠠᠬᠤᠢᠯᠠᠯ᠎ᠳᠤ ᠨᠡᠢᠲᠡ 3.52 ᠳ᠋ᠦᠩᠱᠢᠭᠤᠷ ᠲᠥᠭᠦᠷᠢᠭ᠎ᠤᠨ ᠭᠠᠳᠠᠭᠠᠳᠤ᠎ᠳᠤ ᠭᠠᠷᠭᠠᠬᠤ ᠡᠳ᠋ ᠪᠠᠷᠠᠭᠠᠨ᠎ᠤ ᠭᠠᠢᠯᠢ᠎ᠶ᠋ᠢ ᠪᠤᠴᠠᠭᠠᠬᠤ (ᠭᠡᠯᠳᠦᠷᠢᠭᠦᠯᠬᠦ᠌) ᠭᠠᠷ ᠭᠦᠶᠴᠡᠳᠭᠡᠯ ᠬᠢᠵᠦ᠍ ᠦᠭ᠌ᠬᠦᠨ 2019 ᠣᠨ᠎ᠤ᠎ᠬᠢ᠎ᠠᠴᠠ 6707 ᠲᠦᠮᠡᠨ ᠲᠥᠭᠦᠷᠢᠭ ᠨᠡᠮᠡᠭ᠌ᠳᠡᠵᠤ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠠᠢ᠃ ᠨᠢᠭᠡ ᠵᠢᠯ᠎ᠤᠨ ᠲᠤᠷᠰᠢ᠂ ᠲᠤᠰ ᠬᠤᠲᠠ ᠭᠠᠳᠠᠭᠠᠳᠤ᠎ᠳᠤ ᠭᠠᠷᠭᠠᠬᠤ ᠡᠳ᠋ ᠪᠠᠷᠠᠭᠠᠨ᠎ᠤ ᠭᠠᠢᠯᠢ᠎ᠶ᠋ᠢ ᠪᠤᠴᠠᠭᠠᠬᠤ᠎ᠶ᠋ᠢ 《ᠴᠠᠭᠠᠰᠤ ᠬᠡᠷᠡᠭ᠌ᠯᠡᠬᠦ᠌ ᠥᠬᠡᠶ ᠪᠤᠯᠭᠠᠬᠤ》᠂ 《ᠥᠯᠥ᠍ ᠬᠦᠷᠦᠯᠴᠡᠬᠦ᠌ ᠬᠡᠯᠪᠡᠷᠢ》 ᠪᠠᠷ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠌᠎ᠶ᠋ᠢ ᠢᠳᠡᠪᠬᠢᠲᠡᠶ ᠬᠡᠷᠡᠭ᠌ᠵᠢᠭᠦᠯᠵᠦ᠍᠂ ᠭᠠᠢᠯᠢ ᠪᠠ ᠪᠠᠩᠬᠢ᠎ᠶ᠋ᠢᠨ ᠰᠠᠯᠠᠭ᠎ᠠ ᠮᠦᠴᠢᠷ ᠬᠤᠯᠪᠤᠭᠠᠯᠠᠨ ᠡᠯᠧᠺᠲᠷᠤᠨ ᠵᠶᠠᠷ ᠭᠠᠢᠯᠢ ᠪᠤᠴᠠᠭᠠᠬᠤ᠂ ᠪᠥᠬᠦ᠌ ᠶᠠᠪᠤᠴᠠ᠎ᠳᠤ ᠡᠯᠧᠺᠲᠷᠤᠨ ᠲᠤᠭ᠎ᠠ ᠪᠠᠷᠢᠮᠲᠠ᠎ᠶ᠋ᠢ ᠬᠢᠨᠠᠨ ᠬᠠᠷᠭᠤᠭᠤᠯᠵᠤ ᠳᠠᠮᠵᠢᠭᠤᠯᠬᠤ᠎ᠶ᠋ᠢ ᠪᠡᠶᠡᠯᠡᠭᠦᠯᠵᠦ᠍᠂ ᠭᠠᠢᠯᠢ ᠲᠤᠱᠢᠶᠡᠭ᠌ᠴᠢᠶ᠋ᠢ 《ᠬᠡᠷ᠎ᠠᠴᠠ᠎ᠪᠠᠨ ᠭᠠᠷᠬᠤ ᠥᠬᠡᠶ᠎ᠪᠠᠷ ᠰᠦᠯᠵᠢᠶᠡᠨ ᠳᠡᠭᠡᠷ᠎ᠡ ᠮᠡᠳᠡᠭᠦᠯᠵᠦ᠍ ᠰᠦᠯᠵᠢᠶᠡᠨ ᠳᠡᠭᠡᠷ᠎ᠡ ᠭᠠᠷᠭᠠᠨ ᠠᠪᠬᠤ》 ᠪᠤᠯᠭᠠᠪᠠ᠃ ᠣᠳᠣᠬᠠᠨ ᠪᠤᠯᠲᠠᠯ᠎ᠠ᠂ ᠲᠤᠰ ᠬᠤᠲᠠ᠎ᠶ᠋ᠢᠨ ᠭᠠᠳᠠᠭᠠᠳᠤ ᠭᠠᠷᠭᠠᠯᠲᠠ᠎ᠶ᠋ᠢᠨ 20 ᠠᠵᠤ ᠠᠬᠤᠢᠯᠠᠯ ᠴᠥᠮ ᠰᠦᠯᠵᠢᠶᠡᠨ ᠳᠡᠭᠡᠷ᠎ᠠ ᠬᠦᠢᠴᠠᠳᠭᠡᠬᠦ᠌ ᠠᠷᠭ᠎ᠠ᠎ᠪᠠᠷ ᠭᠠᠢᠯᠢ᠎ᠠᠴᠠ ᠬᠡᠯᠳᠤᠷᠢᠬᠦᠯᠬᠦ᠌ ᠭᠠᠷ ᠭᠦᠶᠴᠡᠳᠭᠡᠯ ᠬᠢᠪᠡ᠃
ᠲᠦᠩᠯᠢᠶᠤᠤ ᠬᠤᠲᠠ ᠪᠠᠰᠠ ᠳᠤᠲᠤᠭᠠᠳᠤ ᠬᠠᠮᠢᠶᠠᠷᠤᠯᠲᠠ᠎ᠶ᠋ᠢᠨ ᠶᠠᠪᠤᠴᠠ᠎ᠶ᠋ᠢ ᠱᠢᠯᠢᠳᠡᠭ᠌ᠵᠢᠭᠦᠯᠬᠦ᠂ ᠠᠵᠢᠯ᠎ᠤᠨ ᠪᠠᠢᠷᠢ᠎ᠶ᠋ᠢᠨ ᠬᠠᠷᠢᠭᠤᠴᠠᠯᠭ᠎ᠠ᠎ᠶ᠋ᠢ ᠴᠢᠩᠭᠠᠳᠭᠠᠬᠤ ᠵᠡᠷᠭᠡ ᠠᠷᠭ᠎ᠠ᠎ᠪᠠᠷ ᠭᠠᠳᠠᠭᠠᠳᠤ᠎ᠳᠤ ᠭᠠᠷᠭᠠᠬᠤ ᠡᠳ᠋ ᠪᠠᠷᠠᠭᠠᠨ᠎ᠤ ᠭᠠᠢᠯᠢ᠎ᠶ᠋ᠢ ᠪᠤᠴᠠᠭᠠᠬᠤ ᠬᠢᠨᠠᠨ ᠵᠥᠪᠱᠢᠶᠡᠷᠡᠯ᠎ᠢ ᠲᠦᠷᠭᠡᠳᠭᠡᠵᠤ᠂ ᠭᠠᠢᠯᠢ ᠪᠤᠴᠠᠭᠠᠬᠤ᠎ᠶ᠋ᠢ ᠬᠢᠨᠠᠨ ᠬᠠᠷᠭᠤᠭᠤᠯᠬᠤ ᠶᠠᠪᠤᠴᠠ᠎ᠶ᠋ᠢ ᠲᠦᠬᠦᠮᠴᠢᠯᠡᠨ ᠬᠢᠨᠠᠨ ᠵᠥᠪᠱᠢᠶᠡᠷᠡᠬᠦ᠌ ᠴᠠᠭ᠎ᠢ ᠪᠤᠭᠤᠨᠢᠰᠭᠠᠵᠤ᠂ ᠳᠠᠷᠤᠶ ᠮᠡᠳᠡᠭᠦᠯᠵᠦ᠍ ᠳᠠᠷᠤᠶ ᠬᠢᠨᠠᠬᠤ᠂ ᠪᠠᠷᠢᠠ ᠬᠢᠨᠠᠵᠤ ᠪᠠᠷᠢᠨ ᠱᠢᠶᠳᠪᠦᠷᠢᠯᠡᠬᠦ᠂ ᠲᠦᠷᠭᠡᠨ ᠭᠥᠢᠴᠡᠳᠭᠡᠵᠤ ᠲᠥᠷᠭᠡᠨ ᠪᠤᠴᠠᠭᠠᠬᠤ ᠠᠵᠢᠯ᠎ᠤᠨ ᠵᠠᠭ᠍ᠪᠤᠷ᠎ᠢ ᠡᠭᠦᠳᠴᠥ᠍᠂ ᠪᠦᠬᠦ᠌ ᠤᠯᠤᠰ᠎ᠤᠨ 8 ᠠᠵᠢᠯᠯᠠᠬᠤ ᠡᠳᠦᠷ᠎ᠤᠨ ᠳᠤᠮᠳᠠᠴᠢ ᠭᠦᠶᠴᠡᠳᠭᠡᠬᠦ᠌ ᠬᠤᠭᠤᠴᠠᠭ᠎ᠠ᠎ᠶ᠋ᠢᠨ ᠰᠠᠭᠤᠷᠢᠨ ᠳᠡᠭᠡᠷ᠎ᠡ ᠳᠠᠬᠢᠨ 50% ᠪᠠᠷ ᠲᠦᠷᠬᠡᠳᠭᠡᠵᠤ᠂ ᠲᠤᠭ᠍ᠲᠠᠭᠠᠯ᠎ᠳᠤ ᠨᠡᠢᠴᠡᠬᠦ᠌ ᠬᠡᠪ᠎ᠤᠨ ᠭᠠᠳᠠᠭᠠᠳᠤ ᠭᠠᠷᠭᠠᠯᠲᠠ᠎ᠶ᠋ᠢᠨ ᠠᠵᠤ ᠠᠬᠤᠢ᠍ᠢᠯᠠᠯ᠎ᠤᠨ ᠭᠠᠳᠠᠭᠠᠳᠤ᠎ᠳᠤ ᠭᠠᠷᠭᠠᠬᠤ ᠡᠳ᠋ ᠪᠠᠷᠠᠭᠠᠨ᠎ᠤ ᠭᠠᠢᠯᠢ᠎ᠶ᠋ᠢ ᠪᠤᠴᠠᠭᠠᠬᠤ ᠳᠤᠮᠳᠠᠴᠢ ᠭᠦᠶᠴᠡᠳᠭᠡᠬᠦ᠌ ᠴᠠᠭ᠎ᠢ 4 ᠠᠵᠢᠯᠯᠠᠬᠤ ᠡᠳᠦᠷ᠎ᠤᠨ ᠳᠤᠲᠤᠷ᠎ᠠ ᠪᠡᠶᠡᠯᠡᠭᠦᠯᠬᠦ᠌᠎ᠶ᠋ᠢ ᠪᠠᠲᠤᠯᠠᠨ᠂ ᠠᠮᠤᠷ ᠲᠦᠪᠱᠢᠨ ᠵᠶᠡᠷ ᠭᠠᠢᠯᠢ ᠪᠤᠴᠠᠭᠠᠬᠤ ᠪᠠ ᠳᠥᠭᠦᠮ ᠳᠥᠲᠡ᠎ᠪᠠᠷ ᠭᠠᠢᠯᠢ ᠪᠤᠴᠠᠭᠠᠬᠤ᠎ᠶ᠋ᠢ ᠵᠡᠷᠭᠡ᠎ᠪᠠᠷ ᠠᠬᠢᠭᠤᠯᠵᠠᠢ᠃ ᠭᠠᠳᠠᠭᠠᠳᠤ ᠭᠠᠷᠭᠠᠯᠳᠠ᠎ᠶ᠋ᠢᠨ ᠠᠵᠤ ᠠᠬᠤᠢᠯᠠᠯ᠎ᠤᠨ ᠭᠠᠳᠠᠭᠠᠳᠤ᠎ᠳᠤ ᠭᠠᠷᠭᠠᠬᠤ ᠡᠳ᠋ ᠪᠠᠷᠠᠭᠠᠨ᠎ᠤ ᠭᠠᠢᠯᠢ᠎ᠶ᠋ᠢ ᠪᠤᠴᠠᠭᠠᠬᠤ ᠪᠡᠯᠡ ᠮᠥᠩᠭᠦ᠎ᠶ᠋ᠢᠨ ᠡᠷᠭᠢᠯᠲᠡ᠎ᠶ᠋ᠢᠨ ᠬᠤᠷᠳᠤᠴᠠ᠎ᠶ᠋ᠢ ᠤᠯᠠᠮ ᠨᠢᠭᠡ ᠠᠯᠬᠤᠮ ᠲᠦᠷᠭᠡᠳᠭᠡᠨ ᠭᠠᠳᠠᠭᠠᠳᠤ ᠭᠠᠷᠭᠠᠯᠳᠠ᠎ᠶ᠋ᠢᠨ ᠠᠵᠤ ᠠᠬᠤᠢ᠍ᠢᠯᠠᠯ᠎ᠤᠨ ᠪᠡᠯᠡ ᠮᠥᠩᠭᠦ᠎ᠶ᠋ᠢ ᠠᠮᠢᠳᠤᠯᠢᠭ ᠪᠤᠯᠭᠠᠬᠤ᠂ ᠲᠤᠭ᠍ᠲᠠᠭᠤᠨ᠎ᠢᠶᠠᠷ ᠥᠢᠯᠡᠳᠪᠥᠷᠢᠯᠡᠵᠤ ᠲᠤᠭ᠍ᠲᠠᠭᠤᠨ᠎ᠢᠶᠠᠷ ᠪᠤᠷᠤᠯᠠᠭᠤᠯᠬᠤ᠂ ᠬᠦᠭ᠌ᠵᠢᠯᠳᠡ᠎ᠪᠠᠨ ᠠᠬᠢᠭᠤᠯᠬᠤ᠎ᠳᠤᠨᠢ ᠬᠦᠴᠦᠲᠡᠶ ᠪᠠᠲᠤᠯᠠᠭ᠎ᠠ ᠬᠠᠩᠭᠠᠬ᠍ᠰᠠᠨ ᠪᠠᠢᠨ᠎ᠠ᠃