ᠲᠤᠮᠤ ᠳ᠋ᠠᠢᠲ᠋ᠠ ᠬᠦᠳᠡᠭᠡ ᠲᠤᠰᠭᠤᠨ᠎ᠳᠤ ᠨᠤᠳᠤᠭ᠍ᠰᠢᠵᠤ ᠲᠤᠭᠠᠴᠢᠯᠠᠭ᠍ᠰᠠᠨ ᠮᠡᠷᠬᠡᠵᠢᠯ ᠬᠦᠳᠡᠭᠡ ᠠᠵᠤ ᠠᠬᠤᠢ᠎ᠳᠤ ᠠᠭᠤᠰᠤᠯ᠎ᠠ
2021-01-17 11:45:10
ᠵᠣᠬᠢᠶᠠᠭ᠍ᠴᠢ᠄
ᠨᠠᠷᠡᠩᠭᠤᠸ᠎ᠠ ᠡᠷᠳᠡᠨᠢᠵᠢᠷᠭᠠᠯ ᠬᠤᠩ ᠱᠢᠶᠠ
ᠣᠩᠱᠢᠭ᠍ᠰᠠᠨ ᠣᠳᠠᠭ᠎ᠠ᠄
★★★☆☆

— ᠤᠳᠤᠭ᠎ᠤᠨ ᠡᠮᠤᠨᠡᠳᠤ ᠬᠤᠱᠢᠭᠤᠨ᠎ᠤ ᠲᠤᠭᠠᠴᠢᠯᠠᠭ᠍ᠰᠠᠨ ᠬᠦᠳᠡᠭᠡ ᠲᠤᠰᠭᠤᠨ᠎ᠤ ᠪᠦᠳᠦᠬᠡᠨ ᠪᠠᠢᠭᠤᠯᠤᠯᠳᠠ᠎ᠶ᠋ᠢ ᠲᠡᠮᠳᠡᠭ᠌ᠯᠡᠪᠡ

ᠤᠲᠤᠭ᠎ᠤᠨ ᠡᠮᠦᠨᠡᠲᠦ ᠬᠤᠱᠢᠭᠤᠨ᠎ᠤ ᠤᠯᠵᠠᠴᠢ ᠪᠠᠯᠭᠠᠰᠦ᠎ᠶ᠋ᠢᠨ ᠮᠠᠨ ᠱᠦᠢ ᠲᠠᠩ ᠲᠤᠰᠭᠤᠨ᠎ᠳᠤ ᠪᠠᠢᠷᠢᠯᠠᠭ᠎ᠠ ᠬᠤᠩ ᠶᠧ ᠲᠠᠷᠢᠶᠠᠯᠠᠩ ᠮᠠᠯ ᠠᠵᠤ ᠠᠬᠤᠢ᠎ᠶ᠋ᠢᠨ ᠨᠡᠭᠡᠭᠡᠨ ᠬᠦᠭ᠌ᠵᠢᠬᠦᠯᠤᠯᠳᠠ᠎ᠶ᠋ᠢᠨ ᠬᠢᠵᠠᠭᠠᠷᠲᠤ ᠺᠣᠮᠫᠠᠨᠢ᠎ᠶ᠋ᠢᠨ ᠤᠶᠤᠨᠴᠢ ᠲᠤᠯᠠᠭᠠᠨ ᠬᠦᠯᠡᠮᠵᠢ᠎ᠳᠤ ᠠᠷᠪᠠᠭᠠᠳ ᠵᠦᠢᠯ᠎ᠤᠨ ᠱᠢᠨ᠎ᠡ ᠰᠤᠷᠭᠤᠭ ᠢᠳᠡᠱᠢᠨ ᠨᠤᠭᠤᠭ᠎ᠠ ᠪᠤᠳᠠ ᠪᠤᠳᠠ᠂ ᠰᠦᠭᠡᠭ ᠰᠦᠭᠡᠭ᠎ᠢᠶᠠᠷ ᠬᠦᠭᠡᠷᠡᠨ ᠤᠷᠭᠤᠵᠤ ᠠᠮᠢ ᠠᠮᠢᠵᠢᠷᠠᠯ᠎ᠢᠶᠠᠷ ᠪᠢᠯᠬᠠᠨ᠎ᠠ᠃ ᠵᠢᠯ᠎ᠳᠤ 300 ᠭᠠᠷᠤᠢ ᠲᠦᠮᠡᠨ ᠲᠦᠬᠦᠷᠢᠭ᠎ᠤᠨ ᠤᠷᠤᠯᠭ᠎ᠠ ᠡᠬᠦᠳᠴᠦ᠍ ᠪᠠᠢᠭ᠎ᠠ ᠬᠤᠩ ᠶᠧ ᠺᠤᠮᠫᠠᠨᠢ ᠪᠤᠯ 《ᠨᠡᠢᠳᠡ᠎ᠳᠤ ᠬᠤᠤᠷᠳᠤᠯ ᠦᠭᠡᠢ᠂ ᠪᠤᠬᠢᠷᠲᠤᠯ ᠦᠭᠡᠢ᠂ ᠤᠷᠭᠠᠨᠢᠬ》 ᠮᠠᠯ᠎ᠤᠨ ᠠᠱᠢᠬ ᠱᠢᠮ᠎ᠡ ᠲᠠᠷᠢᠶᠠᠯᠠᠩ᠎ᠤᠨ ᠪᠦᠲᠦᠭᠡᠭ᠌ᠳᠡᠭᠦᠨ᠎ᠢ ᠦᠢᠯᠡᠳᠪᠦᠷᠢᠯᠡᠵᠦ᠍ ᠪᠤᠷᠤᠯᠠᠭᠤᠯᠬᠤ ᠪᠠ ᠵᠤᠭ᠎ᠠ ᠰᠡᠯᠡᠬᠦᠴᠡᠯ᠎ᠤᠨ ᠮᠠᠯ ᠠᠵᠤ ᠠᠬᠤᠢ ᠲᠠᠷᠢᠶᠠᠯᠠᠩ᠎ᠤᠨ ᠵᠢᠱ᠌ᠢᠶ᠎ᠠ ᠦᠵᠡᠭᠦᠯᠬᠦ᠌ ᠰᠠᠭᠤᠷᠢᠨ ᠪᠤᠯᠤᠨ᠎ᠠ᠂ ᠮᠦᠨ ᠴᠦ᠍ ᠤᠳᠤᠭ᠎ᠤᠨ ᠡᠮᠦᠨᠡᠳᠦ ᠬᠤᠱᠢᠭᠤᠨ᠎ᠤ ᠲᠤᠭᠠᠴᠢᠯᠠᠭ᠍ᠰᠠᠨ ᠲᠠᠷᠢᠶᠠᠯᠠᠩ᠎ᠤᠨ ᠲᠤᠷᠱᠢᠯᠳᠠ᠎ᠶ᠋ᠢᠨ ᠴᠡᠭ ᠪᠤᠯᠬᠤ ᠶᠤᠮ᠃

《ᠲᠤᠭᠠᠴᠢᠯᠠᠭ᠍ᠰᠠᠨ ᠲᠠᠷᠢᠶᠠᠯᠠᠩ᠎ᠤᠨ ᠲᠤᠷᠱᠢᠯᠲᠠ᠎ᠶ᠋ᠢᠨ ᠴᠡᠭ᠎ᠤᠨ ᠪᠦᠳᠦᠭᠡᠨ ᠪᠠᠢᠭᠤᠯᠤᠯᠲᠠ᠎ᠪᠠᠷ ᠲᠠᠮᠵᠢᠨ ᠬᠦᠷᠦᠰᠦ ᠱᠢᠷᠤᠢ᠎ᠶ᠋ᠢᠨ ᠱᠢᠮ᠎ᠡ ᠲᠡᠵᠢᠭᠡᠯ᠎ᠤᠨ ᠪᠠᠢᠳᠠᠯ᠂ ᠢᠳᠡᠱᠢᠨ ᠨᠤᠭᠤᠭ᠎ᠠ᠎ᠶ᠋ᠢᠨ ᠤᠷᠭᠤᠴᠠ᠎ᠶ᠋ᠢᠨ ᠪᠠᠢᠳᠠᠯ᠂ ᠬᠤᠷᠤᠬᠠᠢ ᠱᠢᠪᠡᠵᠢ᠎ᠶ᠋ᠢᠨ ᠬᠦᠨᠦᠭᠡᠯ᠂ ᠪᠤᠷᠳᠤᠭᠤᠷ ᠤᠷᠤᠭᠤᠯᠬᠤ ᠴᠠᠭ ᠪᠠ ᠬᠡᠮᠵᠢᠶ᠎ᠡ ᠵᠡᠷᠭᠡ᠎ᠶ᠋ᠢ ᠨᠡᠩ ᠤᠨᠤᠴᠠᠳᠠᠢ ᠬᠢᠨᠠᠨ ᠬᠡᠮᠵᠢᠵᠦ᠍ ᠴᠢᠳᠠᠬᠤ ᠪᠤᠯᠤᠯ᠎ᠠ᠃ ᠡᠨᠡ᠎ᠨᠢ ᠲᠠᠷᠢᠶᠠᠯᠠᠩ᠎ᠤᠨ ᠥᠪᠡᠷ᠎ᠤᠨ ᠥᠷᠲᠡᠭ᠎ᠢ ᠪᠠᠭᠤᠷᠠᠭᠤᠯᠵᠤ᠂ ᠤᠷᠴᠢᠨ ᠲᠤᠭᠤᠷᠢᠨ᠎ᠤ ᠪᠤᠬᠢᠷᠳᠤᠯ᠎ᠢ ᠪᠠᠭᠠᠰᠭᠠᠨ ᠭᠠᠷᠤᠯᠳᠠ᠎ᠶ᠋ᠢ ᠨᠡᠮᠡᠭ᠌ᠳᠡᠬᠦᠯᠵᠦ᠍ ᠴᠢᠳᠠᠨ᠎ᠠ》 ᠬᠡᠵᠦ᠍ ᠺᠤᠮᠫᠠᠨᠢ᠎ᠶ᠋ᠢᠨ ᠲᠠᠭᠠᠭᠠᠮᠠᠯ ᠯᠢ ᠬᠤᠩ ᠪᠢᠳᠡᠨ᠎ᠳᠤ ᠲᠠᠨᠢᠯᠴᠠᠭᠤᠯᠵᠤ ᠪᠠᠢᠯ᠎ᠠ᠃

ᠤᠲᠤᠭ᠎ᠤᠨ ᠡᠮᠦᠨᠡᠲᠦ ᠬᠤᠱᠢᠭᠤ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯ᠎ᠢ ᠡᠵᠡᠮᠳᠡᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠢᠳᠡᠪᠬᠢᠲᠡᠢ ᠦᠢᠯᠡᠳᠦᠯᠭᠡᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠳᠤ ᠠᠩᠬᠠᠳᠠᠭ᠍ᠴᠢ ᠬᠤᠱᠢᠭᠤ ᠱᠢᠶᠠᠨ᠎ᠤ ᠲᠡᠰ᠎ᠤᠨ ᠲᠣᠮᠣ ᠳ᠋ᠠᠢᠲ᠋ᠠ᠎ᠶ᠋ᠢᠨ ᠲᠥᠪ᠎ᠢ ᠪᠠᠢᠭᠤᠯᠤᠭ᠍ᠰᠠᠨ ᠪᠦᠭᠡᠳ ᠠᠩᠬᠠᠳᠠᠭ᠍ᠴᠢ  《ᠬᠦᠳᠡᠭᠡ ᠲᠤᠰᠭᠤᠨ᠎ᠢ ᠬᠦᠭ᠌ᠵᠢᠬᠦᠯᠦᠨ ᠮᠠᠨᠳᠤᠭᠤᠯᠬᠤ》 ᠲᠠᠪᠴᠠᠩ᠎ᠢ ᠪᠠᠢᠭᠤᠯᠵᠤ᠂ ᠲᠤᠮᠤ ᠳ᠋ᠠᠢᠲ᠋ᠠ᠂ ᠡᠳ᠋ ᠪᠠᠷᠠᠭᠠᠨ᠎ᠤ ᠮᠡᠳᠡᠭᠡ ᠵᠠᠩᠬᠢ᠎ᠶ᠋ᠢᠨ ᠰᠦᠯᠵᠢᠶ᠎ᠡ᠂ ᠭᠠᠵᠠᠷ ᠵᠦᠢ᠎ᠶ᠋ᠢᠨ ᠮᠡᠳᠡᠭᠡ ᠵᠠᠩᠬᠢ᠂ ᠤᠶᠤᠨᠴᠢ ᠲᠦᠬᠦᠭᠡᠷᠦᠮᠵᠢ ᠵᠡᠷᠭᠡ ᠤᠳᠤ ᠦᠶ᠎ᠡ᠎ᠶ᠋ᠢᠨ ᠮᠡᠳᠡᠭᠡ ᠵᠠᠩᠬᠢ᠎ᠶ᠋ᠢᠨ ᠮᠡᠷᠭᠡᠵᠢᠯ᠎ᠢ ᠬᠦᠳᠡᠭᠡ ᠲᠤᠰᠭᠤᠨ᠎ᠤ ᠦᠢᠯᠡᠳᠪᠦᠷᠢᠯᠡᠯ ᠠᠮᠢᠳᠤᠷᠠᠯ᠎ᠤᠨ ᠪᠦᠬᠦ᠌ ᠲᠠᠯ᠎ᠠ᠎ᠳᠤ ᠠᠭᠤᠰᠤᠭᠤᠯᠵᠤ᠂ 2020 ᠤᠨ᠎ᠤ 9 ᠰᠠᠷ᠎ᠠ᠎ᠳᠤ ᠪᠦᠬᠦ᠌ ᠤᠯᠤᠰ᠎ᠤᠨ ᠲᠤᠭᠠᠴᠢᠯᠠᠭ᠍ᠰᠠᠨ ᠬᠦᠳᠡᠭᠡ ᠲᠤᠰᠭᠤᠨ᠎ᠤ ᠪᠦᠳᠦᠭᠡᠨ ᠪᠠᠢᠭᠤᠯᠤᠯᠳᠠ᠎ᠶ᠋ᠢᠨ ᠲᠤᠷᠱᠢᠯᠳᠠ᠎ᠶ᠋ᠢᠨ ᠴᠡᠭ ᠪᠤᠯᠤᠭ᠍ᠰᠠᠨ ᠪᠠᠢᠨ᠎ᠠ᠃

ᠬᠤᠱᠢᠭᠤᠨ ᠲᠦᠪ ᠤᠯᠵᠠᠴᠢ ᠪᠠᠯᠭᠠᠰᠤᠨ᠎ᠤ ᠡᠮᠦᠨ᠎ᠡ ᠵᠠᠬ᠎ᠠ᠎ᠳᠤ ᠪᠠᠢᠷᠢᠯᠠᠭ᠎ᠠ ᠲᠤᠮᠤ ᠳ᠋ᠠᠢᠲ᠋ᠠ᠎ᠶ᠋ᠢᠨ ᠲᠦᠪ᠎ᠨᠢ ᠬᠦᠷᠴᠦ᠍ ᠢᠷᠡᠭ᠌ᠰᠡᠨ ᠪᠦᠬᠦᠨ᠎ᠢ 《ᠲᠤᠭᠠᠴᠢᠯᠠᠭ᠍ᠰᠠᠨ ᠶᠢᠷᠳᠢᠨᠴᠦ᠍》 ᠎ᠪᠠᠷ ᠵᠤᠭᠠᠯᠠᠭᠤᠯᠤᠨ᠎ᠠ᠃ 《i ᠡᠮᠦᠨᠡᠲᠦ ᠬᠤᠱᠢᠭᠤ》 ᠣᠶᠤᠨᠴᠢ ᠱᠢᠯᠵᠢᠶ᠎ᠠ ᠲᠠᠪᠴᠠᠩ (App) ᠎ᠨᠢ ᠬᠤᠳᠠ᠂ ᠬᠤᠱᠢᠭᠤ᠂ ᠪᠠᠯᠭᠠᠰᠤ᠂ ᠭᠠᠴᠠᠭ᠎ᠠ ᠲᠤᠰᠭᠤᠨ ᠲᠦᠷᠪᠡᠨ ᠱᠠᠳᠤᠨ᠎ᠤ ᠬᠤᠯᠪᠤᠭᠠᠯᠠᠯ᠎ᠢ ᠪᠡᠶᠡᠯᠡᠬᠦᠯᠵᠦ᠍᠂ ᠠᠷᠠᠳ᠎ᠲᠤ ᠳᠥᠭᠦᠮ ᠦᠵᠡᠭᠦᠯᠬᠦ᠌ ᠦᠢᠯᠡᠴᠢᠯᠡᠭᠡ᠂ ᠰᠣᠶᠣᠯ ᠵᠢᠭᠤᠯᠴᠢᠯᠠᠯ᠂ ᠤᠶᠤᠨᠴᠢ ᠨᠠᠮ᠎ᠤᠨ ᠪᠠᠢᠭᠤᠯᠤᠯᠲᠠ᠂ ᠮᠡᠳᠡᠭᠡ ᠵᠠᠩᠬᠢ᠎ᠶ᠋ᠢᠨ ᠠᠰᠠᠭᠤᠨ ᠯᠠᠪᠯᠠᠭ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠢᠯᠡᠴᠢᠯᠡᠭᠡ᠂ ᠡᠯᠧᠺᠲᠷᠣᠨ ᠬᠤᠳᠠᠯᠳᠤᠭᠠᠨ᠎ᠤ ᠬᠤᠲᠠ ᠵᠡᠷᠭᠡ 80 ᠭᠠᠷᠤᠶ ᠵᠦᠢᠯ᠎ᠤᠨ  ᠦᠢᠯᠡᠴᠢᠯᠡᠭᠡ ᠬᠠᠩᠭᠠᠨ᠂ ᠨᠠᠰᠤᠵᠢᠯ᠎ᠤᠨ ᠲᠠᠭᠠᠳᠭᠠᠯ᠂ ᠡᠮᠴᠢᠯᠡᠭᠡᠨ᠎ᠤ ᠲᠤᠰᠠᠯᠠᠮᠵᠢ᠂ ᠠᠵᠤ ᠠᠬᠤᠢ᠍ᠢᠯᠠᠯ᠎ᠢ ᠲᠠᠩᠰᠠᠯᠠᠨ ᠲᠡᠮᠳᠡᠭ᠌ᠯᠡᠬᠦ᠂ ᠮᠠᠯ ᠠᠵᠤ ᠠᠬᠤᠢ ᠲᠠᠷᠢᠶᠠᠯᠠᠩ᠎ᠤᠨ ᠲᠤᠰᠭᠠᠢ ᠮᠡᠷᠭᠡᠵᠢᠯᠳᠡᠨ᠎ᠲᠠᠢ ᠪᠤᠯᠵᠤᠬᠤ ᠵᠡᠷᠭᠡ ᠠᠷᠠᠳ ᠤᠯᠠᠨ᠎ᠤ ᠦᠢᠯᠡᠳᠪᠦᠷᠢᠯᠡᠯ ᠠᠮᠢᠳᠤᠷᠠᠯ᠎ᠲᠠᠢ ᠨᠢᠭ᠍ᠳᠠ ᠬᠤᠯᠪᠤᠭ᠎ᠠ᠎ᠲᠠᠢ ᠤᠯᠠᠨ ᠶᠠᠪᠤᠳᠠᠯ᠎ᠢ ᠰᠦᠯᠵᠢᠶᠡᠨ ᠲᠠᠬᠡᠷ᠎ᠠ ᠬᠦᠢᠴᠡᠳᠭᠡᠬᠦ᠌᠎ᠶ᠋ᠢ ᠪᠡᠶᠡᠯᠡᠬᠦᠯᠵᠡᠢ᠃ ᠳ᠋ᠠᠢᠲ᠋ᠠ᠎ᠶ᠋ᠢᠨ ᠲᠦᠪ᠎ᠤᠨ ᠬᠠᠷᠢᠭᠤᠴᠠᠯᠭᠠᠲᠠᠨ᠎ᠶ᠋ᠢᠨ ᠮᠧᠢ ᠰᠤᠷᠪᠤᠯᠵᠢᠯᠠᠭ᠎ᠠ ᠬᠦᠯᠢᠶᠡᠬᠦ᠌᠎ᠳᠡᠭᠡᠨ᠄ 《ᠡᠨᠡ᠎ᠨᠢ ᠪᠦᠬᠦ᠌ ᠤᠷᠤᠨ᠎ᠳᠤ ᠲᠦᠷᠦᠬᠦᠯᠡᠨ ᠬᠤᠳᠠ ᠪᠠᠯᠭᠠᠰᠤ᠎ᠠᠴᠠ ᠵᠠᠢᠳᠠᠭᠤ ᠪᠦᠭᠡᠳ ᠲᠠᠷᠠᠬᠠᠢ ᠪᠤᠳᠠᠷᠬᠠᠢ ᠰᠠᠭᠤᠷᠢᠱᠢᠳᠠᠭ ᠮᠠᠯᠴᠢᠨ ᠲᠠᠷᠢᠶᠠᠴᠢᠨ᠎ᠳᠤ ᠨᠡᠩ ᠲᠦᠬᠦᠮ ᠲᠦᠳᠡ ᠦᠢᠯᠡᠴᠢᠯᠡᠭᠡ ᠬᠠᠩᠭᠠᠨ᠂ ᠴᠠᠭ ᠪᠠ ᠬᠦᠳᠡᠯᠮᠦᠷᠢ ᠬᠦᠴᠦ᠎ᠶ᠋ᠢ ᠶᠡᠬᠡᠬᠡᠨ ᠠᠷᠪᠢᠯᠠᠵᠤ᠂ ᠬᠤᠳᠠ ᠬᠦᠳᠡᠭᠡ᠎ᠶ᠋ᠢᠨ ᠵᠦᠷᠢᠶ᠎ᠡ᠎ᠶ᠋ᠢ ᠪᠠᠭᠠᠰᠭᠠᠯ᠎ᠠ》 ᠭᠡᠵᠦ᠍ ᠶᠠᠷᠢᠨ᠎ᠠ᠃ ᠣᠲᠣ ᠡᠨᠡ ᠬᠦ᠌ ᠲᠠᠪᠴᠠᠩ ᠳᠡᠭᠡᠷ᠎ᠡ ᠲᠠᠩᠰᠠᠯᠠᠭᠤᠯᠤᠭ᠍ᠰᠠᠨ ᠬᠦᠮᠦᠨ ᠨᠢᠬᠡᠨᠳᠡ 2.3 ᠲᠦᠮᠡ᠎ᠶ᠋ᠢ ᠲᠠᠪᠠᠪᠠ᠃

ᠶᠡᠭᠡ ᠰᠤᠷᠭᠠᠭᠤᠯᠢ᠎ᠪᠠᠨ ᠲᠡᠬᠦᠰᠭᠡᠵᠦ᠍ ᠨᠤᠲᠤᠬ᠎ᠲᠠᠭᠠᠨ ᠪᠤᠴᠠᠬ᠍ᠰᠠᠨ ᠤᠶᠤᠲᠠᠨ ᠵᠠᠯᠠᠭᠤ ᠲᠠᠯᠠᠢ᠎ᠶ᠋ᠢᠨ ᠡᠭᠦᠰᠭᠡᠨ ᠪᠠᠢᠭᠤᠯᠤᠬ᠍ᠰᠠᠨ ᠵᠢᠸ᠎ᠠ ᠮᠠᠯᠴᠢᠨ ᠲᠠᠷᠢᠶᠠᠴᠢᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠮᠡᠳᠡᠭᠡ ᠵᠠᠩᠬᠢ᠎ᠶ᠋ᠢᠨ ᠦᠢᠯᠡᠴᠢᠯᠡᠭᠡᠨ᠎ᠤ ᠬᠢᠵᠠᠭᠠᠷᠲᠤ ᠺᠤᠮᠫᠠᠨᠢ᠎ᠳᠤ ᠬᠦᠷᠬᠦ᠌᠎ᠳᠤ᠂ ᠲᠡᠷᠡ ᠦᠢᠯᠡᠴᠢᠯᠡᠭᠡᠨ᠎ᠤ ᠲᠠᠪᠴᠠᠩ᠎ᠢᠶᠠᠨ ᠲᠡᠰ ᠲᠡᠪᠱᠢᠬᠦᠯᠬᠦ᠌᠎ᠪᠠᠷ ᠶᠠᠭᠠᠷᠠᠯᠳᠠᠢ ᠠᠵᠢᠯᠯᠠᠵᠤ ᠪᠠᠢᠯ᠎ᠠ᠃ ᠲᠡᠷᠡ 2011 ᠤᠨ᠎ᠠᠴᠠ ᠡᠬᠢᠯᠡᠨ 《ᠢᠨᠲ᠋ᠧᠷ ᠰᠦᠯᠵᠢᠶ᠎ᠡ + ᠡᠯᠧᠺᠲᠷᠤᠨ ᠬᠤᠳᠠᠯᠳᠤᠭ᠎ᠠ》᠂ 《ᠢᠨᠲ᠋ᠧᠷ ᠰᠦᠯᠵᠢᠶ᠎ᠡ + ᠨᠡᠢᠭᠡᠮ ᠲᠤᠭᠤᠷᠢᠬ》᠂ 《ᠢᠨᠲ᠋ᠧᠷ ᠰᠦᠯᠵᠢᠶ᠎ᠡ + ᠡᠮ ᠡᠮᠨᠡᠯᠬᠡ᠎ᠶ᠋ᠢᠨ ᠲᠠᠭᠠᠳᠭᠠᠯ》᠂ 《ᠢᠨᠲ᠋ᠧᠷ ᠰᠦᠯᠵᠢᠶ᠎ᠡ + ᠠᠵᠢᠯ ᠤᠯᠭᠤᠯᠲᠠ》 ᠵᠡᠷᠭᠡ ᠠᠷᠭ᠎ᠠ ᠬᠡᠯᠪᠡᠷᠢ᠎ᠪᠠᠷ ᠬᠦᠳᠡᠭᠡ ᠲᠤᠰᠭᠤᠨ᠎ᠤ ᠲᠤᠭᠠᠴᠢᠯᠠᠬ᠍ᠰᠠᠨ ᠲᠠᠪᠴᠠᠩ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠮᠠᠯᠴᠢᠨ ᠲᠠᠷᠢᠶᠠᠴᠢᠨ᠎ᠳᠤ ᠪᠦᠲᠦᠭᠡᠭ᠌ᠳᠡᠭᠦᠨ᠎ᠢᠶᠠᠨ ᠪᠤᠷᠤᠯᠠᠭᠤᠯᠬᠤ᠂ ᠨᠤᠲᠤᠭ ᠪᠡᠯᠴᠢᠭᠡᠷ᠎ᠢᠶᠠᠨ ᠲᠦᠷᠢᠶᠡᠰᠦᠯᠡᠭᠦᠯᠬᠦ᠂ ᠠᠮᠢᠳᠤᠷᠠᠯ᠎ᠤᠨ ᠦᠢᠯᠡᠴᠢᠯᠡᠭᠡ ᠬᠠᠩᠭᠠᠬᠤ ᠮᠡᠲᠦ᠎ᠶ᠋ᠢᠨ ᠪᠤᠳᠠᠳᠠᠢ ᠠᠱᠢᠬ ᠬᠦᠷᠳᠡᠭᠡᠭ᠌ᠰᠡᠭᠡᠷ ᠢᠷᠡᠵᠡᠢ᠃     《ᠤᠳᠤᠬᠠᠨ᠎ᠳᠤ ᠮᠠᠯᠴᠢᠳ 〈ᠲᠤᠭᠠᠴᠢᠯᠠᠬ᠍ᠰᠠᠨ ᠬᠦᠳᠡᠭᠡ ᠲᠤᠰᠭᠤᠨ᠎ᠤ ᠲᠠᠪᠴᠠᠩ〉 ᠎ᠢ ᠨᠡᠯᠢᠶᠡᠳ ᠦᠷᠭᠡᠨ᠎ᠢᠶᠠᠷ ᠬᠡᠷᠡᠭ᠌ᠯᠡᠬᠦ᠌ ᠪᠤᠯᠵᠠᠢ᠃ ᠪᠢᠳᠡ ᠴᠠᠭ ᠦᠶ᠎ᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠪᠠᠷ ᠦᠢᠯᠡᠴᠢᠯᠡᠭᠡ᠎ᠪᠠᠨ ᠲᠠᠰᠤᠷᠠᠯᠳᠠ ᠦᠭᠡᠢ ᠨᠠᠷᠢᠯᠢᠬ᠍ᠵᠢᠭᠤᠯᠤᠨ ᠲᠡᠬᠦᠯᠳᠡᠷᠵᠢᠬᠦᠯᠵᠤ ᠪᠠᠢᠨ᠎ᠠ》 ᠬᠡᠵᠦ᠍ ᠲᠡᠷᠡ ᠤᠷᠮᠠᠳᠠᠢ ᠶᠠᠷᠢᠨ᠎ᠠ᠃ ᠨᠠᠩᠰᠦ ᠪᠠᠯᠭᠠᠰᠦᠨ᠎ᠤ ᠮᠢᠩᠭᠠᠢ ᠭᠠᠴᠠᠭ᠎ᠠ᠎ᠶ᠋ᠢᠨ ᠮᠠᠯᠴᠢᠨ ᠤᠶᠤᠨᠳᠠᠯᠠᠢ ᠪᠤᠯ ᠶᠠᠬ ᠵᠢᠸ᠎ᠠ ᠺᠤᠮᠫᠠᠨᠢ᠎ᠶ᠋ᠢᠨ ᠲᠠᠪᠴᠠᠩ᠎ᠠᠴᠠ ᠠᠱᠢᠬ ᠬᠦᠷᠳᠡᠵᠦ᠍ ᠪᠠᠢᠭ᠎ᠠ ᠮᠠᠯᠴᠢᠨ ᠪᠤᠯᠤᠨ᠎ᠠ᠃  《ᠤᠳᠤ ᠬᠦᠮᠦᠰ ᠪᠦᠷ ᠡᠯᠧᠺᠲᠷᠤᠨ ᠬᠤᠳᠠᠯᠳᠤᠭ᠎ᠠ᠎ᠪᠠᠷ ᠶᠠᠭᠤᠮ᠎ᠠ ᠬᠡᠤᠮ᠎ᠡ ᠪᠤᠷᠤᠯᠠᠭᠤᠯᠬᠤ ᠪᠤᠯᠵᠠᠢ᠃ ᠪᠢ ᠦᠪᠡᠷ᠎ᠢᠶᠠᠨ ᠶᠡᠷᠦ᠎ᠳᠡᠭᠡᠨ ᠡᠨᠡ ᠬᠦ᠌ ᠲᠠᠪᠴᠠᠩ᠎ᠢᠶᠠᠷ ᠲᠠᠮᠵᠢᠨ ᠡᠪᠡᠰᠦ ᠪᠤᠷᠳᠤᠭ᠎ᠠ ᠪᠤᠷᠤᠯᠠᠭᠤᠯᠬᠤ᠂ ᠲᠦᠯ ᠮᠠᠯ ᠬᠤᠳᠠᠯᠳᠤᠬᠤ ᠵᠠᠷ ᠲᠠᠯᠪᠢᠳᠠᠬ᠃ ᠡᠨᠡ ᠬᠦ᠌ ᠲᠠᠪᠴᠠᠩ ᠮᠠᠨ᠎ᠤ ᠮᠠᠯᠴᠢᠨ ᠲᠦᠮᠡᠨ᠎ᠳᠤ ᠶᠡᠬᠡᠭᠡᠨ ᠲᠤᠰᠠ ᠲᠡᠮ ᠦᠵᠡᠭᠦᠯᠵᠦ᠍ ᠪᠠᠢᠨ᠎ᠠ》 ᠬᠡᠵᠦ᠍ ᠤᠶᠤᠨᠳᠠᠯᠠᠢ ᠢᠨᠢᠶᠡᠮᠰᠦᠭ᠌ᠯᠡᠨ ᠶᠠᠷᠢᠵᠤ ᠪᠠᠢᠯ᠎ᠠ᠃

ᠨᠠᠩᠰᠦ ᠪᠠᠯᠭᠠᠰᠤ᠎ᠶ᠋ᠢᠨ ᠨᠠᠩᠰᠤ ᠭᠠᠴᠠᠭᠠᠨ᠎ᠤ ᠮᠠᠯᠴᠢᠨ ᠮᠦᠩᠭᠡᠪᠠᠶᠠᠷ ᠪᠤᠯ ᠬᠤᠱᠢᠭᠤᠨ᠎ᠤ ᠲᠤᠭᠠᠴᠢᠯᠠᠭ᠍ᠰᠠᠨ ᠮᠠᠯ ᠠᠵᠤ ᠠᠬᠤᠢ᠎ᠶ᠋ᠢ ᠬᠦᠭ᠌ᠵᠢᠬᠦᠯᠬᠦ᠌ ᠬᠠᠷᠢᠯᠴᠠᠬᠤ ᠴᠡᠭ ᠮᠦᠨ᠃ ᠲᠡᠷᠡ ᠠᠯᠤᠰ ᠲᠤᠷᠠᠨᠳᠠᠭᠤᠷ᠎ᠢᠶᠠᠷ ᠮᠠᠯ ᠬᠠᠷᠢᠭᠤᠯᠬᠤ᠂ ᠠᠦ᠋ᠲ᠋ᠣ᠋ ᠮᠠᠱᠢᠨ᠎ᠢᠶᠠᠷ ᠮᠠᠯ ᠤᠰᠤᠯᠠᠬᠤ᠂ ᠠᠦ᠋ᠲ᠋ᠤᠴᠢᠯᠠᠭ᠍ᠰᠠᠨ ᠡᠬᠦᠳᠡ ᠬᠠᠭᠠᠯᠭ᠎ᠠ ᠵᠡᠷᠭᠡ ᠤᠳᠤᠬᠢᠴᠢᠯᠠᠯᠳᠠ᠎ᠶ᠋ᠢ ᠪᠡᠶᠡᠯᠡᠬᠦᠯᠵᠤ ᠬᠦᠳᠡᠯᠮᠦᠷᠢ ᠬᠦᠴᠦ᠎ᠪᠠᠨ ᠴᠢᠯᠦᠭᠡᠯᠡᠭ᠌ᠰᠡᠨ᠎ᠤ ᠲᠠᠷᠠᠭ᠎ᠠ ᠬᠦᠳᠡᠭᠡ ᠲᠤᠰᠭᠤᠨ᠎ᠤ ᠵᠢᠭᠤᠯᠴᠢᠯᠠᠯ᠂ ᠠᠮᠤ ᠪᠤᠳᠠᠭ᠎ᠠ ᠡᠳ᠋ᠱᠢᠬᠦᠯᠦᠨ ᠪᠤᠷᠤᠯᠠᠭᠤᠯᠬᠤ ᠵᠡᠷᠭᠡ ᠭᠤᠷᠪᠠᠳᠤᠭᠠᠷ ᠠᠵᠤ ᠦᠢᠯᠡᠰ ᠡᠷᠬᠢᠯᠡᠵᠦ᠍ ᠴᠢᠨᠡᠭᠡᠯᠢᠭ ᠠᠮᠢᠳᠤᠷᠠᠯ᠎ᠢᠶᠠᠨ ᠴᠤᠭ᠍ᠴᠠᠯᠠᠵᠤ ᠶᠠᠪᠤᠨ᠎ᠠ᠃ 《ᠲᠤᠭ᠎ᠠ ᠪᠠᠷᠢᠮᠲᠠ᠎ᠶ᠋ᠢ ᠢᠯᠡᠭᠦᠦ ᠭᠦᠶᠦᠯᠭᠡᠵᠦ᠍᠂ ᠮᠠᠯᠴᠢᠨ ᠲᠠᠷᠢᠶᠠᠴᠢᠨ᠎ᠢ ᠳᠤᠲᠠᠭᠤ ᠭᠦᠶᠦᠯᠭᠡᠨ᠎ᠠ》᠃ ᠤᠳᠤᠭ᠎ᠤᠨ ᠡᠮᠦᠨᠡᠳᠦ ᠬᠤᠱᠢᠭᠤ ᠲᠤᠭᠠᠴᠢᠯᠠᠭ᠍ᠰᠠᠨ ᠮᠡᠷᠭᠡᠵᠢᠯ᠂ ᠢᠯᠠᠩᠭᠤᠶ᠎ᠠ   《ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠲᠠᠪᠴᠠᠩ》 ᠎ᠢ ᠪᠠᠢᠭᠤᠯᠤᠭ᠍ᠰᠠᠨ᠎ᠨᠢ ᠲᠤᠭᠠᠴᠢᠯᠠᠭ᠍ᠰᠠᠨ ᠬᠦᠳᠡᠭᠡ ᠲᠤᠰᠭᠤᠨ᠎ᠤ ᠪᠦᠳᠦᠬᠡᠨ ᠪᠠᠢᠭᠤᠯᠤᠯᠳᠠ᠎ᠳᠤ ᠬᠦᠴᠦᠷᠭᠡᠭ ᠶᠡᠭᠡ 《ᠤᠶᠤᠨ ᠲᠠᠷᠢᠬᠢ》 ᠬᠠᠩᠭᠠᠵᠠᠢ᠃ ᠤᠳᠤᠬᠠᠨ᠎ᠳᠤ ᠲᠤᠰ ᠲᠠᠪᠴᠠᠩ᠎ᠨᠢ ᠠᠯᠤᠰ ᠰᠡᠷᠡᠯ᠎ᠤᠨ ᠮᠡᠷᠭᠡᠵᠢᠯ᠂ ᠭᠠᠵᠠᠷ ᠵᠦᠢ᠎ᠶ᠋ᠢᠨ ᠮᠡᠳᠡᠭᠡ ᠵᠠᠩᠬᠢ᠎ᠶ᠋ᠢᠨ ᠱᠢᠰᠲ᠋ᠧᠮ᠂ ᠪᠦᠬᠦ᠌ ᠪᠦᠮᠪᠦᠷᠴᠡᠭ᠎ᠤᠨ ᠪᠠᠢᠷᠢ ᠲᠤᠭ᠍ᠳᠠᠭᠠᠯᠳᠠ᠎ᠶ᠋ᠢᠨ ᠱᠢᠰᠲ᠋ᠧᠮ᠎ᠢ ᠠᠱᠢᠭ᠍ᠯᠠᠨ ᠪᠦᠬᠦ᠌ ᠬᠤᠱᠢᠭᠤᠨ᠎ᠤ 90% ᠎ᠠᠴᠠ ᠲᠡᠭᠡᠭ᠌ᠰᠢᠬᠢ ᠮᠠᠯᠴᠢᠨ ᠲᠠᠷᠢᠶᠠᠴᠢᠨ᠎ᠤ ᠦᠢᠯᠡᠳᠪᠦᠷᠢᠯᠡᠯ᠎ᠤᠨ ᠬᠡᠷᠡᠭ᠌ᠰᠡᠯ᠎ᠤᠨ ᠮᠡᠳᠡᠭᠡ ᠵᠠᠩᠬᠢ᠂ ᠤᠢ ᠱᠢᠭᠤᠢ ᠨᠤᠳᠤᠭ ᠪᠡᠯᠴᠢᠭᠡᠷ ᠠᠮᠢ ᠠᠬᠤᠢ᠎ᠶ᠋ᠢᠨ ᠤᠷᠴᠢᠨ ᠲᠤᠭᠤᠷᠢᠨ᠎ᠤ ᠮᠡᠳᠡᠭᠡ ᠵᠠᠩᠬᠢ ᠪᠤᠯᠤᠨ ᠵᠠᠬ᠎ᠠ ᠲᠡᠯᠭᠡᠬᠦᠷ᠎ᠤᠨ ᠮᠡᠳᠡᠭᠡ ᠵᠠᠩᠬᠢ ᠵᠡᠷᠭᠡ ᠲᠤᠭ᠎ᠠ ᠪᠠᠷᠢᠮᠳᠠ᠎ᠶ᠋ᠢ ᠪᠦᠷᠢᠳᠭᠡᠵᠦ᠍᠂ ᠮᠠᠯ ᠠᠵᠤ ᠠᠬᠤᠢ ᠲᠠᠷᠢᠶᠠᠯᠠᠩ᠎ᠤᠨ  ᠦᠢᠯᠡᠳᠪᠦᠷᠢᠯᠡᠯ᠎ᠤᠨ ᠬᠡᠷᠡᠭ᠌ᠰᠡᠯ᠎ᠤᠨ ᠬᠠᠩᠭᠠᠯᠭ᠎ᠠ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠶᠯᠡᠳᠪᠦᠷᠢᠯᠡᠯ᠂ ᠡᠵᠡᠩᠨᠡᠯᠲᠡ᠂ ᠬᠠᠮᠢᠶᠠᠷᠤᠯᠲᠠ ᠪᠠ  ᠦᠢᠯᠡᠴᠢᠯᠡᠭᠡ᠎ᠶ᠋ᠢ ᠪᠦᠷ ᠰᠦᠯᠵᠢᠶᠡᠨ ᠳᠡᠭᠡᠷ᠎ᠡ ᠨᠢᠭᠡᠳᠦᠯᠲᠡᠶ ᠲᠥᠯᠥᠪᠯᠡᠬᠦ᠂ ᠵᠢᠯᠣᠭᠤᠳᠭᠤ ᠪᠠ ᠲᠤᠬᠢᠷᠠᠭᠤᠯᠤᠨ ᠡᠵᠡᠮᠳᠡᠬᠦ᠌ ᠣᠳᠣ ᠦᠶ᠎ᠡ᠎ᠶ᠋ᠢᠨ ᠮᠠᠯ ᠠᠵᠤ ᠠᠬᠤᠢ ᠲᠠᠷᠢᠶᠠᠯᠠᠩ᠎ᠤᠨ ᠬᠥᠭ᠌ᠵᠢᠯᠲᠡ᠎ᠶ᠋ᠢᠨ ᠵᠠᠭ᠍ᠪᠤᠷ᠎ᠢ ᠪᠦᠷᠢᠯᠳᠦᠬᠦᠯᠵᠦ᠍᠂ ᠮᠠᠯᠵᠢᠬᠤ ᠲᠠᠷᠢᠶᠠᠯᠠᠬᠤ ᠡᠷᠦᠭᠡ᠎ᠶ᠋ᠢ ᠴᠦᠮ ᠠᠵᠤ ᠦᠢᠯᠡᠰ᠎ᠤᠨ ᠬᠡᠯᠬᠢᠶ᠎ᠡ᠎ᠲᠠᠢ ᠬᠤᠯᠪᠤᠵᠤ᠂ ᠳ᠋ᠠᠢᠲ᠋ᠠ᠎ᠪᠠᠷ ᠱᠢᠢᠳᠪᠦᠷᠢᠳᠦ ᠪᠤᠳᠤᠯᠭ᠎ᠠ ᠲᠤᠭ᠍ᠳᠠᠭᠠᠨ ᠵᠢᠯᠤᠭᠤᠳᠭᠤ᠂ ᠳ᠋ᠠᠢᠲ᠋ᠠ᠎ᠪᠠᠷ ᠬᠠᠮᠢᠶᠠᠷᠤᠯᠳᠠ ᠦᠢᠯᠡᠴᠢᠯᠡᠭᠡ ᠬᠢᠬᠦ᠂ ᠳ᠋ᠠᠢᠲ᠋ᠠ᠎ᠪᠠᠷ ᠦᠢᠯᠡᠳᠪᠦᠷᠢᠯᠡᠯ ᠪᠤᠷᠤᠯᠠᠭᠤᠯᠭ᠎ᠠ᠎ᠶ᠋ᠢ ᠬᠦᠳᠦᠯᠦᠨ ᠵᠢᠯᠤᠭᠤᠳᠭᠤ ᠦᠢᠯᠡᠴᠢᠯᠡᠭᠡᠨ᠎ᠤ ᠲᠤᠭ᠍ᠳᠠᠴᠠ᠎ᠶ᠋ᠢ ᠦᠨᠳᠦᠰᠦᠨ᠎ᠳᠡᠭᠡᠨ ᠪᠦᠷᠢᠯᠳᠦᠬᠦᠯᠪᠠ᠃

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号